ᠡᠬᠡ ᠨᠢᠯᠬᠠᠰ ᠤᠨ ᠢᠳᠡᠷᠡᠭᠦᠨ ᠠᠯᠬᠤᠬᠤ + ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠭᠡᠷ ᠪᠦᠯᠢ ᠶᠢᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠶ᠎ᠠ
ᠨᠡᠶᠢᠲᠡᠯᠡᠭᠰᠡᠨ ᠴᠠᠭ᠄
2024/5/23
        ᠶᠡᠷᠦᠩᠬᠡᠢ ᠱᠦᠵᠢ ᠰᠢ ᠶᠢᠨ ᠫᠢᠩ ᠤᠨ ᠭᠡᠷ ᠪᠦᠯᠢ ᠶᠢ ᠴᠢᠬᠤᠯᠠᠴᠢᠯᠠᠬᠤ᠂ ᠭᠡᠷ ᠤᠨ ᠰᠤᠷᠭᠠᠯ ᠢ ᠴᠢᠬᠤᠯᠠᠴᠢᠯᠠᠬᠤ᠂ ᠭᠡᠷ ᠤᠨ ᠰᠤᠷᠲᠠᠯ ᠢ ᠴᠢᠬᠤᠯᠠᠴᠢᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠨᠡᠶᠢᠭᠡᠮ ᠢᠶᠠᠷ ᠢᠶᠠᠨ ᠭᠡᠷ ᠪᠦᠯᠢ ᠶᠢᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠢ ᠶᠢᠨ ᠬᠤᠪᠢ ᠪᠠᠷ 5 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠴᠡᠴᠡᠭᠲᠦ ᠪᠥᠵᠢᠭ ᠤᠨ ᠬᠤᠭᠤᠷᠣᠨᠳᠣᠬᠢ ᠵᠣᠬᠢᠶᠠᠨ ᠪᠠᠶᠢᠭᠤᠯᠤᠯᠲᠠ ᠳᠠᠬᠢ ︽ᠭᠡᠷ ᠤᠨ ᠰᠤᠷᠭᠠᠯ ᠰᠡᠳᠬᠢᠯ ᠢ ᠤᠮᠳᠠᠯᠠᠵᠤ᠂ ᠦᠰᠦᠨ ᠪᠣᠶᠢᠵᠢᠵᠤ ᠬᠠᠮᠲᠤ ᠪᠠᠷ ᠤᠷᠤᠭᠰᠢᠯᠠᠬᠤ︾ ᠵᠢᠴᠢ ᠭᠡᠷ ᠪᠦᠯᠢ ᠶᠢᠨ ᠬᠥᠮᠦᠵᠢᠯ ᠤᠨ ᠤᠬᠠᠭᠤᠯᠭ᠎ᠠ ᠶᠢᠨ ᠭᠠᠷᠠᠭ ᠤᠨ ᠭᠡᠷ ᠪᠦᠯᠢ ᠶᠢᠨ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃
1716284013944034119.jpg
        ᠠᠵᠢᠯᠯᠠᠭ᠎ᠠ ᠶᠢᠨ ᠳᠤᠮᠳᠠ᠂ ᠮᠠᠨ ᠤ ᠲᠣᠪᠴᠢᠶ᠎ᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠡᠷ ᠪᠦᠯᠢ ᠶᠢᠨ ᠰᠤᠷᠭᠠᠨ ᠬᠥᠮᠦᠵᠢᠯ ᠤᠨ ᠲᠤᠬᠠᠢ ᠢ ᠯᠠ ᠪᠦᠦ ᠳᠡᠯᠭᠡᠨ ᠦᠵᠡᠭᠦᠯᠬᠦ ᠵᠢᠶᠠᠰᠠ ᠶᠢ ᠵᠣᠬᠢᠶᠠᠵᠤ᠂ ᠢᠳᠡᠷᠡᠭᠦᠨ ᠠᠯᠬᠤᠭ᠎ᠠ ᠲᠠᠢ ᠭᠡᠷ ᠪᠦᠯᠢ ᠶᠢᠨ ᠬᠡᠦᠬᠡᠳ ᠤᠨ ᠳᠤᠭᠤᠶᠢᠯᠠᠩ᠂ ᠪᠠᠭ᠎ᠠ ᠰᠤᠷᠭᠠᠭᠤᠯᠢ ᠶᠢᠨ ᠳᠤᠭᠤᠶᠢᠯᠠᠩ ᠤᠨ ᠬᠡᠰᠡᠭ ᠱᠠᠩᠨᠠᠯ ᠣᠯᠣᠭᠰᠠᠨ ᠭᠡᠷ ᠪᠦᠯᠢ ᠳᠤ ᠳᠤᠷᠠᠰᠬᠠᠯ ᠤᠨ ᠡᠳ᠋ ᠲᠠᠷᠬᠠᠭᠠᠪᠠ᠃ ᠡᠭᠦᠨ ᠤ ᠬᠠᠮᠲᠤ᠂ ᠣᠯᠠᠨ ᠲᠦᠮᠡᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠤᠬᠠᠮᠰᠠᠷ ᠢ ᠴᠢᠩᠭᠠᠷᠠᠭᠤᠯᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠣᠯᠠᠨ ᠲᠦᠮᠡᠨ ᠤ ᠠᠰᠠᠭᠤᠳᠠᠯ ᠢ ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠢᠭᠤᠯᠴᠢᠯᠠᠭᠴᠢᠳ ᠲᠤ ᠬᠤᠲᠠ ᠪᠠᠯᠭᠠᠰᠤᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠬᠥᠯᠥᠰᠦᠨ ᠠᠵᠢᠯᠴᠢᠨ ᠤ ᠴᠠᠯᠢᠩ ᠤᠨ ᠡᠷᠬᠡ ᠪᠠᠨ ᠬᠠᠮᠠᠭᠠᠯᠠᠬᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠪᠠ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 300 ᠭᠠᠷᠤᠢ ᠬᠤᠪᠢ ᠲᠠᠷᠬᠠᠭᠠᠵᠤ᠂ 100 ᠭᠠᠷᠤᠢ ᠬᠥᠮᠥᠨ ᠤᠳᠠᠭ᠎ᠠ ᠶᠢᠨ ᠠᠰᠠᠭᠤᠨ ᠯᠠᠪᠯᠠᠵᠠᠢ᠃
1716284013947612381.jpg
        ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠡᠴᠢᠭᠡ ᠡᠬᠡ ᠪᠠ ᠬᠡᠦᠬᠡᠳ ᠤᠨ ᠬᠤᠭᠤᠷᠣᠨᠳᠣᠬᠢ ᠵᠠᠢ ᠶᠢ ᠣᠶᠢᠷᠠᠲᠤᠭᠤᠯᠵᠤ᠂ ᠭᠡᠷ ᠪᠦᠯᠢ ᠶᠢᠨ ᠬᠤᠭᠤᠷᠣᠨᠳᠣᠬᠢ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠨᠡᠮᠡᠭᠳᠡᠭᠦᠯᠦᠨ᠂ ᠭᠡᠷ ᠪᠦᠯᠢ ᠶᠢᠨ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠶᠡᠭᠡ ᠪᠠᠷ ᠪᠠᠳᠠᠷᠠᠭᠤᠯᠤᠨ ᠦᠢᠯᠡᠳᠦᠯᠭᠡᠵᠢᠭᠦᠯᠵᠦ᠂ ᠭᠡᠷ ᠪᠦᠯᠢ ᠶᠢᠨ ᠪᠣᠯᠪᠠᠰᠤᠨ ᠤ ᠢᠳᠡᠪᠬᠢ ᠬᠦᠴᠦᠨ ᠢ ᠳᠠᠮᠵᠢᠭᠤᠯᠪᠠ᠃ ᠡᠭᠦᠨ ᠤ ᠬᠠᠮᠲᠤ ᠲᠣᠰ ᠤᠳᠠᠭᠠᠨ ᠤ ᠠᠵᠢᠯᠯᠠᠭ᠎ᠠ ᠳᠤ ᠲᠦᠰᠢᠭᠯᠡᠨ ᠥᠷᠨᠢᠭᠦᠯᠦᠭᠰᠡᠨ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠥᠷᠨᠢᠭᠦᠯᠵᠦ᠂ ᠭᠡᠷ ᠪᠦᠯᠢ ᠶᠢᠨ ᠪᠦᠷᠢᠯᠳᠦᠭᠦᠨ ᠤ ᠡᠳᠦᠷ ᠲᠤᠲᠤᠮ ᠤᠨ ᠬᠠᠤᠯᠢ ᠶᠢ ᠣᠶᠢᠯᠠᠭᠠᠬᠤ᠂ ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠵᠢᠯ ᠶᠠᠪᠤᠳᠠᠯ ᠰᠢᠢᠳᠪᠦᠷᠢᠯᠡᠬᠦ ᠳᠤ ᠬᠠᠤᠯᠢ ᠶᠣᠰᠣᠭᠠᠷ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠴᠢᠩᠭᠠᠷᠠᠭᠤᠯᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠵᠢᠴᠢ ᠡᠮᠡᠭᠲᠡᠶᠢᠴᠦᠳ ᠤᠨ ᠡᠷᠬᠡ ᠠᠰᠢᠭ ᠤᠨ ᠪᠠᠲᠤᠯᠠᠭ᠎ᠠ ᠶᠢᠨ ︽ᠺᠣᠳ᠋ ᠨᠡᠮᠡᠬᠦ︾ ᠬᠡᠷᠡᠭᠲᠡᠢ᠃        
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号