ᠰᠢᠭᠤᠶᠢᠲᠤ ᠲᠣᠭᠤᠷᠢᠭ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/7
        4 ᠰᠠᠷ᠎ᠠ ᠶᠢᠨ 12 ᠤᠨ ᠡᠳᠦᠷ᠂ ᠰᠢᠭᠤᠶᠢᠲᠤ ᠲᠣᠭᠤᠷᠢᠭ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠣᠣ ᠹᠧᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃        ᠬᠤᠷᠠᠯ ᠠᠴᠠ ᠡᠨᠡ ᠵᠢᠯ ᠠᠴᠠ ᠨᠠᠰᠢᠬᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠠᠬᠢᠴᠠ ᠶᠢᠨ ᠪᠠᠶᠢᠳᠠᠯ᠂ ᠣᠯᠣᠭᠰᠠᠨ ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠳᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠵᠢᠴᠢ ᠬᠤᠳᠠᠯᠳᠤᠭᠠᠴᠢᠨ ᠤᠷᠢᠬᠤ ᠡᠯᠧᠮᠧᠨ᠋ᠲ ᠤᠨ ᠪᠠᠲᠤᠯᠠᠭ᠎ᠠ ᠶᠢᠨ ᠪᠠᠶᠢᠳᠠᠯ᠂ ᠬᠤᠳᠠᠯᠳᠤᠭᠠᠴᠢᠨ ᠤᠷᠢᠬᠤ ᠵᠢᠷᠤᠭ ᠤᠨ ᠵᠢᠭᠰᠠᠯ ᠢ ᠰᠣᠨᠣᠰᠴᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠣᠭᠲᠠᠴᠠ ᠶᠢ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃
微信图片_20240507162956.png
        ᠵᠠᠩ ᠰᠢᠶᠣᠣ ᠹᠧᠢ ᠴᠢᠬᠤᠯᠠᠴᠢᠯᠠᠭᠰᠠᠨ ᠨᠢ᠂ ᠶᠠᠭᠤ ᠶᠢ ᠡᠯᠰᠡᠬᠦ ᠶᠢ ᠲᠣᠳᠣᠷᠬᠠᠢ ᠲᠠᠨᠢᠵᠤ᠂ ᠴᠢᠭᠯᠡᠯ ᠨᠢ ᠴᠢᠷᠮᠠᠶᠢᠯᠭ᠎ᠠ ᠠᠴᠠ ᠨᠡᠩ ᠴᠢᠬᠤᠯᠠ ᠪᠠᠶᠢᠵᠤ᠂ ᠲᠣᠭᠲᠠᠭᠠᠭᠰᠠᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠤᠨ ᠭᠤᠣᠯᠳᠠᠯᠭ᠎ᠠ ᠲᠠᠢ ᠠᠷᠠᠯᠵᠢᠶᠠᠴᠢᠨ ᠤᠷᠢᠬᠤ ᠲᠥᠯᠥᠪᠯᠡᠯ ᠤᠨ ᠲᠣᠭᠤᠷᠢᠨ ᠳᠤ᠂ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ᠂ ᠵᠠᠬ᠎ᠠ ᠳᠡᠯᠭᠡᠭᠦᠷ ᠤᠨ ᠤᠳᠤᠷᠢᠳᠤᠮᠵᠢ ᠪᠣᠯᠣᠨ ᠬᠠᠷᠠᠯᠲᠠ ᠶᠢᠨ ᠤᠳᠤᠷᠢᠳᠤᠮᠵᠢ ᠶᠢᠨ ᠲᠣᠭᠤᠷᠢᠨ ᠳᠤ᠂ ᠰᠣᠳᠣᠨ ᠪᠦᠲᠦᠭᠡᠯ ᠤᠨ ᠤᠬᠠᠮᠰᠠᠷ ᠢ ᠪᠤᠢ ᠪᠣᠯᠭᠠᠵᠤ᠂ ᠭᠠᠵᠠᠷ ᠣᠷᠣᠨ ᠤ ᠡᠬᠢ ᠪᠠᠶᠠᠯᠢᠭ ᠤᠨ ᠳᠠᠪᠠᠭᠤᠯᠢᠭ ᠤᠨ ᠲᠣᠭᠤᠷᠢᠨ ᠳᠤ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠰᠢᠭᠤᠶᠢᠲᠤ ᠣᠷᠣᠨ ᠤ ᠮᠡᠬᠡᠯᠡᠨ ᠬᠤᠳᠠᠯᠳᠤᠬᠤ ᠳᠤ ᠠᠩᠬᠠᠷᠤᠯ ᠢᠶᠠᠨ ᠬᠠᠨᠳᠤᠭᠤᠯᠵᠤ ᠶᠠᠭᠠᠬᠢᠭᠰᠠᠨ ᠴᠤ ᠰᠢᠭᠤᠶᠢᠲᠤ ᠲᠣᠭᠤᠷᠢᠭ ᠤᠨ ᠠᠵᠤ ᠠᠬᠤᠶᠢᠯᠠᠯ ᠳᠤ ᠬᠢᠵᠠᠭᠠᠷᠯᠠᠭᠳᠠᠬᠤ ᠦᠭᠡᠢ ᠪᠠᠶᠢᠵᠤ᠂ ᠠᠷᠭ᠎ᠠ ᠪᠦᠬᠦᠨ ᠢ ᠰᠦᠪᠡᠭᠴᠢᠯᠡᠨ ᠥᠷᠢᠰᠦᠯᠳᠦᠬᠦ ᠬᠦᠴᠦᠨ ᠪᠣᠯᠣᠨ ᠦᠷᠭᠦᠯᠵᠢᠯᠡᠬᠦ ᠴᠢᠨᠠᠷᠲᠠᠢ ᠲᠣᠮᠣ ᠲᠦᠷᠦᠯ ᠵᠦᠢᠯ᠂ ᠰᠠᠶᠢᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠮᠠᠨ ᠤ  ᠲᠣᠭᠤᠷᠢᠭ ᠤᠨ ᠬᠢᠵᠠᠭᠠᠷ ᠲᠠᠢ ᠭᠠᠵᠠᠷ ᠰᠢᠷᠣᠢ ᠶᠢᠨ ᠡᠬᠢ ᠪᠠᠶᠠᠯᠢᠭ ᠢ ᠬᠠᠮᠤᠭ ᠤᠨ ᠶᠡᠭᠡ ᠦᠷ᠎ᠡ ᠠᠰᠢᠭ ᠭᠠᠷᠭᠠᠬᠤ ᠬᠡᠷᠡᠭᠲᠡᠢ᠃ᠱᠣᠷᠣᠩ ᠤᠨ ᠬᠥᠭᠵᠢᠯᠲᠡ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠂ ᠬᠤᠳᠠᠯᠳᠤᠭᠠᠴᠢᠨ ᠤᠷᠢᠬᠤ ᠳᠤ ᠭᠠᠳᠠᠨᠠᠬᠢ ᠬᠥᠮᠥᠨ ᠪᠠᠶᠢᠬᠤ ᠦᠭᠡᠢ ᠭᠡᠳᠡᠭ ᠢ ᠲᠣᠳᠣᠷᠬᠠᠶᠢᠯᠠᠬᠤ ᠬᠡᠷᠡᠭᠲᠡᠢ᠃ ᠬᠤᠳᠠᠯᠳᠤᠭᠠᠴᠢᠨ ᠤᠷᠢᠬᠤ ᠭᠤᠷᠪᠠᠨ ᠰᠠᠯᠪᠤᠷᠢ ᠪᠠᠭ᠎ᠠ ᠠᠩᠭᠢ ᠶᠢᠨ ᠬᠢᠨ ᠬᠤᠰᠢᠭᠤᠴᠢ ᠠᠩᠭᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠲᠦᠷᠦᠭᠦᠯᠡᠨ ᠶᠡᠷᠦᠩᠬᠡᠶᠢᠯᠡᠨ ᠠᠳᠬᠤᠵᠤ᠂ ᠪᠡᠯᠡᠳᠭᠡᠮᠵᠢᠳᠤ ᠲᠠᠷᠢᠶᠠᠯᠠᠩ᠂ ᠣᠳᠣ ᠦᠶ᠎ᠡ ᠶᠢᠨ ᠲᠡᠵᠢᠭᠡᠨ ᠦᠷᠡᠵᠢᠭᠦᠯᠬᠦ ᠦᠢᠯᠡᠰ᠂ ᠪᠣᠯᠣᠳ ᠲᠡᠮᠦᠷ᠂ ᠬᠤᠪᠣᠷ ᠰᠢᠷᠣᠢ᠂ ᠣᠨᠴᠠ ᠲᠥᠷᠥᠯ ᠤᠨ ᠲᠡᠮᠦᠷ ᠤᠨ ᠬᠠᠶᠢᠯᠤᠰᠢ᠂ ᠨᠡᠭᠦᠷᠡᠰᠦᠲᠥ᠋ᠷᠥᠭᠴᠢ ᠶᠢᠨ ᠰᠠᠭᠤᠷᠢ ᠰᠢᠨ᠎ᠡ ᠮᠠᠲ᠋ᠧᠷᠢᠶᠠᠯ᠂ ᠰᠠᠯᠬᠢᠨ ᠬᠦᠴᠦᠨ ᠤ ᠴᠠᠬᠢᠯᠭᠠᠨ ᠲᠣᠨᠣᠭᠯᠠᠯ ᠦᠢᠯᠡᠳᠬᠦ᠂ ᠲᠠᠯᠠᠰᠲᠤ ᠴᠠᠬᠢᠭᠤᠷ ᠭᠡᠷᠡᠯ ᠴᠡᠨᠡᠭ᠂ ᠬᠥᠩᠭᠡᠨ ᠡᠳ᠋ᠰᠢᠭᠦᠯᠬᠦ᠂ ᠪᠠᠷᠢᠯᠭ᠎ᠠ ᠶᠢᠨ ᠦᠢᠯᠡᠰ᠂ ᠰᠢᠨ᠎ᠡ ᠪᠠᠷ ᠬᠥᠭᠵᠢᠭᠰᠡᠨ ᠠᠵᠤ ᠦᠢᠯᠡᠰ᠂ ᠢᠷᠡᠭᠡᠳᠦᠢ ᠶᠢᠨ ᠠᠵᠤ ᠦᠢᠯᠡᠰ᠂︽84︾ ᠦᠢᠯᠡᠴᠢᠯᠡᠭᠡᠨ ᠤ ᠦᠢᠯᠡᠰ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠲᠥᠷᠥᠯ ᠵᠦᠢᠯ ᠢ ᠲᠥᠰᠥᠪᠯᠡᠨ ᠤᠷᠢᠬᠤ ᠠᠵᠢᠯ ᠢ ᠰᠠᠶᠢᠲᠤᠷ ᠬᠢᠵᠦ᠂ ᠡᠯ᠎ᠡ ᠳᠡᠳ᠋ ᠲᠣᠭᠤᠷᠢᠭ ᠤᠨ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠬᠤᠳᠠᠯᠳᠤᠭᠠᠴᠢᠨ ᠤᠷᠢᠬᠤ ᠠᠵᠢᠯ ᠤᠨ ᠶᠡᠷᠦᠩᠬᠡᠢ ᠲᠥᠯᠦᠪᠵᠢᠭᠦᠯᠭᠡ ᠪᠠ ᠪᠦᠬᠦᠯᠢ ᠴᠣᠭᠴᠠ ᠶᠢᠨ ᠡᠵᠡᠮᠳᠡᠯ ᠢᠶᠠᠨ ᠴᠢᠩᠭᠠᠳᠬᠠᠵᠤ᠂ ᠪᠦᠬᠦ ᠲᠣᠭᠤᠷᠢᠭ ᠤᠨ ᠡᠬᠢ ᠪᠠᠶᠠᠯᠢᠭ ᠢ ᠰᠠᠶᠢᠲᠤᠷ ᠲᠣᠬᠢᠷᠠᠭᠤᠯᠤᠨ ᠠᠰᠢᠭᠯᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠮᠢᠳᠤᠯᠢᠭ ᠪᠣᠯᠭᠠᠬᠤ ᠬᠡᠷᠡᠭᠲᠡᠢ᠃ ᠨᠠᠮ ᠤᠨ ᠬᠤᠷᠢᠶᠠᠨ ᠤ ᠰᠠᠯᠠᠭ᠎ᠠ ᠮᠥᠴᠢᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠬᠤᠳᠠᠯᠳᠤᠭᠠᠴᠢᠨ ᠤᠷᠢᠬᠤ ᠰᠦᠪᠡᠭᠴᠢ ᠶᠢ ᠥᠷᠭᠡᠨ ᠢᠶᠠᠷ ᠴᠤᠭᠯᠠᠭᠤᠯᠵᠤ᠂ ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠳᠤ ᠬᠥᠭᠦᠷᠭᠡ ᠬᠤᠯᠪᠣᠭᠠᠰᠤ ᠪᠣᠯᠵᠤ᠂ ᠠᠷᠭ᠎ᠠ ᠤᠬᠠᠭᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠪᠤᠰᠤᠳ ᠲᠦᠷᠦᠭᠦᠯᠡᠨ ᠠᠵᠤ ᠦᠢᠯᠡᠰ ᠢ ᠠᠳᠬᠤᠬᠤ ᠦᠭᠡᠢ ᠰᠠᠯᠠᠭ᠎ᠠ ᠮᠥᠴᠢᠷ ᠤᠳ ᠬᠤᠳᠠᠯᠳᠤᠭᠠᠴᠢᠨ ᠤᠷᠢᠬᠤ ᠣᠶᠢᠯᠠᠭᠠᠭᠳᠠᠬᠤᠨ ᠢ ᠪᠣᠢ ᠪᠣᠯᠭᠠᠵᠤ᠂ ᠬᠤᠳᠠᠯᠳᠤᠭᠠᠴᠢᠨ ᠤᠷᠢᠬᠤ ᠮᠡᠳᠡᠭᠡ ᠵᠠᠩᠭᠢ ᠶᠢᠨ ᠠᠷᠭ᠎ᠠ ᠵᠠᠮ ᠢ ᠥᠷᠭᠡᠳᠬᠡᠨ᠂ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠷᠢᠭᠤᠴᠠᠯᠭᠠᠲᠤ ᠨᠢᠭᠡᠴᠢ ᠳᠤ ᠴᠠᠭ ᠲᠤᠬᠠᠢ ᠳᠤᠨᠢ ᠬᠦᠷᠭᠡᠵᠦ᠂ ᠪᠦᠬᠦ ᠠᠵᠢᠯᠲᠠᠨ ᠬᠤᠳᠠᠯᠳᠤᠭᠠᠴᠢᠨ ᠤᠷᠢᠬᠤ ᠶᠢ ᠠᠳᠬᠤᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠢ ᠪᠣᠯᠭᠠᠬᠤ ᠬᠡᠷᠡᠭᠲᠡᠢ᠃ᠶᠠᠭᠠᠬᠢᠵᠤ ᠡᠯᠰᠡᠬᠦ ᠶᠢ ᠲᠣᠳᠣᠷᠬᠠᠶᠢᠯᠠᠵᠤ᠂ ᠬᠢᠴᠢᠶᠡᠯ ᠢ ᠭᠦᠢᠴᠡᠳ ᠬᠢᠵᠦ᠂ ᠠᠵᠤ ᠦᠢᠯᠡᠰ ᠤᠨ ᠰᠤᠷᠤᠯᠴᠠᠯᠭ᠎ᠠ ᠰᠤᠳᠤᠯᠭᠠᠨ ᠢ ᠤᠷᠢᠳᠴᠢᠯᠠᠨ ᠴᠢᠩᠭᠠᠳᠬᠠᠬᠤ ᠬᠡᠷᠡᠭᠲᠡᠢ︔ ᠬᠠᠷᠠᠭ᠎ᠠ ᠶᠢ ᠶᠡᠬᠡᠰᠬᠡᠵᠦ᠂ ᠪᠦᠬᠦ ᠬᠤᠳᠠ᠂ ᠥᠪᠡᠷᠲᠡᠭᠡᠨ ᠵᠠᠰᠠᠬᠤ ᠣᠷᠣᠨ᠂ ᠪᠠᠷᠠᠭᠤᠨ ᠬᠤᠶᠢᠲᠤ ᠣᠷᠣᠨ᠂ ᠪᠦᠬᠦ ᠤᠯᠤᠰ ᠴᠢᠨᠠᠭᠰᠢᠯᠠᠪᠠᠯ ᠪᠦᠬᠦ ᠪᠥᠮᠪᠥᠷᠴᠡᠭ ᠲᠤ ᠠᠵᠤ ᠦᠢᠯᠡᠰ ᠤᠨ ᠬᠥᠭᠵᠢᠯᠲᠡ ᠶᠢ ᠪᠣᠳᠣᠯᠬᠢᠯᠠᠬᠤ ᠬᠡᠷᠡᠭᠲᠡᠢ︔ ︽ᠳᠥᠷᠪᠡᠨ ᠮᠢᠩᠭ᠎ᠠ ᠳᠥᠷᠪᠡᠨ ᠲᠦᠮᠡᠨ︾  ᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠬᠤ ᠬᠡᠷᠡᠭᠲᠡᠢ︔ ᠬᠠᠷᠢᠴᠠᠭ᠎ᠠ ᠶᠢ ᠰᠠᠶᠢᠲᠤᠷ ᠠᠰᠢᠭᠯᠠᠵᠤ᠂ ︽ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ︾ ᠰᠣᠷᠢᠨᠵᠢᠨ ᠴᠢᠯᠠᠭᠤᠨ ᠤ ᠦᠢᠯᠡᠳᠦᠯ ᠢ ᠬᠥᠭᠵᠢᠭᠡᠵᠦ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶᠢᠯᠠᠯ ᠢ ᠲᠠᠲᠠᠵᠤ ᠪᠡᠯᠡ ᠣᠷᠣᠭᠤᠯᠬᠤ ᠬᠡᠷᠡᠭᠲᠡᠢ︔ ᠬᠦᠴᠦ ᠪᠠᠨ ᠬᠠᠮᠲᠤᠳᠬᠠᠨ ᠪᠦᠷᠢᠯᠳᠦᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠠᠭᠠᠨ ᠨᠢᠭᠡ ᠶᠢ ᠯᠡ ᠡᠯᠰᠡᠵᠦ᠂ ᠨᠢᠭᠡ ᠯᠡ ᠭᠠᠷ ᠤᠨ ᠦᠰᠦᠭ ᠵᠢᠷᠤᠵᠤ ᠶᠠᠭᠠᠬᠢᠭᠰᠠᠨ ᠴᠤ ᠪᠣᠯᠬᠤ ᠦᠭᠡᠢ᠂ ᠠᠷᠭ᠎ᠠ ᠪᠦᠬᠦᠨ ᠢ ᠰᠦᠪᠡᠭᠴᠢᠯᠡᠨ ᠨᠠᠶᠢᠳᠠᠪᠤᠷᠢᠵᠢᠭᠤᠯᠵᠤ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠡᠷᠬᠡᠪᠰᠢ ᠲᠤᠰᠬᠠᠢ ᠬᠥᠮᠥᠨ ᠠᠩᠬᠠᠷᠴᠤ᠂ ᠪᠦᠬᠦ ᠶᠠᠪᠤᠴᠠ ᠶᠢ ᠠᠩᠬᠠᠷᠴᠤ᠂ ᠨᠠᠶᠢᠳᠠᠪᠤᠷᠢᠵᠢᠭᠤᠯᠤᠯᠲᠠ ᠶᠢ ᠠᠩᠬᠠᠷᠴᠤ᠂ ᠠᠰᠢᠭᠯᠠᠯᠲᠠ ᠳᠤ ᠣᠷᠣᠭᠤᠯᠬᠤ ᠶᠢ ᠠᠩᠬᠠᠷᠬᠤ ᠬᠡᠷᠡᠭᠲᠡᠢ︔ ᠦᠷ᠎ᠡ ᠪᠦᠲᠦᠮᠵᠢ ᠶᠢ ᠣᠯᠵᠤ ᠬᠠᠷᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃        ᠰᠢᠭᠤᠶᠢᠲᠤ ᠲᠣᠭᠤᠷᠢᠭ ᠶᠠᠭ ᠣᠨᠴᠠᠭᠠᠢ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠵᠤ᠂  ᠰᠢᠰᠲ᠋ᠧᠮ ᠤᠨ ᠴᠢᠨᠠᠷᠲᠠᠢ ᠳᠡᠭᠡᠭᠰᠢᠯᠡᠬᠦ ᠬᠠᠷᠠᠯᠲᠠ ᠶᠢ ᠪᠡᠶᠡᠯᠡᠭᠦᠯᠵᠦ᠂  ᠰᠢᠭᠤᠶᠢᠲᠤ ᠶᠢᠨ ᠦᠨ᠎ᠡ ᠥᠷᠲᠡᠭ ᠢ ᠢᠯᠡᠷᠡᠭᠦᠯᠵᠦ᠂  ᠰᠢᠭᠤᠶᠢᠲᠤ‌ᠠᠷᠠᠳ ᠲᠦᠮᠡᠨ ᠳᠤ ᠨᠡᠩ ᠣᠯᠠᠨ  ᠬᠦᠷᠲᠡᠭᠡᠮᠵᠢᠲᠡᠢ ᠲᠥᠷᠥᠭᠳᠡᠯ ᠪᠠ  ᠣᠮᠣᠭᠰᠢᠯᠲᠤ ᠰᠡᠳᠬᠢᠯᠭᠡ ᠲᠠᠢ ᠪᠣᠯᠭᠠᠵᠤ᠂ ᠦᠨᠳᠦᠰᠦᠨ  ᠳᠡᠭᠡᠨ ᠦᠨᠡᠨ ᠪᠣᠳᠠᠲᠠᠢ ᠬᠥᠭᠵᠢᠯᠲᠡ ᠶᠢᠨ ᠦᠷ᠎ᠡ ᠪᠦᠲᠦᠮᠵᠢ ᠲᠠᠢ ᠪᠠᠶᠢᠬᠤ ᠬᠡᠷᠡᠭᠲᠡᠢ᠂ ᠵᠠᠩᠭᠢᠯᠠᠭ᠎ᠠ ᠨᠢ ᠨᠢᠭᠡ ᠪᠦᠯᠦᠭ ᠮᠠᠨ ᠤ ᠬᠦᠰᠡᠯ ᠵᠡᠭᠦᠳᠦ ᠶᠢ ᠲᠤᠯᠭᠠᠭᠤᠷᠢᠯᠠᠵᠤ ᠳᠡᠶᠢᠯᠬᠦ ᠲᠥᠷᠥᠯ ᠵᠦᠢᠯ ᠪᠠᠶᠢᠬᠤ ᠬᠡᠷᠡᠭᠲᠡᠢ᠃ ᠪᠦᠬᠦ ᠲᠣᠭᠤᠷᠢᠭ ᠤᠨ ᠺᠠᠳ᠋ᠷ ᠠᠵᠢᠯᠲᠠᠨ ᠠᠵᠢᠯᠴᠢᠨ ᠦᠳᠲᠡᠷ ᠲᠦᠷᠭᠡᠨ ᠬᠥᠳᠡᠯᠦᠯᠴᠡᠵᠦ᠂ ᠬᠠᠮᠤᠭ ᠤᠨ ᠥᠨᠳᠥᠷ ᠲᠦᠪᠰᠢᠨ ᠪᠠ ᠬᠠᠮᠤᠭ ᠤᠨ ᠶᠡᠭᠡ ᠬᠦᠴᠦ ᠣᠷᠣᠭᠤᠯᠵᠤ᠂ ᠪᠦᠬᠦ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠴᠢᠨᠠᠷ ᠰᠠᠶᠢᠲᠠᠢ ᠰᠢᠪᠲᠤᠯᠤᠯᠲᠠ ᠶᠢ ᠠᠬᠢᠭᠤᠯᠵᠤ᠂ ᠪᠦᠬᠦ ᠬᠤᠲᠠ᠂ ᠥᠪᠡᠷᠲᠡᠭᠡᠨ ᠵᠠᠰᠠᠬᠤ ᠣᠷᠣᠨ ᠳᠤ ᠨᠢᠭᠡᠨ ᠴᠤᠭ ᠵᠢᠪᠬᠤᠭ᠎ᠠ ᠪᠠᠳᠠᠷᠠᠩᠭᠤᠢ᠂ ᠢᠲᠡᠭᠡᠯ ᠵᠣᠷᠢᠭ ᠪᠠᠳᠠᠷᠠᠩᠭᠤᠢ ᠰᠢᠭᠤᠶᠢᠲᠤ ᠣᠷᠣᠨ ᠢ ᠳᠡᠯᠭᠡᠨ ᠦᠵᠡᠭᠦᠯᠬᠦ ᠬᠡᠷᠡᠭᠲᠡᠢ᠃        ᠲᠣᠭᠤᠷᠢᠭ ᠤᠨ ᠤᠳᠤᠷᠢᠳᠤᠯᠭ᠎ᠠ ᠵᠣᠣ ᠮᠠᠨ ᠢ᠂ ᠰᠢᠦᠢ ᠳ᠋ᠦᠩ ᠯᠠᠢ᠂ ᠰᠦᠨ ᠶᠤᠸᠠᠢ᠂ ᠹᠦ᠋ ᠰᠢᠶᠣᠣ ᠵᠢᠤᠸᠠᠨ᠂ ᠵᠠᠩ ᠵᠢᠶᠠᠨ ᠴᠦᠨ᠂ ᠲᠠᠩ ᠬᠤᠸᠠ ᠢᠦᠢ᠂ ᠯᠢᠦ ᡁᠢ ᠴᠢᠶᠠᠩ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号