ᠥᠪᠥᠷ ᠮᠣᠩᠭᠤᠯ ᠤᠨ 11 ᠲᠥᠷᠥ ᠶᠢᠨ ᠪᠣᠳᠣᠯᠭ᠎ᠠ ᠪᠠᠷ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/5/7
        ᠥᠪᠡᠷᠲᠡᠭᠡᠨ ᠵᠠᠰᠠᠬᠤ ᠣᠷᠣᠨ ᠤ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠦ  ᠮᠢᠬ᠎ᠠ ᠨᠣᠯᠤᠤᠷ ᠤᠨ ᠠᠵᠤ ᠦᠢᠯᠡᠰ ᠤᠨ ᠪᠣᠬᠢᠷᠲᠤᠯ ᠦᠭᠡᠢ ᠡᠷᠡᠭᠦᠯ ᠢᠶᠠᠷ ᠬᠥᠭᠵᠢᠬᠦ ᠶᠢ ᠪᠠᠲᠤᠯᠠᠬᠤ ᠶᠢᠨ ᠲᠥᠯᠥᠭᠡ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ  ᠬᠢᠨ᠎ᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ︾ ︵ᠳᠣᠷᠣᠭᠰᠢ ︽ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃        ︽ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ︾ ᠨᠢ ᠡᠪᠡᠰᠦᠨ ᠦᠷ᠎ᠡ ᠶᠢᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠴᠢᠩᠭᠠᠳᠬᠠᠬᠤ᠂ ᠦᠷ᠎ᠡ ᠪᠣᠶᠢᠵᠢᠭᠤᠯᠬᠤ ᠶᠢ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠳᠡᠮᠵᠢᠬᠦ᠂ ᠲᠡᠵᠢᠭᠡᠯ ᠡᠪᠡᠰᠦ ᠪᠣᠷᠳᠣᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠬᠦ᠂ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠬᠦ ᠵᠡᠷᠭᠡ ᠲᠠᠯ᠎ᠠ ᠪᠠᠷ 11 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ ᠡᠪᠡᠰᠦᠨ ᠤ ᠦᠷ᠎ᠡ ᠶᠢᠨ ᠡᠬᠢ ᠪᠠᠶᠠᠯᠢᠭ ᠢ ᠴᠤᠭᠯᠠᠭᠤᠯᠬᠤ ᠪᠠ ᠬᠢᠨᠠᠨ ᠲᠣᠭᠲᠠᠭᠠᠬᠤ ᠶᠢ ᠳᠡᠮᠵᠢᠬᠦ ᠡᠷᠴᠢᠮ ᠢᠶᠠᠨ ᠨᠡᠮᠡᠭᠳᠡᠭᠦᠯᠵᠦ᠂ ᠵᠢᠯ ᠪᠦᠷᠢ ᠡᠪᠡᠰᠦᠨ ᠦᠷ᠎ᠡ ᠶᠢᠨ ᠡᠬᠢ ᠪᠠᠶᠠᠯᠢᠭ ᠢ 2000 ᠬᠤᠪᠢ ᠠᠴᠠ ᠳᠤᠲᠠᠭᠤ ᠦᠭᠡᠢ ᠴᠤᠭᠯᠠᠭᠤᠯᠵᠤ᠂ ᠬᠢᠨᠠᠨ ᠲᠣᠭᠲᠠᠭᠠᠵᠤ ᠦᠨᠡᠯᠡᠬᠦ ᠶᠢ 1000 ᠬᠤᠪᠢ ᠠᠴᠠ ᠳᠤᠲᠠᠭᠤ ᠦᠭᠡᠢ ᠪᠠᠶᠢᠯᠭᠠᠵᠤ᠂ ᠮᠠᠨ ᠤ ᠣᠷᠣᠨ ᠳᠤ ᠪᠦᠬᠦ ᠤᠯᠤᠰ ᠤᠨ ᠲᠡᠷᠢᠭᠦᠨ ᠵᠡᠷᠭᠡ ᠶᠢᠨ ᠡᠪᠡᠰᠦᠨ ᠦᠷ᠎ᠡ ᠶᠢᠨ ᠡᠬᠢ ᠪᠠᠶᠠᠯᠢᠭ ᠤᠨ ᠬᠥᠮᠥᠷᠭᠡ ᠪᠠᠶᠢᠭᠤᠯᠬᠤ ᠬᠡᠷᠡᠭᠲᠡᠢ ᠭᠡᠵᠦ ᠳᠤᠷᠠᠳᠪᠠ᠃ ᠬᠦᠨᠳᠦ ᠨᠣᠴᠢᠲᠠᠢ ᠲᠠᠴᠢᠷᠳᠠᠭᠰᠠᠨ ᠬᠠᠳᠤᠯᠠᠩ ᠪᠡᠯᠴᠢᠭᠡᠷ ᠪᠠ ᠬᠠᠳᠤᠯᠠᠩ ᠪᠡᠯᠴᠢᠭᠡᠷ ᠲᠠᠯᠪᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠢᠲᠡᠭᠦᠮᠵᠢᠯᠡᠨ ᠲᠡᠵᠢᠭᠡᠵᠦ ᠠᠮᠠᠷᠠᠬᠤ᠂ ᠦᠨᠳᠦᠰᠦ ᠬᠡᠷᠴᠢᠵᠦ ᠰᠠᠶᠢᠵᠢᠷᠠᠭᠤᠯᠬᠤ ᠪᠠ ᠬᠠᠭᠠᠯᠪᠤᠷᠢᠯᠠᠬᠤ ᠦᠭᠡᠢ ᠪᠠᠷ ᠨᠥᠬᠦᠵᠦ ᠲᠠᠷᠢᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠰᠡᠷᠭᠦᠭᠡᠨ ᠵᠠᠰᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠪᠡᠯᠡ ᠮᠥᠩᠭᠦ ᠪᠠᠷ ᠳᠠᠮᠵᠢᠭᠤᠯᠤᠨ᠂ ᠵᠢᠯ ᠪᠦᠷᠢ ᠰᠡᠷᠭᠦᠭᠡᠨ ᠵᠠᠰᠠᠬᠤ ᠡᠭᠦᠷᠭᠡ ᠶᠢ 100 ᠲᠦᠮᠡᠨ ᠮᠦ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ ᠡᠪᠡᠰᠦᠨ ᠦᠷ᠎ᠡ ᠶᠢᠨ ᠦᠢᠯᠡᠳᠪᠦᠷᠢᠯᠡᠯ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠠᠷᠭ᠎ᠠ ᠮᠠᠶ᠋ᠢᠭ ᠢ ᠠᠪᠴᠤ᠂ ᠲᠥᠪᠯᠡᠷᠡᠨ ᠵᠠᠯᠭᠠᠯᠳᠤᠭᠰᠠᠨ 300 ᠮᠦ ᠠᠴᠠ ᠳᠡᠭᠡᠭᠰᠢᠬᠢ ᠰᠢᠨ᠎ᠡ ᠪᠠᠷ ᠪᠠᠶᠢᠭᠤᠯᠤᠭᠰᠠᠨ ᠡᠪᠡᠰᠦᠨ ᠦᠷ᠎ᠡ ᠶᠢᠨ ᠦᠢᠯᠡᠳᠪᠦᠷᠢᠯᠡᠯ ᠤᠨ ᠲᠠᠷᠢᠶᠠᠨ ᠭᠠᠵᠠᠷ ᠲᠤ ᠮᠦ ᠪᠦᠷᠢ ᠳᠤ 500 ᠲᠥᠭᠦᠷᠢᠭ ᠤᠨ ᠨᠥᠬᠦᠪᠦᠷᠢ ᠥᠭᠴᠦ᠂ ᠬᠤᠶᠢᠰᠢᠳᠠ ᠡᠯ᠎ᠡ ᠵᠢᠯ ᠳᠤ ᠦᠷᠭᠦᠯᠵᠢᠯᠡᠨ ᠦᠢᠯᠡᠳᠪᠦᠷᠢᠯᠡᠬᠦ ᠶᠢᠨ ᠬᠠᠮᠲᠤ ᠵᠣᠬᠢᠬᠤ ᠤᠨᠠᠯᠲᠠ ᠳᠤ ᠬᠦᠷᠦᠭᠰᠡᠨ ᠪᠠᠶᠢᠪᠠᠯ᠂ ᠵᠢᠯ ᠪᠦᠷᠢ 200 ᠲᠥᠭᠦᠷᠢᠭ\ ᠮᠦ ᠶᠢᠨ ᠪᠠᠬᠢᠵᠢᠭᠦᠯᠦᠨ ᠳᠡᠭᠡᠭᠰᠢᠯᠡᠭᠦᠯᠬᠦ ᠨᠥᠬᠦᠪᠦᠷᠢ ᠣᠯᠭᠤᠬᠤ ᠬᠡᠷᠡᠭᠲᠡᠢ᠃ ᠲᠡᠵᠢᠭᠡᠯ ᠡᠪᠡᠰᠦ ᠲᠠᠷᠢᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠬᠢᠶᠠᠭ ᠡᠪᠡᠰᠦ ᠶᠢ ᠬᠥᠮᠥᠨ ᠤ ᠬᠦᠴᠦ ᠪᠠᠷ ᠲᠠᠷᠢᠬᠤ ᠶᠢ ᠳᠡᠮᠵᠢᠵᠦ᠂ 200 ᠮᠦ ᠠᠴᠠ ᠳᠡᠭᠡᠭᠰᠢ ᠬᠠᠷᠢᠴᠠᠩᠭᠤᠢ ᠲᠥᠪᠯᠡᠷᠡᠨ ᠵᠠᠯᠭᠠᠯᠳᠤᠭᠰᠠᠨ ᠬᠢᠶᠠᠭ ᠲᠠᠷᠢᠬᠤ ᠳᠤ ᠮᠦ ᠪᠦᠷᠢ ᠳᠤ ᠭᠤᠷᠪᠠᠨ ᠵᠢᠯ ᠬᠤᠪᠢᠶᠠᠨ 1000 ᠲᠥᠭᠦᠷᠢᠭ ᠤᠨ ᠨᠥᠬᠦᠪᠦᠷᠢ ᠣᠯᠭᠤᠨ᠎ᠠ᠃ ᠲᠡᠵᠢᠭᠡᠯ ᠳᠤ ᠬᠡᠷᠡᠭᠯᠡᠬᠦ ᠨᠣᠬᠠᠢ ᠶᠢᠨ ᠬᠤᠰᠢᠭᠤ ᠶᠢᠨ ᠲᠠᠷᠢᠮᠠᠯ ᠢ ᠳᠡᠮᠵᠢᠵᠦ᠂ ᠬᠠᠷᠢᠴᠠᠩᠭᠤᠢ ᠪᠠᠷ ᠲᠥᠪᠯᠡᠷᠡᠨ ᠵᠠᠯᠭᠠᠯᠳᠤᠭᠰᠠᠨ 300 ᠮᠦ ᠠᠴᠠ ᠳᠡᠭᠡᠭᠰᠢ ᠪᠠᠷᠢᠮᠵᠢᠶᠠᠵᠢᠭᠤᠯᠤᠨ ᠳᠠᠷᠢᠭᠰᠠᠨ ᠨᠣᠬᠠᠢ ᠶᠢᠨ ᠬᠤᠰᠢᠭᠤ ᠶᠢᠨ ᠡᠪᠡᠰᠦ ᠶᠢᠨ ᠲᠠᠷᠢᠶᠠᠨ ᠳᠤ ᠨᠥᠬᠦᠪᠦᠷᠢ ᠥᠭᠴᠦ᠂ ᠨᠥᠬᠦᠪᠦᠷᠢ ᠶᠢᠨ ᠪᠠᠷᠢᠮᠵᠢᠶ᠎ᠠ ᠨᠢ 100 ᠲᠥᠭᠦᠷᠢᠭ\ ᠮᠦ ᠪᠠᠶᠢᠵᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 70% ᠶᠢᠨ ᠨᠥᠬᠦᠪᠦᠷᠢ ᠥᠭᠴᠦ᠂ ᠠᠶᠢᠮᠠᠭ ᠬᠤᠲᠠ 30% ᠶᠢᠨ ᠢᠵᠢ ᠪᠦᠷᠢᠳᠦᠭᠦᠯᠦᠨ᠎ᠡ᠃        ︽ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ︾ ᠶᠢ ᠨᠡᠶᠢᠲᠡᠯᠡᠭᠰᠡᠨ ᠨᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠬᠤᠷᠠᠮᠠᠯ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨ ᠬᠦ ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠵᠤ᠂ ᠲᠥᠷᠥ ᠶᠢᠨ ᠪᠣᠳᠣᠯᠭ᠎ᠠ ᠶᠢ ︽ᠴᠠᠭᠠᠰᠤᠨ ᠳᠡᠭᠡᠷ᠎ᠡ︾ ᠠᠴᠠ ︽ᠭᠠᠵᠠᠷ ᠳᠡᠭᠡᠷ᠎ᠡ ᠨᠠᠶᠢᠳᠠᠪᠤᠷᠢᠵᠢᠭᠤᠯᠬᠤ︾  ᠪᠣᠯᠭᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号