【ᠪᠠᠢ ᠬᠤ᠋ ᠭᠧᠦ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ】ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠳᠡᠯᠡᠬᠡᠢ ᠶᠢᠨ ᠨᠣᠮ ᠤᠩᠰᠢᠬᠤ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/6
        4 ᠰᠠᠷ᠎ᠠ ᠶᠢᠨ 17 ᠤ ᠡᠳᠦᠷ᠂ ᠪᠠᠢ ᠬᠤ᠋ ᠭᠧᠦ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠬᠠᠷᠢᠶᠠᠲᠤ ᠣᠷᠣᠨ ᠤ ᠵᠡᠮᠳᠡᠭᠴᠦᠳ ᠢ ᠵᠣᠬᠢᠶᠠᠨ ᠪᠠᠶᠢᠭᠤᠯᠵᠤ ᠳᠡᠯᠡᠬᠡᠢ ᠶᠢᠨ ᠨᠣᠮ ᠤᠩᠰᠢᠬᠤ ᠡᠳᠦᠷ - ︽ᠢᠷᠭᠡᠨ ᠤ ᠬᠠᠤᠯᠢ ᠶᠢᠨ ᠪᠢᠴᠢᠭ︾ ᠤᠨ ᠨᠣᠮ ᠤᠩᠰᠢᠬᠤ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠵᠡᠮᠳᠡᠭᠴᠦᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃
        ᠠᠵᠢᠯᠯᠠᠭ᠎ᠠ ᠶᠢᠨ ᠳᠤᠮᠳᠠ ᠵᠡᠮᠳᠡᠭᠴᠦᠳ ᠤᠨ ᠲᠤᠰᠬᠠᠢ ᠲᠤᠰᠢᠶᠠᠯᠲᠤ ᠭᠡᠰᠢᠭᠦᠨ ᠬᠢᠯᠪᠠᠷ ᠣᠶᠢᠯᠠᠭᠠᠮᠵᠢᠲᠠᠢ ᠦᠭᠡ ᠬᠡᠯᠡ ᠪᠠ ᠨᠠᠷᠢᠨ ᠨᠢᠮᠪᠠᠢ ᠵᠣᠬᠢᠶᠠᠭᠰᠠᠨ PPT ᠶᠢ ᠭᠤᠣᠯᠳᠠᠭᠤ ᠵᠡᠮᠳᠡᠭᠴᠦᠳ ᠲᠤ ᠢᠷᠭᠡᠨ ᠤ ᠬᠠᠤᠯᠢ ᠶᠢᠨ ᠪᠢᠴᠢᠭ ᠤᠨ ᠲᠣᠶᠢᠮᠣ ᠥᠭᠦᠯᠡᠯ ᠬᠢᠭᠡᠳ ᠠᠬᠤᠢ ᠪᠠᠶᠢᠳᠠᠯ᠂ ᠢᠷᠭᠡᠨ ᠤ ᠬᠡᠷᠡᠭ ᠤᠨ ᠪᠡᠶᠡᠴᠢ ᠴᠣᠭᠴᠠ ᠶᠢᠨ ᠳᠦᠷᠢᠮ ᠤᠨ ᠲᠠᠶᠢᠯᠤᠮᠵᠢ᠂ ᠢᠷᠭᠡᠨ ᠤ ᠬᠡᠷᠡᠭ ᠤᠨ ᠡᠷᠬᠡ ᠶᠢᠨ ᠰᠢᠰᠲ᠋ᠧᠮ ᠢ ᠡᠮᠬᠢᠯᠡᠬᠦ᠂ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢᠨ ᠬᠦᠴᠦᠨ ᠢ ᠮᠠᠭᠠᠳᠯᠠᠬᠤ ᠪᠠ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦ ᠵᠡᠷᠭᠡ ᠠᠭᠤᠯᠭ᠎ᠠ ᠶᠢ ᠲᠠᠶᠢᠯᠪᠤᠷᠢᠯᠠᠵᠤ ᠥᠭᠴᠡᠢ᠃        ︽ᠢᠷᠭᠡᠨ ᠤ ᠬᠠᠤᠯᠢ ᠶᠢᠨ ᠪᠢᠴᠢᠭ︾ ᠤᠨ ᠮᠡᠳᠡᠯᠭᠡ ᠶᠢ ᠭᠦᠨᠵᠡᠭᠡᠢ ᠰᠤᠷᠤᠯᠴᠠᠬᠤ ᠪᠠᠷ ᠳᠠᠮᠵᠢᠭᠤᠯᠤᠨ᠂ ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠵᠡᠮᠳᠡᠭᠴᠦᠳ ᠤᠨ ᠠᠵᠢᠯ ᠤᠨ ᠬᠠᠤᠯᠢ ᠪᠠᠷ ᠵᠠᠰᠠᠬᠤ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号