5 ᠰᠠᠷ᠎ᠠ ᠶᠢᠨ 20 ᠤ ᠡᠳᠦᠷ᠂ ᠰᠢᠨ ᠸᠠᠩ ᠨᠡᠶᠢᠭᠡᠮ ᠲᠣᠭᠤᠷᠢᠭ ᠤᠨ ᠨᠠᠮ ᠤᠨ ᠡᠭᠦᠷ ᠬᠠᠮᠲᠤᠷᠠᠨ | ᠦᠢᠯᠡᠴᠢᠯᠡᠭᠡᠨ ᠤ ᠬᠠᠮᠢᠶᠠᠷᠤᠯᠲᠠ ᠶᠢᠨ ᠨᠠᠮ ᠤᠨ ᠡᠭᠦᠷ ᠭᠤᠷᠪᠠᠳᠤᠭᠠᠷ ᠬᠤᠭᠤᠴᠠᠭᠠᠨ ᠤ ︽ᠰᠡᠳᠬᠢᠯ ᠢ | ᠳᠤᠯᠠᠭᠠᠴᠠᠭᠤᠯᠬᠤ ᠨᠠᠮ ᠤᠨ ᠪᠠᠶᠢᠭᠤᠯᠤᠯᠲᠠ ᠶᠢᠨ ᠬᠤᠪᠢᠰᠬᠠᠯᠲᠤ ᠴᠤᠭᠯᠠᠭᠠᠨ︾ ᠭᠡᠬᠦ ᠭᠤᠣᠯ ᠰᠡᠳᠦᠪᠲᠦ ᠠᠵᠢᠯᠯᠠᠭ᠎ᠠ | ᠥᠷᠨᠢᠭᠦᠯᠵᠦ᠂ ᠨᠠᠮ ᠤᠨ ᠭᠡᠰᠢᠭᠦᠨ᠂ ᠢᠳᠡᠪᠬᠢᠲᠡᠨ ᠵᠡᠷᠭᠡ 30 ᠭᠠᠷᠤᠢ ᠬᠥᠮᠥᠨ ᠲᠤᠰ ᠤᠳᠠᠭᠠᠨ ᠤ ᠠᠵᠢᠯᠯᠠᠭ᠎ᠠ ᠳᠤ | ᠣᠷᠣᠯᠴᠠᠪᠠ᠃ | ᠤᠯᠠᠭᠠᠨ ᠳᠠᠭᠤᠤ ᠪᠠᠨ ᠳᠠᠭᠤᠯᠠᠵᠤ ᠤᠭ ᠰᠠᠨᠠᠭ᠎ᠠ ᠪᠠᠨ ᠴᠡᠭᠡᠵᠢᠯᠡᠶ᠎ᠡ | ︽ᠪᠢ ᠡᠬᠡ ᠤᠯᠤᠰ ᠲᠠᠢ ᠪᠠᠨ ᠨᠢᠭᠡ ᠮᠥᠴᠡ ᠴᠦ ᠰᠠᠯᠵᠤ ᠪᠣᠯᠬᠤ ᠦᠭᠡᠢ ᠁︾ ᠭᠡᠬᠦ ᠠᠵᠢᠯᠯᠠᠭ᠎ᠠ ᠨᠢ | ᠳᠠᠭᠤᠤ ᠶᠢᠨ ᠳᠤᠮᠳᠠ ᠬᠥᠰᠢᠭᠡ ᠪᠠᠨ ᠰᠡᠬᠦᠵᠦ᠂ ᠪᠦᠬᠦ ᠬᠥᠮᠥᠰ ︽ᠪᠢ ᠡᠬᠡ ᠤᠯᠤᠰ ᠲᠠᠢ ᠪᠠᠨ︾ᠭᠡᠬᠦ ᠳᠠᠭᠤᠤ ᠶᠢ | ᠳᠠᠭᠤᠯᠠᠵᠤ᠂ ᠡᠬᠡ ᠤᠯᠤᠰ ᠲᠤ ᠪᠠᠨ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠷ ᠬᠠᠮᠤᠭ ᠤᠨ ᠴᠢᠩ ᠦᠨᠡᠨᠴᠢ | ᠮᠠᠭᠲᠠᠭᠠᠯ ᠳᠠᠭᠤᠤ ᠶᠢ ᠡᠷᠭᠦᠪᠡ᠃ | | ᠲᠠᠩᠰᠤᠭ ᠰᠠᠶᠢᠬᠠᠨ ᠠᠵᠢᠯᠯᠠᠭ᠎ᠠ ᠪᠠᠷ ᠪᠦᠯᠬᠦᠮᠳᠡᠯ ᠢ ᠠᠬᠢᠭᠤᠯᠬᠤ | ᠲᠣᠰ ᠤᠳᠠᠭᠠᠨ ᠤ ᠰᠣᠨᠢᠷᠬᠠᠯ ᠢ ᠥᠷᠭᠡᠳᠬᠡᠬᠦ ᠠᠵᠢᠯᠯᠠᠭ᠎ᠠ ᠳᠤ ᠨᠡᠶᠢᠲᠡ 60 ᠰᠧᠺᠦ᠋ᠨ᠋ᠲ ᠤᠳᠠᠭ᠎ᠠ ᠨᠢᠳᠦ | ᠬᠠᠯᠲᠤᠷᠢᠨ᠂ ᠨᠠᠮ ᠤᠨ ᠪᠠᠶᠢᠭᠤᠯᠤᠯᠲᠠ ᠶᠢ ᠳᠠᠭᠠᠵᠤ᠂ ᠪᠢ ᠤᠯᠠᠭᠠᠨ ᠳᠠᠭᠤᠤ ᠳᠠᠭᠤᠯᠠᠬᠤ ᠳᠤᠷᠠᠲᠠᠢ︾ ᠭᠡᠬᠦ 3 | ᠠᠵᠢᠯᠯᠠᠭᠠᠨ ᠤ ᠲᠥᠷᠥᠯ ᠵᠦᠢᠯ ᠢ ᠲᠣᠬᠢᠷᠠᠭᠤᠯᠵᠤ᠂ ᠲᠥᠷᠥᠯ ᠵᠦᠢᠯ ᠪᠦᠷᠢ ᠨᠢ ᠭᠤᠣᠯ ᠰᠡᠳᠦᠪ ᠲᠠᠢ ᠨᠢᠭᠲᠠ | ᠤᠶᠠᠯᠳᠤᠭᠤᠯᠤᠨ᠂ ᠰᠣᠨᠢᠷᠬᠠᠯᠲᠤ ᠴᠢᠨᠠᠷ᠂ ᠵᠤᠭ᠎ᠠ ᠴᠡᠩᠭᠡᠯ ᠤᠨ ᠴᠢᠨᠠᠷ᠂ ᠬᠠᠮᠵᠢᠯᠴᠠᠬᠤ ᠴᠢᠨᠠᠷ ᠪᠠ ᠥᠷᠢᠰᠦᠯᠳᠦᠬᠦ | ᠴᠢᠨᠠᠷ ᠢ ᠨᠢᠭᠡ ᠴᠣᠭᠴᠠᠵᠢᠭᠤᠯᠵᠤ᠂ ᠬᠦᠴᠦᠨ ᠤᠷ᠎ᠠ ᠮᠡᠷᠭᠡᠵᠢᠯ ᠤᠨ ᠥᠷᠢᠰᠦᠯᠳᠦᠭᠡᠨ ᠪᠣᠯᠬᠤ ᠮᠥᠷᠲᠡᠭᠡᠨ ᠪᠠᠰᠠ | ᠪᠦᠯᠬᠦᠮᠳᠡᠯ ᠤᠨ ᠣᠶᠤᠨ ᠤᠬᠠᠭᠠᠨ ᠤ ᠦᠵᠡᠯᠴᠡᠭᠡᠨ ᠪᠣᠯᠬᠤ ᠶᠤᠮ᠃ | | ︽ᠬᠠᠶᠢᠷ᠎ᠠ ᠶᠢᠨ ᠪᠢᠴᠢᠭ︾ ᠢᠶᠠᠷ ᠦᠨᠡᠨᠴᠢ ᠰᠡᠳᠬᠢᠯ ᠢᠶᠠᠨ ᠢᠯᠡᠳᠬᠡᠶ᠎ᠡ | ᠪᠦᠬᠦ ᠨᠠᠮ ᠤᠨ ᠭᠡᠰᠢᠭᠦᠳ ︽ᠰᠡᠳᠬᠢᠯ ᠵᠢᠷᠦᠬᠡ ᠪᠠᠨ ᠶᠠᠷᠢᠬᠤ︾ ᠬᠡᠯᠪᠡᠷᠢ ᠪᠠᠷ ᠨᠠᠮ ᠢᠶᠠᠨ ᠬᠠᠶᠢᠷᠠᠯᠠᠬᠤ | ᠰᠡᠳᠬᠢᠯᠭᠡ ᠶᠢ ᠡᠪᠦᠷᠯᠡᠵᠦ᠂ ᠡᠭᠡᠯ ᠪᠣᠷᠣᠭᠵᠢᠭᠤᠨ ᠦᠭᠡ ᠬᠡᠯᠡ ᠪᠠᠷ ᠭᠠᠯ ᠤᠯᠠᠭᠠᠨ ᠺᠠᠷᠲ ᠳᠡᠭᠡᠷ᠎ᠡ ᠨᠠᠮ ᠢᠶᠠᠨ | ᠬᠠᠶᠢᠷᠠᠯᠠᠬᠤ ᠬᠠᠶᠢᠷ᠎ᠠ ᠪᠠ ᠪᠢᠰᠢᠷᠡᠨ ᠬᠦᠨᠳᠦᠳᠬᠡᠬᠦ ᠰᠡᠳᠬᠢᠯᠭᠡ ᠶᠢ ᠪᠢᠴᠢᠭᠯᠡᠪᠡ᠃ ︽ᠨᠠᠮ ᠡᠭᠦᠷᠢᠳᠡ ᠮᠢᠨᠤ | ᠰᠡᠳᠬᠢᠯ ᠳᠤ ᠬᠠᠶᠢᠷᠠᠲᠠᠢ︾᠂ ︽ᠪᠢ ᠬᠠᠶᠢᠷᠠᠲᠠᠢ ᠨᠠᠮ ᠢᠶᠠᠨ ᠬᠠᠶᠢᠷᠠᠯᠠᠨ᠎ᠠ︾᠂ ︽ᠤᠭ ᠰᠠᠨᠠᠭ᠎ᠠ ᠪᠠᠨ ᠦᠯᠦ ᠮᠠᠷᠲᠠᠵᠤ | ᠨᠠᠮ ᠢᠶᠠᠨ ᠲᠠᠭᠠᠨ᠎ᠠ︾᠂ ︽ᠨᠠᠮ ᠪᠣᠯ ᠪᠢᠳᠡᠨ ᠤ ᠰᠡᠳᠬᠢᠯ ᠳᠠᠬᠢ ᠬᠡᠷᠡᠯᠳᠦ ᠴᠠᠮᠬᠠᠭ᠂ ᠮᠠᠨ ᠤ ᠤᠷᠤᠭᠰᠢᠯᠠᠯᠲᠠ ᠶᠢᠨ ᠵᠠᠮ | ᠮᠥᠨ︾᠂ ︽ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢᠨ ᠦᠢᠯᠡᠴᠢᠯᠡᠭᠡ ᠨᠢ ᠨᠠᠮ ᠳᠠᠭᠠᠨ ᠡᠬᠡ ᠤᠯᠤᠰ ᠢᠶᠠᠨ | ᠬᠠᠶᠢᠷᠠᠯᠠᠬᠤ ᠬᠠᠶᠢᠷ᠎ᠠ ᠬᠠᠯᠠᠮᠵᠢ︾ ᠵᠡᠷᠭᠡ ᠴᠢᠩ ᠰᠡᠳᠬᠢᠯ ᠤᠨ ᠵᠥᠩᠨᠡᠯ ᠳᠡᠪᠰᠢᠭᠦᠯᠪᠡ᠃ | | ᠨᠠᠮ ᠳᠤ ᠣᠷᠣᠬᠤ ᠤᠭ ᠰᠠᠨᠠᠭ᠎ᠠ ᠪᠠᠨ ᠬᠤᠪᠢᠶᠠᠯᠴᠠᠭᠰᠠᠨ ᠵᠢᠵᠢᠭ ᠦᠯᠢᠭᠡᠷ | ᠠᠬᠠᠮᠠᠳ ᠨᠠᠮ ᠤᠨ ᠭᠡᠰᠢᠭᠦᠨ ᠯᠢ ᠴᠢᠶᠣᠤ ᠢᠦᠢ ᠨᠠᠮ ᠤᠨ ᠭᠡᠰᠢᠭᠦᠳ ᠲᠤ ᠨᠠᠮ ᠳᠤ ᠣᠷᠣᠬᠤ ᠤᠭ | ᠰᠠᠨᠠᠭ᠎ᠠ ᠵᠢᠵᠢᠭ ᠦᠯᠢᠭᠡᠷ ᠢ ᠬᠤᠪᠢᠶᠠᠯᠴᠠᠵᠤ᠂ ᠲᠤᠬᠠᠢ ᠶᠢᠨ ᠦᠶ᠎ᠡ ᠶᠢᠨ ᠨᠠᠮ ᠳᠤ ᠣᠷᠣᠭᠰᠠᠨ ᠪᠠᠶᠢᠳᠠᠯ ᠢᠶᠠᠨ | ᠡᠷᠭᠢᠴᠡᠭᠦᠯᠪᠡ᠃ ᠡᠨᠡ ᠨᠢ ᠵᠥᠪᠬᠡᠨ ᠨᠢᠭᠡ ᠤᠳᠠᠭᠠᠨ ᠤ ᠳᠠᠩ ᠭᠠᠭᠴᠠ ᠬᠤᠪᠢᠶᠠᠯᠴᠠᠬᠤ ᠬᠤᠷᠠᠯ ᠲᠡᠳᠦᠢ ᠪᠢᠰᠢ᠂ | ᠦᠭᠡ ᠬᠡᠯᠡᠨ ᠤ ᠬᠤᠭᠤᠷᠣᠨᠳᠤ ᠨᠡᠩ ᠴᠤ ᠠᠬᠠᠮᠠᠳ ᠨᠠᠮ ᠤᠨ ᠭᠡᠰᠢᠭᠦᠨ ᠤ ᠨᠠᠮ ᠤᠨ ᠭᠦᠨ ᠳᠠᠪᠬᠤᠷᠭ᠎ᠠ ᠶᠢᠨ | ᠬᠠᠶᠢᠷ᠎ᠠ ᠵᠢᠴᠢ ᠣᠯᠠᠨ ᠤ ᠨᠠᠮ ᠳᠤ ᠭᠠᠷᠭᠠᠭᠰᠠᠨ ᠨᠢᠭᠡ ᠬᠤᠪᠢ ᠠᠮᠠᠯᠠᠯᠲᠠ -︽ᠠᠵᠢᠯ ᠠᠴᠠ ᠪᠠᠨ ᠠᠮᠠᠷᠠᠭᠰᠠᠨ | ᠠᠵᠢᠯ ᠲᠠᠢ᠂ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠦᠭᠡᠢ︾᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠲᠤ ᠦᠢᠯᠡᠴᠢᠯᠡᠵᠦ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠠᠷᠭ᠎ᠠ ᠤᠬᠠᠭᠠᠨ ᠭᠠᠷᠭᠠᠵᠤ | ᠥᠭᠭᠦᠨ᠎ᠡ᠃ | | ᠰᠣᠯᠢᠯᠴᠠᠭᠠᠨ ᠤ ᠠᠵᠢᠯᠯᠠᠭ᠎ᠠ ᠶᠢᠨ ᠣᠶᠢᠯᠠᠭᠠᠯᠲᠠ | ᠨᠠᠮ ᠳᠤ ᠣᠷᠣᠬᠤ ᠢᠳᠡᠪᠬᠢᠲᠡᠨ᠂ ᠭᠦᠸᠧ ᠰᠢᠶᠣᠣ ᠰᠢᠤᠸᠠᠢ ᠥᠪᠡᠷ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠠᠵᠢᠯᠯᠠᠭ᠎ᠠ ᠳᠤ ᠣᠷᠣᠯᠴᠠᠭᠰᠠᠨ ᠣᠯᠣᠯᠲᠠ ᠲᠥᠷᠥᠭᠳᠡᠯ ᠢᠶᠠᠨ ᠬᠤᠪᠢᠶᠠᠯᠴᠠᠪᠠ᠃ ᠲᠡᠷᠡ | ᠬᠤᠪᠢᠶᠠᠯᠴᠠᠬᠤ ᠳᠠᠭᠠᠨ᠄ ︽ᠨᠠᠮ ᠳᠤ ᠣᠷᠣᠬᠤ ᠢᠳᠡᠪᠬᠢᠲᠡᠨ ᠨᠢ ᠨᠠᠮ ᠤᠨ ᠵᠢᠩᠬᠢᠨᠢ ᠨᠠᠮ ᠤᠨ ᠭᠡᠰᠢᠭᠦᠨ ᠤ ᠲᠥᠯᠥᠭᠡ | ᠥᠨᠥᠳᠥᠷ ᠤᠨ ᠭᠤᠣᠯ ᠰᠡᠳᠦᠪᠲᠦ ᠠᠵᠢᠯᠯᠠᠭ᠎ᠠ ᠳᠤ ᠣᠷᠣᠯᠴᠠᠵᠤ᠂ ᠬᠢᠵᠠᠭᠠᠯᠠᠰᠢ ᠦᠭᠡᠢ ᠣᠮᠣᠭᠰᠢᠨ ᠵᠣᠷᠢᠭᠵᠢᠵᠤ | ᠪᠠᠶᠢᠨ᠎ᠠ᠃ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠶᠣᠰᠣᠯᠠᠯ ᠢ ᠣᠶᠢᠯᠠᠭᠠᠵᠤ᠂ ᠳᠤᠮᠳᠠᠳᠤ ᠤᠯᠤᠰ ᠤᠨ ᠡᠪ | ᠬᠠᠮᠲᠤ ᠨᠠᠮ ᠳᠤ ᠣᠷᠣᠬᠤ ᠡᠷᠡᠰ ᠵᠣᠷᠢᠭ ᠢ ᠨᠡᠩ ᠪᠠᠲᠤᠳᠬᠠᠪᠠ᠃ ᠬᠤᠶᠢᠰᠢᠳᠠ ᠶᠢᠨ ᠠᠵᠢᠯ ᠤᠨ ᠳᠤᠮᠳᠠ | ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠷᠠᠳ ᠲᠦᠮᠡᠨ ᠳᠤ ᠰᠡᠳᠬᠢᠯ ᠲᠠᠯᠪᠢᠨ | ᠦᠢᠯᠡᠴᠢᠯᠡᠵᠦ᠂ ᠠᠯᠢ ᠲᠦᠷᠭᠡᠨ ᠢᠶᠠᠷ ᠢᠷᠠᠭᠤ ᠠᠯᠳᠠᠷᠲᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ | ᠪᠣᠯᠣᠶ᠎ᠠ︾ ᠭᠡᠵᠦ ᠬᠡᠯᠡᠪᠡ᠃ | | ᠨᠡᠶᠢᠭᠡᠮ ᠲᠣᠭᠤᠷᠢᠭ ᠤᠨ ᠵᠠᠰᠠᠯᠲᠠ ᠶᠢᠨ ︽ᠠᠯᠲᠠᠨ ᠲᠣᠪᠴᠢ︾ ᠶᠢ ᠴᠤᠭᠯᠠᠭᠤᠯᠤᠨ᠎ᠠ | ᠨᠡᠶᠢᠭᠡᠮ ᠲᠣᠭᠤᠷᠢᠭ ᠤᠨ ᠠᠵᠢᠯᠲᠠᠳ ᠰᠠᠭᠤᠵᠤ ᠪᠠᠶᠢᠭ᠎ᠠ ᠨᠠᠮ ᠤᠨ ᠭᠡᠰᠢᠭᠦᠨ ᠨᠥᠬᠦᠳ᠂ ᠰᠠᠭᠤᠭᠠᠯᠢ | ᠠᠷᠠᠳ ᠤᠨ ᠲᠥᠯᠥᠭᠡᠯᠡᠭᠴᠢᠳ ᠲᠤ ᠰᠠᠨᠠᠯ ᠬᠤᠷᠢᠶᠠᠬᠤ ᠺᠠᠷᠲ ᠲᠠᠷᠬᠠᠭᠠᠵᠤ᠂ ᠤᠯᠠᠨ ᠤ ᠪᠦᠲᠦᠭᠡᠯᠴᠢ ᠴᠢᠨᠠᠷᠲᠠᠢ | ᠰᠠᠨᠠᠯ ᠢ ᠴᠤᠭᠯᠠᠭᠤᠯᠵᠤ᠂ ᠤᠯᠠᠨ ᠲᠦᠮᠡᠨ ᠤ ᠪᠢᠴᠢᠯ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠵᠤ᠂ ᠨᠡᠶᠢᠭᠡᠮ | ᠲᠣᠭᠤᠷᠢᠭ ᠤᠨ ᠦᠢᠯᠡᠴᠢᠯᠡᠭᠡ ᠶᠢ ᠨᠡᠩ ᠬᠠᠨᠳᠤᠯᠭᠠᠲᠤ ᠴᠢᠨᠠᠷᠲᠠᠢ᠂ ᠠᠵᠢᠯ ᠶᠠᠪᠤᠳᠠᠯ ᠰᠢᠢᠳᠪᠦᠷᠢᠯᠡᠬᠦ ᠳᠤ ᠨᠡᠩ | ᠣᠨᠣᠪᠴᠢ ᠶᠢᠨ ᠬᠡᠮᠵᠢᠶ᠎ᠡ ᠲᠠᠢ ᠪᠣᠯᠭᠠᠪᠠ᠃ | | ᠳᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠬᠢᠨ ᠪᠣᠳᠠᠲᠠᠢ ᠳᠤ ᠰᠠᠭᠤᠷᠢᠯᠠᠵᠤ᠂ ᠤᠯᠠᠨ | ᠬᠡᠯᠪᠡᠷᠢ ᠶᠢᠨ ︽ᠰᠡᠳᠬᠢᠯ ᠢ ᠳᠤᠯᠠᠭᠠᠴᠠᠭᠤᠯᠵᠤ ᠨᠠᠮ ᠤᠨ ᠪᠠᠶᠢᠭᠤᠯᠤᠯᠲᠠ ᠶᠢᠨ ᠬᠤᠪᠢᠰᠬᠠᠯᠲᠤ ᠴᠤᠭᠯᠠᠭᠠᠨ ᠪᠣᠯᠬᠤ︾ | ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠩ ᠤᠯᠠᠨ ᠨᠠᠮ ᠤᠨ ᠭᠡᠰᠢᠭᠦᠨ ᠢ | ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠳᠤ ᠣᠷᠣᠯᠴᠠᠭᠤᠯᠵᠤ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠬᠦ ᠪᠣᠯᠣᠨ᠎ᠠ᠃ |