| ᠨᠢᠭᠡ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠠᠰᠠ ᠤᠯᠤᠰ ᠤᠨ ᠢᠲᠡᠭᠡᠮᠵᠢ ᠶᠢᠨ ᠬᠠᠮᠢᠶᠠᠷᠤᠯᠲᠠ ᠶᠢᠨ | ᠰᠢᠰᠲ᠋ᠧᠮ ᠪᠤᠶᠤ ᠤᠯᠤᠰ ᠤᠨ ᠢᠲᠡᠭᠡᠮᠵᠢ ᠶᠢᠨ ᠰᠢᠰᠲ᠋ᠧᠮ ᠭᠡᠵᠦ ᠨᠡᠷᠡᠶᠢᠳᠦᠨ᠎ᠡ᠃ ᠨᠡᠶᠢᠭᠡᠮ ᠤᠨ ᠢᠲᠡᠭᠡᠮᠵᠢ ᠶᠢᠨ | ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠪᠣᠯ ᠮᠠᠨ ᠤ ᠤᠯᠤᠰ ᠤᠨ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ | ᠠᠵᠤ ᠠᠬᠤᠢ ᠲᠠᠰᠤᠷᠠᠯᠲᠠ ᠤᠶᠢᠭᠡᠢ ᠪᠣᠯᠪᠠᠰᠤᠷᠠᠩᠭᠤᠢ ᠪᠣᠯᠤᠭᠰᠠᠨ ᠴᠢᠬᠤᠯᠠ ᠪᠡᠯᠭᠡ ᠲᠡᠮᠳᠡᠭ ᠤᠨ ᠨᠢᠭᠡ ᠪᠣᠯᠣᠨ᠎ᠠ᠃ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠪᠣᠯ ᠬᠠᠷᠢᠴᠠᠩᠭᠤᠢ ᠪᠠᠷ ᠲᠡᠭᠦᠯᠳᠡᠷᠵᠢᠭᠰᠡᠨ ᠬᠠᠤᠯᠢ ᠴᠠᠭᠠᠵᠠ᠂ ᠬᠠᠤᠯᠢ | ᠲᠣᠭᠲᠠᠭᠠᠯ ᠤᠨ ᠰᠢᠰᠲ᠋ᠧᠮᠵᠢ ᠪᠠᠷ ᠰᠠᠭᠤᠷᠢ ᠪᠣᠯᠭᠠᠨ᠎ᠠ︔ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ ᠭᠤᠣᠯ ᠪᠣᠯᠭᠠᠨ᠎ᠠ︔ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ | ᠳᠡᠯᠭᠡᠭᠦᠷ ᠢ ᠪᠣᠶᠢᠵᠢᠭᠤᠯᠬᠤ ᠪᠠ ᠪᠦᠷᠢᠯᠳᠦᠭᠦᠯᠬᠦ ᠪᠠᠷ ᠬᠥᠳᠡᠯᠭᠡᠬᠦ ᠬᠦᠴᠦᠨ ᠪᠣᠯᠭᠠᠨ᠎ᠠ︔ ᠢᠲᠡᠭᠡᠮᠵᠢ ᠶᠢᠨ | ᠦᠢᠯᠡᠴᠢᠯᠡᠭᠡᠨ ᠤ ᠠᠵᠢᠯ ᠲᠥᠷᠥᠯ ᠤᠨ ᠭᠤᠣᠯ ᠴᠣᠭᠴᠠ ᠶᠢᠨ ᠥᠷᠢᠰᠦᠯᠳᠦᠬᠦ ᠬᠦᠴᠦᠨ ᠤ ᠲᠠᠰᠤᠷᠠᠯᠲᠠ ᠤᠶᠢᠭᠡᠢ | ᠳᠡᠭᠡᠭᠰᠢᠯᠡᠬᠦ ᠪᠠᠷ ᠲᠤᠯᠭᠠᠭᠤᠷᠢᠯᠠᠯ ᠪᠣᠯᠭᠠᠨ᠎ᠠ︔ ᠵᠠᠰᠠᠭ ᠤᠨ ᠣᠷᠳᠣᠨ ᠤ ᠴᠢᠩᠭ᠎ᠠ ᠬᠦᠴᠦᠲᠡᠢ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢᠶᠠᠷ ᠪᠠᠲᠤᠯᠠᠭ᠎ᠠ ᠪᠣᠯᠭᠠᠭᠰᠠᠨ ᠤᠯᠤᠰ ᠤᠨ ᠨᠡᠶᠢᠭᠡᠮ ᠤᠨ ᠵᠠᠰᠠᠯᠲᠠ ᠶᠢᠨ ᠲᠣᠭᠲᠠᠴᠠ | ᠪᠣᠯᠣᠨ᠎ᠠ᠃ | ᠲᠡᠭᠦᠨ ᠤ ᠭᠤᠣᠯ ᠦᠢᠯᠡᠳᠦᠯ ᠨᠢ ᠪᠣᠯ ᠨᠡᠶᠢᠭᠡᠮ ᠤᠨ ᠭᠤᠣᠯ ᠴᠣᠭᠴᠠ ᠶᠢᠨ ᠢᠲᠡᠭᠡᠮᠵᠢ ᠶᠢᠨ ᠪᠠᠶᠢᠳᠠᠯ ᠢ | ᠲᠡᠮᠳᠡᠭᠯᠡᠵᠦ᠂ ᠨᠡᠶᠢᠭᠡᠮ ᠤᠨ ᠭᠤᠣᠯ ᠴᠣᠭᠴᠠ ᠶᠢᠨ ᠢᠲᠡᠭᠡᠮᠵᠢ ᠶᠢᠨ ᠰᠠᠶᠢᠨ ᠮᠠᠭᠤ ᠶᠢ ᠢᠯᠡᠷᠡᠭᠦᠯᠵᠦ᠂ ᠨᠡᠶᠢᠭᠡᠮ ᠤᠨ | ᠭᠤᠣᠯ ᠴᠣᠭᠴᠠ ᠶᠢᠨ ᠢᠲᠡᠭᠡᠮᠵᠢ ᠶᠢᠨ ᠲᠦᠭᠰᠢᠭᠦᠷᠢ ᠶᠢ ᠰᠡᠷᠡᠮᠵᠢᠯᠡᠭᠦᠯᠬᠦ ᠶᠢᠨ ᠬᠠᠮᠲᠤ᠂ ᠪᠦᠬᠦ ᠨᠡᠶᠢᠭᠡᠮ ᠤᠨ | ᠬᠦᠴᠦᠨ ᠢ ᠨᠡᠶᠢᠯᠡᠭᠦᠯᠦᠨ ᠦᠨᠡᠨᠴᠢ ᠢᠲᠡᠭᠡᠮᠵᠢ ᠲᠠᠢ ᠪᠠᠶᠢᠬᠤ ᠶᠢ ᠰᠠᠶᠢᠰᠢᠶᠠᠵᠤ᠂ ᠢᠲᠡᠭᠡᠯ ᠠᠯᠳᠠᠭᠰᠠᠳ ᠢ ᠵᠠᠯᠬᠠᠭᠠᠨ | ᠴᠡᠭᠡᠷᠯᠡᠭᠦᠯᠬᠦ ᠶᠠᠪᠤᠳᠠᠯ ᠪᠣᠯᠣᠨ᠎ᠠ᠃ ᠵᠠᠬ᠎ᠠ ᠳᠡᠯᠭᠡᠭᠦᠷ ᠤᠨ ᠲᠤᠰ ᠪᠡᠶ᠎ᠡ ᠶᠢᠨ ᠬᠦᠴᠦᠨ ᠢ ᠭᠦᠢᠴᠡᠳ ᠳᠠᠶᠢᠴᠢᠯᠠᠨ | ᠣᠷᠴᠢᠨ ᠲᠣᠭᠤᠷᠢᠨ ᠢ ᠴᠡᠪᠡᠷᠰᠢᠭᠦᠯᠵᠦ᠂ ᠬᠥᠭᠵᠢᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ | ᠬᠥᠭᠵᠢᠯᠲᠡ ᠶᠢᠨ ᠠᠶᠤᠯ ᠲᠦᠭᠰᠢᠭᠦᠷᠢ ᠶᠢ ᠪᠠᠭᠤᠷᠠᠭᠤᠯᠵᠤ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ | ᠪᠣᠯᠣᠨ᠎ᠠ᠃ | ᠬᠤᠶᠠᠷ᠂ ᠦᠨᠳᠦᠰᠦᠨ ᠬᠤᠷᠢᠶᠠᠩᠭᠤᠶᠢᠯᠠᠯ | ᠤᠳᠤ ᠦᠶ᠎ᠡ ᠶᠢᠨ ᠵᠠᠬ᠎ᠠ ᠳᠡᠯᠭᠡᠭᠦᠷ ᠤᠨ ᠠᠷᠠᠯᠵᠢᠶᠠᠨ ᠤ ᠣᠷᠴᠢᠨ ᠲᠣᠭᠤᠷᠢᠨ ᠳᠤ ᠠᠪᠴᠤ ᠬᠡᠯᠡᠪᠡᠯ᠂ | ᠢᠲᠡᠭᠡᠮᠵᠢ ᠪᠣᠯ ᠢᠲᠡᠭᠡᠮᠵᠢ ᠶᠢᠨ ᠰᠠᠭᠤᠷᠢᠨ ᠳᠡᠭᠡᠷ᠎ᠡ ᠪᠠᠶᠢᠭᠤᠯᠤᠭᠰᠠᠨ ᠴᠢᠳᠠᠪᠤᠷᠢ ᠮᠥᠨ᠂ ᠲᠡᠷᠡ ᠳᠠᠷᠤᠢ ᠳᠤᠨᠢ | ᠵᠣᠭᠤᠰ ᠲᠤᠰᠢᠶᠠᠬᠤ ᠦᠭᠡᠢ ᠪᠠᠷ ᠪᠡᠯᠡ ᠮᠥᠩᠭᠦ᠂ ᠡᠳ᠋ ᠪᠣᠳᠠᠰ᠂ ᠦᠢᠯᠡᠴᠢᠯᠡᠭᠡᠨ ᠤ ᠴᠢᠳᠠᠪᠤᠷᠢ ᠣᠯᠵᠤ ᠪᠣᠯᠣᠨ᠎ᠠ᠃ | ᠢᠲᠡᠭᠡᠮᠵᠢ ᠶᠢ ᠬᠦᠯᠢᠶᠡᠨ ᠠᠪᠬᠤ ᠲᠠᠯ᠎ᠠ ᠨᠢ ᠵᠥᠪᠰᠢᠶᠡᠷᠡᠭᠰᠡᠨ ᠴᠠᠭ ᠤᠨ ᠳᠣᠲᠣᠷ᠎ᠠ ᠣᠯᠣᠭᠰᠠᠨ ᠪᠡᠯᠡ ᠮᠥᠩᠭᠦ᠂ | ᠡᠳ᠋ ᠪᠣᠳᠠᠰ᠂ ᠦᠢᠯᠡᠴᠢᠯᠡᠭᠡ ᠳᠡᠭᠡᠨ ᠵᠣᠭᠤᠰ ᠥᠭᠴᠦ᠂ ᠳᠡᠭᠡᠷ᠎ᠡ ᠳᠤᠷᠠᠳᠤᠭᠰᠠᠨ ᠴᠠᠭ ᠬᠤᠭᠤᠴᠠᠭ᠎ᠠ ᠳᠤ ᠴᠤ | ᠡᠷᠬᠡᠪᠰᠢ ᠢᠲᠡᠭᠡᠯ ᠲᠠᠢ ᠪᠠᠶᠢᠬᠤ ᠬᠡᠷᠡᠭᠲᠡᠢ᠃ ᠢᠲᠡᠭᠡᠮᠵᠢ ᠦᠭᠡᠢ ᠪᠣᠯ ᠡᠮᠬᠢ ᠵᠢᠷᠤᠮ ᠦᠭᠡᠢ᠂ ᠵᠠᠬ᠎ᠠ ᠳᠡᠯᠭᠡᠭᠦᠷ ᠦᠨ | ᠠᠵᠤ ᠠᠬᠤᠢ ᠡᠷᠡᠭᠦᠯ ᠢᠶᠠᠷ ᠬᠥᠭᠵᠢᠵᠦ ᠴᠢᠳᠠᠬᠤ ᠦᠭᠡᠢ ᠪᠣᠯᠣᠨ᠎ᠠ᠃ | ᠢᠲᠡᠭᠡᠮᠵᠢ ᠶᠢᠨ ᠪᠠᠶᠢᠳᠠᠯ ᠨᠢ ᠠᠨᠠᠢ ᠪᠠᠶᠢᠬᠤ ᠨᠢ ᠮᠠᠨ ᠤ ᠤᠯᠤᠰ ᠤᠨ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠢ ᠶᠢᠨ ᠬᠥᠭᠵᠢᠯᠲᠡ ᠶᠢᠨ ᠨᠢᠭᠡᠨ ᠪᠠᠭᠤᠷᠠᠢ ᠲᠠᠯ᠎ᠠ ᠪᠣᠯᠬᠤᠷ ᠨᠢᠭᠡᠨᠲᠡ ᠠᠵᠤ ᠠᠬᠤᠢ ᠶᠢᠨ | ᠬᠥᠭᠵᠢᠯᠲᠡ ᠶᠢ ᠨᠥᠯᠥᠭᠡᠯᠡᠨ ᠬᠢᠵᠠᠭᠠᠷᠯᠠᠬᠤ ᠲᠣᠪᠣᠶᠢᠮ᠎ᠠ ᠬᠦᠴᠦᠨ ᠵᠦᠢᠯ ᠪᠣᠯᠤᠭᠰᠠᠨ ᠪᠠᠶᠢᠨ᠎ᠠ᠃ ᠬᠦᠷᠦᠯᠴᠡᠬᠦᠶᠢᠴᠡ | ᠢᠲᠡᠭᠡᠮᠵᠢ ᠳᠤᠲᠠᠮᠠᠭ ᠠᠴᠠ ᠴᠥᠭᠡᠨ ᠪᠤᠰᠤ ᠠᠵᠤ ᠠᠬᠤᠶᠢᠯᠠᠯ ᠠᠶᠤᠯ ᠲᠦᠭᠰᠢᠭᠦᠷᠢ ᠳᠤ ᠲᠤᠯᠭᠠᠷᠠᠵᠠᠢ᠃ ᠡᠨᠡᠬᠦ | ᠪᠠᠶᠢᠳᠠᠯ ᠤᠨ ᠡᠮᠦᠨ᠎ᠡ᠂ ᠤᠯᠤᠰ ᠠᠷᠠᠳ ᠤᠨ ᠠᠵᠤ ᠠᠬᠤᠢ ᠶᠢᠨ ᠢᠲᠡᠭᠡᠮᠵᠢ ᠶᠢᠨ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠬᠦ ᠨᠢ ᠳᠠᠷᠤᠢ ᠪᠠᠷᠢᠨ ᠭᠦᠢᠴᠡᠳᠬᠡᠬᠦ ᠪᠠᠴᠢᠮ ᠡᠭᠦᠷᠭᠡ ᠪᠣᠯᠣᠨ᠎ᠠ᠃ | ᠭᠤᠷᠪᠠ᠂ ᠴᠢᠳᠠᠮᠵᠢ | ᠲᠡᠭᠦᠯᠳᠡᠷᠵᠢᠭᠰᠡᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠪᠣᠯ ᠢᠲᠡᠭᠡᠮᠵᠢ ᠶᠢᠨ ᠦᠢᠯᠡᠳᠦᠯ ᠢᠶᠠᠨ | ᠪᠠᠳᠠᠷᠠᠭᠤᠯᠬᠤ ᠶᠢᠨ ᠤᠷᠢᠲᠠᠯ ᠪᠣᠯᠣᠨ᠎ᠠ᠂ ᠲᠡᠷᠡ ᠨᠢ ᠢᠲᠡᠭᠡᠮᠵᠢ ᠣᠯᠭᠤᠭᠴᠢ ᠪᠠ ᠢᠲᠡᠭᠡᠮᠵᠢ ᠬᠦᠯᠢᠶᠡᠭᠴᠢ ᠶᠢᠨ | ᠬᠤᠭᠤᠷᠣᠨᠳᠤ ᠵᠣᠬᠢᠬᠤ ᠳᠦᠷᠢᠮ ᠢ ᠵᠢᠷᠤᠮᠯᠠᠨ ᠠᠷᠠᠯᠵᠢᠶᠠᠯᠠᠬᠤ ᠶᠢ ᠪᠠᠲᠤᠯᠠᠵᠤ᠂ ᠠᠵᠤ ᠠᠬᠤᠢ ᠶᠢᠨ ᠠᠵᠢᠯᠯᠠᠭᠠᠨ ᠤ | ᠲᠥᠪ ᠭᠤᠣᠯᠴᠢ ᠪᠠ ᠦᠷ᠎ᠡ ᠪᠦᠲᠦᠮᠵᠢ ᠶᠢ ᠪᠠᠲᠤᠯᠠᠨ᠎ᠠ᠃ ᠴᠢᠳᠠᠪᠤᠷᠢ ᠨᠢ ᠭᠤᠷᠪᠠᠨ ᠵᠦᠢᠯ ᠪᠤᠢ᠄ | 1. ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠨᠢ ᠴᠡᠭᠡᠵᠢᠯᠡᠬᠦ ᠴᠢᠳᠠᠪᠤᠷᠢ ᠲᠠᠢ ᠪᠠᠶᠢᠵᠤ ᠢᠲᠡᠭᠡᠯ | ᠠᠯᠳᠠᠭᠰᠠᠳ ᠤᠨ ᠲᠡᠮᠳᠡᠭᠯᠡᠯ ᠢ ᠬᠠᠳᠠᠭᠠᠯᠠᠵᠤ ᠲᠠᠶᠢᠯᠤᠨ᠎ᠠ︔ | 2. ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠢᠯᠡᠷᠡᠭᠦᠯᠬᠦ ᠴᠢᠳᠠᠪᠤᠷᠢ ᠲᠠᠢ ᠪᠠᠶᠢᠵᠤ᠂ ᠰᠠᠶᠢᠨ ᠮᠠᠭᠤ ᠶᠢ | ᠵᠠᠯᠬᠠᠭᠠᠵᠤ᠂ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠵᠦ ᠴᠢᠳᠠᠨ᠎ᠠ᠃ | 3. ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠰᠡᠷᠡᠮᠵᠢᠯᠡᠭᠦᠯᠬᠦ ᠴᠢᠳᠠᠮᠵᠢ ᠲᠠᠢ᠂ ᠢᠲᠡᠭᠡᠯ ᠢᠶᠠᠨ | ᠠᠯᠳᠠᠭᠰᠠᠨ ᠠᠵᠢᠯᠯᠠᠭ᠎ᠠ ᠶᠢ ᠰᠡᠷᠭᠡᠶᠢᠯᠡᠵᠦ ᠴᠢᠳᠠᠨ᠎ᠠ᠃ | ᠳᠥᠷᠪᠡ᠂ ᠪᠦᠲᠦᠴᠡ ᠶᠢᠨ ᠪᠦᠷᠢᠯᠳᠦᠭᠦᠨ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠳᠤ ᠣᠯᠠᠨ ᠨᠡᠶᠢᠲᠡ ᠶᠢᠨ ᠢᠲᠡᠭᠡᠮᠵᠢ ᠶᠢᠨ ᠰᠢᠰᠲ᠋ᠧᠮᠵᠢ᠂ ᠠᠵᠤ | ᠠᠬᠤᠶᠢᠯᠠᠯ ᠤᠨ ᠢᠲᠡᠭᠡᠮᠵᠢ ᠶᠢᠨ ᠰᠢᠰᠲ᠋ᠧᠮᠵᠢ ᠪᠠ ᠬᠤᠪᠢ ᠬᠥᠮᠥᠨ ᠤ ᠢᠲᠡᠭᠡᠮᠵᠢ ᠶᠢᠨ ᠰᠢᠰᠲ᠋ᠧᠮᠵᠢ ᠪᠠᠭᠲᠠᠨ᠎ᠠ᠃ | ᠭᠤᠷᠪᠠᠭᠤᠯᠠ ᠶᠢᠨ ᠬᠠᠮᠲᠤ ᠶᠢᠨ ᠦᠢᠯᠡᠳᠦᠯ ᠨᠢ ᠪᠦᠷᠢᠨ ᠲᠡᠭᠦᠯᠳᠡᠷ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ | ᠪᠦᠷᠢᠯᠳᠦᠭᠦᠯᠦᠨ᠎ᠡ᠃ | ᠤᠯᠠᠨ ᠨᠡᠶᠢᠲᠡ ᠶᠢᠨ ᠢᠲᠡᠭᠡᠮᠵᠢ ᠶᠢᠨ ᠰᠢᠰᠲ᠋ᠧᠮᠵᠢ | ᠣᠯᠠᠨ ᠨᠡᠶᠢᠲᠡ ᠶᠢᠨ ᠢᠲᠡᠭᠡᠮᠵᠢ ᠶᠢᠨ ᠰᠢᠰᠲ᠋ᠧᠮ ᠪᠣᠯ ᠵᠠᠰᠠᠭ ᠤᠨ ᠣᠷᠳᠣᠨ ᠤ ᠢᠲᠡᠭᠡᠮᠵᠢ ᠶᠢᠨ ᠰᠢᠰᠲ᠋ᠧᠮ | ᠮᠥᠨ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠦᠬᠦ ᠲᠠᠯ᠎ᠠ ᠠᠴᠠ ᠠᠪᠴᠤ ᠦᠵᠡᠪᠡᠯ᠂ ᠣᠯᠠᠨ ᠨᠡᠶᠢᠲᠡ ᠶᠢᠨ | ᠢᠲᠡᠭᠡᠮᠵᠢ ᠶᠢᠨ ᠰᠢᠰᠲ᠋ᠧᠮᠵᠢ ᠪᠣᠯ ᠨᠡᠶᠢᠭᠡᠮ ᠤᠨ ᠪᠦᠬᠦ ᠲᠠᠯ᠎ᠠ ᠶᠢ ᠨᠥᠯᠥᠭᠡᠯᠡᠬᠦ ᠢᠲᠡᠭᠡᠮᠵᠢ ᠶᠢᠨ ᠰᠢᠰᠲ᠋ᠧᠮᠵᠢ ᠪᠣᠯᠣᠨ᠎ᠠ᠃ | ᠣᠯᠠᠨ ᠨᠡᠶᠢᠲᠡ ᠶᠢᠨ ᠵᠠᠰᠠᠭ ᠤᠨ ᠣᠷᠳᠣᠨ ᠢ ᠪᠠᠶᠢᠭᠤᠯᠬᠤ ᠢᠲᠡᠭᠡᠯ ᠪᠣᠯ ᠠᠵᠤ ᠠᠬᠤᠶᠢᠯᠠᠯ ᠪᠣᠯᠣᠨ ᠬᠤᠪᠢ | ᠬᠥᠮᠥᠨ ᠤ ᠢᠲᠡᠭᠡᠮᠵᠢ ᠶᠢ ᠪᠠᠶᠢᠭᠤᠯᠬᠤ ᠤᠷᠢᠲᠠᠯ ᠨᠥᠬᠦᠴᠡᠯ ᠪᠣᠯᠣᠨ᠎ᠠ᠃ ᠣᠯᠠᠨ ᠨᠡᠶᠢᠲᠡ ᠶᠢᠨ ᠢᠲᠡᠭᠡᠮᠵᠢ ᠶᠢᠨ | ᠰᠢᠰᠲ᠋ᠧᠮᠵᠢ ᠶᠢᠨ ᠦᠢᠯᠡᠳᠦᠯ ᠨᠢ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠠᠵᠢᠯᠯᠠᠭ᠎ᠠ ᠪᠣᠯᠣᠨ ᠠᠵᠤ | ᠠᠬᠤᠢ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠤᠨ ᠣᠷᠳᠣᠨ ᠤ ᠥᠷᠯᠥᠭᠡ ᠶᠢᠨ ᠵᠠᠷᠯᠢᠭ ᠢ ᠦᠳᠡᠰᠢ ᠶᠢᠨ | ᠥᠭᠡᠷᠡᠴᠢᠯᠡᠯᠲᠡ ᠬᠢᠬᠦ᠂ ᠥᠷᠢ ᠥᠭᠴᠡᠭᠡ ᠲᠣᠩᠭᠤᠷᠠᠭᠤᠯᠬᠤ ᠵᠡᠷᠭᠡ ᠢᠲᠡᠭᠡᠯ ᠢᠶᠠᠨ ᠠᠯᠳᠠᠭᠰᠠᠨ ᠠᠵᠢᠯᠯᠠᠭ᠎ᠠ ᠠᠴᠠ | ᠵᠠᠶᠢᠯᠠᠰᠬᠢᠵᠦ᠂ ᠵᠠᠰᠠᠭ ᠤᠨ ᠣᠷᠳᠣᠨ ᠤ ᠵᠠᠰᠠᠭ ᠵᠠᠬᠢᠷᠭ᠎ᠠ ᠪᠣᠯᠣᠨ ᠬᠠᠤᠯᠢ ᠴᠠᠭᠠᠵᠠ ᠶᠢᠨ ᠨᠡᠶᠢᠲᠡ ᠳᠤ ᠢᠲᠡᠭᠡᠭᠦᠯᠬᠦ | ᠬᠦᠴᠦᠨ ᠢ ᠳᠡᠭᠡᠭᠰᠢᠯᠡᠭᠦᠯᠬᠦ ᠳᠤ ᠪᠤᠶ᠃ | ᠠᠵᠤ ᠠᠬᠤᠶᠢᠯᠠᠯ ᠤᠨ ᠢᠲᠡᠭᠡᠮᠵᠢ ᠶᠢᠨ ᠰᠢᠰᠲ᠋ᠧᠮᠵᠢ | ᠠᠵᠤ ᠠᠬᠤᠶᠢᠯᠠᠯ ᠪᠣᠯ ᠵᠠᠬ᠎ᠠ ᠳᠡᠯᠭᠡᠭᠦᠷ ᠤᠨ ᠠᠵᠤ ᠠᠬᠤᠢ ᠶᠢᠨ ᠠᠵᠢᠯᠯᠠᠭ᠎ᠠ ᠶᠢᠨ ᠭᠤᠣᠯ ᠴᠣᠭᠴᠠ | ᠪᠣᠯᠬᠤᠷ᠂ ᠠᠵᠤ ᠠᠬᠤᠶᠢᠯᠠᠯ ᠤᠨ ᠢᠲᠡᠭᠡᠮᠵᠢ ᠶᠢᠨ ᠰᠢᠰᠲ᠋ᠧᠮᠵᠢ ᠪᠣᠯ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠠᠵᠤ ᠠᠬᠤᠶᠢᠯᠠᠯ ᠤᠨ ᠢᠲᠡᠭᠡᠮᠵᠢ ᠶᠢᠨ ᠰᠢᠰᠲ᠋ᠧᠮᠵᠢ ᠶᠢᠨ ᠦᠢᠯᠡᠳᠦᠯ | ᠨᠢ ᠠᠵᠤ ᠠᠬᠤᠶᠢᠯᠠᠯ ᠤᠨ ᠢᠲᠡᠭᠡᠮᠵᠢ ᠠᠯᠳᠠᠭᠰᠠᠨ ᠠᠵᠢᠯᠯᠠᠭ᠎ᠠ ᠶᠢ ᠬᠢᠵᠠᠭᠠᠷᠯᠠᠵᠤ᠂ ᠠᠵᠤ ᠠᠬᠤᠶᠢᠯᠠᠯ ᠤᠨ ᠵᠠᠬ᠎ᠠ | ᠳᠡᠯᠭᠡᠭᠦᠷ ᠳᠡᠭᠡᠷ᠎ᠡ ᠭᠤᠣᠯᠴᠢ ᠪᠠᠷ ᠥᠷᠢᠰᠦᠯᠳᠦᠬᠦ ᠶᠢ ᠰᠢᠮᠳᠠᠭᠤᠯᠤᠨ ᠱᠠᠭᠠᠷᠳᠠᠨ᠎ᠠ᠃ ᠠᠵᠤ ᠠᠬᠤᠶᠢᠯᠠᠯ ᠤᠨ | ᠢᠲᠡᠭᠡᠮᠵᠢ ᠶᠢᠨ ᠰᠢᠰᠲ᠋ᠧᠮᠵᠢ ᠶᠢᠨ ᠵᠠᠩᠭᠢᠯᠠᠭ᠎ᠠ ᠶᠢᠨ ᠭᠤᠭᠴᠤᠭ᠎ᠠ ᠪᠣᠯ ᠠᠵᠤ ᠠᠬᠤᠶᠢᠯᠠᠯ ᠤᠨ ᠢᠲᠡᠭᠡᠮᠵᠢ ᠶᠢᠨ | ᠳ᠋ᠠᠶᠢᠲ᠋ᠠ ᠬᠥᠮᠥᠷᠭᠡ ᠪᠣᠯᠣᠨ᠎ᠠ᠂ ᠲᠡᠷᠡ ᠨᠢ ᠠᠵᠤ ᠠᠬᠤᠶᠢᠯᠠᠯ ᠤᠨ ᠠᠵᠤ ᠠᠬᠤᠢ ᠶᠢᠨ ᠬᠠᠷᠢᠯᠴᠠᠭᠠᠨ ᠳᠠᠬᠢ | ᠢᠲᠡᠭᠡᠮᠵᠢ ᠶᠢᠨ ᠮᠡᠳᠡᠭᠡ ᠵᠠᠩᠭᠢ ᠶᠢ ᠬᠥᠳᠡᠯᠦᠩᠭᠦᠢ ᠪᠠᠷ ᠲᠡᠮᠳᠡᠭᠯᠡᠪᠡ᠃ | ᠬᠤᠪᠢ ᠬᠥᠮᠥᠨ ᠤ ᠢᠲᠡᠭᠡᠮᠵᠢ ᠶᠢᠨ ᠰᠢᠰᠲ᠋ᠧᠮᠵᠢ | ᠬᠤᠪᠢ ᠬᠥᠮᠥᠨ ᠪᠣᠯ ᠨᠡᠶᠢᠭᠡᠮ ᠤᠨ ᠦᠨᠳᠦᠰᠦᠨ ᠨᠢᠭᠡᠴᠡ ᠪᠣᠯᠬᠤ ᠪᠥᠭᠡᠳ ᠪᠠᠰᠠ ᠴᠤ ᠢᠲᠡᠭᠡᠮᠵᠢ ᠶᠢᠨ | ᠬᠠᠩᠭᠠᠬᠤ ᠬᠥᠮᠥᠨ ᠪᠠ ᠬᠦᠯᠢᠶᠡᠨ ᠠᠪᠤᠭᠴᠢ ᠪᠣᠯᠬᠤᠷ ᠬᠤᠪᠢ ᠬᠥᠮᠥᠨ ᠤ ᠢᠲᠡᠭᠡᠮᠵᠢ ᠶᠢᠨ ᠰᠢᠰᠲ᠋ᠧᠮᠵᠢ ᠨᠢ ᠴᠦ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠳᠤᠲᠠᠭᠳᠠᠵᠤ ᠪᠣᠯᠣᠰᠢ ᠦᠭᠡᠢ ᠪᠦᠷᠢᠯᠳᠦᠭᠦᠨ ᠬᠡᠰᠡᠭ ᠪᠣᠯᠣᠨ᠎ᠠ᠃ | ᠵᠠᠷᠢᠮ ᠠᠴᠢ ᠬᠤᠯᠪᠣᠭᠳᠠᠯ ᠤᠨ ᠲᠠᠯ᠎ᠠ ᠠᠴᠠ ᠠᠪᠴᠤ ᠬᠡᠯᠡᠪᠡᠯ᠂ ᠬᠤᠪᠢ ᠬᠥᠮᠥᠨ ᠤ ᠢᠲᠡᠭᠡᠮᠵᠢ ᠶᠢᠨ ᠰᠢᠰᠲ᠋ᠧᠮ ᠪᠣᠯ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠰᠠᠭᠤᠷᠢ ᠮᠥᠨ᠃ ᠲᠡᠷᠡ ᠨᠢ ᠶᠠᠳᠠᠬᠤ ᠳᠠᠭᠠᠨ ᠬᠤᠶᠠᠷ ᠲᠠᠯ᠎ᠠ ᠠᠴᠠ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠳᠤ ᠦᠢᠯᠡᠳᠦᠯ ᠢᠶᠠᠨ ᠪᠠᠳᠠᠷᠠᠭᠤᠯᠤᠨ᠎ᠠ᠄ ᠡᠩ ᠲᠡᠷᠢᠭᠦᠨ ᠳᠤ᠂ ᠲᠡᠷᠡ ᠨᠢ | ᠢᠲᠡᠭᠡᠮᠵᠢ ᠣᠯᠭᠤᠭᠴᠢ ᠳᠤ ᠢᠲᠡᠭᠡᠮᠵᠢ ᠶᠢᠨ ᠮᠡᠳᠡᠭᠡ ᠵᠠᠩᠭᠢ ᠬᠠᠩᠬᠠᠨ᠎ᠠ; ᠳᠠᠷᠠᠭᠠᠯᠠᠪᠠᠯ᠂ ᠲᠡᠷᠡ ᠨᠢ ᠣᠯᠠᠨ | ᠨᠡᠶᠢᠲᠡ ᠶᠢᠨ ᠢᠲᠡᠭᠡᠮᠵᠢ ᠶᠢᠨ ᠰᠢᠰᠲ᠋ᠧᠮ ᠪᠣᠯᠣᠨ ᠠᠵᠤ ᠠᠬᠤᠶᠢᠯᠠᠯ ᠤᠨ ᠢᠲᠡᠭᠡᠮᠵᠢ ᠶᠢᠨ ᠰᠢᠰᠲ᠋ᠧᠮ ᠤᠨ | ᠠᠯᠳᠠᠭᠳᠠᠯ ᠢ ᠨᠥᠬᠦᠪᠦᠷᠢᠯᠡᠨ᠎ᠡ᠃ ᠬᠤᠪᠢ ᠬᠥᠮᠥᠨ ᠤ ᠢᠲᠡᠭᠡᠮᠵᠢ ᠶᠢᠨ ᠰᠢᠰᠲ᠋ᠧᠮ ᠤᠨ ᠵᠠᠩᠭᠢᠯᠠᠭ᠎ᠠ ᠶᠢᠨ ᠭᠤᠭᠴᠤᠭ᠎ᠠ | ᠪᠣᠯ ᠬᠤᠪᠢ ᠬᠥᠮᠥᠨ ᠤ ᠢᠲᠡᠭᠡᠮᠵᠢ ᠶᠢᠨ ᠳ᠋ᠠᠶᠢᠲ᠋ᠠ ᠬᠥᠮᠥᠷᠭᠡ ᠶᠢᠨ ᠮᠡᠳᠡᠭᠡ ᠵᠠᠩᠭᠢ ᠶᠢ ᠴᠤᠭᠯᠠᠭᠤᠯᠬᠤ ᠨᠢ | ᠡᠵᠡᠩᠨᠡᠯᠲᠡ ᠶᠢᠨ ᠵᠠᠭᠪᠤᠷ ᠪᠠ ᠠᠵᠤ ᠠᠬᠤᠶᠢᠯᠠᠯ ᠤᠨ ᠳ᠋ᠠᠶᠢᠲ᠋ᠠ ᠬᠥᠮᠥᠷᠭᠡ ᠲᠠᠢ ᠦᠨᠳᠦᠰᠦᠨ ᠳᠤ ᠪᠠᠨ ᠠᠳᠠᠯᠢ | ᠪᠠᠶᠢᠵᠤ᠂ ᠠᠳᠠᠯᠢ ᠦᠭᠡᠢ ᠨᠢ ᠬᠤᠪᠢ ᠬᠥᠮᠥᠨ ᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠪᠠᠶᠢᠴᠠᠭᠠᠨ | ᠯᠠᠪᠯᠠᠬᠤ ᠳᠤ ᠨᠡᠩ ᠤᠯᠠᠨ ᠬᠠᠤᠯᠢ ᠴᠠᠭᠠᠵᠠ ᠪᠠᠷ ᠬᠠᠮᠠᠭᠠᠯᠠᠭᠳᠠᠨ᠎ᠠ᠃ | 2019 ᠣᠨ ᠤ 7 ᠳ᠋ᠤᠭᠠᠷ ᠰᠠᠷ᠎ᠠ ᠶᠢᠨ 16 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ︽ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ | ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠬᠤ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠳᠥᠷᠪᠡᠨ ᠲᠠᠯ᠎ᠠ ᠶᠢᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠨᠢᠭᠡ ᠳᠤ ᠬᠡᠷᠡᠭ ᠤᠨ ᠡᠮᠦᠨᠡᠬᠢ ᠭᠤᠭᠴᠤᠭ᠎ᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ | ᠰᠢᠨ᠎ᠡ ᠶᠢ ᠡᠭᠦᠳᠦᠨ᠎ᠡ᠃ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠭᠤᠶᠤᠴᠢᠯᠠᠭᠴᠢ ᠶᠢᠨ ᠠᠮᠠᠯᠠᠯᠲᠠ ᠨᠢ ᠬᠢᠨᠠᠨ ᠵᠥᠪᠰᠢᠶᠡᠷᠡᠬᠦ ᠨᠥᠬᠦᠴᠡᠯ ᠳᠤ ᠨᠡᠶᠢᠴᠡᠬᠦ ᠶᠢᠨ ᠬᠠᠮᠲᠤ ᠮᠠᠲ᠋ᠧᠷᠢᠶᠠᠯ | ᠲᠤᠰᠢᠶᠠᠭᠰᠠᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠴᠠᠭ ᠲᠤᠬᠠᠢ ᠳᠤᠨᠢ | ᠭᠦᠢᠴᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ | ᠢᠲᠡᠭᠡᠮᠵᠢ ᠶᠢᠨ ᠠᠮᠠᠯᠠᠯᠲᠠ ᠬᠢᠬᠦ ᠶᠢ ᠵᠣᠷᠢᠭᠵᠢᠭᠤᠯᠤᠨ᠎ᠠ︔ ᠡᠯ᠎ᠡ ᠱᠠᠲᠤᠨ ᠤ ᠡᠯ᠎ᠡ ᠲᠥᠷᠥᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠴᠣᠩᠬᠤ ᠶᠢ ᠭᠦᠢᠴᠡᠳ ᠠᠰᠢᠭᠯᠠᠨ᠂ ᠡᠵᠡᠩᠨᠡᠭᠴᠢ ᠶᠢᠨ ᠣᠷᠣᠬᠤ ᠶᠢ | ᠵᠥᠪᠰᠢᠶᠡᠷᠡᠬᠦ ᠠᠴᠠ ᠡᠮᠦᠨᠡᠬᠢ ᠢᠲᠡᠭᠡᠮᠵᠢ ᠶᠢᠨ ᠬᠥᠮᠦᠵᠢᠯ ᠢ ᠰᠦᠪᠡᠭᠴᠢᠯᠡᠨ ᠥᠷᠨᠢᠭᠦᠯᠦᠨ᠎ᠡ︔ ᠢᠲᠡᠭᠡᠮᠵᠢ ᠶᠢᠨ | ᠮᠡᠳᠡᠭᠦᠯᠦᠯᠲᠡ ᠶᠢᠨ ᠬᠡᠷᠡᠭᠯᠡᠯᠲᠡ ᠶᠢ ᠢᠳᠡᠪᠬᠢᠲᠡᠢ ᠥᠷᠭᠡᠳᠬᠡᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠦᠢᠯᠡᠳᠪᠦᠷᠢᠯᠡᠯ ᠡᠵᠡᠩᠨᠡᠯᠲᠡ ᠳᠤ ᠢᠲᠡᠭᠡᠮᠵᠢ ᠶᠢᠨ ᠮᠡᠳᠡᠭᠦᠯᠦᠯᠲᠡ ᠶᠢ ᠨᠠᠩ ᠥᠷᠭᠡᠨ ᠳᠡᠯᠭᠡᠷ᠂ | ᠰᠠᠨᠠᠭᠠᠴᠢᠯᠠᠭ᠎ᠠ ᠠᠴᠠ ᠪᠠᠨ ᠬᠡᠷᠡᠭᠯᠡᠬᠦ ᠶᠢ ᠵᠣᠷᠢᠭᠵᠢᠭᠤᠯᠤᠨ᠎ᠠ᠃ | ᠬᠤᠶᠠᠷ ᠲᠤ᠂ ᠬᠡᠷᠡᠭ ᠶᠠᠪᠤᠳᠠᠯ ᠤᠨ ᠳᠤᠮᠳᠠᠬᠢ ᠭᠤᠭᠴᠤᠭ᠎ᠠ ᠶᠢᠨ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠲᠡᠮᠳᠡᠭᠯᠡᠯ ᠢ ᠪᠥᠬᠦ | ᠲᠠᠯ᠎ᠠ ᠪᠠᠷ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠦᠶᠯᠡ ᠠᠵᠢᠯᠯᠠᠭ᠎ᠠ ᠶᠢ ᠴᠠᠭ | ᠲᠤᠬᠠᠢ ᠳᠤᠨᠢ᠂ ᠣᠨᠣᠪᠴᠢᠲᠠᠶ᠂ ᠪᠥᠬᠦ ᠲᠠᠯ᠎ᠠ ᠪᠠᠷ ᠲᠡᠮᠳᠡᠭᠯᠡᠵᠦ᠂ ᠪᠠᠶᠢᠴᠠᠭᠠᠵᠤ ᠪᠣᠯᠬᠤ ᠲᠠᠩᠰᠠ ᠡᠪᠬᠡᠮᠡᠯ ᠪᠠᠶᠢᠭᠤᠯᠤᠨ | ᠤᠷᠤᠮ ᠦᠯᠡᠳᠡᠭᠡᠵᠦ᠂ ᠪᠠᠶᠢᠴᠠᠭᠠᠵᠤ ᠪᠣᠯᠬᠤ ᠶᠢ ᠬᠠᠷᠭᠤᠭᠤᠯᠵᠤ ᠪᠣᠯᠬᠤ ᠪᠣᠯᠭᠠᠨ᠎ᠠ︔ ᠢᠲᠡᠭᠡᠮᠵᠢ ᠶᠢᠨ ᠮᠡᠳᠡᠭᠡ | ᠵᠠᠩᠭᠢ ᠶᠢ ᠰᠠᠶᠢᠨ ᠳᠤᠷ᠎ᠠ ᠠᠴᠠ ᠪᠠᠨ ᠳᠠᠩᠰᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠵᠣᠷᠢᠭᠵᠢᠭᠤᠯᠤᠨ ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ᠪᠤᠶᠤ | ᠪᠤᠰᠤᠳ ᠠᠷᠭ᠎ᠠ ᠵᠠᠮ ᠳᠡᠭᠡᠷ᠎ᠡ ᠰᠠᠶᠢᠨ ᠳᠤᠷ᠎ᠠ ᠠᠴᠠ ᠪᠠᠨ ᠢᠲᠡᠭᠡᠮᠵᠢ ᠶᠢᠨ ᠮᠡᠳᠡᠭᠡ ᠵᠠᠩᠭᠢ ᠶᠢ ᠳᠠᠩᠰᠠᠯᠠᠨ᠎ᠠ︔ | ᠪᠦᠬᠦᠨ ᠢ ᠬᠠᠮᠤᠷᠬᠤ᠂ ᠪᠠᠷᠢᠮᠵᠢᠶᠠᠵᠢᠭᠤᠯᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠯᠠᠨ ᠨᠡᠶᠢᠲᠡ ᠶᠢᠨ | ᠢᠲᠡᠭᠡᠮᠵᠢ ᠶᠢᠨ ᠶᠡᠷᠦᠩᠬᠡᠶᠢᠯᠡᠭᠰᠡᠨ ᠦᠨᠡᠯᠡᠯᠲᠡ ᠶᠢ ᠥᠷᠨᠢᠭᠦᠯᠵᠦ᠂ ᠢᠲᠡᠭᠡᠮᠵᠢ ᠶᠢ ᠲᠠᠰ ᠲᠥᠷᠥᠯ ᠬᠤᠪᠢᠶᠠᠨ ᠬᠢᠨᠠᠨ | ᠬᠠᠮᠢᠶᠠᠷᠬᠤ ᠶᠢ ᠶᠡᠬᠡᠪᠡᠷ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠪᠠᠶᠢᠳᠠᠯ ᠢ | ᠦᠨᠳᠦᠰᠦᠯᠡᠨ ᠵᠦᠷᠢᠶᠡᠴᠢᠯᠡᠭᠰᠡᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ | ᠭᠤᠷᠪᠠ ᠳᠤ᠂ ᠬᠡᠷᠡᠭ ᠤᠨ ᠳᠠᠷᠠᠭᠠᠬᠢ ᠭᠤᠭᠴᠤᠭ᠎ᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ | ᠲᠡᠭᠦᠯᠳᠡᠷᠵᠢᠭᠦᠯᠦᠨ᠎ᠡ᠃ ᠢᠲᠡᠭᠡᠯ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠡᠲᠡᠭᠡᠳ ᠢ ᠬᠢᠨᠠᠨ | ᠲᠣᠭᠲᠠᠭᠠᠬᠤ ᠲᠣᠭᠲᠠᠴᠠ ᠶᠢ ᠪᠦᠷᠢᠨᠰᠢᠭᠦᠯᠵᠦ᠂ ᠢᠲᠡᠭᠡᠯ ᠠᠯᠳᠠᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠰᠢᠮᠳᠠᠭᠤᠯᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠢᠲᠡᠭᠡᠯ ᠠᠯᠳᠠᠭᠰᠠᠳ ᠢ | ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠭᠦᠨᠵᠡᠭᠡᠢ ᠥᠷᠨᠢᠭᠦᠯᠦᠨ᠂ ᠵᠠᠬ᠎ᠠ ᠳᠡᠯᠭᠡᠭᠦᠷ ᠪᠠ ᠠᠵᠢᠯ ᠲᠥᠷᠥᠯ ᠳᠤ | ᠣᠷᠣᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠬᠠᠤᠯᠢ ᠪᠠ ᠲᠣᠭᠲᠠᠭᠠᠯ ᠶᠣᠰᠣᠭᠠᠷ ᠡᠷᠡᠰ ᠬᠡᠷᠡᠭᠵᠢᠭᠦᠯᠵᠦ᠂ | ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠵᠦ᠂ ᠢᠲᠡᠭᠡᠮᠵᠢ ᠶᠢ | ᠰᠡᠷᠭᠦᠭᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ | ᠳᠥᠷᠪᠡ ᠳᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠤᠯᠭᠠᠭᠤᠷᠢᠯᠠᠬᠤ ᠪᠠᠲᠤᠯᠠᠭ᠎ᠠ ᠶᠢ | ᠴᠢᠩᠭᠠᠳᠬᠠᠨ᠎ᠠ᠃ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠬᠤ ᠲᠣᠭᠲᠠᠴᠠ ᠶᠢ | ᠪᠣᠶ ᠪᠣᠯᠭᠠᠨ᠎ᠠ︔ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢ ᠶᠡᠬᠡᠪᠡᠷ | ᠠᠬᠢᠭᠤᠯᠵᠤ᠂ ︽ᠢᠯᠡ ᠪᠣᠯᠭᠠᠬᠤ ᠶᠣᠰᠣᠲᠠᠢ ᠶᠢ ᠨᠢ ᠴᠥᠮ ᠢᠯᠡ ᠪᠣᠯᠭᠠᠬᠤ︾ ᠶᠢ ᠪᠡᠶᠡᠯᠡᠭᠦᠯᠦᠨ᠎ᠡ︔ ︽ᠢᠨᠲ᠋ᠧᠷ | ᠰᠦᠯᠵᠢᠶ᠎ᠡ︾᠂ ᠲᠣᠮᠣ ᠳ᠋ᠠᠶᠢᠲ᠋ᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠳᠠᠬᠢ ᠲᠤᠯᠭᠠᠭᠤᠷᠢᠯᠠᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ ᠬᠠᠷᠢᠴᠠᠭᠤᠯᠵᠤ | ᠪᠣᠯᠬᠤ᠂ ᠶᠠᠪᠤᠴᠠ ᠶᠢ ᠮᠥᠷᠳᠡᠵᠦ ᠪᠣᠯᠬᠤ᠂ ᠠᠰᠠᠭᠤᠳᠠᠯ ᠢ ᠬᠢᠨᠠᠨ ᠬᠡᠮᠵᠢᠵᠦ ᠪᠣᠯᠬᠤ ᠶᠢ ᠪᠡᠶᠡᠯᠡᠭᠦᠯᠦᠨ᠎ᠡ︔ | ᠢᠲᠡᠭᠡᠮᠵᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠬᠡ | ᠠᠰᠢᠭ ᠢ ᠬᠠᠮᠠᠭᠠᠯᠠᠬᠤ ᠡᠷᠴᠢᠮ ᠢ ᠦᠨᠡᠨ ᠬᠦ ᠴᠢᠩᠭᠠᠷᠠᠭᠤᠯᠵᠤ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠪᠠ | ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠵᠢᠯᠴᠠᠨ ᠬᠢᠨᠠᠨ ᠬᠠᠮᠢᠶᠠᠷᠬᠤ ᠶᠢ ᠢᠳᠡᠪᠬᠢᠲᠡᠢ ᠬᠥᠲᠥᠯᠥᠨ | ᠵᠢᠯᠣᠭᠤᠳᠤᠨ᠎ᠠ᠃ | ᠦᠨᠡᠨᠴᠢ ᠢᠲᠡᠭᠡᠮᠵᠢ ᠶᠢᠨ ᠴᠢᠬᠤᠯᠠ ᠴᠢᠨᠠᠷ | ᠦᠨᠡᠨᠴᠢ ᠢᠲᠡᠭᠡᠮᠵᠢ ᠪᠣᠯ ᠳᠠᠷᠤᠢ ᠶᠣᠰᠣ ᠰᠤᠷᠲᠠᠬᠤᠨ ᠤ ᠦᠨᠳᠦᠰᠦ ᠮᠥᠨ᠂ ᠦᠨᠡᠨᠴᠢ ᠢᠲᠡᠭᠡᠮᠵᠢ ᠪᠣᠯ | ᠶᠣᠰᠣ ᠰᠤᠷᠲᠠᠬᠤᠨ ᠤ ᠵᠣᠭᠰᠣᠴᠠ ᠮᠥᠨ᠂ ᠰᠠᠶᠢᠨ ᠰᠠᠶᠢᠬᠠᠨ ᠶᠣᠰᠣ ᠮᠣᠷᠠᠯ ᠢ ᠪᠠᠶᠢᠭᠤᠯᠬᠤ ᠳᠤ ᠦᠨᠡᠨᠴᠢ | ᠢᠲᠡᠭᠡᠮᠵᠢᠲᠡᠢ ᠠᠴᠠ ᠭᠠᠷᠳᠠᠬᠤ ᠬᠡᠷᠡᠭᠲᠡᠢ᠃ ᠦᠨᠡᠨᠴᠢ ᠢᠲᠡᠭᠡᠮᠵᠢ ᠪᠠ ᠶᠣᠰᠣ ᠮᠣᠷᠠᠯ ᠪᠣᠯ ᠳᠤᠮᠳᠠᠳᠤ ᠶᠢᠨ | ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠮᠥᠨ᠂ ᠪᠢᠳᠡ ᠵᠠᠯᠭᠠᠮᠵᠢᠯᠠᠨ ᠪᠠᠳᠠᠷᠠᠭᠤᠯᠬᠤ ᠬᠡᠷᠡᠭᠲᠡᠢ᠃ ᠨᠢᠭᠡ | ᠬᠥᠮᠥᠨ ᠤ ᠦᠨᠡᠨᠴᠢ ᠢᠲᠡᠭᠡᠮᠵᠢ ᠶᠢᠨ ᠦᠵᠡᠯ ᠤᠬᠠᠮᠰᠠᠷ᠂ ᠦᠨᠡᠨᠴᠢ ᠢᠲᠡᠭᠡᠮᠵᠢ ᠶᠢᠨ ᠦᠢᠯᠡ ᠠᠵᠢᠯᠯᠠᠭ᠎ᠠ᠂ | ᠦᠨᠡᠨᠴᠢ ᠢᠲᠡᠭᠡᠮᠵᠢ ᠶᠢᠨ ᠬᠡᠪ ᠴᠢᠨᠠᠷ ᠨᠢ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠤᠨ ᠪᠣᠶ ᠪᠣᠯᠬᠤ ᠳᠤ | ᠬᠤᠯᠪᠣᠭᠳᠠᠵᠤ᠂ ᠨᠡᠶᠢᠭᠡᠮ ᠵᠢᠷᠤᠮ ᠤᠨ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠯᠤᠭ᠎ᠠ ᠬᠤᠯᠪᠣᠭᠳᠠᠵᠤ᠂ | ᠵᠣᠬᠢᠬᠤ ᠠᠴᠢ ᠬᠤᠯᠪᠣᠭᠳᠠᠯ ᠨᠢ ᠳᠤᠮᠳᠠᠳᠤ ᠶᠢᠨ ᠦᠨᠳᠦᠰᠦᠲᠡᠨ ᠤ ᠢᠷᠡᠭᠡᠳᠦᠢ ᠳᠤ ᠬᠤᠯᠪᠣᠭᠳᠠᠵᠤ ᠪᠠᠶᠢᠳᠠᠭ᠃ | ᠡᠶᠢᠮᠦ ᠠᠴᠠ ᠪᠢᠳᠡ ᠦᠨᠡᠨᠴᠢ ᠢᠲᠡᠭᠡᠮᠵᠢᠲᠡᠢ ᠶᠣᠰᠣ ᠮᠣᠷᠠᠯ ᠤᠨ ᠪᠠᠶᠢᠭᠤᠯᠤᠯᠲᠠ ᠶᠢ ᠨᠡᠩ ᠤᠬᠠᠮᠰᠠᠷ ᠠᠴᠠ ᠪᠠᠨ | ᠴᠢᠩᠭᠠᠳᠬᠠᠵᠤ᠂ ᠦᠨᠡᠨᠴᠢ ᠢᠲᠡᠭᠡᠮᠵᠢᠲᠡᠢ ᠶᠣᠰᠣ ᠮᠣᠷᠠᠯ ᠢ ᠡᠷᠬᠢᠮ ᠳᠡᠭᠡᠳᠦ ᠠᠮᠢᠳᠤᠷᠠᠬᠤᠢ ᠶᠢᠨ ᠬᠥᠭᠡᠭᠡᠴᠡᠯᠳᠦᠯ᠂ | ᠰᠢᠯᠢᠳᠡᠭ ᠰᠠᠶᠢᠨ ᠰᠤᠷᠤᠯᠴᠠᠬᠤ ᠵᠠᠩ ᠴᠢᠨᠠᠷ᠂ ᠣᠷᠣᠰᠢᠨ ᠲᠣᠭᠲᠠᠨᠢᠬᠤ ᠦᠨᠳᠦᠰᠦᠨ ᠵᠠᠷᠴᠢᠮ ᠪᠣᠯᠭᠠᠬᠤ ᠬᠡᠷᠡᠭᠲᠡᠢ᠃ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠳᠦᠷᠢᠮᠵᠢᠯᠲᠡ ᠶᠢ ᠯᠠᠪᠳᠠᠭᠤᠨ ᠢᠶᠠᠷ ᠠᠬᠢᠭᠤᠯᠵᠤ᠂ | ᠨᠡᠶᠢᠭᠡᠮ ᠤᠨ ᠬᠥᠭᠵᠢᠯᠲᠡ᠂ ᠭᠡᠷᠡᠯ ᠰᠠᠴᠤᠷᠠᠩᠭᠤᠢ ᠦᠨᠡᠨᠴᠢ ᠢᠲᠡᠭᠡᠮᠵᠢᠲᠡᠢ ᠰᠠᠶᠢᠨ ᠰᠠᠶᠢᠬᠠᠨ ᠠᠵᠤ ᠠᠬᠤᠢ | ᠨᠡᠶᠢᠭᠡᠮ ᠤᠨ ᠣᠷᠴᠢᠨ ᠲᠣᠭᠤᠷᠢᠨ ᠪᠠ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠳᠠᠬᠢᠨ ᠪᠤᠢ ᠪᠣᠯᠭᠠᠬᠤ ᠳᠤ | ᠮᠠᠨ ᠤ ᠴᠥᠬᠦᠷᠡᠰᠢ ᠦᠭᠡᠢ ᠴᠢᠷᠮᠠᠶᠢᠯᠭ᠎ᠠ ᠱᠠᠭᠠᠷᠳᠠᠭᠳᠠᠨ᠎ᠠ᠃ | ᠭᠡᠷ ᠪᠦᠯᠢ ᠶᠢᠨ ᠦᠨᠡᠨᠴᠢ ᠢᠲᠡᠭᠡᠮᠵᠢ ᠶᠢ ᠬᠡᠷᠬᠢᠨ ᠪᠠᠶᠢᠭᠤᠯᠬᠤ ᠪᠤᠢ︖ | ᠭᠡᠷ ᠪᠦᠯᠢ ᠪᠣᠯ ᠬᠥᠮᠥᠨ ᠤ ᠠᠮᠢᠳᠤᠷᠠᠯ ᠳᠠᠬᠢ ᠴᠢᠬᠤᠯᠠ ᠬᠢᠴᠢᠶᠡᠯ ᠤᠨ ᠲᠠᠩᠬᠢᠮ ᠮᠥᠨ᠂ ᠰᠠᠶᠢᠨ ᠰᠠᠶᠢᠬᠠᠨ | ᠭᠡᠷ ᠤᠨ ᠰᠤᠷᠲᠠᠯ ᠲᠠᠢ ᠪᠠᠶᠢᠵᠤ᠂ ᠭᠡᠷ ᠪᠦᠯᠢ ᠶᠢᠨ ᠦᠨᠡᠨᠴᠢ ᠢᠲᠡᠭᠡᠮᠵᠢ ᠲᠠᠢ ᠪᠠᠶᠢᠬᠤ ᠶᠢ ᠪᠠᠶᠢᠭᠤᠯᠬᠤ ᠪᠣᠯ ᠦᠨᠡᠨᠴᠢ | ᠢᠲᠡᠭᠡᠮᠵᠢᠲᠡᠢ ᠨᠡᠶᠢᠭᠡᠮ ᠢ ᠪᠠᠶᠢᠭᠤᠯᠬᠤ ᠳᠤ ᠬᠡᠷᠡᠭᠰᠡᠬᠦ ᠠᠩᠬᠠᠨ ᠤ ᠠᠯᠬᠤᠮ ᠮᠥᠨ᠃ | ᠨᠢᠭᠡ᠂ ᠶᠣᠰᠣ ᠤᠴᠢᠷ ᠢ ᠲᠣᠳᠣᠷᠬᠠᠢ ᠶᠠᠷᠢᠵᠤ᠂ ᠭᠡᠷ ᠪᠦᠯᠢ ᠶᠢᠨ ᠦᠨᠡᠨᠴᠢ ᠢᠲᠡᠭᠡᠮᠵᠢ ᠶᠢᠨ ᠦᠵᠡᠯ | ᠤᠬᠠᠮᠰᠠᠷ ᠢ ᠬᠥᠮᠥᠵᠢᠭᠦᠯᠬᠦ ᠬᠡᠷᠡᠭᠲᠡᠢ | ᠭᠡᠷ ᠪᠦᠯᠢ ᠶᠢᠨ ᠪᠦᠷᠢᠯᠳᠦᠭᠦᠨ ᠨᠦᠭᠦᠳ ᠬᠤᠭᠤᠷᠣᠨᠳᠤ ᠪᠠᠨ ᠠᠰᠠᠭᠤᠳᠠᠯ ᠤᠨ ᠬᠦᠨᠳᠦ ᠨᠣᠴᠢᠲᠠᠢ ᠴᠢᠨᠠᠷ ᠢ | ᠵᠣᠷᠢᠭᠤᠳᠠ ᠰᠤᠷᠲᠠᠯᠴᠢᠯᠠᠬᠤ ᠦᠭᠡᠢ ᠪᠠᠶᠢᠵᠤ᠂ ᠨᠡᠩ ᠴᠤ ᠬᠡᠷᠡᠭ ᠶᠠᠪᠤᠳᠠᠯ ᠤᠨ ᠰᠢᠨᠵᠢ ᠴᠢᠨᠠᠷ ᠢ ᠬᠡᠲᠦᠷᠬᠡᠢ ᠡᠷᠲᠡ | ᠲᠣᠭᠲᠠᠭᠠᠬᠤ ᠦᠭᠡᠢ ᠪᠠᠶᠢᠵᠤ᠂ ᠭᠡᠷ ᠪᠦᠯᠢ ᠶᠢᠨ ᠳᠤᠮᠳᠠ ᠠᠴᠠ ᠪᠤᠶ ᠪᠣᠯᠤᠭᠰᠠᠨ ᠦᠨᠡᠨᠴᠢ ᠪᠤᠰᠤ ᠦᠢᠯᠡ ᠠᠵᠢᠯᠯᠠᠭ᠎ᠠ | ᠪᠣᠯᠣᠨ ᠦᠵᠡᠭᠳᠡᠯ ᠢ ᠤᠷᠢᠳᠠᠪᠠᠷ ᠵᠠᠳᠠᠯᠵᠤ ᠪᠠᠶᠢᠭᠠᠳ ᠪᠤᠶ ᠪᠣᠯᠤᠭᠰᠠᠨ ᠰᠢᠯᠲᠠᠭᠠᠨ ᠢ ᠵᠠᠯᠠᠷᠠᠭᠤᠯᠬᠤ ᠬᠡᠷᠡᠭᠲᠡᠢ᠃ | ᠦᠨᠡᠨᠴᠢ ᠢᠲᠡᠭᠡᠮᠵᠢ ᠶᠢ ᠡᠷᠬᠢᠮᠯᠡᠬᠦ ᠦᠭᠡᠢ ᠬᠤᠣᠷ ᠬᠥᠨᠥᠭᠡᠯᠳᠦ ᠴᠢᠨᠠᠷ ᠪᠠ ᠨᠠᠵᠠᠭᠠᠢ ᠦᠷ᠎ᠡ ᠳ᠋ᠦᠩ ᠢ ᠲᠣᠳᠣᠷᠬᠠᠢ | ᠡᠷᠬᠢᠮᠯᠡᠵᠦ᠂ ᠭᠡᠷ ᠪᠦᠯᠢ ᠶᠢᠨ ᠪᠦᠷᠢᠯᠳᠦᠭᠦᠨ ᠲᠠᠢ ᠬᠠᠷᠰᠢᠯᠳᠤᠵᠤ ᠪᠠᠶᠢᠭᠠᠳ ᠦᠨᠡᠨᠴᠢ ᠢᠲᠡᠭᠡᠮᠵᠢ ᠲᠠᠢ ᠦᠢᠯᠡ | ᠠᠵᠢᠯᠯᠠᠭ᠎ᠠ ᠶᠢ ᠡᠷᠬᠢᠮᠯᠡᠬᠦ ᠦᠭᠡᠢ ᠰᠡᠳᠬᠢᠴᠡ ᠶᠢ ᠪᠤᠢ ᠪᠣᠯᠭᠠᠬᠤ ᠬᠡᠷᠡᠭᠲᠡᠢ᠃ | ᠬᠤᠶᠠᠷ᠂ ᠪᠠᠭ᠎ᠠ ᠶᠠᠪᠤᠳᠠᠯ ᠢ ᠪᠣᠳᠣᠯᠬᠢᠯᠠᠨ᠂ ᠦᠨᠡᠨᠴᠢ ᠢᠲᠡᠭᠡᠮᠵᠢ ᠦᠭᠡᠢ ᠦᠢᠯᠡ ᠠᠵᠢᠯᠯᠠᠭ᠎ᠠ ᠶᠢ ᠴᠠᠭ | ᠲᠤᠬᠠᠢ ᠳᠤᠨᠢ ᠵᠠᠯᠠᠷᠠᠭᠤᠯᠬᠤ ᠬᠡᠷᠡᠭᠲᠡᠢ | ᠡᠳᠦᠷ ᠲᠤᠲᠤᠮ ᠤᠨ ᠠᠮᠢᠳᠤᠷᠠᠯ ᠳᠤᠮᠳᠠ ᠭᠡᠷ ᠪᠦᠯᠢ ᠶᠢᠨ ᠪᠦᠷᠢᠯᠳᠦᠭᠦᠨ ᠨᠢ ᠬᠠᠷᠢᠯᠴᠠᠨ ᠬᠢᠨᠠᠯᠲᠠ | ᠲᠠᠯᠪᠢᠵᠤ᠂ ᠦᠨᠡᠨᠴᠢ ᠢᠲᠡᠭᠡᠮᠵᠢ ᠦᠭᠡᠢ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠵᠤ ᠪᠣᠯᠣᠨ᠎ᠠ᠃ | ᠭᠡᠷ ᠤᠨ ᠠᠬᠠᠮᠠᠳ ᠨᠢ ᠬᠡᠦᠬᠡᠳ ᠢᠶᠠᠨ ᠬᠥᠮᠥᠵᠢᠭᠦᠯᠬᠦ ᠦᠶ᠎ᠡ ᠳᠤ᠂ ᠬᠡᠦᠬᠡᠳ ᠤᠨ ᠪᠡᠶ᠎ᠡ ᠳᠡᠭᠡᠷ᠎ᠡ ᠡᠭᠦᠰᠦᠭᠰᠡᠨ | ᠪᠣᠳᠠᠲᠠᠢ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠬᠡᠦᠬᠡᠳ ᠲᠤ ᠶᠠᠭᠤ ᠨᠢ ᠦᠨᠡᠨᠴᠢ ᠢᠲᠡᠭᠡᠮᠵᠢ ᠦᠭᠡᠢ ᠦᠢᠯᠡ | ᠠᠵᠢᠯᠯᠠᠭ᠎ᠠ ᠭᠡᠳᠡᠭ ᠢ ᠬᠡᠯᠡᠵᠦ ᠥᠭᠬᠦ ᠬᠡᠷᠡᠭᠲᠡᠢ᠃ ᠬᠡᠦᠬᠡᠳ ᠪᠠᠰᠠ ᠭᠡᠷ ᠤᠨ ᠠᠬᠠᠮᠠᠳ ᠲᠤ ᠬᠢᠨᠠᠯᠲᠠ ᠲᠠᠯᠪᠢᠬᠤ | ᠴᠢᠬᠤᠯᠠᠲᠠᠢ ᠦᠨᠡᠨᠴᠢ ᠢᠲᠡᠭᠡᠮᠵᠢ ᠦᠭᠡᠢ ᠦᠢᠯᠡ ᠠᠵᠢᠯᠯᠠᠭ᠎ᠠ ᠪᠣᠯ᠂ ᠨᠡᠪᠲᠡᠷᠡᠯᠴᠡᠬᠦ᠂ ᠰᠡᠳᠬᠢᠯ ᠤᠨ ᠦᠭᠡ ᠪᠠᠨ | ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠭᠡᠷ ᠤᠨ ᠠᠬᠠᠮᠠᠳ ᠲᠠᠢ ᠬᠠᠮᠲᠤ ᠶᠢᠨ ᠲᠠᠨᠢᠯᠲᠠ ᠲᠠᠢ ᠪᠣᠯᠵᠤ᠂ ᠭᠡᠷ | ᠪᠦᠯᠢ ᠶᠢᠨ ᠦᠨᠡᠨᠴᠢ ᠢᠲᠡᠭᠡᠮᠵᠢ ᠶᠢ ᠬᠠᠮᠲᠤᠪᠠᠷ ᠪᠠᠶᠢᠭᠤᠯᠵᠤ ᠪᠣᠯᠣᠨ᠎ᠠ᠃ | ᠡᠷᠳᠡᠮ ᠰᠢᠨᠵᠢᠯᠡᠭᠡᠨ ᠤ ᠦᠨᠡᠨᠴᠢ ᠢᠲᠡᠭᠡᠮᠵᠢ ᠶᠢ ᠬᠡᠷᠬᠢᠨ ᠪᠠᠶᠢᠭᠤᠯᠬᠤ ᠪᠤᠢ︖ | ᠶᠡᠷᠦᠩᠬᠡᠢ ᠱᠦᠵᠢ ᠰᠢ ᠶᠢᠨ ᠫᠢᠩ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠤᠨ | ᠶᠠᠷᠢᠯᠴᠠᠬᠤ ᠬᠤᠷᠠᠯ ᠳᠡᠭᠡᠷ᠎ᠡ᠄ ︽ᠮᠠᠨ ᠤ ᠤᠯᠤᠰ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠢ | ᠴᠡᠴᠡᠭᠯᠡᠭᠦᠯᠦᠨ ᠬᠥᠭᠵᠢᠭᠦᠯᠬᠦ ᠳᠤ ᠡᠷᠬᠡᠪᠰᠢ ᠰᠤᠷᠤᠯᠴᠠᠬᠤ ᠰᠤᠷᠲᠠᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ | ᠬᠡᠷᠡᠭᠲᠡᠢ︾ ᠭᠡᠵᠦ ᠵᠢᠭᠠᠵᠤ ᠭᠠᠷᠭᠠᠪᠠ᠃ ᠡᠶᠢᠮᠦ ᠠᠴᠠ᠂ ᠪᠢᠳᠡ ᠡᠷᠳᠡᠮ ᠰᠢᠨᠵᠢᠯᠡᠭᠡᠨ ᠤ ᠡᠲᠡᠭᠡᠳ ᠤᠨ ᠬᠢᠨ ᠰᠣᠳᠣᠨ | ᠪᠦᠲᠦᠭᠡᠯ ᠢ ᠡᠷᠬᠢᠮᠯᠡᠬᠦ᠂ ᠡᠷᠳᠡᠮ ᠰᠢᠨᠵᠢᠯᠡᠭᠡᠨ ᠢ ᠴᠢᠩᠭ᠎ᠠ ᠵᠠᠰᠠᠬᠤ᠂ ᠦᠨᠡᠨᠴᠢ ᠢᠲᠡᠭᠡᠮᠵᠢ ᠶᠢ ᠴᠢᠬᠤᠯᠠᠴᠢᠯᠠᠬᠤ᠂ | ᠬᠠᠷᠢᠭᠤᠴᠠᠯᠭ᠎ᠠ ᠶᠢ ᠡᠷᠬᠢᠮᠯᠡᠬᠦ ᠰᠢᠯᠢᠳᠡᠭ ᠰᠠᠶᠢᠨ ᠰᠤᠷᠤᠯᠴᠠᠬᠤ ᠰᠤᠷᠲᠠᠯ ᠢ ᠪᠣᠶ ᠪᠣᠯᠭᠠᠬᠤ ᠶᠢ ᠶᠡᠭᠡ ᠪᠠᠷ ᠠᠬᠢᠭᠤᠯᠵᠤ᠂ | ᠰᠤᠷᠲᠠᠯ ᠴᠢᠬᠡᠴᠢ ᠣᠪᠣᠷ ᠲᠥᠪ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ᠂ ᠢᠳᠡᠪᠬᠢᠲᠡᠢ ᠪᠠᠷ ᠥᠭᠡᠳᠡᠯᠡᠨ | ᠳᠠᠪᠰᠢᠬᠤ ᠡᠷᠳᠡᠮ ᠰᠢᠨᠵᠢᠯᠡᠭᠡᠨ ᠤ ᠠᠮᠢ ᠠᠬᠤᠢ ᠶᠢ ᠪᠣᠶ ᠪᠣᠯᠭᠠᠬᠤ ᠬᠡᠷᠡᠭᠲᠡᠢ᠃ | ᠡᠷᠳᠡᠮ ᠰᠢᠨᠵᠢᠯᠡᠭᠡᠨ ᠤ ᠰᠤᠳᠤᠯᠭ᠎ᠠ ᠨᠢ ᠭᠠᠭᠴᠠ ᠬᠥᠮᠥᠨ ᠤ ᠶᠠᠪᠤᠳᠠᠯ ᠪᠢᠰᠢ᠂ ᠡᠷᠳᠡᠮ ᠰᠢᠨᠵᠢᠯᠡᠭᠡ ᠨᠢ | ᠪᠤᠢ ᠪᠦᠬᠦᠢ ᠡᠷᠳᠡᠮᠲᠡᠳ ᠤᠨ ᠬᠠᠮᠲᠤ ᠶᠢᠨ ᠦᠢᠯᠡᠰ᠃ ᠡᠷᠳᠡᠮ ᠰᠢᠨᠵᠢᠯᠡᠭᠡᠨ ᠤ ᠦᠨᠡᠨᠴᠢ ᠢᠲᠡᠭᠡᠮᠵᠢ ᠶᠢ ᠪᠠᠶᠢᠭᠤᠯᠬᠤ | ᠨᠢ ᠪᠤᠰᠤᠳ ᠤᠨ ᠬᠡᠷᠡᠭ ᠪᠢᠰᠢ᠂ ᠬᠠᠷᠢᠨ ᠬᠠᠮᠲᠤ ᠪᠠᠷ ᠴᠢᠷᠮᠠᠶᠢᠬᠤ ᠬᠡᠷᠡᠭᠲᠡᠢ ᠶᠠᠪᠤᠳᠠᠯ ᠪᠣᠯᠣᠨ᠎ᠠ᠃ ᠡᠷᠳᠡᠮ | ᠰᠢᠨᠵᠢᠯᠡᠭᠡᠨ ᠤ ᠦᠨᠡᠨᠴᠢ ᠢᠲᠡᠭᠡᠮᠵᠢ ᠶᠢ ᠪᠠᠶᠢᠭᠤᠯᠵᠤ᠂ ᠡᠷᠳᠡᠮᠲᠡᠨ ᠨᠢᠭᠡᠪᠦᠷᠢ ᠡᠷᠳᠡᠮ ᠰᠢᠨᠵᠢᠯᠡᠭᠡᠨ ᠤ ᠬᠠᠶᠢᠨ | ᠰᠦᠪᠡᠭᠴᠢᠯᠡᠬᠦ ᠵᠠᠮ ᠳᠤᠮᠳᠠ ᠪᠠᠨ ᠥᠴᠥᠬᠡᠨ ᠴᠦ ᠬᠤᠳᠠᠯ ᠬᠠᠭᠤᠷᠮᠠᠭ ᠪᠠᠶᠢᠵᠤ ᠪᠣᠯᠬᠤ ᠦᠭᠡᠢ᠂ ᠡᠷᠬᠡᠪᠰᠢ ᠡᠷᠡᠰ | ᠪᠠᠲᠤ ᠵᠣᠷᠢᠭ ᠰᠠᠨᠠᠭ᠎ᠠ ᠲᠠᠢ ᠪᠠᠶᠢᠵᠤ᠂ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠭᠰᠠᠨ ᠰᠢᠭ᠋᠂ ︽ᠤᠶᠢᠳᠬᠠᠷ ᠢ | ᠲᠡᠰᠪᠦᠷᠢᠯᠡᠵᠦ᠂ ᠲᠥᠭᠡᠷᠢᠭᠳᠡᠯ ᠢ ᠳᠠᠭᠠᠭᠠᠵᠤ᠂ ᠬᠤᠷᠢᠭ᠎ᠠ ᠱᠤᠭᠤᠮ ᠢ ᠰᠠᠬᠢᠵᠤ᠂ ᠡᠷᠳᠡᠮ ᠮᠡᠳᠡᠯᠭᠡ ᠪᠠᠨ ᠨᠡᠮᠡᠭᠳᠡᠭᠦᠯᠵᠦ᠂ | ᠦᠨᠡᠨ ᠡᠷᠳᠡᠮ ᠮᠡᠳᠡᠯᠭᠡ ᠪᠠᠨ ᠬᠢᠬᠦ︾ ᠬᠡᠷᠡᠭᠲᠡᠢ᠃ ᠡᠷᠳᠡᠮ ᠰᠢᠨᠵᠢᠯᠡᠭᠡᠨ ᠤ ᠰᠤᠳᠤᠯᠭᠠᠨ ᠳᠤ᠂ ︽ᠮᠡᠳᠡᠬᠦ ᠦᠭᠡᠢ ᠪᠣᠯ | ᠮᠡᠳᠡᠬᠦ ᠦᠭᠡᠢ︾ᠪᠠᠶᠢᠬᠤ ᠬᠡᠷᠡᠭᠲᠡᠢ︔ ᠦᠨᠡᠨ ᠪᠠᠶᠢᠪᠠᠯ ᠦᠨᠡᠨ ᠪᠠᠶᠢᠵᠤ᠂ ᠬᠠᠭᠤᠷᠮᠠᠭ ᠬᠠᠭᠤᠷᠮᠠᠭ ᠢ ᠦᠨᠡᠨ | ᠪᠣᠳᠠᠲᠠᠢ ᠪᠠᠷ ᠪᠣᠳᠣᠵᠤ ᠪᠣᠯᠬᠤ ᠦᠭᠡᠢ᠃ ᠡᠷᠳᠡᠮ ᠰᠢᠨᠵᠢᠯᠡᠭᠡᠨ ᠤ ᠰᠤᠳᠤᠯᠤᠯ ᠪᠣᠯ ᠬᠥᠮᠥᠨ ᠲᠥᠷᠥᠯᠬᠢᠲᠡᠨ ᠳᠤ | ᠪᠤᠶᠠᠨ ᠦᠢᠯᠡᠳᠬᠦ ᠪᠦᠲᠦᠭᠡᠯᠴᠢ ᠴᠢᠨᠠᠷᠲᠠᠢ ᠠᠵᠢᠯᠯᠠᠭ᠎ᠠ ᠪᠣᠯᠬᠤᠷ ᠡᠷᠬᠡᠪᠰᠢ ᠲᠥᠪ ᠴᠢᠩᠭ᠎ᠠ ᠪᠠᠷ ᠬᠠᠨᠳᠤᠬᠤ ᠬᠡᠷᠡᠭᠲᠡᠢ | ᠃ ᠡᠷᠳᠡᠮᠲᠡᠨ ᠨᠢᠭᠡᠪᠦᠷᠢ ᠨᠢ ᠡᠷᠳᠡᠮ ᠱᠢᠨᠵᠢᠯᠡᠭᠡᠨ ᠤ ᠰᠤᠳᠤᠯᠭ᠎ᠠ ᠬᠢᠬᠦ ᠦᠶ᠎ᠡ ᠳᠤ ᠬᠥᠮᠥᠨ ᠪᠣᠯᠬᠤ᠂ ᠠᠵᠢᠯ ᠬᠢᠬᠦ᠂ | ᠡᠷᠳᠡᠮ ᠤᠬᠠᠭᠠᠨ ᠢ ᠨᠢᠭᠡᠳᠬᠡᠬᠦ ᠬᠡᠷᠡᠭᠲᠡᠢ᠂ ᠦᠨᠡᠨᠴᠢ ᠬᠥᠮᠥᠨ᠂ ᠠᠷᠢᠭᠤᠨ ᠬᠥᠮᠥᠨ ᠪᠣᠯᠬᠤ ᠬᠡᠷᠡᠭᠲᠡᠢ᠃ | ᠬᠡᠷᠬᠢᠨ ᠰᠦᠯᠵᠢᠶᠡᠨ ᠤ ᠦᠨᠡᠨᠴᠢ ᠢᠲᠡᠭᠡᠮᠵᠢᠲᠡᠢ ᠪᠠᠶᠢᠬᠤ ᠪᠤᠢ︖ | ᠢᠨᠲ᠋ᠧᠷ ᠰᠦᠯᠵᠢᠶ᠎ᠡ ᠨᠢ ᠬᠠᠤᠯᠢ ᠶᠢᠨ ᠭᠠᠳᠠᠨᠠᠬᠢ ᠭᠠᠵᠠᠷ ᠪᠢᠰᠢ ᠮᠥᠷᠲᠡᠭᠡᠨ ᠪᠠᠰᠠ ᠢᠲᠡᠭᠡᠯ ᠠᠯᠳᠠᠭᠰᠠᠨ | ᠭᠠᠵᠠᠷ ᠪᠢᠰᠢ᠂ ᠵᠥᠪᠬᠡᠨ ᠰᠦᠯᠵᠢᠶᠡᠨ ᠤ ᠣᠷᠣᠨ ᠵᠠᠢ ᠶᠢ ᠢᠲᠡᠭᠡᠯ ᠲᠠᠢ ᠪᠣᠯᠭᠠᠵᠤ᠂ ᠢᠳᠡᠪᠬᠢᠲᠡᠢ ᠡᠷᠡᠭᠦᠯ ᠪᠠᠶᠢᠪᠠᠯ | ᠰᠠᠶ᠋ᠢ ᠢᠳᠡᠪᠬᠢ ᠬᠦᠴᠦᠨ ᠢ ᠭᠦᠢᠴᠡᠳ ᠪᠣᠯᠭᠠᠵᠤ᠂ ᠭᠤᠣᠯ ᠬᠥᠭ ᠠᠶᠠᠰ ᠢ ᠥᠨᠳᠥᠷ ᠪᠣᠯᠭᠠᠵᠤ ᠴᠢᠳᠠᠨ᠎ᠠ᠃ ᠢᠨᠲ᠋ᠧᠷ | ᠰᠦᠯᠵᠢᠶ᠎ᠡ ᠤᠯᠠᠮ ᠤᠷᠤᠭᠰᠢ ᠬᠥᠭᠵᠢᠬᠦ ᠲᠤᠲᠤᠮ᠂ ︽ᠬᠤᠣᠰ ᠢᠷᠲᠦ ᠰᠡᠯᠡᠮ᠎ᠡ︾ ᠶᠢᠨ ᠦᠢᠯᠡᠳᠦᠯ ᠤᠯᠠᠮ | ᠬᠥᠮᠥᠰ ᠤᠨ ᠠᠩᠬᠠᠷᠤᠯ ᠢ ᠲᠠᠲᠠᠵᠤ᠂ ᠤᠯᠠᠮ ᠰᠠᠶᠢᠨ ᠲᠠᠯ᠎ᠠ ᠪᠠᠨ ᠪᠠᠳᠠᠷᠠᠭᠤᠯᠤᠨ ᠳᠤᠲᠠᠭᠳᠠᠯ ᠲᠠᠢ ᠲᠠᠯ᠎ᠠ ᠪᠠᠨ | ᠲᠡᠪᠴᠢᠵᠦ᠂ ᠠᠰᠢᠭ ᠲᠤᠰᠠ ᠶᠢ ᠬᠥᠭᠵᠢᠭᠦᠯᠦᠨ ᠬᠤᠣᠷ ᠬᠥᠨᠥᠭᠡᠯ ᠢ ᠠᠷᠢᠯᠭᠠᠬᠤ ᠴᠢᠬᠤᠯᠠᠲᠠᠢ ᠶᠤᠮ᠃ | ᠨᠢᠭᠡ᠂ ᠪᠣᠯᠪᠠᠰᠤᠨ ᠢᠶᠠᠷ ᠰᠦᠯᠵᠢᠶᠡᠨ ᠳᠤ ᠭᠠᠷᠴᠤ᠂ ᠣᠶᠤᠨᠴᠢ ᠪᠠᠷ ᠦᠭᠡ ᠬᠡᠯᠡᠬᠦ | ᠲᠣᠣᠷ ᠰᠦᠯᠵᠢᠶ᠎ᠡ ᠨᠢ ᠪᠣᠯᠪᠠᠰᠤᠨ ᠠᠲᠠᠷ ᠭᠠᠵᠠᠷ ᠪᠣᠯᠵᠤ ᠪᠣᠯᠬᠤ ᠦᠭᠡᠢ᠂ ᠪᠣᠳᠠᠲᠤ ᠨᠡᠶᠢᠭᠡᠮ ᠲᠠᠢ | ᠠᠳᠠᠯᠢ ᠪᠠᠷ᠂ ᠪᠠᠲᠤ ᠰᠠᠬᠢᠬᠤ ᠪᠠ ᠥᠭᠡᠳᠡᠯᠡᠨ ᠳᠠᠪᠰᠢᠬᠤ᠂ ᠪᠤᠶᠠᠨ ᠦᠢᠯᠡᠳᠬᠦ ᠣᠶᠤᠨ ᠰᠠᠨᠠᠭᠠᠨ ᠤ ᠬᠦᠴᠦᠨ ᠢ | ᠳᠠᠮᠵᠢᠭᠤᠯᠬᠤ ᠴᠢᠬᠤᠯᠠᠲᠠᠢ᠃ ᠪᠢᠳᠡ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠢᠳᠡᠪᠬᠢᠲᠡᠢ | ᠪᠠᠳᠠᠷᠠᠭᠤᠯᠵᠤ᠂ ᠥᠭᠡᠳᠡᠯᠡᠨ ᠲᠠᠪᠰᠢᠬᠤ ᠪᠠᠷ ᠬᠦᠴᠦᠯᠡᠨ ᠴᠢᠷᠮᠠᠶᠢᠬᠤ᠂ ᠶᠣᠰᠣ ᠰᠤᠷᠲᠠᠬᠤᠨ ᠢ ᠡᠷᠬᠢᠮᠯᠡᠨ ᠴᠠᠶᠢᠯᠭᠠᠨ | ᠪᠠᠶᠢᠬᠤ᠂ ᠦᠨᠡᠨᠴᠢ ᠢᠲᠡᠭᠡᠮᠵᠢᠲᠡᠢ ᠪᠠᠶᠢᠬᠤ ᠦᠵᠡᠯ ᠰᠠᠨᠠᠭ᠎ᠠ ᠣᠶᠢᠯᠠᠭᠠᠭᠳᠠᠬᠤᠨ ᠢ ᠤᠯᠠᠮᠵᠢᠯᠠᠵᠤ᠂ ᠮᠠᠨ ᠤ | ᠰᠦᠯᠵᠢᠶᠡᠨ ᠤ ᠣᠷᠣᠨ ᠵᠠᠢ ᠶᠢᠨ ᠰᠤᠷᠲᠠᠯ ᠴᠢᠬᠡᠴᠢ ᠣᠪᠣᠷ ᠲᠥᠪ᠂ ᠨᠡᠷᠡᠨ ᠤ ᠭᠡᠷᠡᠯ ᠢᠶᠠᠷ ᠪᠢᠯᠬᠠᠮ᠎ᠠ ᠪᠣᠯᠭᠠᠬᠤ | ᠬᠡᠷᠡᠭᠲᠡᠢ᠃ | ᠬᠤᠶᠠᠷ᠂ ᠦᠨᠡᠨᠴᠢ ᠢᠲᠡᠭᠡᠮᠵᠢᠲᠡᠢ ᠲᠣᠣᠷ ᠢ ᠬᠡᠷᠡᠭᠯᠡᠬᠦ ᠳᠤ ᠬᠥᠮᠥᠨ ᠪᠦᠬᠦᠨ ᠬᠠᠷᠢᠭᠤᠴᠠᠯᠭ᠎ᠠ ᠲᠠᠢ | ᠰᠦᠯᠵᠢᠶ᠎ᠡ ᠳᠡᠭᠡᠷᠡᠬᠢ ᠦᠵᠡᠯ ᠰᠠᠨᠠᠭᠠᠨ ᠤ ᠶᠠᠷᠢᠯᠴᠠᠭ᠎ᠠ ᠪᠣᠯ ᠶᠡᠷᠦᠮᠳᠡᠭ ᠪᠠᠶᠢᠳᠠᠯ ᠮᠥᠨ᠂ ᠭᠡᠪᠡᠴᠦ | ᠣᠳᠣᠬᠠᠨ ᠤ ᠵᠠᠷᠢᠮ ᠥᠷᠥᠭᠡᠰᠦᠭᠡᠯ ᠦᠵᠡᠯ ᠰᠠᠨᠠᠭᠠᠨ ᠤ ᠤᠷᠤᠰᠬᠠᠯ ᠤᠨ ᠡᠮᠦᠨ᠎ᠡ᠂ ᠥᠭᠡᠷ᠎ᠡ ᠰᠡᠳᠬᠢᠯ ᠲᠠᠯᠪᠢᠵᠤ | ᠪᠠᠶᠢᠭ᠎ᠠ ᠦᠭᠡ ᠶᠠᠷᠢᠶᠠᠨ ᠤ ᠡᠮᠦᠨ᠎ᠡ᠂ ᠪᠢᠳᠡ ᠰᠢᠳᠤᠷᠭᠤ ᠶᠣᠰᠣᠨ ᠤ ᠪᠠ ᠬᠠᠷᠢᠭᠤᠴᠠᠯᠭ᠎ᠠ ᠡᠭᠦᠷᠭᠡᠯᠡᠬᠦ ᠵᠣᠷᠢᠭ | ᠰᠠᠨᠠᠭ᠎ᠠ ᠶᠢ ᠠᠪᠴᠤ᠂ ᠵᠥᠪ ᠣᠨᠣᠪᠴᠢᠲᠠᠢ ᠦᠵᠡᠯ ᠰᠠᠨᠠᠭ᠎ᠠ ᠶᠢ ᠰᠠᠨᠠᠭᠠᠴᠢᠯᠠᠵᠤ᠂ ᠪᠤᠷᠤᠭᠤ ᠦᠭᠡ ᠶᠢ ᠨᠢᠴᠤᠭᠠᠬᠤ | ᠬᠡᠷᠡᠭᠲᠡᠢ᠃ | ᠭᠤᠷᠪᠠ᠂ ᠬᠠᠤᠯᠢ ᠶᠣᠰᠣᠭᠠᠷ ᠰᠦᠯᠵᠢᠶᠡᠨ ᠳᠤ ᠭᠠᠷᠴᠤ᠂ ᠪᠡᠶ᠎ᠡ ᠪᠠᠨ ᠴᠢᠩᠭ᠎ᠠ ᠱᠠᠭᠠᠷᠳᠠᠬᠤ ᠬᠡᠷᠡᠭᠲᠡᠢ | ᠲᠣᠣᠷ ᠰᠦᠯᠵᠢᠶ᠎ᠡ ᠨᠢ ᠬᠠᠤᠯᠢ ᠠᠴᠠ ᠭᠠᠳᠠᠭᠤᠷᠬᠢ ᠭᠠᠵᠠᠷ ᠪᠣᠯᠵᠤ ᠪᠣᠯᠬᠤ ᠦᠭᠡᠢ᠂ ᠬᠥᠮᠥᠨ ᠪᠦᠬᠦᠨ | ᠰᠦᠯᠵᠢᠶᠡᠨ ᠳᠡᠭᠡᠷ᠎ᠡ ᠬᠠᠤᠯᠢ ᠶᠢ ᠮᠡᠳᠡᠵᠤ ᠬᠠᠤᠯᠢ ᠶᠢ ᠰᠠᠬᠢᠵᠤ᠂ ᠰᠦᠯᠵᠢᠶᠡᠨ ᠤ ᠡᠮᠬᠢ ᠵᠢᠷᠤᠮ ᠢ ᠰᠠᠶ᠋ᠢ | ᠵᠢᠷᠤᠮᠵᠢᠭᠤᠯᠵᠤ᠂ ᠲᠣᠣᠷ ᠰᠦᠯᠵᠢᠶ᠎ᠡ ᠨᠢ ᠰᠠᠶ᠋ᠢ ᠡᠷᠡᠭᠦᠯ ᠢᠶᠠᠷ ᠬᠥᠭᠵᠢᠵᠦ ᠴᠢᠳᠠᠨ᠎ᠠ᠃ ᠪᠢᠳᠡ ᠤᠬᠠᠮᠰᠠᠷ ᠠᠴᠠ ᠪᠠᠨ | ᠰᠦᠯᠵᠢᠶᠡᠨ ᠳᠡᠭᠡᠷᠡᠬᠢ ᠠᠵᠢᠯᠯᠠᠭ᠎ᠠ ᠳᠤ ᠬᠠᠷᠢᠭᠤᠴᠠᠵᠤ᠂ ᠦᠨᠡᠨᠴᠢ ᠢᠲᠡᠭᠡᠮᠵᠢ ᠶᠢ ᠡᠷᠬᠢᠮᠯᠡᠵᠦ᠂ ᠬᠤᠷᠢᠭ᠎ᠠ ᠱᠤᠭᠤᠮ ᠢ | ᠰᠠᠬᠢᠵᠤ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ᠂ ᠰᠦᠯᠵᠢᠶᠡᠨ ᠤ ᠮᠡᠬᠡᠯᠡᠯ ᠬᠢᠬᠦ᠂ | ᠰᠦᠯᠵᠢᠶᠡᠨ ᠤ ᠬᠦᠴᠦᠷᠬᠡᠭᠯᠡᠯ ᠠᠴᠠ ᠬᠤᠯᠠ ᠵᠠᠶᠢᠳᠠᠭᠤ ᠪᠠᠶᠢᠵᠤ᠂ ᠥᠪᠡᠷ ᠤᠨ ᠵᠢᠵᠢᠭ ᠰᠠᠵᠢᠭ ᠴᠢᠷᠮᠠᠶᠢᠯᠭ᠎ᠠ ᠪᠠᠷ | ᠦᠨᠡᠨᠴᠢ ᠢᠲᠡᠭᠡᠮᠵᠢ ᠶᠢᠨ ᠰᠦᠯᠵᠢᠶᠡᠨ ᠤ ᠪᠠᠶᠢᠭᠤᠯᠤᠯᠲᠠ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ | | |