ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠳᠤ ᠨᠡᠶᠢᠳᠡᠮ ᠠᠰᠢᠭ ᠬᠦᠷᠲᠡᠭᠡᠬᠦ ︵ᠳᠣᠷᠣᠭᠰᠢ | ︽ᠬᠤᠶᠠᠷ ᠢ ᠲᠦᠭᠡᠮᠡᠯᠵᠢᠭᠦᠯᠬᠦ︾ ᠭᠡᠵᠦ ᠲᠣᠪᠴᠢᠯᠠᠨ᠎ᠠ︶ ᠶᠢ ᠡᠭᠦᠳᠦᠨ ᠪᠠᠶᠢᠭᠤᠯᠬᠤ ᠶᠢ ᠰᠢᠮᠳᠠᠭᠤᠯᠤᠨ ᠵᠢᠯᠤᠭᠤᠳᠬᠤ | ᠠᠵᠢᠯ ᠤᠨ ᠳᠤᠭᠤᠶᠢᠯᠠᠩ ᠪᠤᠭᠤᠲᠤ ᠬᠤᠲᠠ ᠶᠢᠨ ᠬᠥᠨᠳᠡᠯᠡᠨ ᠲᠣᠭᠤᠷᠢᠭ᠂ ᠴᠢᠩᠱᠠᠨ ᠲᠣᠭᠤᠷᠢᠭ᠂ ᠬᠤᠪᠣᠷ | ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨᠲ᠋ᠣᠭᠤᠷᠢᠭ ᠤᠨ ︽ᠬᠤᠶᠠᠷ ᠢ ᠲᠦᠭᠡᠮᠡᠯᠵᠢᠭᠦᠯᠬᠦ︾ ᠠᠵᠢᠯ ᠢ ᠲᠤᠬᠠᠢ ᠶᠢᠨ | ᠭᠠᠵᠠᠷ ᠲᠤᠨᠢ ᠰᠢᠮᠳᠠᠭᠤᠯᠤᠨ ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ᠬᠢᠨᠠᠨ ᠵᠢᠯᠤᠭᠤᠳᠬᠤ ᠲᠠᠰᠤᠭ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢᠦ ᠫᠧᠩ | ᠢᠦᠢ ᠪᠦᠯᠬᠦᠮ ᠳᠠᠭᠠᠭᠤᠯᠤᠨ ᠬᠢᠨᠠᠨ ᠵᠢᠯᠣᠭᠤᠳᠪᠠ᠃ | | | ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ ᠵᠢᠯᠤᠭᠤᠳᠬᠤ ᠠᠵᠢᠯ ᠤᠨ ᠳᠤᠭᠤᠶᠢᠯᠠᠩ ᠤᠷᠢᠳ | ᠬᠤᠵᠢᠳ ᠭᠤᠷᠪᠠᠨ ᠭᠠᠵᠠᠷ ᠣᠷᠣᠨ ᠤ 26 ᠠᠯᠪᠠᠨ ᠠᠴᠠ ᠡᠷᠬᠢᠯᠡᠭᠰᠡᠨ᠂ ᠠᠷᠠᠳ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠲᠤ ᠭᠦᠨᠵᠡᠭᠡᠶᠢᠷᠡᠨ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ | ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ | ᠬᠡᠦᠬᠡᠳ ᠤᠨ ᠴᠡᠴᠡᠷᠯᠢᠭ ᠤᠨ ᠴᠡᠴᠡᠷᠯᠢᠭ ᠡᠷᠬᠢᠯᠡᠬᠦ ᠨᠥᠬᠦᠴᠡᠯ᠂ ᠣᠷᠴᠢᠨ ᠠᠬᠤᠢ ᠶᠢᠨ ᠴᠣᠭᠴᠠᠯᠠᠯᠲᠠ᠂ ᠪᠡᠯᠡᠳᠬᠡᠮᠵᠢ | ᠲᠥᠬᠦᠭᠡᠷᠦᠮᠵᠢ᠂ ᠠᠰᠠᠷᠠᠨ ᠬᠥᠮᠥᠵᠢᠭᠦᠯᠬᠦ ᠬᠥᠮᠦᠵᠢᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠲᠠᠯ᠎ᠠ ᠪᠠᠷ | ᠪᠥᠬᠦ ᠲᠠᠯ᠎ᠠ ᠪᠠᠷ ᠰᠢᠮᠳᠠᠭᠤᠯᠤᠨ ᠵᠢᠯᠣᠭᠤᠳᠪᠠ᠃ | | ᠲᠤᠬᠠᠢ ᠶᠢᠨ ᠭᠠᠵᠠᠷ ᠲᠤᠨᠢ ᠰᠢᠮᠳᠠᠭᠤᠯᠤᠨ ᠵᠢᠯᠤᠭᠤᠳᠴᠤ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ | ᠵᠠᠰᠠᠬᠤ ᠣᠷᠣᠨ ᠤ ᠰᠢᠮᠳᠠᠭᠤᠯᠤᠨ ᠵᠢᠯᠤᠭᠤᠳᠬᠤ ᠠᠵᠢᠯ ᠤᠨ ᠳᠤᠭᠤᠶᠢᠯᠠᠩ ᠲᠣᠰ ᠲᠣᠰ ᠬᠠᠷᠢᠭᠤ ᠲᠤᠰᠬᠠᠬᠤ | ᠬᠤᠷᠠᠯ ᠬᠤᠷᠠᠯᠳᠤᠭᠤᠯᠵᠤ᠂ ᠬᠥᠨᠳᠡᠯᠡᠨ ᠲᠣᠭᠤᠷᠢᠭ᠂ ᠴᠢᠩᠱᠠᠨ ᠲᠣᠭᠤᠷᠢᠭ᠂ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨᠲ᠋ᠣᠭᠤᠷᠢᠭ ᠤᠨ︽ᠬᠤᠶᠠᠷ ᠢ ᠲᠦᠭᠡᠮᠡᠯᠵᠢᠭᠦᠯᠬᠦ︾ ᠶᠢ ᠡᠭᠦᠳᠦᠨ ᠪᠠᠶᠢᠭᠤᠯᠤᠭᠰᠠᠨ ᠪᠠᠶᠢᠳᠠᠯ ᠢ ᠲᠤᠬᠠᠢ ᠶᠢᠨ | ᠭᠠᠵᠠᠷ ᠲᠤᠨᠢ ᠬᠠᠷᠢᠭᠤ ᠲᠤᠰᠬᠠᠪᠠ᠃ ᠯᠢᠦ ᠫᠧᠩ ᠢᠦᠢ ᠡᠯ᠎ᠡ ᠭᠠᠵᠠᠷ ᠣᠷᠣᠨ ᠤ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠬᠥᠭᠵᠢᠯᠲᠡ ᠶᠢ ᠠᠬᠢᠭᠤᠯᠬᠤ ᠶᠠᠪᠤᠴᠠ ᠳᠤ | ᠠᠪᠤᠭᠰᠠᠨ ᠠᠵᠢᠯ ᠤᠨ ᠠᠷᠭ᠎ᠠ ᠬᠡᠮᠵᠢᠶ᠎ᠡ᠂ ᠦᠷ᠎ᠡ ᠪᠦᠲᠦᠮᠵᠢ ᠪᠣᠯᠣᠨ ᠬᠢᠯᠠᠰ ᠴᠡᠭ ᠣᠨᠴᠠᠯᠢᠭᠲᠤ ᠠᠵᠢᠯ ᠢ ᠭᠦᠢᠴᠡᠳ | ᠨᠤᠲᠠᠯᠠᠬᠤ ᠶᠢᠨ ᠬᠠᠮᠲᠤ ᠪᠠᠰᠠ ᠡᠯ᠎ᠡ ᠭᠠᠵᠠᠷ ᠣᠷᠣᠨ ᠤ ᠵᠠᠰᠠᠭ ᠤᠨ ᠣᠷᠳᠣᠨ ᠤ ᠪᠠᠲᠤᠯᠠᠭ᠎ᠠ᠂ ᠬᠡᠦᠬᠡᠳ ᠤᠨ | ᠴᠡᠴᠡᠷᠯᠢᠭ ᠤᠨ ᠴᠡᠴᠡᠷᠯᠢᠭ ᠡᠷᠬᠢᠯᠡᠬᠦ ᠨᠥᠬᠦᠴᠡᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠠᠰᠠᠷᠠᠨ ᠬᠥᠮᠥᠵᠢᠭᠦᠯᠬᠦ | ᠰᠤᠷᠭᠠᠨ ᠬᠥᠮᠦᠵᠢᠯ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠤᠰᠤᠳᠴᠢ ᠪᠠᠷ ᠵᠢᠭᠠᠨ ᠭᠠᠷᠭᠠᠭᠰᠠᠨ | ᠪᠥᠭᠡᠳ ᠳᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠳᠤ ᠣᠨᠣᠪᠴᠢᠲᠠᠢ᠂ ᠲᠤᠰᠬᠠᠢ | ᠮᠡᠷᠭᠡᠵᠢᠯ ᠤᠨ ᠵᠢᠯᠣᠭᠤᠳᠤᠯᠭ᠎ᠠ ᠪᠣᠯᠣᠨ ᠰᠠᠨᠠᠭᠤᠯᠭ᠎ᠠ ᠳᠤᠷᠠᠳᠴᠠᠢ᠃ | ᠲᠠᠷᠠᠭᠠᠴᠢ ᠶᠢᠨ ᠠᠯᠬᠤᠮ ᠳᠤ᠂ ᠡᠯ᠎ᠡ ᠭᠠᠵᠠᠷ ᠣᠷᠣᠨ ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠬᠥᠭᠵᠢᠯᠲᠡ ᠶᠢᠨ ᠲᠥᠷᠥ ᠶᠢᠨ | ᠪᠣᠳᠣᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠡᠭᠦᠳᠦᠨ ᠪᠠᠶᠢᠭᠤᠯᠬᠤ ᠠᠬᠢᠴᠠ ᠶᠢ ᠲᠦᠷᠭᠡᠳᠬᠡᠨ᠂ ᠬᠡᠦᠬᠡᠳ ᠤᠨ ᠴᠡᠴᠡᠷᠯᠢᠭ ᠤᠨ ᠪᠠᠭᠰᠢ ᠠᠵᠢᠯᠲᠠᠨ ᠢ ᠭᠦᠢᠴᠡᠳ | ᠲᠣᠬᠢᠷᠠᠭᠤᠯᠬᠤ᠂ ᠠᠰᠠᠷᠠᠨ ᠬᠥᠮᠥᠵᠢᠭᠦᠯᠬᠦ ᠠᠵᠢᠯᠲᠠᠨ ᠤ ᠣᠯᠭᠤᠮᠵᠢ ᠶᠢ ᠨᠠᠶᠢᠳᠠᠪᠤᠷᠢᠵᠢᠭᠤᠯᠬᠤ᠂ ᠠᠮᠤᠷ ᠲᠦᠪᠰᠢᠨ ᠤ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠭᠦᠯᠬᠦ᠂ ᠬᠡᠦᠬᠡᠳ ᠤᠨ ᠴᠡᠴᠡᠷᠯᠢᠭ ᠡᠷᠭᠢᠯᠡᠬᠦ | ᠨᠥᠬᠦᠴᠡᠯ ᠢ ᠰᠠᠶᠢᠵᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠥᠵᠢᠭᠦᠯᠬᠦ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠬᠦ ᠶᠢᠨ ᠬᠠᠮᠲᠤ᠂ ᠲᠠᠩᠰᠠ ᠡᠪᠬᠡᠮᠡᠯ ᠤᠨ | ᠮᠠᠲ᠋ᠧᠷᠢᠶᠠᠯ ᠢ ᠨᠥᠬᠦᠪᠦᠷᠢᠯᠡᠬᠦ ᠪᠠ ᠡᠮᠬᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠪᠡᠷᠲᠡᠭᠡᠨ ᠵᠠᠰᠠᠬᠤ | ᠣᠷᠣᠨ ᠪᠠ ᠤᠯᠤᠰ ᠤᠨ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠶᠢ ᠲᠣᠭᠲᠠᠭᠰᠠᠨ ᠬᠤᠭᠤᠴᠠᠭᠠᠨ ᠳᠤ | ᠤᠷᠤᠭᠰᠢᠲᠠᠢ ᠥᠩᠭᠡᠷᠡᠭᠦᠯᠬᠦ ᠪᠠᠷ ᠴᠢᠷᠮᠠᠶᠢᠨ᠎ᠠ᠃ | | |