【ᠰᠢᠭᠤᠶᠢᠲᠤ ᠵᠡᠭᠡᠯᠢ ᠭᠤᠳᠤᠮᠵᠢ ᠶᠢᠨ ᠵᠡᠮᠳᠡᠭᠴᠦᠳ ‍ᠤᠨ‌ᠬᠤᠯᠪᠣᠭ᠎ᠠ】ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠤᠨ ᠭᠡᠷ ᠪᠦᠯᠢ ᠶᠢᠨ ᠣᠶᠤᠲᠠᠳ ᠤᠨ ᠪᠠᠶᠢᠳᠠᠯ ᠢ ᠣᠶᠢᠯᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/5/7
        ᠶᠠᠳᠠᠭᠤ ᠬᠦᠴᠢᠷᠳᠡᠯᠲᠡᠢ ᠵᠡᠮᠳᠡᠭᠴᠦᠳ ᠪᠤᠶᠤ ᠵᠡᠮᠳᠡᠭᠴᠦᠳ ᠤᠨ ᠭᠡᠷ ᠪᠦᠯᠢ ᠶᠢᠨ ᠣᠶᠤᠲᠠᠳ ᠢ ᠬᠠᠪᠰᠤᠷᠤᠨ ᠰᠤᠷᠤᠯᠭ᠎ᠠ ᠶᠢ ᠨᠢ ᠪᠡᠶᠡᠯᠡᠭᠦᠯᠵᠦ᠂ ᠬᠦᠰᠡᠯ ᠵᠡᠭᠦᠳᠦ ᠶᠢ ᠨᠢ ᠪᠡᠶᠡᠯᠡᠭᠦᠯᠬᠦ ᠶᠢᠨ ᠲᠥᠯᠥᠭᠡ᠂ ᠰᠢᠭᠤᠶᠢᠲᠤ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠣᠶᠢᠷ᠎ᠠ ᠶᠢᠨ ᠬᠤᠭᠤᠴᠠᠭᠠᠨ ᠳᠤ ᠬᠠᠷᠢᠶᠠᠲᠤ ᠣᠷᠣᠨ ᠳᠤ ᠵᠡᠮᠳᠡᠭᠴᠦᠳ ᠤᠨ ᠭᠡᠷ ᠪᠦᠯᠢ ᠶᠢᠨ ᠣᠶᠤᠲᠠᠳ ᠤᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠃
1714271593941002965.png
        ᠠᠵᠢᠯᠲᠠᠳ ᠨᠢᠭᠡ ᠡᠷᠦᠬᠡ ᠵᠡᠮᠳᠡᠭᠴᠦᠳ ᠤᠨ ᠭᠡᠷ ᠪᠦᠯᠢ ᠳᠤ ᠬᠦᠷᠬᠦ ᠪᠦᠷᠢ᠂ ᠲᠣᠰ ᠬᠤᠭᠤᠴᠠᠭᠠᠨ ᠤ ᠵᠡᠮᠳᠡᠭ ᠣᠶᠤᠲᠠᠨ ᠪᠠ ᠵᠡᠮᠳᠡᠭᠴᠦᠳ ᠤᠨ ᠭᠡᠷ ᠪᠦᠯᠢ ᠶᠢᠨ ᠣᠶᠤᠲᠠᠨ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠵᠤ᠂ ᠲᠤᠰᠠᠯᠠᠬᠤ ᠨᠥᠬᠦᠴᠡᠯ ᠳᠤ ᠨᠡᠶᠢᠴᠡᠬᠦ ᠰᠣᠷᠣᠭᠴᠢ ᠶᠢᠨ ᠮᠡᠳᠡᠭᠡ ᠵᠠᠩᠭᠢ ᠶᠢᠨ ᠮᠠᠲ᠋ᠧᠷᠢᠶᠠᠯ ᠢ ᠴᠠᠭ ᠲᠤᠬᠠᠢ ᠳᠤᠨᠢ ᠬᠤᠷᠢᠶᠠᠩᠭᠤᠶᠢᠯᠠᠨ ᠳᠡᠭᠡᠭᠰᠢ ᠮᠡᠳᠡᠭᠦᠯᠵᠦ᠂ ᠲᠤᠰᠠᠯᠠᠬᠤ ᠶᠣᠰᠣᠲᠠᠢ ᠶᠢ ᠨᠢ ᠪᠦᠬᠦᠨ ᠢ ᠬᠠᠪᠰᠤᠷᠬᠤ ᠪᠠᠷ ᠴᠢᠷᠮᠠᠶᠢᠨ᠎ᠠ᠃        ᠵᠡᠮᠳᠡᠭᠴᠦᠳ ᠤᠨ ᠭᠡᠷ ᠪᠦᠯᠢ ᠶᠢᠨ ᠣᠶᠤᠲᠠᠳ ᠢ ᠲᠤᠰᠠᠯᠠᠬᠤ ᠲᠥᠷᠥ ᠶᠢᠨ ᠪᠣᠳᠣᠯᠭ᠎ᠠ ᠨᠢ ᠬᠠᠪᠤᠷ ᠤᠨ ᠪᠣᠷᠣᠭᠠᠨ ᠰᠢᠭ᠋ ᠵᠡᠮᠳᠡᠭᠴᠦᠳ ᠤᠨ ᠰᠡᠳᠬᠢᠯ ᠢ ᠤᠮᠳᠠᠯᠠᠵᠤ᠂ ᠵᠡᠮᠳᠡᠭᠴᠦᠳ ᠤᠨ ᠭᠡᠷ ᠪᠦᠯᠢ ᠶᠢᠨ ᠪᠦᠷᠢᠯᠳᠦᠭᠦᠨ ᠤ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠢᠲᠡᠭᠡᠯ ᠵᠣᠷᠢᠭ ᠢ ᠨᠠᠩ ᠪᠠᠲᠤᠳᠬᠠᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号