ᠰᠢᠭᠤᠶᠢᠲᠤ ᠲᠣᠭᠤᠷᠢᠭ ‍ᠤᠨ‌ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 2024 ᠣᠨ ᠤ ︽ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/7
        4 ᠰᠠᠷ᠎ᠠ ᠶᠢᠨ 25 ᠤ ᠡᠳᠦᠷ ᠠᠴᠠ 5 ᠰᠠᠷ᠎ᠠ ᠶᠢᠨ 1 ᠤ ᠡᠳᠦᠷ ᠪᠣᠯ ᠪᠦᠬᠦ ᠤᠯᠤᠰ ᠤᠨ 22 ᠳ᠋ᠤᠭᠠᠷ ︽ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢᠨ ᠤᠬᠠᠭᠤᠯᠭ᠎ᠠ ᠶᠢᠨ ᠭᠠᠷᠠᠭ ᠪᠣᠯᠣᠨ᠎ᠠ᠃ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠭᠤᠶᠢᠲᠤ ᠲᠣᠭᠤᠷᠢᠭ ‍ᠤᠨ‌ᠬᠠᠷᠢᠶ᠎ᠠ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠠᠵᠢᠯ ᠢ ᠴᠢᠩᠭᠠᠳᠬᠠᠵᠤ᠂ ︽ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢ ᠭᠦᠨᠵᠡᠭᠡᠢ ᠤᠬᠠᠭᠤᠯᠤᠨ ᠲᠤᠤᠱᠯᠠᠭᠤᠯᠵᠤ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠪᠠ ᠬᠥᠮᠥᠨ ᠬᠡᠷᠡᠭᠯᠡᠬᠦ ᠨᠢᠭᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠥᠷᠭᠡᠨ ᠣᠯᠠᠨ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠡᠷᠬᠡ ᠠᠰᠢᠭ ᠢ ᠦᠨᠡᠨᠬᠦ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠢᠩ ᠶᠠᠩ ᠤᠮᠠᠷᠠᠲᠤ ᠶᠢᠨ ᠣᠶᠤᠨᠴᠢ ᠡᠨᠧᠷᠭᠢ ︵ᠥᠪᠥᠷ ᠮᠣᠩᠭᠤᠯ︶ ᠶᠢᠨ ᠬᠢᠵᠠᠭᠠᠷᠲᠤ ᠺᠣᠮᠫᠠᠨᠢ ᠳᠤ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠡᠷᠡᠭᠦᠯ ᠮᠡᠨᠳᠦ ᠶᠢᠨ ᠠᠵᠤ ᠠᠬᠤᠶᠢᠯᠠᠯ︾ ᠰᠢᠭᠤᠶᠢᠲᠤ ᠲᠣᠭᠤᠷᠢᠭ ᠤᠨ 2024 ᠣᠨ ᠤ ︽ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢᠨ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠡᠯ᠎ᠡ ᠬᠤᠶᠠᠳᠤᠭᠠᠷ ᠳᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠠᠵᠢᠯᠲᠠᠨ ᠠᠵᠢᠯᠴᠢᠨ ᠤ ᠲᠥᠯᠥᠭᠡᠯᠡᠭᠴᠢ ᠵᠡᠷᠭᠡ 100 ᠭᠠᠷᠤᠢ ᠬᠥᠮᠥᠨ ᠣᠷᠣᠯᠴᠠᠵᠠᠢ᠃
1714464604958043838.jpg
        ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠳ ᠠᠵᠤ ᠠᠬᠤᠶᠢᠯᠠᠯ ᠤᠨ ᠲᠥᠷᠥᠯ ᠬᠡᠯᠪᠡᠷᠢ ᠲᠠᠢ ᠤᠶᠠᠯᠳᠤᠭᠤᠯᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠶᠠᠭᠤ ᠶᠢ ᠠᠵᠢᠯ ᠤᠨ ᠨᠥᠯᠥᠭᠡᠨ ᠤ ᠡᠪᠡᠳᠴᠢᠨ᠂ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠪᠠ ᠬᠡᠷᠬᠢᠨ ᠰᠡᠷᠭᠡᠶᠢᠯᠡᠨ ᠬᠠᠮᠠᠭᠠᠯᠠᠬᠤ ᠲᠤᠬᠠᠢ ᠤᠬᠠᠭᠤᠯᠤᠨ ᠲᠠᠶᠢᠯᠪᠤᠷᠢᠯᠠᠵᠤ᠂ ᠡᠮᠡᠭᠲᠡᠢ ᠠᠵᠢᠯᠲᠠᠨ ᠠᠵᠢᠯᠴᠢᠨ ᠳᠤ ᠡᠮᠡᠭᠲᠡᠶᠢᠴᠦᠳ ᠤᠨ ᠬᠤᠶᠠᠷ ᠥᠮᠡᠨ ᠢ ᠰᠡᠷᠭᠡᠶᠢᠯᠡᠨ ᠵᠠᠰᠠᠬᠤ᠂ ᠡᠯᠢᠭᠡᠨ ᠤ B ᠦᠷᠪᠢᠰᠦᠯ ᠤᠨ ᠡᠬᠡ ᠨᠢᠯᠬᠠᠰ ᠤᠨ ᠤᠯᠠᠮᠵᠢᠯᠠᠯ ᠵᠡᠷᠭᠡ ᠡᠷᠡᠭᠦᠯ ᠮᠡᠨᠳᠦ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠠᠵᠢᠯᠲᠠᠨ ᠠᠵᠢᠯᠴᠢᠨ ᠢ ᠵᠢᠯᠣᠭᠤᠳᠤᠨ ᠪᠡᠶ᠎ᠡ ᠮᠠᠬᠠᠪᠤᠳ ᠤᠨ ᠪᠣᠯᠪᠠᠰᠤᠷᠠᠯ ᠢ ᠴᠢᠩᠭᠠᠳᠬᠠᠵᠤ᠂ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠭᠠᠬᠤ ᠬᠡᠷᠡᠭᠲᠡᠢ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 500 ᠭᠠᠷᠤᠢ ᠬᠤᠪᠢ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠡᠯ᠎ᠡ ᠲᠥᠷᠥᠯ ᠤᠨ ᠤᠬᠠᠭᠤᠯᠭ᠎ᠠ ᠶᠢᠨ ᠡᠳ᠋ ᠪᠣᠳᠠᠰ 200 ᠭᠠᠷᠤᠢ ᠬᠥᠮᠥᠨ ᠬᠤᠪᠢ ᠲᠠᠷᠬᠠᠭᠠᠪᠠ᠃
1714464621295028450.png
        ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ︾ ᠤᠬᠠᠭᠤᠯᠭ᠎ᠠ ᠶᠢᠨ ᠭᠠᠷᠠᠭ ᠢᠶᠠᠷ ᠠᠵᠠ ᠲᠣᠬᠢᠶᠠᠯ ᠪᠣᠯᠭᠠᠵᠤ᠂ ᠣᠨᠴᠠᠯᠢᠭᠲᠤ ᠤᠬᠠᠭᠤᠯᠭ᠎ᠠ ᠶᠢᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠭᠤᠷ ᠠᠮᠢᠰᠬᠤᠯ ᠢ ᠪᠣᠶ ᠪᠣᠯᠭᠠᠵᠤ᠂ ᠬᠦᠴᠦᠨ ᠴᠢᠳᠠᠯ ᠢ ᠨᠢᠭᠲᠠᠷᠠᠭᠤᠯᠵᠤ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠠᠤᠯᠢ ᠴᠠᠭᠠᠵᠠ ᠪᠠ ᠡᠷᠡᠭᠦᠯ ᠮᠡᠨᠳᠦ ᠶᠢᠨ ᠮᠡᠳᠡᠯᠭᠡ ᠶᠢ ᠳᠡᠯᠭᠡᠷᠡᠭᠦᠯᠦᠨ ᠲᠦᠭᠡᠮᠡᠯᠵᠢᠭᠦᠯᠵᠦ᠂ ᠬᠥᠮᠥᠨ ᠬᠡᠷᠡᠭᠯᠡᠬᠦ ᠨᠢᠭᠡᠴᠡ ᠶᠢᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ᠂ ᠰᠢᠨ᠎ᠡ ᠬᠢᠷᠢ ᠲᠦᠪᠰᠢᠨ ᠢ ᠡᠭᠦᠳᠬᠦ ᠶᠢ ᠠᠬᠢᠭᠤᠯᠤᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号