ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
ᠨᠡᠶᠢᠲᠡᠯᠡᠭᠰᠡᠨ ᠴᠠᠭ᠄
2024/5/8
        ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢ        ︵ᠨᠢᠭᠡ︶ᠠᠷᠠᠳ ᠨᠡᠶᠢᠲᠡ ᠶᠢᠨ ᠥᠮᠴᠢᠯᠡᠯᠲᠦ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ᠂ ᠣᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠪᠤᠢ ᠪᠦᠬᠦᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠤᠯᠪᠣᠭᠳᠠᠯ ᠪᠦᠬᠦᠢ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ᠬᠡᠮᠵᠢᠨ ᠵᠢᠷᠤᠭᠯᠠᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃        ︵ᠬᠤᠶᠠᠷ︶ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠢ ᠪᠠᠶᠢᠴᠠᠭᠠᠯᠲᠠ ᠪᠠ ᠬᠢᠨᠠᠨ ᠬᠡᠮᠵᠢᠯᠲᠡ ᠶᠢ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠭᠰᠡᠨ ᠦᠷ᠎ᠡ ᠪᠦᠲᠦᠭᠡᠯ ᠤᠨ ᠬᠢᠨᠠᠯᠲᠠ ᠬᠠᠮᠢᠶᠠᠷᠤᠯᠲᠠ ᠪᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃ ᠣᠢ ᠰᠢᠭᠤᠢ᠂ ᠨᠤᠲᠤᠭ ᠪᠡᠯᠴᠢᠭᠡᠷ᠂ ᠡᠯᠡᠰᠦᠨ ᠭᠠᠵᠠᠷ ᠪᠣᠯᠣᠨ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠥᠳᠡᠯᠦᠩᠭᠦᠢ ᠬᠢᠨᠠᠨ ᠬᠡᠮᠵᠢᠯᠲᠡ ᠪᠠ ᠦᠨᠡᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃        ︵ᠭᠤᠷᠪᠠ︶ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠢ ᠨᠤᠲᠠᠯᠠᠨ ᠲᠣᠭᠲᠠᠭᠠᠵᠤ ᠳᠠᠩᠰᠠᠯᠠᠬᠤ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠠᠴᠠ ᠲᠣᠭᠲᠠᠭᠠᠭᠰᠠᠨ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠦᠯᠦ ᠬᠥᠳᠡᠯᠬᠦ ᠬᠥᠷᠥᠩᠭᠡ ᠶᠢᠨ ᠡᠷᠬᠡ ᠶᠢ ᠨᠢᠭᠡᠳᠦᠯᠲᠡᠢ ᠨᠤᠲᠠᠯᠠᠨ ᠲᠣᠭᠲᠠᠭᠠᠵᠤ ᠳᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠦᠯᠦ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ ᠳᠦᠷᠢᠮ᠂ ᠪᠠᠷᠢᠮᠵᠢᠶ᠎ᠠ᠂ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠪᠠ ᠦᠯᠦ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠤᠨ ᠪᠠᠶᠢᠭᠤᠯᠤᠯᠲᠠ ᠶᠢ ᠪᠠᠶᠢᠭᠤᠯᠤᠨ ᠪᠦᠷᠢᠨᠰᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠪᠠ ᠦᠯᠦ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠬᠠᠮᠲᠤ ᠳᠤ ᠪᠠᠨ ᠬᠦᠷᠲᠡᠬᠦ᠂ ᠬᠤᠷᠢᠶᠠᠩᠭᠤᠶᠢᠯᠠᠨ ᠲᠤᠰᠢᠶᠠᠬᠤ ᠬᠠᠮᠢᠶᠠᠷᠤᠯᠲᠠ ᠵᠡᠷᠭᠡ ᠶᠢ ᠬᠠᠷᠢᠭᠤᠴᠠᠨ᠎ᠠ᠃ ᠪᠦᠬᠦ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠪᠠ ᠦᠯᠦ ᠬᠥᠳᠡᠯᠬᠦ ᠬᠥᠷᠥᠩᠭᠡ ᠶᠢᠨ ᠡᠷᠬᠡ ᠶᠢ ᠨᠢᠭᠡᠳᠦᠯᠲᠡᠢ ᠨᠤᠲᠠᠯᠠᠨ ᠲᠣᠭᠲᠠᠭᠠᠵᠤ ᠳᠠᠩᠰᠠᠯᠠᠬᠤ ᠠᠵᠢᠯ ᠢ ᠡᠭᠦᠷᠭᠡᠯᠡᠨ᠎ᠡ᠃        ︵ᠳᠥᠷᠪᠡ︶ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠪᠠᠷ ᠬᠡᠷᠡᠭᠯᠡᠬᠦ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠤᠭ᠎ᠠ ᠪᠦᠷᠢᠳᠬᠡᠯ ᠤᠨ ᠳᠦᠷᠢᠮ ᠢ ᠲᠣᠭᠲᠠᠭᠠᠬᠤ ᠶᠣᠰᠣᠭᠠᠷ᠂ ᠪᠦᠬᠦ  ᠲᠣᠭᠤᠷᠢᠭ ᠤᠨ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠣᠭᠠᠴᠠᠭ᠎ᠠ ᠬᠢᠬᠦ ᠶᠢ ᠬᠠᠷᠢᠭᠤᠴᠠᠨ᠎ᠠ᠃ ᠪᠦᠬᠦ  ᠲᠣᠭᠤᠷᠢᠭ ᠤᠨ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠢ ᠥᠭᠴᠡᠭᠡ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠵᠤ᠂ ᠬᠢᠨᠠᠨ ᠰᠢᠯᠭᠠᠬᠤ ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ᠃ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠤᠪᠢᠶᠠᠷᠢᠯᠠᠨ ᠥᠭᠬᠦ᠂ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠬᠠᠩᠰᠢᠯᠠᠵᠤ ᠪᠡᠯᠡ ᠭᠠᠷᠭᠠᠬᠤ ᠪᠠ ᠭᠠᠵᠠᠷ ᠰᠢᠷᠣᠢ ᠨᠥᠭᠡᠴᠡᠯᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠵᠦᠢ ᠵᠣᠬᠢᠰᠲᠠᠢ ᠲᠣᠬᠢᠷᠠᠭᠤᠯᠤᠨ᠎ᠠ᠃ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠠᠤᠯᠢ ᠶᠣᠰᠣᠭᠠᠷ ᠬᠤᠷᠢᠶᠠᠨ ᠠᠪᠤᠨ᠎ᠠ᠃        ︵ᠲᠠᠪᠤ︶ᠪᠠᠶᠢᠭᠠᠯ ᠤᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠲᠥᠯᠦᠪᠵᠢᠭᠦᠯᠭᠡ ᠪᠠ ᠨᠡᠭᠡᠭᠡᠨ ᠠᠰᠢᠭᠯᠠᠬᠤ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠵᠢᠯᠴᠠᠨ ᠵᠠᠰᠠᠭ ᠤᠨ ᠣᠷᠳᠣᠨ ᠠᠴᠠ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ ᠬᠠᠩᠰᠢ ᠶᠢᠨ ᠰᠢᠰᠲ᠋ᠧᠮᠵᠢ ᠶᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠲᠠᠰ ᠪᠠ ᠳᠡᠰ ᠲᠣᠭᠲᠠᠭᠠᠭᠰᠠᠨ ᠦᠨ᠎ᠡ ᠬᠠᠩᠰᠢ ᠶᠢᠨ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢ ᠦᠨᠡᠯᠡᠵᠦ ᠬᠢᠨᠠᠨ ᠰᠢᠯᠭᠠᠬᠤ ᠶᠢ ᠥᠷᠨᠢᠭᠦᠯᠦᠨ᠂ ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠨᠢ ᠬᠤᠷᠸ᠎ᠠ ᠲᠣᠬᠢᠷᠠᠭᠤᠯᠭ᠎ᠠ᠂ ᠣᠷᠣᠨ ᠪᠦᠰᠡ ᠶᠢᠨ ᠵᠣᠬᠢᠴᠠᠭᠤᠯᠭ᠎ᠠ ᠪᠠ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃        ︵ᠵᠢᠷᠭᠤᠭ᠎ᠠ︶ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠶᠢ ᠬᠠᠷᠢᠭᠤᠴᠠᠨ᠎ᠠ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠪᠠ ᠳᠦᠷᠢᠮ ᠢ ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ᠬᠠᠮᠢᠶ᠎ᠠ ᠪᠦᠬᠦᠢ ᠲᠤᠰᠬᠠᠢ ᠲᠥᠷᠥᠯ ᠤᠨ ᠲᠥᠯᠦᠪᠵᠢᠭᠦᠯᠭᠡ᠂ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠪᠤᠰᠤᠳ ᠲᠥᠷᠥᠯ ᠵᠦᠢᠯ ᠤᠨ ᠲᠤᠰᠬᠠᠢ ᠲᠥᠷᠥᠯ ᠤᠨ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠯᠡᠨ ᠵᠣᠯᠭᠠᠯᠳᠤᠭᠤᠯᠵᠤ᠂ ᠡᠯ᠎ᠡ ᠲᠥᠷᠥᠯ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠦᠷ᠎ᠡ ᠪᠦᠲᠦᠭᠡᠯ ᠢ ᠬᠠᠤᠯᠢ ᠶᠣᠰᠣᠭᠠᠷ ᠬᠢᠨᠠᠨ ᠬᠠᠷᠭᠤᠭᠤᠯᠬᠤ᠂ ᠮᠡᠳᠡᠭᠦᠯᠦᠨ ᠵᠥᠪᠰᠢᠶᠡᠷᠡᠭᠦᠯᠬᠦ᠂ ᠳᠠᠩᠰᠠᠯᠠᠭᠤᠯᠬᠤ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠠᠰᠢᠭᠯᠠᠬᠤ ᠳᠤ ᠵᠣᠬᠢᠴᠠᠬᠤ ᠴᠢᠨᠠᠷ ᠤᠨ ᠦᠨᠡᠯᠡᠯᠲᠡ ᠶᠢ ᠥᠷᠨᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠵᠡᠷᠭᠡ ᠬᠢᠵᠠᠭᠠᠷᠯᠠᠬᠤ ᠱᠤᠭᠤᠮ ᠢ ᠵᠣᠬᠢᠶᠠᠨ ᠪᠠᠶᠢᠭᠤᠯᠤᠨ ᠵᠠᠭᠠᠭᠯᠠᠨ ᠲᠣᠭᠲᠠᠭᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠢ ᠶᠢ ᠬᠠᠮᠠᠭᠠᠯᠠᠬᠤ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠣᠷᠣᠨ ᠵᠠᠢ ᠶᠢᠨ ᠪᠠᠶᠢᠷᠢᠰᠢᠯ ᠢ ᠪᠠᠶᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡᠨ ᠤ ᠬᠠᠮᠢᠶᠠᠷᠤᠯᠲᠠ ᠶᠢᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠃ ᠭᠠᠵᠠᠷ ᠰᠢᠷᠣᠢ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠣᠨ ᠤ ᠠᠰᠢᠭᠯᠠᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠬᠡᠷᠡᠭᠵᠢᠭᠦᠯᠦᠨ᠎ᠡ᠃ ᠭᠠᠵᠠᠷ ᠰᠢᠷᠣᠢ ᠵᠡᠷᠭᠡ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠰᠢᠯᠵᠢᠭᠦᠯᠦᠨ ᠬᠡᠷᠡᠭᠯᠡᠬᠦ ᠠᠵᠢᠯ ᠢ ᠬᠠᠷᠢᠭᠤᠴᠠᠨ᠎ᠠ᠃ ᠭᠠᠵᠠᠷ ᠰᠢᠷᠣᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃        ︵ᠳᠣᠯᠤᠭ᠎ᠠ) ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠲᠥᠯᠦᠪᠵᠢᠭᠦᠯᠭᠡ ᠶᠢᠨ ᠲᠣᠭᠤᠷᠢᠭ ᠤᠨ ᠬᠡᠪᠴᠢᠶᠡᠨ ᠳᠣᠲᠣᠷᠠᠬᠢ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠣᠩᠭᠤᠬᠤ ᠰᠠᠨᠠᠯ ᠤᠨ ᠪᠢᠴᠢᠭ ︵ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠨᠥᠬᠦᠴᠡᠯ ᠪᠢᠴᠢᠭ ᠪᠠᠭᠲᠠᠨ᠎ᠠ︶)ᠪᠦᠲᠦᠭᠡᠨ ᠪᠠᠶᠢᠭᠤᠯᠤᠯᠲᠠ ᠳᠤ ᠠᠰᠢᠭᠯᠠᠬᠤ ᠭᠠᠵᠠᠷ ᠤᠨ ᠲᠥᠯᠥᠪᠯᠡᠭᠡᠨ ᠤ ᠵᠥᠪᠰᠢᠶᠡᠷᠡᠯ ᠤᠨ ᠦᠨᠡᠮᠯᠡᠯ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠃ ᠵᠠᠰᠠᠵᠤ ᠪᠠᠶᠢᠭᠤᠯᠬᠤ ᠴᠢᠨᠠᠷᠲᠠᠢ ᠡᠯ᠎ᠡ ᠵᠦᠢᠯ ᠤᠨ ᠨᠠᠷᠢᠨ ᠲᠥᠯᠦᠪᠵᠢᠭᠦᠯᠭᠡ ᠵᠢᠴᠢ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠥᠯ ᠢ ᠬᠠᠤᠯᠢ ᠶᠣᠰᠣᠭᠠᠷ ᠬᠢᠨᠠᠨ ᠪᠠᠶᠢᠴᠠᠭᠠᠨ᠎ᠠ᠃ ᠬᠠᠷᠢᠶ᠎ᠠ ᠣᠷᠣᠨ ᠤ ᠪᠠᠷᠢᠯᠭ᠎ᠠ ᠳᠠᠭᠤᠰᠤᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃        ︵ᠨᠠᠢᠮᠠ︶ ᠬᠤᠲᠠ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠪᠣᠯᠣᠨ ᠭᠠᠵᠠᠷ ᠳᠣᠣᠷᠠᠬᠢ ᠣᠷᠣᠨ ᠵᠠᠢ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠵᠢᠷᠤᠭ ᠲᠥᠯᠥᠪᠯᠡᠭᠡ ᠶᠢ ᠬᠢᠨᠠᠨ ᠬᠠᠮᠢᠶᠠᠷᠤᠨ᠎ᠠ᠃ ᠬᠤᠲᠠ ᠶᠢᠨ ᠰᠡᠯᠪᠢᠨ ᠵᠠᠰᠠᠵᠤ ᠨᠥᠬᠦᠬᠦ ᠳᠤ ᠬᠢᠨᠠᠯᠲᠠ ᠲᠠᠯᠪᠢᠨ᠎ᠠ᠃ ᠲᠡᠦᠬᠡ ᠰᠣᠶᠣᠯ ᠤᠨ ᠵᠡᠭᠡᠯᠢ ᠲᠣᠭᠤᠷᠢᠭ᠂ ᠲᠡᠦᠬᠡ ᠶᠢᠨ ᠳᠦᠷᠰᠦ ᠪᠠᠶᠢᠳᠠᠯ ᠤᠨ ᠲᠣᠭᠤᠷᠢᠭ᠂ ᠲᠡᠦᠬᠡ ᠶᠢᠨ ᠪᠠᠷᠢᠯᠭ᠎ᠠ ᠪᠣᠯᠣᠨ ᠤᠯᠠᠮᠵᠢᠯᠠᠯᠲᠤ ᠳᠦᠷᠰᠦ ᠪᠠᠶᠢᠳᠠᠯ ᠤᠨ ᠪᠠᠷᠢᠯᠭ᠎ᠠ ᠵᠡᠷᠭᠡ ᠲᠡᠦᠬᠡ ᠰᠣᠶᠣᠯ ᠤᠨ ᠥᠪ ᠢ ᠬᠠᠮᠠᠭᠠᠯᠠᠬᠤ ᠲᠥᠯᠦᠪᠵᠢᠭᠦᠯᠭᠡ ᠶᠢᠨ ᠠᠵᠢᠯ ᠢ ᠬᠠᠷᠢᠭᠤᠴᠠᠨ᠎ᠠ᠃ᠬᠤᠲᠠ ᠶᠢᠨ ᠱᠤᠭᠤᠮᠠᠯ ᠵᠡᠷᠭᠡ ᠣᠷᠴᠢᠨ ᠲᠣᠭᠤᠷᠢᠨ ᠤ ᠤᠷᠠᠯᠢᠭ ᠤᠨ ᠪᠠᠶᠢᠭᠤᠯᠤᠯᠲᠠ︵ᠪᠠᠶᠢᠭᠤᠯᠬᠤ︶ ᠪᠠᠷᠢᠯᠭ᠎ᠠ ᠶᠢ ᠲᠥᠯᠥᠪᠵᠢᠭᠦᠯᠦᠨ ᠬᠠᠮᠢᠶᠠᠷᠬᠤ ᠠᠵᠢᠯ ᠢ ᠬᠠᠷᠢᠭᠤᠴᠠᠨ᠎ᠠ᠃        ︵ᠶᠢᠰᠦ︶ ᠪᠦᠬᠦ  ᠲᠣᠭᠤᠷᠢᠭ ᠤᠨ ᠲᠣᠰᠬᠤᠨ ᠪᠠᠯᠭᠠᠰᠤ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ ᠠᠵᠢᠯ  ᠢ ᠬᠠᠷᠢᠭᠤᠴᠠᠵᠤ᠂  ᠠᠶᠢᠯ ᠲᠣᠰᠬᠤᠨ ( ᠭᠠᠴᠠᠭ᠎ᠠ ) ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠬᠠᠮᠢᠶᠠᠷᠤᠯᠲᠠ ᠶᠢᠨ ᠠᠵᠢᠯ  ᠢ ᠵᠣᠬᠢᠶᠠᠨ  ᠪᠠᠶᠢᠭᠤᠯᠤᠨ᠎ᠠ᠃ ᠬᠠᠷᠢᠶ᠎ᠠ ᠣᠷᠣᠨ ᠤ ᠲᠡᠦᠬᠡ ᠰᠣᠶᠣᠯ ᠤᠨ ᠨᠡᠷᠡᠲᠦ ᠬᠤᠲᠠ ᠨᠡᠷᠡᠲᠦ ᠪᠠᠯᠭᠠᠰᠤ ᠨᠡᠷᠡᠲᠦ ᠲᠣᠰᠬᠤᠨ ᠢ ᠬᠠᠮᠠᠭᠠᠯᠠᠬᠤ ᠲᠥᠯᠥᠪᠵᠢᠭᠦᠯᠪᠡ ᠬᠠᠮᠢᠶᠠᠷᠤᠯᠲᠠ ᠬᠢᠭᠡᠳ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠯᠡᠬᠦ ᠠᠵᠢᠯ ᠢ ᠡᠭᠦᠷᠭᠡᠯᠡᠨ᠎ᠡ᠃        ︵ᠠᠷᠪᠠ︶ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠨᠢᠭᠡᠳᠦᠯᠲᠡᠢ ᠲᠥᠯᠥᠪᠯᠡᠬᠦ ᠶᠢ ᠬᠠᠷᠢᠭᠤᠴᠠᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠤᠯᠪᠣᠭᠳᠠᠯ ᠪᠦᠬᠦᠢ ᠠᠮᠢ ᠠᠬᠤᠢ ᠶᠢ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠭᠠᠵᠠᠷ ᠰᠢᠷᠣᠢ ᠶᠢ ᠲᠡᠭᠰᠢᠯᠡᠨ ᠬᠠᠭᠠᠯᠪᠤᠷᠢᠯᠠᠬᠤ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ ᠨᠠᠶᠢᠳᠠᠪᠤᠷᠢᠵᠢᠭᠤᠯᠵᠤ᠂ ᠨᠡᠶᠢᠭᠡᠮ ᠤᠨ ᠪᠡᠯᠡ ᠮᠥᠩᠭᠦ ᠶᠢ ᠵᠦᠢ ᠵᠣᠬᠢᠰᠲᠠᠢ ᠠᠰᠢᠭᠯᠠᠨ ᠠᠮᠢ ᠠᠬᠤᠢ ᠶᠢ ᠰᠡᠷᠭᠦᠭᠡᠬᠦ ᠠᠷᠭ᠎ᠠ ᠬᠡᠮᠵᠢᠶ᠎ᠡ ᠶᠢ  ᠲᠣᠭᠲᠠᠭᠠᠨ᠎ᠠ᠃ ᠴᠢᠬᠤᠯᠠ ᠶᠡᠭᠡ ᠰᠣᠩᠭᠤᠭᠤᠯᠢ ᠶᠢᠨ ᠪᠡᠯᠡᠳᠬᠡᠯ ᠲᠥᠷᠥᠯ ᠵᠦᠢᠯ ᠢ ᠳᠤᠷᠠᠳᠴᠤ᠂ ᠪᠦᠬᠦ  ᠲᠣᠭᠤᠷᠢᠭ ‍ᠤᠨ‌ᠣᠢ ᠰᠢᠭᠤᠢ ᠪᠣᠯᠣᠨ ᠨᠤᠲᠤᠭ ᠪᠡᠯᠴᠢᠭᠡᠷ ᠵᠢᠴᠢ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃        ︵ᠠᠷᠪᠠᠨ ᠨᠢᠭᠡ︶ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢᠨ ᠬᠠᠮᠠᠭᠠᠯᠠᠯᠲᠠ ᠶᠢ ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠣᠨᠴᠠᠭᠠᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ ᠲᠠᠷᠢᠶᠠᠨ ᠭᠠᠵᠠᠷ ᠢ ᠡᠵᠡᠯᠡᠬᠦ ᠨᠥᠬᠦᠪᠦᠷᠢ ᠶᠢ ᠲᠡᠩᠴᠡᠭᠦᠯᠬᠦ ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠳᠤ ᠨᠥᠬᠦᠪᠦᠷᠢ ᠥᠭᠬᠦ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠢ︔ ᠭᠠᠵᠠᠷ ᠰᠢᠷᠣᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ᠂ ᠲᠠᠷᠢᠶᠠᠯᠠᠩ ᠳᠤ ᠬᠡᠷᠡᠭᠡᠯᠡᠬᠦ ᠭᠠᠵᠠᠷ ᠢ ᠰᠢᠯᠵᠢᠭᠦᠯᠦᠨ ᠬᠡᠷᠡᠭᠯᠡᠬᠦ ᠪᠠ ᠭᠠᠵᠠᠷ ᠰᠢᠷᠣᠢ ᠲᠠᠲᠠᠪᠤᠷᠢᠯᠠᠨ ᠬᠡᠷᠡᠭᠡᠯᠡᠬᠦ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠣᠨ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠡᠯ᠎ᠡ ᠲᠥᠷᠥᠯ ᠤᠨ ᠬᠡᠷᠡᠭᠯᠡᠬᠦ ᠭᠠᠵᠠᠷ ᠢ ᠬᠢᠨᠠᠬᠤ ᠪᠠ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠡᠭᠦᠷᠭᠡᠯᠡᠨ᠎ᠡ᠃          ( ᠠᠷᠪᠠᠨ ᠬᠤᠶᠠᠷ ) ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ ᠬᠠᠮᠢᠶᠠᠷᠤᠨ᠎ᠠ᠃ ᠲᠣᠭᠲᠠᠭᠠᠭᠰᠠᠨ ᠡᠷᠬᠡ ᠮᠠᠲᠠᠯ ᠤᠨ ᠶᠣᠰᠣᠭᠠᠷ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠯᠦᠪᠵᠢᠭᠦᠯᠭᠡ ᠶᠢ ᠨᠠᠶᠢᠳᠠᠪᠤᠷᠢᠵᠢᠭᠤᠯᠵᠤ᠂ ᠰᠠᠭᠤᠷᠢ ᠴᠢᠨᠠᠷᠲᠠᠢ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠭᠠᠵᠠᠷ ᠰᠢᠨᠵᠢᠯᠡᠭᠡᠨ ᠤ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠬᠦ ᠬᠡᠷᠡᠭᠲᠡᠢ᠃ ᠲᠣᠭᠲᠠᠭᠠᠭᠰᠠᠨ ᠡᠷᠬᠡ ᠮᠠᠲᠠᠯ ᠤᠨ ᠶᠣᠰᠣᠭᠠᠷ᠂ ᠭᠠᠵᠠᠷ ᠤᠨ ᠭᠠᠮᠰᠢᠭ ᠢ ᠰᠡᠷᠭᠡᠶᠢᠯᠡᠬᠦ ᠪᠠ ᠵᠠᠰᠠᠬᠤ ᠶᠢ ᠬᠠᠷᠢᠭᠤᠴᠠᠵᠤ ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠮᠠᠯᠲᠠᠭᠰᠠᠨ ᠠᠴᠠ ᠪᠣᠯᠤᠭᠰᠠᠨ ᠭᠠᠵᠠᠷ ᠤᠨ ᠭᠠᠳᠠᠷᠭᠤ ᠳᠣᠷᠣᠭᠰᠢ ᠰᠠᠭᠤᠭᠰᠠᠨ ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠢ ᠬᠢᠨᠠᠯᠲᠠ ᠲᠠᠯᠪᠢᠨ ᠬᠠᠮᠢᠶᠠᠷᠴᠤ᠂ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃         ︵ᠠᠷᠪᠠᠨ ᠭᠤᠷᠪᠠ︶ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ ᠤᠨ ᠭᠠᠢ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠬᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠤᠭᠤᠳᠬᠤ ᠪᠠ ᠬᠢᠨᠠᠯᠲᠠ ᠲᠠᠯᠪᠢᠨ᠎ᠠ᠃ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠢ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ ᠭᠠᠵᠠᠷ ᠤᠨ ᠭᠠᠢ ᠭᠠᠮᠰᠢᠭ ᠤᠨ ᠢᠨᠵᠧᠨᠧᠷᠢᠩ ᠢ ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ᠃ ᠭᠠᠵᠠᠷ ᠤᠨ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠲᠣᠭᠤᠷᠢᠭ ᠤᠨ ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠬᠤ᠂ ᠭᠠᠯ ᠤᠨ ᠡᠬᠢ ᠰᠤᠷᠪᠤᠯᠵᠢ ᠶᠢ ᠬᠠᠮᠢᠶᠠᠷᠴᠤ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠢᠯᠤᠭᠤᠳᠴᠤ᠂ ᠪᠠᠶᠢᠴᠠᠭᠠᠵᠤ᠂ ᠬᠢᠨᠠᠯᠲᠠ ᠲᠠᠯᠪᠢᠵᠤ᠂ ᠵᠣᠬᠢᠴᠠᠭᠤᠯᠤᠨ᠎ᠠ᠃ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠴᠢᠬᠤᠯᠠ ᠲᠠᠢ ᠦᠶ᠎ᠡ ᠳᠤ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠵᠦ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠪᠠᠶᠢᠭᠤᠯᠤᠮᠵᠢ ᠶᠢᠨ ᠨᠡᠷ᠎ᠡ ᠪᠠᠷ ᠬᠠᠮᠢᠶ᠎ᠠ ᠪᠦᠬᠦᠢ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠵᠤ ᠪᠣᠯᠣᠨ᠎ᠠ᠃        ︵ᠠᠷᠪᠠᠨ  ᠳᠥᠷᠪᠡ︶ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠠᠮᠢᠶᠠᠷᠤᠯᠲᠠ ᠵᠢᠴᠢ ᠳᠠᠷᠤᠭᠳᠠᠮᠠᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠢᠨᠠᠨ ᠬᠠᠷᠭᠤᠭᠤᠯᠤᠯᠲᠠ ᠶᠢ ᠬᠠᠷᠢᠭᠤᠴᠠᠨ᠎ᠠ᠃ ᠪᠦᠬᠦ  ᠲᠣᠭᠤᠷᠢᠭ ‍ᠤᠨ‌ᠠᠭᠤᠷᠬᠠᠢ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ᠂ ᠠᠭᠤᠷᠬᠠᠢ ᠶᠢᠨ ᠦᠢᠯᠡᠰ ᠤᠨ ᠡᠷᠬᠡ ᠶᠢ ᠬᠢᠨᠠᠨ ᠵᠥᠪᠰᠢᠶᠡᠷᠡᠵᠦ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠮᠠᠯᠲᠠᠬᠤ ᠣᠨᠴᠠ ᠲᠥᠷᠥᠯ ᠤᠨ ᠬᠦᠳᠡᠷ᠂ ᠳᠠᠪᠠᠭᠤᠯᠢᠭ ᠠᠭᠤᠷᠬᠠᠢ ᠶᠢᠨ ᠭᠠᠷᠤᠯᠲᠠ ᠶᠢᠨ ᠲᠣᠬᠢᠷᠠᠭᠤᠯᠤᠯ ᠡᠵᠡᠮᠳᠡᠯ ᠵᠢᠴᠢ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠷᠬᠡ ᠮᠡᠳᠡᠯ ᠤᠨ ᠬᠡᠪᠴᠢᠶᠡᠨ ᠳᠠᠬᠢ ᠠᠭᠤᠷᠬᠠᠢ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠭᠰᠠᠨ ᠤ ᠠᠰᠢᠭ ᠣᠯᠵᠠᠪᠤᠷᠢ ᠲᠠᠲᠠᠪᠤᠷᠢᠯᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠨᠠᠶᠢᠳᠠᠪᠤᠷᠢᠵᠢᠭᠤᠯᠤᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠪᠠ ᠬᠠᠮᠠᠭᠠᠯᠠᠬᠤ ᠳᠤ ᠬᠢᠨᠠᠯᠲᠠ ᠲᠠᠯᠪᠢᠨ ᠵᠢᠯᠣᠭᠤᠳᠤᠨ᠎ᠠ᠃        ︵ᠠᠷᠪᠠᠨ ᠲᠠᠪᠤ︶ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠮᠡᠳᠡᠭᠡ ᠵᠠᠩᠭᠢ ᠪᠣᠯᠣᠨ ᠬᠡᠮᠵᠢᠨ ᠵᠢᠷᠤᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠠᠭᠤᠷᠢ ᠬᠡᠮᠵᠢᠨ ᠵᠢᠷᠤᠬᠤ ᠪᠠ ᠬᠡᠮᠵᠢᠨ ᠵᠢᠷᠤᠬᠤ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠲᠥᠯᠦᠪᠵᠢᠭᠦᠯᠭᠡ᠂ ᠬᠡᠮᠵᠢᠨ ᠵᠢᠷᠤᠬᠤ ᠬᠢᠷᠢ ᠬᠡᠮ ᠬᠢᠭᠡᠳ ᠢᠲᠡᠭᠡᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠣᠷᠣᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠤᠨ᠎ᠠ᠃ ᠭᠠᠵᠠᠷ ᠵᠦᠢ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠶᠢ ᠬᠠᠷᠢᠭᠤᠴᠠᠨ᠎ᠠ᠃        ︵ᠠᠷᠪᠠᠨ ᠵᠢᠷᠭᠤᠭ᠎ᠠ︶ᠬᠠᠷᠢᠶ᠎ᠠ ᠣᠷᠣᠨ ᠤ ᠣᠶ ᠰᠢᠭᠤᠢ᠂ ᠨᠤᠲᠤᠭ ᠪᠡᠯᠴᠢᠭᠡᠷ ᠵᠢᠴᠢ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠰᠡᠷᠭᠦᠭᠡᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠳᠡᠭᠡᠳᠦ ᠱᠠᠲᠤᠨ ᠤ ᠣᠶ ᠰᠢᠭᠤᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠰᠡᠷᠭᠦᠭᠡᠯᠲᠡ ᠶᠢᠨ ᠲᠥᠷᠥ ᠶᠢᠨ ᠪᠣᠳᠣᠯᠭ᠎ᠠ᠂ ᠲᠥᠯᠦᠪᠵᠢᠭᠦᠯᠭᠡ ᠶᠢᠨ ᠪᠠᠷᠢᠮᠵᠢᠶ᠎ᠠ ᠶᠢ ᠲᠤᠤᠱᠯᠠᠭᠤᠯᠤᠨ  ᠨᠠᠶᠢᠳᠠᠪᠤᠷᠢᠵᠢᠭᠤᠯᠤᠨ᠎ᠠ᠃ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ ᠭᠠᠵᠠᠷ ᠪᠠ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠥᠳᠡᠯᠦᠩᠭᠦᠢ ᠬᠢᠨᠠᠨ ᠬᠡᠮᠵᠢᠬᠦ ᠪᠠ ᠦᠨᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃        ︵ᠠᠷᠪᠠᠨ ᠳᠣᠯᠤᠭ᠎ᠠ︶ᠬᠠᠷᠢᠶᠠᠲᠤ ᠣᠷᠣᠨ ᠤ ᠣᠶ ᠰᠢᠭᠤᠢ᠂ ᠨᠤᠲᠤᠭ ᠪᠡᠯᠴᠢᠭᠡᠷ ᠤᠨ ᠠᠮᠢ ᠠᠬᠤᠢ ᠶᠢ ᠨᠢᠭᠡᠳᠦᠯᠲᠡᠢ ᠬᠠᠮᠠᠭᠠᠯᠠᠬᠤ ᠪᠦᠲᠦᠭᠡᠨ ᠪᠠᠶᠢᠭᠤᠯᠵᠤ ᠰᠡᠷᠭᠦᠭᠡᠬᠦ ᠪᠠ ᠣᠶᠢᠵᠢᠭᠤᠯᠵᠤ ᠡᠪᠡᠰᠦ ᠲᠠᠷᠢᠵᠤ ᠨᠣᠭᠤᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠣᠶ ᠰᠢᠭᠤᠢ᠂ ᠨᠤᠲᠤᠭ ᠪᠡᠯᠴᠢᠭᠡᠷ ᠤᠨ ᠭᠤᠣᠯᠳᠠᠯᠭ᠎ᠠ ᠲᠠᠢ ᠠᠮᠢ ᠠᠬᠤᠢ ᠶᠢ ᠬᠠᠮᠠᠭᠠᠯᠠᠬᠤ ᠪᠦᠲᠦᠭᠡᠨ ᠪᠠᠶᠢᠭᠤᠯᠵᠤ ᠰᠡᠷᠭᠦᠭᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠣᠶ᠂ ᠲᠠᠸᠠᠷ ᠤᠨ ᠣᠶ ᠶᠢ ᠪᠣᠶᠢᠵᠢᠭᠤᠯᠤᠨ ᠡᠵᠡᠩᠨᠡᠬᠦ᠂ ᠬᠠᠮᠢᠶᠠᠷᠬᠤ ᠠᠵᠢᠯ ᠢ ᠵᠢᠯᠤᠭᠤᠳᠴᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠡᠪᠡᠰᠦ ᠲᠠᠷᠢᠬᠤ᠂ ᠬᠤᠲᠠ ᠬᠥᠳᠡᠭᠡ ᠶᠢᠨ ᠨᠣᠭᠤᠭᠠᠷᠠᠭᠤᠯᠤᠯᠲᠠ ᠪᠠ ᠣᠢ ᠰᠢᠭᠤᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠬᠢᠨᠠᠯᠲᠠ ᠲᠠᠯᠪᠢᠨ᠎ᠠ᠃ ᠣᠶ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠣᠶ ᠰᠢᠭᠤᠢ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃        ︵ᠠᠷᠪᠠᠨ ᠨᠠᠶᠢᠮᠠ︶ᠬᠠᠷᠢᠶ᠎ᠠ ᠣᠷᠣᠨ ᠤ ᠣᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠢ ᠰᠢᠭᠤᠢ ᠶᠢᠨ ᠮᠣᠳᠣ ᠤᠨᠠᠭᠠᠬᠤ ᠬᠢᠵᠠᠭᠠᠷ ᠲᠤᠭ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠶᠢᠲᠤ ᠭᠠᠵᠠᠷ ᠢ ᠬᠠᠮᠢᠶᠠᠷᠬᠤ ᠶᠢ ᠬᠠᠷᠢᠭᠤᠴᠠᠵᠤ᠂ ᠣᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠣᠢ ᠶᠢ ᠬᠤᠪᠢᠶᠠᠷᠢᠯᠠᠨ ᠲᠣᠭᠲᠠᠭᠠᠬᠤ ᠪᠠ ᠬᠠᠮᠢᠶᠠᠷᠬᠤ ᠠᠵᠢᠯ ᠢ ᠵᠢᠯᠣᠭᠤᠳᠤᠨ᠎ᠠ᠃ ᠨᠤᠭᠤ ᠭᠠᠵᠠᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠬᠠᠷᠢᠭᠤᠴᠠᠵᠤ᠂ ᠬᠠᠷᠢᠶ᠎ᠠ ᠣᠷᠣᠨ ᠤ ᠨᠤᠭᠤ ᠭᠠᠵᠠᠷ ᠢ ᠬᠠᠮᠠᠭᠠᠯᠠᠬᠤ ᠲᠥᠯᠦᠪᠵᠢᠭᠦᠯᠭᠡ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠨᠤᠭᠤ ᠭᠠᠵᠠᠷ ᠢ ᠨᠡᠭᠡᠭᠡᠨ ᠠᠰᠢᠭᠯᠠᠬᠤ ᠳᠤ ᠬᠢᠨᠠᠯᠲᠠ ᠲᠠᠯᠪᠢᠵᠤ ᠬᠠᠮᠢᠶᠠᠷᠤᠨ᠎ᠠ᠃        ︵ᠠᠷᠪᠠ ᠶᠢᠰᠦ︶ᠪᠦᠬᠦ ᠲᠣᠭᠤᠷᠢᠭ ᠤᠨ ᠣᠢ ᠰᠢᠭᠤᠢ ᠪᠣᠯᠣᠨ ᠬᠡᠭᠡᠷ᠎ᠡ ᠶᠢᠨ ᠠᠮᠢᠲᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠪᠤᠷᠠᠨ ᠬᠠᠮᠠᠭᠠᠯᠠᠬᠤ᠂ ᠣᠷᠣᠰᠢᠨ ᠠᠮᠢᠳᠤᠷᠠᠬᠤ ᠭᠠᠵᠠᠷ ᠢ ᠰᠡᠷᠭᠦᠭᠡᠨ ᠬᠥᠭᠵᠢᠭᠦᠯᠬᠦ᠂ ᠬᠢᠵᠢᠭ ᠤᠨ ᠢᠷᠡᠯᠲᠡ ᠶᠢᠨ ᠡᠪᠡᠳᠴᠢᠨ ᠢ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠵᠤ᠂ ᠡᠬᠡ ᠬᠠᠭᠤᠷᠠᠢ ᠶᠢᠨ ᠬᠡᠭᠡᠷ᠎ᠡ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ ᠪᠤᠶᠤ ᠲᠡᠭᠦᠬᠦ᠂ ᠳᠠᠰᠬᠠᠨ ᠲᠡᠵᠢᠭᠡᠵᠦ ᠦᠷᠡᠵᠢᠭᠦᠯᠬᠦ ᠪᠤᠶᠤ ᠪᠣᠶᠢᠵᠢᠭᠤᠯᠬᠤ᠂ ᠡᠵᠡᠩᠨᠡᠵᠦ ᠠᠰᠢᠭᠯᠠᠬᠤ ᠶᠢ ᠬᠢᠨᠠᠨ ᠬᠠᠮᠢᠶᠠᠷᠤᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃        ︵ᠬᠤᠷᠢ︶ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠬᠠᠷᠢᠭᠤᠴᠠᠵᠤ᠂ ᠣᠢ ᠮᠣᠳᠣᠨ ᠤ ᠦᠷ᠎ᠡ ᠪᠠ ᠡᠪᠡᠰᠦᠨ ᠦᠷ᠎ᠡ ᠶᠢᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠰᠠᠶᠢᠨ ᠦᠷ᠎ᠡ ᠡᠭᠦᠯᠳᠡᠷ ᠰᠣᠩᠭᠤᠨ ᠪᠣᠶᠢᠵᠢᠭᠤᠯᠵᠤ ᠳᠡᠯᠭᠡᠷᠡᠭᠦᠯᠬᠦ ᠶᠢ ᠬᠠᠷᠢᠭᠤᠴᠠᠨ᠂ ᠣᠢ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠦᠢᠯᠡᠳᠪᠦᠷᠢᠯᠡᠯ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠬᠠᠮᠢᠶᠠᠷᠴᠤ᠂ ᠣᠢ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠶᠠᠰᠤ ᠴᠢᠨᠠᠷ ᠢ ᠬᠢᠨᠠᠨ ᠬᠠᠮᠢᠶᠠᠷᠤᠨ᠎ᠠ᠃ ᠣᠢ ᠰᠢᠭᠤᠢ ᠪᠣᠯᠣᠨ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠦᠷ᠎ᠡ ᠡᠳ᠋ ᠤᠨ ᠡᠬᠢ ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠮᠤᠷ ᠲᠦᠪᠰᠢᠨ᠂ ᠤᠷᠭᠤᠮᠠᠯ ᠤᠨ ᠰᠢᠨ᠎ᠡ ᠲᠥᠷᠥᠯ ᠵᠦᠢᠯ ᠤᠨ ᠬᠠᠮᠠᠭᠠᠯᠠᠯᠲᠠ ᠶᠢ ᠬᠢᠨᠠᠨ ᠬᠠᠮᠢᠶᠠᠷᠤᠨ᠎ᠠ᠃        ︵ᠬᠤᠷᠢᠨ ᠨᠢᠭᠡ︶ᠣᠢ ᠰᠢᠭᠤᠢ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠵᠢᠴᠢ ᠮᠣᠳᠣᠨ ᠮᠠᠲ᠋ᠧᠷᠢᠶᠠᠯ ᠢ ᠠᠰᠢᠭᠯᠠᠬᠤ ᠲᠥᠷᠥ ᠶᠢᠨ ᠪᠣᠳᠣᠯᠭ᠎ᠠ᠂ ᠵᠠᠮ ᠣᠢ ᠰᠢᠭᠤᠢ ᠪᠠ ᠨᠤᠲᠤᠭ ᠪᠡᠯᠴᠢᠭᠡᠷ ᠤᠨ ᠠᠵᠤ ᠦᠢᠯᠡᠰ ᠤᠨ ᠬᠠᠮᠢᠶ᠎ᠠ ᠪᠦᠬᠦᠢ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠢ ᠰᠢᠭᠤᠢ ᠪᠠ ᠨᠤᠲᠤᠭ ᠪᠡᠯᠴᠢᠭᠡᠷ ᠤᠨ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ᠂ ᠠᠮᠢ ᠠᠬᠤᠢ ᠪᠠᠷ ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃        ︵ᠬᠤᠷᠢᠨ ᠬᠤᠶᠠᠷ︶ᠪᠦᠬᠦ ᠲᠣᠭᠤᠷᠢᠭ ᠤᠨ ᠣᠢ ᠰᠢᠭᠤᠢ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ ᠠᠬᠢᠭᠤᠯᠤᠨ᠎ᠠ᠃ ᠬᠠᠮᠲᠤ ᠶᠢᠨ ᠣᠢ ᠰᠢᠭᠤᠢ ᠶᠢᠨ ᠡᠷᠬᠡ ᠶᠢᠨ ᠳᠦᠷᠢᠮ ᠪᠣᠯᠣᠨ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ ᠶᠢᠨ ᠰᠠᠨᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠬᠡᠷᠡᠭᠲᠡᠢ᠃ ᠪᠦᠬᠦ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠣᠢ ᠰᠢᠭᠤᠢ ᠶᠢᠨ ᠬᠥᠭᠵᠢᠯᠲᠡ ᠵᠢᠴᠢ ᠣᠢ ᠰᠢᠭᠤᠢ ᠶᠢᠨ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠶᠢᠲᠤ ᠭᠠᠵᠠᠷ ᠢ ᠳᠠᠭᠠᠭᠠᠴᠢᠯᠠᠨ ᠡᠵᠡᠩᠨᠡᠬᠦ ᠠᠵᠢᠯ ᠢ ᠥᠷᠨᠢᠭᠦᠯᠦᠨ᠎ᠡ᠃ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠶᠢ ᠰᠡᠷᠭᠦᠭᠡᠬᠦ ᠪᠠ ᠪᠠᠶᠢᠭᠠᠯᠢ ᠶᠢᠨ ᠣᠢ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃        ︵ᠬᠤᠷᠢᠨ ᠭᠤᠷᠪᠠᠨ︶ᠰᠠᠯᠠᠭ᠎ᠠ ᠮᠥᠴᠢᠷ ᠤᠨ ᠲᠥᠰᠥᠪ ᠢ ᠳᠤᠷᠠᠳᠬᠤ ᠶᠢᠨ ᠬᠠᠮᠲᠤ ᠣᠢ ᠰᠢᠭᠤᠢ ᠶᠢᠨ ᠪᠡᠯᠡ ᠮᠥᠩᠭᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶᠠᠷᠬᠤ ᠪᠠ ᠬᠡᠷᠡᠭᠯᠡᠨ ᠣᠢ ᠰᠢᠭᠤᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠢᠶᠠᠷᠴᠤ᠂ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠬᠦ ᠬᠡᠷᠡᠭᠲᠡᠢ᠃ ᠣᠢ ᠰᠢᠭᠤᠢ ᠶᠢᠨ ᠠᠵᠤ ᠠᠬᠤᠢ ᠶᠢᠨ ᠲᠣᠬᠢᠷᠠᠭᠤᠯᠤᠯᠲᠠ ᠪᠠ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠣᠢ ᠰᠢᠭᠤᠢ ᠶᠢᠨ ᠠᠮᠢ ᠠᠬᠤᠢ ᠶᠢᠨ ᠨᠥᠬᠦᠪᠦᠷᠢ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠣᠨ ᠤ ᠦᠢᠯᠡᠳᠪᠦᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ  ᠵᠣᠬᠢᠶᠠᠨ᠎ᠠ᠃        ︵ᠬᠤᠷᠢᠨ ᠳᠥᠷᠪᠡᠨ︶ᠣᠢ ᠰᠢᠭᠤᠢ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ᠂ ᠤᠬᠠᠭᠤᠯᠭ᠎ᠠ ᠬᠥᠮᠦᠵᠢᠯ ᠪᠠ ᠭᠠᠳᠠᠭᠠᠳᠤ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠢ ᠰᠢᠭᠤᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃        ︵ᠬᠤᠷᠢᠨ ᠲᠠᠪᠤᠨ︶ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠵᠢᠴᠢ ᠬᠡᠮᠵᠢᠨ ᠵᠢᠷᠤᠭᠯᠠᠬᠤ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ ᠬᠠᠷᠢᠶ᠎ᠠ ᠣᠷᠣᠨ ᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠥᠷᠨᠢᠭᠦᠯᠬᠦ ᠶᠢ ᠵᠢᠯᠣᠭᠤᠳᠤᠨ ᠬᠢᠨᠠᠯᠲᠠ ᠲᠠᠯᠪᠢᠨ᠎ᠠ᠃        ︵ᠬᠤᠷᠢᠨ ᠵᠢᠷᠭᠤᠭᠠᠨ︶ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠲᠥᠷᠥᠯ ᠤᠨ ᠬᠠᠮᠢᠶ᠎ᠠ ᠪᠦᠬᠦᠢ ᠠᠶᠤᠯᠭᠦᠢ ᠦᠢᠯᠡᠳᠪᠦᠷᠢᠯᠡᠯ ᠤᠨ ᠠᠵᠢᠯ ᠢ ᠡᠭᠦᠷᠭᠡᠯᠡᠨ᠎ᠡ᠃        ︵ᠬᠤᠷᠢᠨ ᠳᠣᠯᠤᠭ᠎ᠠ︶ᠰᠢᠭᠤᠶᠢᠲᠤ ᠲᠣᠭᠤᠷᠢᠭ ᠤᠨ ᠲᠥᠯᠦᠪᠵᠢᠭᠦᠯᠭᠡ ᠶᠢᠨ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃        ︵ᠬᠤᠷᠢᠨ ᠨᠠᠶᠢᠮᠠ︶ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠠᠶᠤᠯᠭᠦᠢ ᠦᠢᠯᠡᠳᠪᠦᠷᠢᠯᠡᠯ᠂ ᠳᠠᠭᠠᠭᠠᠴᠢᠯᠠᠨ ᠬᠤᠯᠪᠣᠭᠠᠯᠠᠬᠤ ᠠᠵᠢᠯ ᠵᠢᠴᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃        ︵ᠬᠤᠷᠢ ᠶᠢᠰᠦ︶ᠡᠭᠦᠷᠭᠡ ᠴᠢᠳᠠᠪᠤᠷᠢ ᠶᠢ  ᠬᠤᠪᠢᠷᠠᠭᠤᠯᠤᠨ᠎ᠠ᠃ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠦᠬᠦ ᠠᠷᠠᠳ ᠤᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠬᠦ ᠲᠤᠬᠠᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠪᠠ ᠠᠮᠢ ᠠᠬᠤᠢ ᠶᠢ ᠬᠠᠮᠠᠭᠠᠯᠠᠨ ᠰᠡᠷᠭᠦᠭᠡᠬᠦ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠬᠦ ᠲᠤᠬᠠᠢ ᠱᠠᠭᠠᠷᠳᠠᠯᠭ᠎ᠠ ᠶᠢ ᠨᠢᠭᠡᠳᠦᠯᠲᠡᠢ ᠬᠡᠷᠡᠭᠵᠢᠭᠦᠯᠵᠦ᠂ ᠳᠦᠷᠢᠮ ᠤᠨ ᠵᠢᠷᠤᠭ ᠲᠥᠯᠥᠪᠯᠡᠭᠡ ᠶᠢ ᠴᠢᠩᠭᠠᠳᠬᠠᠨ᠂ ᠢᠳᠡᠪᠬᠢᠲᠡᠢ ᠪᠠᠷ ᠠᠵᠢᠯᠯᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠦᠢᠯᠡᠳᠦᠯ ᠢ ᠪᠠᠳᠠᠷᠠᠭᠤᠯᠤᠨ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠨᠡᠭᠡᠭᠡᠨ ᠠᠰᠢᠭᠯᠠᠬᠤ ᠳᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠬᠠᠩᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠬᠡᠮᠵᠢᠬᠦ ᠪᠠ ᠦᠨᠡᠯᠡᠬᠦ᠂ ᠬᠠᠮᠠᠭᠠᠯᠠᠬᠤ ᠪᠠ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠬᠢ ᠡᠭᠦᠰᠦᠯ ᠠᠴᠠ ᠨᠢ ᠬᠠᠮᠠᠭᠠᠯᠠᠬᠤ ᠪᠠ ᠪᠦᠬᠦ ᠶᠠᠪᠤᠴᠠ ᠳᠤ ᠰᠡᠷᠭᠦᠭᠡᠨ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦᠯᠢ ᠴᠣᠭᠴᠠ ᠪᠠᠷ ᠨᠢ ᠬᠠᠮᠠᠭᠠᠯᠠᠬᠤ᠂ ᠰᠢᠰᠲ᠋ᠧᠮ ᠲᠠᠢ ᠰᠡᠷᠭᠦᠭᠡᠬᠦ᠂ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ᠃ ᠤᠷᠮᠠᠰᠢᠭᠤᠯᠬᠤ ᠪᠠ ᠬᠢᠵᠠᠭᠠᠷᠯᠠᠬᠤ ᠶᠢ ᠬᠤᠣᠰᠯᠠᠭᠤᠯᠤᠭᠰᠠᠨ ᠳᠦᠷᠢᠮ ᠲᠣᠭᠲᠠᠭᠠᠯ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠪᠠᠶᠢᠭᠠᠯᠢ ᠶᠢᠨ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠴᠣᠮᠬᠠᠳᠬᠠᠵᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂ ︽ᠬᠡᠲᠦᠷᠡᠬᠦ ᠳᠡᠭᠡᠨ ᠨᠢᠭᠡ ᠤᠳᠠᠭ᠎ᠠ ᠶᠠᠪᠤᠬᠤ︾ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠳᠤ ᠦᠵᠡᠭᠦᠯᠬᠦ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ᠂ ᠪᠠᠷᠢᠮᠵᠢᠶ᠎ᠠ᠂ ᠳᠦᠷᠢᠮ ᠤᠨ ᠬᠢᠵᠠᠭᠠᠷᠯᠠᠬᠤ ᠴᠢᠨᠠᠷᠲᠠᠢ ᠦᠢᠯᠡᠳᠦᠯ ᠢ ᠴᠢᠩᠭᠠᠷᠠᠭᠤᠯᠤᠨ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠪᠠ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠥᠨᠳᠥᠷ ᠪᠦᠲᠦᠮᠵᠢᠲᠡᠢ ᠪᠠᠶᠢᠬᠤ ᠶᠢ ᠠᠬᠢᠭᠤᠯᠤᠨ᠎ᠠ᠃        ᠬᠤᠶᠠᠷ᠂ ᠬᠠᠷᠢᠶ᠎ᠠ ᠨᠢᠭᠡᠴᠢ ᠶᠢᠨ ᠡᠭᠦᠷᠭᠡ ᠴᠢᠳᠠᠪᠤᠷᠢ ︵ᠬᠤᠶᠠᠳᠤᠭᠠᠷ ᠳᠡᠰ ᠤᠨ ᠨᠢᠭᠡᠴᠢ︶        ︵ᠨᠢᠭᠡ︶ ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ        1. ᠪᠠᠶᠢᠭᠤᠯᠭ᠎ᠠ ᠶᠢᠨ ᠡᠭᠦᠷᠭᠡ ᠴᠢᠳᠠᠪᠤᠷᠢ᠄        ︵1︶ᠬᠠᠤᠯᠢ ᠴᠠᠭᠠᠵᠠ ᠬᠠᠤᠯᠢ ᠲᠣᠭᠲᠠᠭᠠᠯ ᠳᠤ ᠰᠢᠭᠤᠳ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠠᠶᠢᠭᠠᠯᠢ ᠶᠢᠨ ᠡᠬᠢ ᠪᠠᠶᠠᠯᠢᠭ ᠪᠣᠯᠣᠨ ᠣᠢ ᠰᠢᠭᠤᠢ᠂ ᠨᠤᠲᠤᠭ ᠪᠡᠯᠴᠢᠭᠡᠷ ᠤᠨ ᠬᠦᠷᠢᠶᠡᠨ ᠳᠠᠬᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠡᠮᠵᠢᠨ ᠵᠢᠷᠤᠭᠯᠠᠬᠤ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠳᠠᠩᠰᠠᠯᠠᠬᠤ ᠶᠢ ᠬᠠᠷᠢᠭᠤᠴᠠᠨ᠎ᠠ᠃ ᠰᠤᠮᠤ ᠪᠠᠯᠭᠠᠰᠤ ︵ᠵᠡᠭᠡᠯᠢ ᠭᠤᠳᠤᠮᠵᠢ︶ ᠶᠢ ᠵᠢᠯᠣᠭᠤᠳᠤᠨ ᠬᠢᠨᠠᠯᠲᠠ  ᠲᠠᠯᠪᠢᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃        (2 ) ᠪᠦᠭᠦ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠬᠡᠷᠡᠭ ᠢ ᠪᠦᠷᠢᠳᠬᠡᠬᠦ᠂ ᠬᠤᠷᠢᠶᠠᠩᠭᠤᠶᠢᠯᠠᠬᠤ᠂ ᠳᠡᠭᠡᠭᠰᠢ ᠮᠡᠳᠡᠭᠦᠯᠬᠦ ᠵᠡᠷᠭᠡ ᠠᠵᠢᠯ ᠢ ᠬᠠᠷᠢᠭᠤᠴᠠᠵᠤ᠂ ᠪᠦᠭᠦ  ᠲᠣᠭᠤᠷᠢᠭ ‍ᠤᠨ‌‍ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ᠎ᠠ ᠃        (3 ) ᠪᠤᠭᠤᠲᠤ ᠬᠤᠲᠠ ᠶᠢᠨ ᠬᠡᠪᠴᠢᠶᠡᠨ ᠳᠠᠬᠢ ᠣᠷᠣᠨ ᠪᠦᠰᠡ ᠠᠯᠤᠰᠯᠠᠭᠰᠠᠨ ᠬᠡᠷᠡᠭ ᠪᠠ ᠲᠣᠮᠣ ᠬᠡᠷᠡᠭ ᠴᠢᠬᠤᠯᠠ ᠬᠡᠷᠡᠭ ᠵᠢᠴᠢ ᠳᠡᠭᠡᠳᠦ ᠱᠠᠲᠤᠨ ᠤ ᠪᠠᠶᠢᠷᠢᠯᠠᠭᠤᠯᠤᠭᠰᠠᠨ ᠲᠤᠰᠬᠠᠢ ᠵᠦᠢᠯ ᠤᠨ ᠬᠠᠤᠯᠢ ᠬᠡᠷᠡᠭᠵᠢᠭᠦᠯᠬᠦ ᠠᠵᠢᠯ ᠲᠠᠢ ᠬᠠᠮᠵᠢᠯᠴᠠᠨ᠎ᠠ ᠃        (4 )12336ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠰᠦᠪᠡᠭᠴᠢ ᠶᠢ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ᠂ ᠰᠢᠯᠵᠢᠭᠦᠯᠦᠨ ᠭᠦᠢᠴᠡᠳᠬᠡᠬᠦ ᠪᠠ ᠰᠢᠮᠳᠠᠭᠤᠯᠤᠨ ᠭᠦᠢᠴᠡᠳᠬᠡᠬᠦ ᠠᠵᠢᠯ ᠢ ᠬᠠᠷᠢᠭᠤᠴᠠᠨ᠎ᠠ᠃        (5 ) ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ  ᠃        2. ᠪᠠᠶᠢᠭᠤᠯᠤᠮᠵᠢ ᠶᠢᠨ ᠲᠣᠬᠢᠷᠠᠭᠤᠯᠤᠯᠲᠠ᠄ ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠠᠷ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠬᠠᠷᠢᠶᠠᠯᠠᠭᠳᠠᠵᠤ ᠪᠠᠶᠢᠭ᠎ᠠ ᠠᠵᠢᠯ ᠦᠢᠯᠡᠰ ᠤᠨ ᠨᠢᠭᠡᠴᠢ ᠪᠣᠯᠭᠠᠵᠤ᠂ ᠬᠠᠤᠯᠢ ᠬᠡᠷᠡᠭᠵᠢᠭᠦᠯᠬᠦ ᠲᠠᠰᠤᠭ᠂ ᠬᠠᠤᠯᠢ ᠳᠦᠷᠢᠮ ᠤᠨ ᠵᠠᠬᠢᠳᠠᠯ ᠰᠣᠷᠪᠤᠯᠵᠢᠯᠠᠭ᠎ᠠ ᠶᠢᠨ ᠲᠠᠰᠤᠭ ᠵᠡᠷᠭᠡ 2 ᠳᠣᠲᠣᠭᠠᠳᠤ ᠶᠢᠨ ᠪᠠᠶᠢᠭᠤᠯᠤᠮᠵᠢ ᠲᠣᠬᠢᠷᠠᠭᠤᠯᠪᠠ᠃        3. ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠤ ᠰᠢᠨ᠎ᠡ ᠲᠣᠭᠤᠷᠢᠭ ᠤᠨ ᠨᠡᠶᠢᠭᠡᠮ ᠤᠨ ᠠᠰᠠᠷᠠᠮᠵᠢ ᠶᠢᠨ ᠲᠥᠪ ᠤᠨ ᠨᠢᠭᠡᠳᠦᠭᠡᠷ ᠳᠠᠪᠬᠤᠷᠯᠢᠭ ᠤᠨ 117 ᠥᠷᠥᠭᠡ᠃        4. ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00᠂ 14᠄ 00-17᠄ 30        5. ᠬᠠᠷᠢᠯᠴᠠᠬᠤ ᠠᠷᠭ᠎ᠠ᠄ 0472 - 8728084        6.ᠬᠠᠷᠢᠭᠤᠴᠠᠯᠭᠠᠲᠠᠨ ᠤ ᠣᠪᠣᠭ ᠨᠡᠷ᠎ᠡ᠄ ᠸᠠᠩ ᠵᠢᠶᠦ᠋ᠨ        ︵ᠬᠤᠶᠠᠷ︶ᠰᠢᠭᠤᠶᠢᠲᠤ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠲᠥᠪ        1. ᠪᠠᠶᠢᠭᠤᠯᠭ᠎ᠠ ᠶᠢᠨ ᠡᠭᠦᠷᠭᠡ ᠴᠢᠳᠠᠪᠤᠷᠢ᠄        ︵1︶ᠪᠥᠬᠦ ᠲᠣᠭᠤᠷᠢᠭ ᠤᠨ ᠣᠶ ᠰᠢᠭᠤᠢ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠠᠶᠢᠴᠠᠭᠠᠬᠤ᠂ ᠬᠢᠨᠠᠨ ᠬᠡᠮᠵᠢᠬᠦ᠂ ᠪᠦᠷᠢᠳᠬᠡᠬᠦ᠂ ᠦᠨᠡᠯᠡᠬᠦ ᠵᠡᠷᠭᠡ ᠮᠡᠷᠭᠡᠵᠢᠯ ᠤᠨ ᠴᠢᠨᠠᠷᠲᠠᠢ ᠠᠵᠢᠯ ᠢ ᠡᠭᠦᠷᠭᠡᠯᠡᠵᠦ᠂ ᠣᠶ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠤᠳᠤᠯᠬᠤ ᠪᠠ ᠬᠢᠨᠠᠨ ᠬᠡᠮᠵᠢᠬᠦ ᠰᠢᠰᠲ᠋ᠧᠮ ᠢ ᠪᠦᠷᠢᠨᠰᠢᠭᠦᠯᠦᠨ᠎ᠡ᠃        ︵2︶ᠪᠥᠬᠦ ᠲᠣᠭᠤᠷᠢᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠬᠠᠮᠠᠭᠠᠯᠠᠯᠲᠠ᠂ ᠣᠶᠢᠵᠢᠭᠤᠯᠬᠤ ᠭᠤᠣᠯᠳᠠᠯᠭ᠎ᠠ ᠲᠠᠢ ᠢᠨᠵᠧᠨᠧᠷᠢᠩ ᠪᠠ ᠲᠥᠷᠥᠯ ᠵᠦᠢᠯ᠂ ᠴᠦᠯᠯᠡᠷᠬᠡᠭᠵᠢᠯ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢ ᠰᠡᠷᠭᠡᠶᠢᠯᠡᠨ ᠵᠠᠰᠠᠬᠤ ᠵᠢᠴᠢ ᠨᠡᠭᠡᠭᠡᠨ ᠠᠰᠢᠭᠯᠠᠬᠤ ᠵᠡᠷᠭᠡ ᠮᠡᠷᠭᠡᠵᠢᠯ ᠤᠨ ᠴᠢᠨᠠᠷᠲᠠᠢ᠂ ᠲᠤᠰᠠᠯᠠᠬᠤ ᠴᠢᠨᠠᠷᠲᠠᠢ ᠠᠵᠢᠯ ᠢ ᠡᠭᠦᠷᠭᠡᠯᠡᠨ᠎ᠡ᠃        (3 )ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠪᠠ ᠬᠢᠵᠢᠭ ᠢ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠪᠦᠭᠦ ᠲᠣᠭᠤᠷᠢᠭ ᠤᠨ ᠪᠠᠶᠢᠭᠠᠯᠢ ᠶᠢᠨ ᠣᠢ ᠶᠢᠨ ᠬᠠᠮᠠᠭᠠᠯᠠᠯᠲᠠ᠂ ᠨᠡᠶᠢᠲᠡ ᠶᠢᠨ ᠠᠰᠠᠷᠠᠮᠵᠢ ᠶᠢᠨ ᠣᠢ ᠪᠣᠯᠣᠨ ᠨᠤᠲᠤᠭ ᠪᠡᠯᠴᠢᠭᠡᠷ ᠵᠡᠷᠭᠡ ᠠᠮᠢ ᠠᠬᠤᠢ ᠶᠢᠨ ᠨᠥᠬᠦᠪᠦᠷᠢ ᠶᠢᠨ ᠢᠨᠵᠧᠨᠧᠷᠢᠩ ᠢ ᠬᠠᠮᠵᠢᠨ ᠥᠷᠨᠢᠭᠦᠯᠦᠨ᠎ᠡ︔          (4 )ᠪᠦᠭᠦ ᠲᠣᠭᠤᠷᠢᠭ ᠤᠨ ᠣᠢ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠡᠭᠦᠷᠭᠡᠯᠡᠵᠦ᠂ ᠣᠢ ᠮᠣᠳᠣᠨ ᠤ ᠦᠷ᠎ᠡ ᠪᠠ ᠡᠪᠡᠰᠦᠨ ᠦᠷ᠎ᠡ ᠡᠳ᠋ ᠤᠨ ᠡᠬᠢ ᠪᠠᠶᠠᠯᠢᠭ ᠤᠨ ᠬᠠᠮᠠᠭᠠᠯᠠᠯᠲᠠ᠂ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ᠂ ᠰᠠᠶᠢᠨ ᠡᠭᠦᠯᠳᠡᠷ ᠢ ᠰᠣᠩᠭᠤᠨ ᠪᠣᠶᠢᠵᠢᠭᠤᠯᠵᠤ ᠳᠡᠯᠭᠡᠷᠡᠭᠦᠯᠬᠦ ᠵᠡᠷᠭᠡ ᠮᠡᠷᠭᠡᠵᠢᠯ ᠤᠨ ᠴᠢᠨᠠᠷᠲᠠᠢ ᠠᠵᠢᠯ ᠢ ᠡᠭᠦᠷᠭᠡᠯᠡᠨ᠎ᠡ ;          (5 )ᠪᠦᠭᠦ ᠲᠣᠭᠤᠷᠢᠭ ‍ᠤᠨ‌‍ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠠᠮᠠᠭᠠᠯᠠᠬᠤ᠂ ᠪᠦᠲᠦᠭᠡᠨ ᠪᠠᠶᠢᠭᠤᠯᠬᠤ᠂ ᠠᠰᠢᠭᠯᠠᠬᠤ᠂ ᠲᠣᠬᠢᠷᠠᠭᠤᠯᠬᠤ᠂ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠵᠡᠷᠭᠡ ᠲᠤᠰᠠᠯᠠᠬᠤ ᠴᠢᠨᠠᠷᠲᠠᠢ ᠠᠵᠢᠯ ᠢ ᠬᠠᠷᠢᠭᠤᠴᠠᠨ ᠥᠷᠨᠢᠭᠦᠯᠦᠨ᠎ᠡ᠃ ᠪᠦᠭᠦ ᠣᠷᠣᠨ ᠤ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠢᠵᠢᠭ ᠡᠪᠡᠳᠴᠢᠨ ᠤ ᠬᠢᠨᠠᠨ ᠬᠡᠮᠵᠢᠬᠦ᠂ ᠰᠡᠷᠭᠡᠶᠢᠯᠡᠨ ᠬᠢᠵᠠᠭᠠᠷᠯᠠᠬᠤ᠂ ᠠᠪᠤᠷᠠᠨ ᠲᠤᠰᠠᠯᠠᠬᠤ ᠵᠡᠷᠭᠡ ᠠᠵᠢᠯ︔          (6 ) ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃          2. ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠰᠢᠭᠤᠶᠢᠲᠤ ᠲᠣᠭᠤᠷᠢᠭ ‍ᠤᠨ‌ᠣᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠲᠥᠪ ᠪᠣᠯ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠬᠠᠷᠢᠶᠠᠯᠠᠭᠳᠠᠬᠤ ᠬᠤᠪᠢ ᠣᠷᠣᠭᠤᠯᠤᠭᠰᠠᠨ ᠳᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠣᠨ᠎ᠠ᠃          3. ᠠᠵᠢᠯᠯᠠᠬᠤ ᠭᠠᠵᠠᠷ᠄ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠤ ᠲᠣᠭᠤᠷᠢᠭ ᠤᠨ ᠰᠢᠨ᠎ᠡ ᠲᠣᠭᠤᠷᠢᠭ ᠤᠨ ᠨᠡᠶᠢᠭᠡᠮ ᠤᠨ ᠠᠰᠠᠷᠠᠮᠵᠢ ᠶᠢᠨ ᠲᠥᠪ ᠤᠨ ᠨᠢᠭᠡᠳᠦᠭᠡᠷ ᠠᠰᠠᠷ᠃          4. ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ 9 : 00-12 : 00᠂ 14 : 00-17 : 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠡᠭᠦᠨ ᠳᠤ ᠪᠠᠭᠲᠠᠬᠤ ᠦᠭᠡᠢ          5. ᠬᠠᠷᠢᠯᠴᠠᠬᠤ ᠠᠷᠭ᠎ᠠ ᠮᠠᠶ᠋ᠢᠭ᠄ 0472-8728083          6 . ᠬᠠᠷᠢᠭᠤᠴᠠᠯᠭᠠᠲᠠᠨ ᠤ ᠣᠪᠣᠭ ᠨᠡᠷ᠎ᠡ᠄  ᠳ᠋ᠦᠩ ᠶᠠᠨ ᠮᠧᠢ         ( ᠭᠤᠷᠪᠠ ) ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ          1. ᠪᠠᠶᠢᠭᠤᠯᠭ᠎ᠠ ᠶᠢᠨ ᠡᠭᠦᠷᠭᠡ ᠴᠢᠳᠠᠪᠤᠷᠢ᠄          (1 )ᠪᠦᠭᠦ‌‍ᠲ᠋ᠣᠭᠤᠷᠢᠭ ᠤᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠰᠠᠭᠤᠷᠢ ᠲᠤᠬᠠᠶᠢᠯᠠᠭᠰᠠᠨ ᠠᠵᠢᠯ ᠢ ᠬᠠᠮᠵᠢᠨ ᠥᠷᠨᠢᠭᠦᠯᠬᠦ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠥᠪᠰᠢᠶᠡᠷᠡᠭᠰᠡᠨ ᠤ ᠳᠠᠷᠠᠭᠠᠬᠢ ᠬᠥᠳᠡᠯᠦᠩᠭᠦᠢ ᠲᠣᠭᠤᠷᠢᠨ ᠪᠠᠶᠢᠴᠠᠭᠠᠵᠤ ᠬᠢᠨᠠᠨ ᠬᠠᠷᠭᠤᠭᠤᠯᠬᠤ ᠵᠢᠴᠢ ᠡᠯ᠎ᠡ ᠲᠥᠷᠥᠯ ᠤᠨ ᠲᠤᠬᠠᠢ ᠶᠢᠨ ᠲᠠᠯᠠᠪᠤᠷ ᠲᠤ ᠬᠠᠶᠢᠨ ᠰᠢᠨᠵᠢᠬᠦ ᠠᠵᠢᠯ ᠢ ᠡᠭᠦᠷᠭᠡᠯᠡᠨ᠎ᠡ᠃ ᠪᠦᠭᠦ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠪᠠ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠬᠠᠷᠢᠶ᠎ᠠ᠂ ᠡᠷᠬᠡ ᠶᠢ ᠨᠤᠲᠠᠯᠠᠨ ᠳᠠᠩᠰᠠᠯᠠᠬᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠰᠠᠭᠤᠷᠢ ᠭᠠᠵᠠᠷ ᠵᠢᠴᠢ ᠣᠷᠣᠨ ᠰᠠᠭᠤᠴᠠ ᠶᠢᠨ ᠦᠨᠡᠮᠯᠡᠯ ᠣᠯᠭᠤᠬᠤ ᠵᠡᠷᠭᠡ ᠰᠠᠭᠤᠷᠢ ᠴᠢᠨᠠᠷᠲᠠᠢ ᠠᠵᠢᠯ ᠢ ᠬᠠᠮᠵᠢᠨ ᠥᠷᠨᠢᠭᠦᠯᠦᠨ᠎ᠡ᠃         (2 ) ᠲᠣᠭᠤᠷᠢᠭ ᠤᠨ ᠲᠤᠰ ᠱᠠᠲᠤ ᠪᠠ 4 ᠬᠤᠪᠢᠶᠠᠷᠢ ᠰᠠᠯᠪᠤᠷᠢ ᠪᠠᠶᠢᠭᠤᠯᠤᠮᠵᠢ ᠨᠢ ᠲᠤᠰ ᠲᠤᠰ ᠤᠨ ᠣᠷᠣᠨ ᠪᠦᠰᠡ ᠶᠢᠨ ᠳᠣᠲᠣᠷᠠᠬᠢ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠡᠯ᠎ᠡ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠪᠠᠶᠢᠭᠠᠯᠢ ᠶᠢᠨ ᠡᠬᠢ ᠪᠠᠶᠠᠯᠢᠭ ᠢ ᠬᠥᠳᠡᠯᠦᠩᠭᠦᠢ ᠪᠠᠷ ᠲᠣᠭᠤᠷᠢᠨ ᠪᠠᠶᠢᠴᠠᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤᠨᠢ ᠢᠯᠡᠷᠡᠭᠦᠯᠵᠦ᠂ ᠬᠤᠷᠢᠭᠯᠠᠨ ᠵᠣᠭᠰᠤᠭᠠᠬᠤ ᠪᠠ ᠮᠡᠳᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠬᠡᠷᠡᠭ ᠵᠢᠴᠢ ᠡᠷᠡᠭᠦᠯ ᠬᠠᠮᠠᠭᠠᠯᠠᠯ ᠤᠨ ᠬᠡᠰᠡᠭ ᠤᠨ ᠬᠠᠤᠯᠢ ᠠᠴᠠ ᠵᠥᠷᠢᠴᠡᠭᠰᠡᠨ ᠵᠢᠷᠤᠭ ᠤᠨ ᠲᠣᠯᠪᠤ ᠶᠢᠨ ᠪᠠᠶᠢᠴᠠᠭᠠᠯᠲᠠ ᠶᠢᠨ ᠠᠵᠢᠯ ᠢ ᠬᠠᠮᠵᠢᠯᠴᠠᠨ ᠰᠠᠶᠢᠲᠤᠷ  ᠬᠢᠨ᠎ᠡ᠃         (3 ) ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃          2. ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠰᠢᠭᠤᠶᠢᠲᠤ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠬᠠᠷᠢᠶᠠᠯᠠᠭᠳᠠᠬᠤ ᠬᠤᠪᠢ ᠣᠷᠣᠭᠤᠯᠤᠭᠰᠠᠨ ᠳᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠳᠤ 4 ᠬᠤᠪᠢ ᠣᠷᠣᠭᠤᠯᠤᠭᠰᠠᠨ ᠳᠡᠰ ᠤᠨ ᠬᠤᠪᠢᠶᠠᠷᠢ ᠪᠠᠶᠢᠭᠤᠯᠤᠮᠵᠢ ᠪᠠᠶᠢᠭᠤᠯᠵᠤ ( ᠰᠢᠭᠤᠶᠢᠲᠤ ᠲᠣᠭᠤᠷᠢᠭ ᠤᠨ ᠪᠠᠳᠺᠠᠷ ᠵᠣᠣ ᠪᠠᠯᠭᠠᠰᠤ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ᠂ ᠰᠢᠭᠤᠶᠢᠲᠤ ᠲᠣᠭᠤᠷᠢᠭ ᠤᠨ ᠵᠢᠪᠬᠤᠯᠠᠩᠲᠤ ᠰᠤᠮᠤ  ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ᠂ ᠰᠢᠭᠤᠶᠢᠲᠤ ᠲᠣᠭᠤᠷᠢᠭ ᠤᠨ ᠳ᠋ᠠ ᠳ᠋ᠧ ᠾᠧᠩ ᠵᠡᠭᠡᠯᠢ ᠭᠤᠳᠤᠮᠵᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ᠂ ᠰᠢᠭᠤᠶᠢᠲᠤ ᠲᠣᠭᠤᠷᠢᠭ ᠤᠨ ᠪᠠᠢ ᠬᠤ᠋ ᠭᠧᠦ ᠵᠡᠭᠡᠯᠢ ᠭᠤᠳᠤᠮᠵᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ )          3. ᠠᠯᠪᠠᠯᠠᠬᠤ ᠬᠠᠶ᠋ᠢᠭ᠄ ᠰᠢᠭᠤᠶᠢᠲᠤ ᠬᠠᠭᠤᠴᠢᠨ ᠲᠣᠭᠤᠷᠢᠭ ᠤᠨ ᠲᠣᠭᠤᠷᠢᠭ ᠬᠡᠯᠪᠡᠷᠢᠲᠦ ᠵᠠᠮ ᠪᠣᠯᠣᠨ ᠳ᠋ᠢᠩ ᠽᠢ ᠵᠠᠮ ᠤᠨ ᠠᠭᠤᠯᠵᠠᠷ ᠤᠨ 1 ᠳ᠋ᠦ᠋ᠭᠡᠷ ᠲᠣᠭᠠᠲᠤ          4. ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ 9 : 00-12 : 00᠂ 14 : 00-17 : 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠡᠭᠦᠨ ᠳᠤ ᠪᠠᠭᠲᠠᠬᠤ ᠦᠭᠡᠢ          5. ᠬᠠᠷᠢᠯᠴᠠᠬᠤ ᠠᠷᠭ᠎ᠠ ᠮᠠᠶ᠋ᠢᠭ᠄ 0472-8712958          6. ᠬᠠᠷᠢᠭᠤᠴᠠᠯᠭᠠᠲᠠᠨ ᠤ ᠨᠡᠷ᠎ᠡ : ᠼᠠᠢ ᠶᠢᠨ         ( ᠳᠥᠷᠪᠡ ) ᠰᠢᠭᠤᠶᠢᠲᠤ ᠲᠣᠭᠤᠷᠢᠭ ᠤᠨ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ( ᠰᠢᠭᠤᠶᠢᠲᠤ ᠲᠣᠭᠤᠷᠢᠭ ᠤᠨ ᠭᠠᠵᠠᠷ ᠰᠢᠷᠣᠢ ᠶᠢᠨ ᠨᠥᠭᠡᠴᠡᠯᠡᠬᠦ ᠲᠥᠪ )          1. ᠪᠠᠶᠢᠭᠤᠯᠤᠮᠵᠢ ᠶᠢᠨ ᠡᠭᠦᠷᠭᠡ ᠴᠢᠳᠠᠪᠤᠷᠢ᠄          (1 )ᠭᠠᠵᠠᠷ ᠰᠢᠷᠣᠢ᠂ ᠭᠡᠷ ᠪᠠᠶᠢᠰᠢᠩ᠂ ᠣᠢ ᠰᠢᠭᠤᠢ ᠶᠢᠨ ᠡᠷᠬᠡ ᠪᠠ ᠨᠤᠲᠤᠭ ᠪᠡᠯᠴᠢᠭᠡᠷ ( ᠤᠰᠤᠨ ᠣᠷᠣᠨ᠂ ᠭᠤᠣᠯ ᠤᠨ ᠰᠠᠶᠢᠷᠭᠠᠯ᠂ ᠵᠢᠭᠠᠰᠤᠨ ᠠᠵᠤ ᠠᠬᠤᠢ ᠶᠢᠨ ᠲᠡᠵᠢᠭᠡᠨ ᠦᠷᠡᠵᠢᠭᠦᠯᠬᠦ ᠪᠠᠭᠲᠠᠨ᠎ᠠ ) ᠵᠡᠷᠭᠡ ᠦᠯᠦ ᠬᠥᠳᠡᠯᠬᠦ ᠡᠳ᠋ ᠬᠥᠷᠥᠩᠭᠡ ᠶᠢᠨ ᠥᠮᠴᠢᠯᠡᠬᠦ ᠡᠷᠬᠡ᠂ ᠠᠰᠢᠭ ᠣᠯᠬᠤ ᠪᠣᠳᠠᠰ ᠤᠨ ᠡᠷᠬᠡ ( ᠳᠠᠭᠠᠭᠠᠴᠢᠯᠠᠨ ᠡᠵᠡᠩᠨᠡᠬᠦ ᠡᠷᠬᠡ ᠶᠢ ᠪᠠᠭᠲᠠᠭᠠᠨ᠎ᠠ )᠂ ᠳᠠᠭᠠᠭᠠᠨ ᠡᠭᠦᠷᠭᠡᠯᠡᠭᠰᠡᠨ ᠪᠣᠳᠠᠰ ᠤᠨ ᠡᠷᠬᠡ ᠶᠢ ᠠᠩᠬ᠎ᠠ ᠤᠳᠠᠭ᠎ᠠ ᠳᠠᠩᠰᠠᠯᠠᠬᠤ᠂ ᠳᠠᠩᠰᠠᠯᠠᠭᠤᠯᠤᠭᠰᠠᠨ ᠢ ᠬᠤᠪᠢᠷᠠᠭᠤᠯᠬᠤ᠂ ᠳᠠᠩᠰᠠᠯᠠᠭᠤᠯᠤᠭᠰᠠᠨ ᠢ ᠰᠢᠯᠵᠢᠭᠦᠯᠬᠦ᠂ ᠳᠠᠩᠰᠠᠯᠠᠭᠤᠯᠤᠭᠰᠠᠨ ᠢ ᠬᠦᠴᠦᠨ ᠦᠭᠡᠢ ᠪᠤᠯᠭᠠᠬᠤ᠂ ᠳᠠᠩᠰᠠᠯᠠᠯᠲᠠ ᠶᠢ ᠵᠠᠯᠠᠷᠠᠭᠤᠯᠬᠤ᠂ ᠣᠨᠳᠣᠣ ᠰᠠᠨᠠᠯ ᠤᠨ ᠳᠠᠩᠰᠠᠯᠠᠯᠲᠠ ᠬᠢᠯᠭᠡᠬᠦ᠂ ᠤᠷᠢᠳᠴᠢᠯᠠᠨ ᠮᠡᠳᠡᠭᠦᠯᠵᠦ ᠪᠦᠷᠢᠳᠬᠡᠨ ᠳᠠᠩᠰᠠᠯᠠᠬᠤ᠂ ᠪᠠᠶᠢᠴᠠᠭᠠᠨ ᠪᠢᠲᠡᠭᠦᠮᠵᠢᠯᠡᠵᠦ ᠳᠠᠩᠰᠠᠯᠠᠬᠤ ᠵᠡᠷᠭᠡ ᠲᠤᠬᠠᠶᠢᠯᠠᠭᠰᠠᠨ ᠠᠵᠢᠯ ᠢ ᠡᠭᠦᠷᠭᠡᠯᠡᠨ᠎ᠡ᠃         (2 )ᠪᠦᠭᠦ ᠲᠣᠭᠤᠷᠢᠭ ᠤᠨ ᠭᠡᠷ ᠪᠠᠶᠢᠰᠢᠩ ᠤᠨ ᠠᠷᠠᠯᠵᠢᠶ᠎ᠠ᠂ ᠥᠮᠴᠢᠯᠡᠬᠦ ᠡᠷᠬᠡ ᠶᠢᠨ ᠬᠠᠮᠢᠶᠠᠷᠤᠯᠲᠠ ᠵᠢᠴᠢ ᠦᠯᠦ ᠬᠥᠳᠡᠯᠬᠦ ᠬᠥᠷᠥᠩᠭᠡ ᠶᠢᠨ ᠳᠠᠩᠰᠠᠯᠠᠬᠤ ᠡᠷᠬᠡ ᠶᠢᠨ ᠬᠠᠷᠢᠶ᠎ᠠ ᠶᠢ ᠬᠢᠨᠠᠨ ᠪᠠᠶᠢᠴᠠᠭᠠᠵᠤ᠂ ᠬᠥᠮᠥᠷᠭᠡ ᠳᠤ ᠣᠷᠣᠭᠤᠯᠬᠤ ᠠᠵᠢᠯ ᠢ ᠡᠭᠦᠷᠭᠡᠯᠡᠨ᠎ᠡ ᠃          (3 )ᠪᠦᠭᠦ ᠲᠣᠭᠤᠷᠢᠭ ᠤᠨ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ᠠᠵᠢᠯ ᠢ ᠡᠭᠦᠷᠭᠡᠯᠡᠨ᠎ᠡ᠃          (4 )ᠪᠦᠭᠦ ᠲᠣᠭᠤᠷᠢᠭ ‍ᠤᠨ‌ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠮᠡᠳᠡᠭᠡ ᠵᠠᠩᠭᠢ ᠶᠢᠨ ᠰᠠᠭᠤᠷᠢ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠵᠢᠴᠢ ᠠᠷᠠᠯᠵᠢᠶᠠᠨ ᠤ ᠲᠤᠭ᠎ᠠ ᠪᠠᠷᠢᠮᠲᠠ ᠶᠢ ᠴᠤᠭᠯᠠᠭᠤᠯᠬᠤ᠂ ᠬᠠᠮᠢᠶᠠᠷᠬᠤ ᠠᠵᠢᠯ ᠢ ᠡᠭᠦᠷᠭᠡᠯᠡᠨ᠎ᠡ᠃          (5 )ᠪᠦᠭᠦ ᠲᠣᠭᠤᠷᠢᠭ ‍ᠤᠨ‌ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠵᠢᠴᠢ ᠭᠡᠷ ᠪᠠᠶᠢᠰᠢᠩ ᠤᠨ ᠠᠷᠠᠯᠵᠢᠶᠠᠨ ᠤ ᠳᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ᠂ ᠠᠰᠢᠭᠯᠠᠬᠤ ᠠᠵᠢᠯ ᠢ ᠡᠭᠦᠷᠭᠡᠯᠡᠨ᠎ᠡ᠃         (6 )ᠪᠦᠭᠦ ᠲᠣᠭᠤᠷᠢᠭ ᠤᠨ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠤᠪᠢᠶᠠᠷᠢᠯᠠᠨ ᠥᠭᠬᠦ᠂ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠬᠠᠩᠰᠢᠯᠠᠵᠤ ᠪᠡᠯᠡ ᠭᠠᠷᠭᠠᠬᠤ ᠳᠤ ᠵᠠᠰᠠᠭ ᠵᠠᠬᠢᠷᠭᠠᠨ ᠤ ᠬᠠᠪᠰᠤᠷᠤᠮᠵᠢ ᠠᠵᠢᠯ ᠢ ᠡᠭᠦᠷᠭᠡᠯᠡᠨ᠎ᠡ᠃         (7 )ᠪᠦᠭᠦ ᠲᠣᠭᠤᠷᠢᠭ ᠤᠨ ᠲᠠᠷᠢᠶᠠᠯᠠᠩ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠡᠷᠡᠭᠯᠡᠬᠦ ᠪᠠ ᠭᠠᠵᠠᠷ ᠰᠢᠷᠣᠢ ᠲᠠᠲᠠᠪᠤᠷᠢᠯᠠᠬᠤ ᠶᠢ ᠬᠢᠨᠠᠨ ᠪᠠᠶᠢᠴᠠᠭᠠᠬᠤ ᠵᠠᠰᠠᠭ ᠵᠠᠬᠢᠷᠭᠠᠨ ᠤ ᠬᠠᠪᠰᠤᠷᠬᠤ ᠠᠵᠢᠯ ᠢ ᠡᠭᠦᠷᠭᠡᠯᠡᠨ᠎ᠡ᠃ ᠪᠦᠭᠦ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠬᠤ ᠵᠥᠪᠰᠢᠶᠡᠷᠡᠯ ᠢ ᠣᠯᠣᠭᠰᠠᠨ ᠤ ᠳᠠᠷᠠᠭ᠎ᠠ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ ᠵᠠᠰᠠᠭ ᠵᠠᠬᠢᠷᠭᠠᠨ ᠤ ᠲᠤᠰᠠᠯᠠᠬᠤ ᠠᠵᠢᠯ ᠢ ᠡᠭᠦᠷᠭᠡᠯᠡᠨ᠎ᠡ᠃          (8 )ᠪᠦᠭᠦ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠬᠤ ᠵᠢᠴᠢ ᠭᠠᠵᠠᠷ ᠰᠢᠷᠣᠢ ᠲᠠᠲᠠᠪᠤᠷᠢᠯᠠᠬᠤ ᠭᠡᠰᠡᠭᠷᠡᠵᠦ ᠨᠡᠭᠡᠭᠡᠨ ᠬᠥᠭᠵᠢᠭᠦᠯᠬᠦ ᠵᠠᠰᠠᠭ ᠵᠠᠬᠢᠷᠭᠠᠨ ᠤ ᠲᠤᠰᠠᠯᠠᠬᠤ ᠠᠵᠢᠯ ᠢ ᠡᠭᠦᠷᠭᠡᠯᠡᠨ᠎ᠡ᠃          (9 )ᠪᠦᠭᠦ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠭᠰᠠᠨ ᠤ ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠠᠭᠰᠠᠨ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ ᠃         (10 )ᠪᠦᠭᠦ ᠲᠣᠭᠤᠷᠢᠭ ᠤᠨ ᠭᠠᠵᠠᠷ ᠰᠢᠷᠣᠢ ᠶᠢᠨ ᠨᠥᠭᠡᠴᠡᠯᠡᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠵᠠᠰᠠᠭ ᠵᠠᠬᠢᠷᠭᠠᠨ ᠤ ᠲᠤᠰᠠᠯᠠᠬᠤ ᠠᠵᠢᠯ ᠢ ᠡᠭᠦᠷᠭᠡᠯᠡᠨ᠎ᠡ᠃ ᠪᠦᠭᠦ  ᠲᠣᠭᠤᠷᠢᠭ ᠤᠨ ᠭᠠᠵᠠᠷ ᠰᠢᠷᠣᠢ ᠶᠢᠨ ᠨᠥᠭᠡᠴᠡᠯᠡᠯ ᠵᠢᠴᠢ ᠨᠡᠭᠡᠭᠡᠨ ᠬᠥᠭᠵᠢᠭᠦᠯᠵᠦ ᠡᠮᠬᠢᠯᠡᠬᠦ ᠠᠵᠢᠯ ᠢ ᠬᠠᠷᠢᠭᠤᠴᠠᠨ ᠬᠡᠷᠡᠭᠵᠢᠭᠦᠯᠵᠦ᠂ ᠬᠥᠮᠥᠷᠭᠡ ᠳᠤ ᠣᠷᠣᠭᠤᠯᠤᠨ ᠬᠠᠳᠠᠭᠠᠯᠠᠭᠰᠠᠨ ᠭᠠᠵᠠᠷ ᠰᠢᠷᠣᠢ ᠶᠢᠨ ᠬᠠᠮᠢᠶᠠᠷᠤᠯᠲᠠ ᠪᠠ ᠲᠦᠷ ᠴᠠᠭ ᠤᠨ ᠠᠰᠢᠭᠯᠠᠯᠲᠠ ᠶᠢ ᠬᠠᠷᠢᠭᠤᠴᠠᠨ᠎ᠠ  ᠃        (11 )ᠪᠦᠭᠦ ᠲᠣᠭᠤᠷᠢᠭ ᠤᠨ ᠭᠠᠵᠠᠷ ᠰᠢᠷᠣᠢ ᠶᠢᠨ ᠨᠢᠭᠡᠳᠦᠭᠡᠷ ᠳᠡᠰ ᠤᠨ ᠨᠡᠭᠡᠭᠡᠨ ᠬᠥᠭᠵᠢᠭᠦᠯᠬᠦ ᠬᠠᠮᠢᠶ᠎ᠠ ᠪᠦᠬᠦᠢ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠵᠠᠰᠠᠭ ᠵᠠᠬᠢᠷᠭᠠᠨ ᠤ ᠲᠤᠰᠠᠯᠠᠬᠤ ᠠᠵᠢᠯ ᠢ ᠡᠭᠦᠷᠭᠡᠯᠡᠨ᠎ᠡ᠃ ᠪᠦᠭᠦ ᠲᠣᠭᠤᠷᠢᠭ ‍ᠤᠨ‌ᠭᠠᠵᠠᠷ ᠰᠢᠷᠣᠢ ᠶᠢᠨ ᠨᠢᠭᠡᠳᠦᠭᠡᠷ ᠳᠡᠰ ᠤᠨ ᠨᠡᠭᠡᠭᠡᠨ ᠬᠥᠭᠵᠢᠭᠦᠯᠦᠯᠲᠡ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃        (12 )ᠪᠦᠭᠦ ᠲᠣᠭᠤᠷᠢᠭ ᠤᠨ ᠭᠠᠵᠠᠷ ᠰᠢᠷᠣᠢ ᠶᠢᠨ ᠨᠥᠭᠡᠴᠡᠯᠡᠯ ᠤᠨ ᠪᠡᠯᠡ ᠮᠥᠩᠭᠦ ᠪᠠᠵᠠᠭᠠᠨ ᠴᠤᠭᠯᠠᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃         ︵13︶ ᠪᠦᠭᠦ ᠲᠣᠭᠤᠷᠢᠭ ᠤᠨ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠠᠴᠠ ᠡᠮᠦᠨᠡᠬᠢ ᠬᠤᠭᠤᠴᠠᠭᠠᠨ ᠤ ᠨᠡᠭᠡᠭᠡᠯᠲᠡ ᠶᠢᠨ ᠠᠵᠢᠯ ᠢ ᠬᠠᠷᠢᠭᠤᠴᠠᠨ᠎ᠠ᠃        (14 )ᠪᠦᠭᠦ ᠲᠣᠭᠤᠷᠢᠭ ‍ᠤᠨ‌ᠭᠠᠵᠠᠷ ᠰᠢᠷᠣᠢ ᠲᠠᠲᠠᠪᠤᠷᠢᠯᠠᠬᠤ᠂ ᠭᠠᠵᠠᠷ ᠰᠢᠷᠣᠢ ᠨᠥᠭᠡᠴᠡᠯᠡᠬᠦ᠂ ᠨᠥᠭᠡᠴᠡᠯᠡᠬᠦ ᠪᠡᠯᠡ ᠮᠥᠩᠭᠦ ᠶᠢᠨ ᠠᠵᠢᠯᠯᠠᠭᠠᠨ ᠵᠢᠴᠢ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠰᠢᠯ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠡᠭᠦᠷᠭᠡᠯᠡᠨ᠎ᠡ᠃          (15 )ᠰᠢᠭᠤᠶᠢᠲᠤ ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ᠂ ᠨᠠᠷᠢᠨ ᠨᠢᠭᠲᠠ ᠲᠥᠯᠦᠪᠵᠢᠭᠦᠯᠭᠡ᠂ ᠬᠠᠮᠢᠶ᠎ᠠ ᠪᠦᠬᠦᠢ ᠲᠤᠰᠬᠠᠢ ᠵᠦᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠵᠠᠰᠠᠪᠤᠷᠢ ᠣᠷᠣᠭᠤᠯᠬᠤ᠂ ᠬᠢᠨᠠᠨ ᠪᠠᠶᠢᠴᠠᠭᠠᠬᠤ᠂ ᠮᠡᠳᠡᠭᠦᠯᠦᠨ ᠵᠥᠪᠰᠢᠶᠡᠷᠡᠭᠦᠯᠬᠦ᠂ ᠮᠡᠳᠡᠭᠦᠯᠦᠨ ᠳᠠᠩᠰᠠᠯᠠᠭᠤᠯᠬᠤ᠂ ᠦᠨᠡᠯᠡᠨ ᠵᠢᠱᠢᠬᠦ᠂ ᠲᠣᠬᠢᠷᠠᠭᠤᠯᠤᠯᠲᠠ ᠬᠢᠬᠦ ᠠᠵᠢᠯ ᠳᠤ ᠣᠷᠣᠯᠴᠠᠨ᠎ᠠ᠃ ᠰᠢᠭᠤᠶᠢᠲᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠦᠪᠵᠢᠭᠦᠯᠭᠡ ᠂ ᠭᠠᠵᠠᠷ ᠬᠡᠷᠡᠭᠯᠡᠬᠦ ᠯᠠᠪᠯᠠᠯᠭ᠎ᠠ᠂ ᠭᠠᠵᠠᠷ ᠰᠣᠩᠭᠤᠬᠤ ᠨᠤᠲᠠᠯᠠᠯᠲᠠ ᠶᠢᠨ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠰᠢᠭᠤᠶᠢᠲᠤ ᠲᠣᠭᠤᠷᠢᠭ ‍ᠤᠨ‌‍ᠲ᠋ᠣᠰᠬᠤᠨ ᠪᠠᠯᠭᠠᠰᠤ ᠶᠢᠨ ᠲᠥᠯᠦᠪᠵᠢᠭᠦᠯᠭᠡ ᠶᠢᠨ ᠮᠡᠷᠭᠡᠵᠢᠯ ᠤᠨ ᠦᠢᠯᠡᠴᠢᠯᠡᠭᠡ ᠪᠠ ᠮᠡᠷᠭᠡᠵᠢᠯ ᠤᠨ ᠵᠢᠯᠣᠭᠤᠳᠤᠯᠭ᠎ᠠ ᠶᠢ ᠬᠠᠷᠢᠭᠤᠴᠠᠨ᠎ᠠ ᠃           ︵16︶  ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠲᠤᠰᠠᠯᠠᠬᠤ ᠠᠵᠢᠯ ᠢ ᠡᠭᠦᠷᠭᠡᠯᠡᠵᠦ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ ᠰᠠᠨᠠᠯ ᠤᠨ ᠪᠢᠴᠢᠭ ( ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠥᠯᠥᠪᠵᠢᠭᠦᠯᠬᠦ ᠨᠥᠬᠦᠴᠡᠯ ᠤᠨ ᠪᠢᠴᠢᠭ ᠪᠠᠭᠲᠠᠨ᠎ᠠ )᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠵᠢᠴᠢ ᠪᠠᠷᠢᠯᠭ᠎ᠠ ᠳᠠᠭᠤᠰᠤᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠲᠥᠯᠦᠪᠵᠢᠭᠦᠯᠭᠡ ᠶᠢ ᠬᠢᠨᠠᠨ ᠬᠠᠷᠭᠤᠭᠤᠯᠵᠤ ᠬᠡᠮᠵᠢᠨ ᠵᠢᠷᠤᠬᠤ ᠮᠡᠷᠭᠡᠵᠢᠯ ᠤᠨ ᠦᠢᠯᠡᠴᠢᠯᠡᠭᠡᠨ ᠤ ᠠᠵᠢᠯ ᠬᠢᠬᠦ ᠶᠢ ᠬᠠᠷᠢᠭᠤᠴᠠᠨ᠎ᠠ᠃  ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢ ᠬᠠᠮᠵᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠨ᠎ᠡ᠃          (17 )ᠰᠢᠭᠤᠶᠢᠲᠤ ᠬᠠᠭᠤᠴᠢᠨ ᠲᠣᠭᠤᠷᠢᠭ ᠤᠨ ᠵᠠᠮ᠂ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠲᠥᠯᠦᠪᠵᠢᠭᠦᠯᠭᠡ ᠶᠢ ᠬᠢᠨᠠᠨ ᠵᠥᠪᠰᠢᠶᠡᠷᠡᠬᠦ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ ᠃         (18 ) ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ ᠃        2. ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠰᠢᠭᠤᠶᠢᠲᠤ ᠲᠣᠭᠤᠷᠢᠭ ᠤᠨ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠪᠣᠯᠣᠨ ᠰᠢᠭᠤᠶᠢᠲᠤ ᠲᠣᠭᠤᠷᠢᠭ ‍ᠤᠨ‌ᠭᠠᠵᠠᠷ ᠰᠢᠷᠣᠢ ᠨᠥᠭᠡᠴᠡᠯᠡᠬᠦ ᠲᠥᠪ ᠢ ᠡᠮᠬᠢᠯᠡᠨ ᠨᠡᠶᠢᠯᠡᠭᠦᠯᠵᠦ᠂ ᠰᠢᠭᠤᠶᠢᠲᠤ ᠲᠣᠭᠤᠷᠢᠭ ᠤᠨ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠢ ᠳᠠᠭᠢᠨ ᠵᠣᠬᠢᠶᠠᠨ ᠪᠠᠶᠢᠭᠤᠯᠵᠤ᠂ ᠰᠢᠭᠤᠶᠢᠲᠤ  ᠲᠣᠭᠤᠷᠢᠭ ‍ᠤᠨ‌ᠭᠠᠵᠠᠷ ᠰᠢᠷᠣᠢ ᠨᠥᠭᠡᠴᠡᠯᠡᠬᠦ ᠲᠥᠪ ᠤᠨ ᠫᠠᠶᠢᠰᠠ᠂ ᠰᠢᠭᠤᠶᠢᠲᠤ ᠲᠣᠭᠤᠷᠢᠭ ᠤᠨ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ( ᠰᠢᠭᠤᠶᠢᠲᠤ ᠲᠣᠭᠤᠷᠢᠭ ᠤᠨ ᠭᠠᠵᠠᠷ ᠰᠢᠷᠣᠢ ᠨᠥᠭᠡᠴᠡᠯᠡᠬᠦ ᠲᠥᠪ ) ᠪᠣᠯ  ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠷᠢᠶ᠎ᠠ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ᠂ ᠳᠣᠣᠷ᠎ᠠ ᠨᠢ ᠡᠷᠬᠡ ᠶᠢᠨ ᠬᠠᠷᠢᠶ᠎ᠠ ᠶᠢ ᠳᠠᠩᠰᠠᠯᠠᠬᠤ ᠲᠠᠰᠤᠭ᠂ ᠪᠠᠷᠢᠴᠠᠭᠠᠯᠠᠵᠤ ᠠᠷᠠᠯᠵᠢᠶᠠᠯᠠᠬᠤ ᠳᠠᠩᠰᠠ ᠡᠪᠬᠡᠮᠡᠯ ᠤᠨ ᠬᠤᠪᠢ᠂ ᠭᠠᠵᠠᠷ ᠰᠢᠷᠣᠢ ᠨᠥᠭᠡᠴᠡᠯᠡᠬᠦ ᠲᠠᠰᠤᠭ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠲᠠᠰᠤᠭ ᠵᠡᠷᠭᠡ 4 ᠳᠣᠲᠣᠭᠠᠳᠤ ᠪᠠᠶᠢᠭᠤᠯᠤᠮᠵᠢ ᠪᠣᠯᠣᠨ᠎ᠠ᠃          3. ᠠᠯᠪᠠᠯᠠᠬᠤ ᠬᠠᠶ᠋ᠢᠭ᠄ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠺᠠᠩ ᠵᠤᠸᠠᠩ ᠶᠡᠭᠡ ᠵᠠᠮ ᠪᠣᠯᠣᠨ ᠪᠠᠳᠠᠷᠠᠬᠤ ᠶᠡᠭᠡ ᠵᠡᠭᠡᠯᠢ ᠶᠢᠨ ᠠᠭᠤᠯᠵᠠᠷ ᠭᠠᠵᠠᠷ ᠤᠨ ᠰᠢᠭᠤᠶᠢᠲᠤ ᠲᠣᠭᠤᠷᠢᠭ ᠤᠨ ᠬᠤᠲᠠ ᠶᠢᠨ ᠠᠷᠠᠳ ᠤᠨ ᠲᠢᠩᠬᠢᠮ          4. ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ 9 : 00-12 : 00᠂ 14 : 00-17 : 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠡᠭᠦᠨ ᠳᠤ ᠪᠠᠭᠲᠠᠬᠤ ᠦᠭᠡᠢ          5. ᠬᠠᠷᠢᠯᠴᠠᠬᠤ ᠠᠷᠭ᠎ᠠ ᠮᠠᠶ᠋ᠢᠭ : 0472-2730850          6 .ᠬᠠᠷᠢᠭᠤᠴᠠᠯᠭᠠᠲᠠᠨ ᠤ ᠨᠡᠷ᠎ᠡ᠄ ᠸᠠᠩ ᠹᠠᠩ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号