ᠬᠥᠮᠥᠨ ᠤ ᠶᠢᠷᠲᠢᠨᠴᠦ ᠶᠢᠨ ᠬᠠᠮᠤᠭ ᠤᠨ ᠭᠤᠶᠤ ᠳᠥᠷᠪᠡᠳᠦᠭᠡᠷ ᠰᠠᠷ᠎ᠠ ᠪᠣᠯ ᠶᠠᠭ ᠨᠣᠮ ᠤᠩᠰᠢᠬᠤ | ᠰᠠᠶᠢᠨ ᠴᠠᠭ ᠦᠶ᠎ᠡ ᠮᠥᠨ᠃ 29 ᠳ᠋ᠦᠭᠡᠷ ︽ᠳᠡᠯᠡᠬᠡᠢ ᠶᠢᠨ ᠨᠣᠮ ᠤᠩᠰᠢᠬᠤ ᠡᠳᠦᠷ︾ ᠤᠳᠠᠯ ᠦᠭᠡᠢ ᠬᠦᠷᠴᠦ ᠢᠷᠡᠬᠦ | ᠲᠠᠰᠢᠷᠠᠮ ᠢᠶᠠᠷ᠂ ᠵᠡᠮᠳᠡᠭᠴᠦᠳ ᠤᠨ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠤᠯᠠᠮ ᠨᠢᠭᠡ ᠠᠯᠬᠤᠮ | ᠬᠠᠩᠭᠠᠬᠤ ᠶᠢᠨ ᠲᠥᠯᠥᠭᠡ᠂ ᠪᠡᠳᠬᠡᠷ ᠵᠣᠣ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ 4 ᠰᠠᠷ᠎ᠠ ᠶᠢᠨ 22 ᠤᠨ | ᠡᠳᠦᠷ ᠤᠨ ᠦᠳᠡ ᠶᠢᠨ ᠬᠤᠶᠢᠨ᠎ᠠ ᠴᠠᠩ ᠬᠠᠨ ᠭᠧᠦ ᠲᠣᠰᠬᠤᠨ ᠤ ᠵᠡᠮᠳᠡᠭᠴᠦᠳ ᠤᠨ ᠨᠡᠶᠢᠭᠡᠮᠯᠢᠭ ᠲᠠᠢ ᠬᠠᠮᠲᠤᠷᠠᠨ᠂ | ᠬᠠᠷᠢᠶᠠᠲᠤ ᠣᠷᠣᠨ ᠤ 15 ᠵᠡᠮᠳᠡᠭᠴᠦᠳ ᠢ ᠵᠣᠬᠢᠶᠠᠨ ᠪᠠᠶᠢᠭᠤᠯᠵᠤ ᠳᠡᠯᠡᠬᠡᠢ ᠶᠢᠨ ᠨᠣᠮ ᠤᠩᠰᠢᠬᠤ ᠡᠳᠦᠷ ᠤᠨ | ᠠᠵᠢᠯᠯᠠᠭ᠎ᠠ ᠥᠷᠨᠢᠭᠦᠯᠪᠡ᠃ | | ᠠᠵᠢᠯᠲᠠᠳ ᠨᠣᠮ ᠤᠩᠰᠢᠬᠤ ᠠᠵᠢᠯᠯᠠᠭ᠎ᠠ ᠳᠤ ᠣᠷᠣᠯᠴᠠᠭᠰᠠᠨ ᠵᠡᠮᠳᠡᠭᠴᠦᠳ ᠤᠨ ᠢᠷᠭᠡᠨ ᠤ ᠬᠠᠤᠯᠢ ᠶᠢᠨ | ᠪᠢᠴᠢᠭ ᠤᠨ ᠰᠠᠭᠤᠷᠢ ᠮᠡᠳᠡᠯᠭᠡ ᠶᠢ ᠭᠤᠣᠯᠳᠠᠯᠭ᠎ᠠ ᠲᠠᠢ ᠲᠦᠭᠡᠮᠡᠯᠵᠢᠭᠦᠯᠬᠦ ᠶᠢᠨ ᠲᠥᠯᠥᠭᠡ᠂ ᠢᠯᠠᠩᠭᠤᠶ᠎ᠠ | ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠬᠤᠯᠪᠣᠭᠳᠠᠬᠤ ᠬᠠᠤᠯᠢ ᠴᠠᠭᠠᠵᠠ ᠬᠠᠤᠯᠢ | ᠲᠣᠭᠲᠠᠭᠠᠯ ᠤᠨ ᠵᠦᠢᠯ ᠵᠤᠷᠪᠤᠰ ᠲᠤ ᠨᠠᠷᠢᠨ ᠨᠢᠭᠲᠠ ᠲᠠᠶᠢᠯᠤᠮᠵᠢ ᠬᠢᠵᠦ᠂ ᠵᠡᠮᠳᠡᠭᠴᠦᠳ ᠢ ᠬᠠᠪᠰᠤᠷᠤᠨ ᠬᠠᠤᠯᠢ ᠶᠢ | ᠰᠤᠷᠬᠤ᠂ ᠬᠠᠤᠯᠢ ᠶᠢ ᠬᠡᠷᠡᠭᠯᠡᠬᠦ ᠳᠤ ᠰᠠᠭᠤᠷᠢᠯᠠᠭᠰᠠᠨ ᠨᠣᠮ ᠤᠩᠰᠢᠬᠤ ᠳᠠᠳᠬᠠᠯ ᠢ ᠬᠥᠮᠥᠵᠢᠭᠦᠯᠪᠡ᠃ ᠠᠵᠢᠯᠯᠠᠭ᠎ᠠ ᠶᠢᠨ | ᠳᠤᠮᠳᠠ ᠪᠠᠰᠠ ᠵᠡᠮᠳᠡᠭᠴᠦᠳ ᠲᠤ ︽ᠠᠮᠢ ᠨᠠᠰᠤᠨ ᠤ ᠳᠤᠮᠳᠠᠬᠢ ᠪᠦᠷᠢᠨ ᠲᠡᠭᠦᠯᠳᠡᠷ ᠪᠤᠰᠤ ᠵᠦᠢᠯ ᠢ ᠬᠦᠯᠢᠶᠡᠨᠠᠪᠬᠤ︾ | ᠭᠡᠬᠦ ᠨᠣᠮ ᠢ ᠬᠤᠪᠢᠶᠠᠯᠴᠠᠵᠤ᠂ ᠲᠤᠰ ᠪᠦᠲᠦᠭᠡᠯ ᠤᠨ ᠠᠬᠤᠢ ᠪᠠᠶᠢᠳᠠᠯ ᠪᠣᠯᠣᠨ ᠭᠤᠣᠯ ᠠᠭᠤᠯᠭ᠎ᠠ ᠶᠢ ᠨᠠᠷᠢᠨ | ᠲᠠᠨᠢᠯᠴᠠᠭᠤᠯᠵᠤ᠂ ᠤᠯᠠᠨ ᠢᠶᠠᠷ ᠢᠶᠠᠨ ᠡᠨᠡ ᠬᠦ ᠪᠦᠲᠦᠭᠡᠯ ᠢ ᠤᠩᠰᠢᠬᠤ ᠦᠶ᠎ᠡ ᠶᠢᠨ ᠲᠥᠷᠥᠭᠳᠡᠯ ᠢᠶᠠᠨ ᠬᠠᠷᠢᠯᠴᠠᠨ | ᠬᠤᠪᠢᠶᠠᠯᠴᠠᠪᠠ᠃ ᠲᠣᠰ ᠤᠳᠠᠭᠠᠨ ᠤ ᠨᠣᠮ ᠤᠩᠰᠢᠬᠤ ᠠᠵᠢᠯᠯᠠᠭ᠎ᠠ ᠨᠢ ᠵᠡᠮᠳᠡᠭᠴᠦᠳ ᠤᠨ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠨᠠᠩ ᠴᠤ ᠨᠣᠮ ᠤᠩᠰᠢᠬᠤ ᠠᠷᠭ᠎ᠠ ᠮᠠᠶ᠋ᠢᠭ ᠢᠶᠠᠷ ᠰᠠᠶᠢᠨ ᠰᠠᠶᠢᠬᠠᠨ | ᠠᠮᠢᠳᠤᠷᠠᠯ ᠤᠨ ᠠᠭᠤᠷ ᠠᠮᠢᠰᠬᠤᠯ ᠢ ᠪᠣᠶ ᠪᠣᠯᠭᠠᠪᠠ᠃ | | ᠬᠤᠶᠢᠰᠢᠳᠠ ᠶᠢᠨ ᠠᠵᠢᠯ ᠤᠨ ᠳᠤᠮᠳᠠ᠂ ᠪᠡᠳᠬᠡᠷ ᠵᠤᠤ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠶᠢᠨ | ᠬᠢᠨ ᠦᠷᠭᠦᠯᠵᠢᠯᠡᠨ ᠤᠯᠠᠨ ᠵᠦᠢᠯ ᠤᠨ ᠬᠡᠯᠪᠡᠷᠢ ᠪᠠᠷ ᠵᠡᠮᠳᠡᠭᠴᠦᠳ ᠤᠨ ᠤᠶᠤᠨ ᠤ ᠰᠣᠶᠣᠯ ᠤᠨ ᠤᠯᠠᠨ ᠡᠰᠢᠲᠦ | ᠬᠡᠷᠡᠭᠴᠡᠭᠡ ᠶᠢ ᠬᠠᠩᠭᠠᠵᠤ᠂ ᠢᠳᠡᠪᠬᠢ ᠬᠦᠴᠦᠨ ᠢ ᠤᠯᠠᠮᠵᠢᠯᠠᠵᠤ᠂ ᠵᠡᠮᠳᠡᠭᠴᠦᠳ ᠤᠨ ᠬᠦᠷᠲᠡᠮᠵᠢ ᠶᠢᠨ ᠲᠥᠷᠥᠭᠳᠡᠯ | ᠪᠣᠯᠣᠨ ᠵᠣᠯ ᠵᠢᠷᠭᠠᠯᠲᠤ ᠲᠥᠷᠥᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠪᠣᠯᠣᠨ᠎ᠠ᠃ |