2024 ᠣᠨ ᠤ ᠨᠢᠭᠡᠳᠦᠭᠡᠷ ᠤᠯᠠᠷᠢᠯ ᠤᠨ ᠰᠢᠭᠤᠶᠢᠲᠤ ᠲᠣᠭᠤᠷᠢᠭ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠵᠠᠳᠠᠯᠤᠯᠲᠠ
ᠨᠡᠶᠢᠲᠡᠯᠡᠭᠰᠡᠨ ᠴᠠᠭ᠄
2024/5/9
        ᠲᠣᠭᠤᠷᠢᠭ ᠤᠨ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠰᠢᠭᠤᠶᠢᠲᠤ ᠲᠣᠭᠤᠷᠢᠭ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠶᠡᠷᠦᠩᠬᠡᠢ ᠱᠦᠵᠢ  ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠶᠡᠭᠡ ᠶᠠᠪᠤᠳᠠᠯ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠤᠯᠭᠠᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠠ ᠪᠦᠭᠦ ᠲᠣᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠰᠢᠨ᠎ᠡ︾᠎ ᠤ ᠤᠳᠤᠷᠢᠳᠤᠮᠵᠢ ᠶᠢ ᠪᠠᠷᠢᠮᠲᠠᠯᠠᠵᠤ᠂ ᠲᠤᠭ᠎ᠠ ᠬᠡᠮᠵᠢᠶ᠎ᠡ ᠶᠢ ᠨᠡᠮᠡᠭᠳᠡᠭᠦᠯᠬᠦ ᠦᠵᠡᠯ ᠤᠬᠠᠮᠰᠠᠷ ᠢᠶᠠᠨ ᠴᠢᠩᠭᠠᠳᠬᠠᠵᠤ᠂ ᠪᠦᠭᠦ ᠬᠤᠲᠠ ᠶᠢᠨ ︽ᠬᠤᠶᠠᠷ ᠲᠥᠪ︾᠂ ︽ᠬᠤᠶᠠᠷ ᠰᠠᠭᠤᠷᠢᠨ ᠭᠠᠵᠠᠷ︾ ᠪᠠ ︽ᠲᠠᠪᠤᠨ ᠶᠡᠭᠡ ᠪᠠᠶᠢᠯᠳᠤᠬᠤ ᠰᠢᠨ᠎ᠡ ᠠᠵᠤ ᠦᠢᠯᠡᠰ ᠤᠨ ᠪᠦᠯᠦᠭᠯᠡᠯ︾᠎ ᠢ ᠪᠠᠶᠢᠭᠤᠯᠬᠤ ᠬᠠᠷᠠᠯᠲᠠ ᠶᠢᠨ ᠡᠭᠦᠷᠭᠡ ᠶᠢᠨ ᠲᠣᠭᠤᠷᠢᠨ ᠳᠤ᠂ ᠤᠯᠠᠮᠵᠢᠯᠠᠯᠲᠤ ᠠᠵᠤ ᠦᠢᠯᠡᠰ ᠤᠨ ᠰᠢᠯᠢᠳᠡᠭᠵᠢᠭᠦᠯᠦᠯᠲᠡ ᠶᠢ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠪᠦᠭᠦ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠢ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠲᠠᠢ ᠪᠤᠯᠭᠠᠵᠤ᠂ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠪᠡ᠃          ᠠᠵᠤ ᠠᠬᠤᠢ ᠶᠢᠨ ᠲᠣᠭᠲᠠᠭᠤᠨ ᠪᠠᠶᠢᠳᠠᠯ ᠦᠷᠭᠦᠯᠵᠢᠯᠡᠨ ᠪᠠᠬᠢᠵᠢᠵᠦ᠂ ᠡᠭᠢᠯᠡᠯᠲᠡ ᠶᠡᠷᠦᠩᠬᠡᠢ ᠳᠤᠨᠢ ᠰᠠᠶᠢᠨ ᠪᠠᠶᠢᠨ᠎ᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 19.77 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.9 %᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠣᠰᠪᠤᠷᠢ ᠥᠪᠡᠷᠲᠡᠭᠡᠨ ᠵᠠᠰᠠᠬᠤ ᠣᠷᠣᠨ᠂ ᠪᠦᠭᠦ ᠬᠤᠲᠠ ᠶᠢᠨ 3 ᠪᠠ 0.5 ᠵᠠᠭᠤᠨ ᠤ ᠬᠤᠪᠢ ᠶᠢᠨ ᠴᠢᠭ ᠢᠶᠠᠷ ᠥᠨᠳᠥᠷ ᠪᠠᠶᠢᠵᠤ᠂ ᠪᠦᠭᠦ ᠬᠤᠲᠠ ᠶᠢᠨ ᠲᠠᠪᠤᠳᠤᠭᠠᠷ ᠲᠤ ᠣᠷᠣᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 18.3 % ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠤᠰ ᠲᠤᠰ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ 11.2 ᠪᠠ 1.8 ᠵᠠᠭᠤᠨ ᠤ ᠬᠤᠪᠢ ᠶᠢᠨ ᠴᠡᠭ ᠠᠴᠠ ᠥᠨᠳᠥᠷ ᠪᠠᠶᠢᠵᠤ᠂ ᠪᠦᠭᠦ ᠬᠤᠲᠠ ᠶᠢᠨ ᠲᠠᠪᠤᠳᠤᠭᠠᠷ ᠲᠤ ᠪᠠᠶᠢᠷᠢᠯᠠᠪᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 61.1 % ᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠤᠰ ᠲᠤᠰ ᠥᠪᠡᠷᠲᠡᠭᠡᠨ ᠵᠠᠰᠠᠬᠤ ᠣᠷᠣᠨ᠂ ᠪᠦᠭᠦ ᠬᠤᠲᠠ ᠶᠢᠨ 29.6 ᠪᠠ 40.9 ᠵᠠᠭᠤᠨ ᠤ ᠬᠤᠪᠢ ᠥᠨᠳᠥᠷ ᠪᠠᠶᠢᠵᠤ᠂ ᠪᠦᠭᠦ ᠬᠤᠲᠠ ᠶᠢᠨ ᠬᠤᠶᠠᠳᠤᠭᠠᠷ ᠲᠤ ᠣᠷᠣᠪᠠ᠃ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠥᠷᠲᠡᠭ 1.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.9 %᠎ ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠤᠶᠠᠷ ᠵᠦᠢᠯ ᠤᠨ ᠣᠷᠣᠯᠭ᠎ᠠ ᠲᠤᠰ ᠲᠤᠰ 14700 ᠲᠥᠭᠦᠷᠢᠭ ᠪᠠ 87076 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 5.1 % ᠪᠠ 6.7 %᠎ ᠪᠠᠷ ᠨᠡᠮᠡᠭᠳᠡᠪᠡ᠃          1.ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠬᠤᠪᠢ ᠨᠡᠮᠡᠷᠢ ᠶᠢᠨ ᠵᠥᠷᠢᠶ᠎ᠡ ᠶᠡᠬᠡᠳᠴᠦ᠂ ᠭᠠᠵᠠᠷ ᠣᠷᠣᠨ ᠤ ᠦᠢᠯᠡᠳᠪᠦᠷᠢᠯᠡᠯ ᠤᠨ ᠪᠦᠭᠦ ᠥᠷᠲᠡᠭ ᠲᠣᠭᠲᠠᠭᠤᠨ ᠢᠶᠠᠷ ᠨᠡᠮᠡᠭᠳᠡᠪᠡ          ᠬᠤᠰᠢᠭᠤ ᠰᠢᠶᠠᠩ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠨᠢᠭᠡᠳᠦᠭᠡᠷ ᠤᠯᠠᠷᠢᠯ ᠤᠨ ᠰᠢᠭᠤᠶᠢᠲᠤ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 19.77 ᠳ᠋ᠦᠩᠰᠢᠭᠤᠷ ᠲᠥᠭᠦᠷᠢᠭ ᠲᠤ ᠬᠦᠷᠴᠦ᠂ ᠦᠯᠦ ᠬᠤᠪᠢᠰᠬᠤ ᠦᠨ᠎ᠡ ᠪᠠᠷ ᠪᠤᠳᠣᠪᠠᠯ᠂ ᠠᠳᠠᠯᠢ ᠬᠤᠭᠤᠴᠠᠭᠠᠨ ᠤ ᠬᠢ ᠠᠴᠠ 8.9 %᠎ ᠪᠠᠷ ᠨᠡᠮᠡᠭᠳᠡᠪᠡ᠃ ᠠᠵᠤ ᠦᠢᠯᠡᠰ ᠤᠨ ᠬᠤᠪᠢᠶᠠᠷᠢᠯᠠᠯ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 0.08 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3 %᠎ ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 15.61 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 11.7 %᠎ ᠪᠠᠷ ᠨᠡᠮᠡᠭᠳᠡᠪᠡ᠃ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 4.08 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 1.0 %᠎ ᠪᠠᠷ ᠨᠡᠮᠡᠭᠳᠡᠪᠡ᠃ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠠᠴᠠ ᠲᠤᠰ ᠲᠤᠰ 0.8᠂ 9.1᠂ 4.3 ᠵᠠᠭᠤᠨ ᠤ ᠨᠢᠭᠡᠴᠢ ᠳᠡᠭᠡᠭᠰᠢᠯᠡᠪᠡ᠃ ᠭᠤᠷᠪᠠᠳᠤᠭᠠᠷ ᠠᠵᠤ ᠦᠢᠯᠡᠰ ᠤᠨ ᠬᠠᠷᠢᠴᠠᠯ ᠨᠢ 0.4 : 79 : 20.6 ᠪᠣᠯᠣᠨ᠎ᠠ᠃ ᠭᠤᠷᠪᠠᠨ ᠠᠵᠤ ᠦᠢᠯᠡᠰ ᠤᠨ ᠪᠦᠭᠦ ᠣᠷᠣᠨ ᠤ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠎ ᠨᠢ ᠲᠤᠰ ᠲᠤᠰ 0 %᠂ 96.32 % ᠪᠠ 3.68 % ᠪᠠᠶᠢᠵᠤ᠂ ᠡᠭᠦᠨ ᠳᠤ᠂ ᠬᠤᠶᠠᠳᠤᠭᠠᠷ ᠠᠵᠤ ᠦᠢᠯᠡᠰ ᠤᠨ ᠬᠤᠪᠢ ᠨᠡᠮᠡᠷᠢ ᠨᠢ ᠬᠠᠮᠤᠭ ᠶᠡᠭᠡ᠂ GDP ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 8.6 ᠬᠤᠪᠢ ᠳᠠᠶᠢᠴᠢᠯᠠᠭᠰᠠᠨ ᠪᠠᠶᠢᠨ᠎ᠠ᠃          2.ᠦᠢᠯᠡᠳᠪᠦᠷᠢᠯᠡᠯ ᠦᠷᠭᠦᠯᠵᠢᠯᠡᠨ ᠨᠡᠮᠡᠭᠳᠡᠵᠦ᠂ ᠠᠵᠤ ᠦᠢᠯᠡᠳᠪᠦᠷᠢ ᠶᠢᠨ ᠲᠤᠯᠭᠠᠭᠤᠷᠢᠯᠠᠬᠤ ᠦᠢᠯᠡᠳᠦᠯ ᠢᠯᠡᠳᠲᠡ ᠪᠣᠯᠪᠠ          ᠨᠢᠭᠡᠳᠦᠭᠡᠷ ᠤᠯᠠᠷᠢᠯ ᠳᠤ ᠴᠠᠷ᠎ᠠ ᠭᠦᠷ᠎ᠡ ᠠᠴᠠ ᠳᠡᠭᠡᠭᠰᠢ ᠠᠵᠤ ᠦᠢᠯᠡᠳᠪᠦᠷᠢ ᠶᠢᠨ ᠨᠡᠶᠢᠲᠡ ᠪᠦᠲᠦᠭᠡᠭᠳᠡᠬᠦᠨ 74.8  ᠳ᠋ᠦᠩᠰᠢᠭᠤᠷ ᠬᠦᠷᠴᠦ᠂  ᠠᠳᠠᠯᠢ ᠬᠤᠭᠤᠴᠠᠭᠠᠨ ᠤ ᠬᠢ ᠠᠴᠠ 32.4 %  ᠥᠰᠪᠡ᠃ ᠨᠡᠭᠦᠷᠡᠰᠦ ᠨᠡᠭᠡᠭᠡᠨ ᠮᠠᠯᠲᠠᠬᠤ᠂ ᠤᠬᠢᠶᠠᠵᠤ ᠰᠢᠯᠢᠬᠦ ᠦᠢᠯᠡᠰ ᠪᠠ ᠬᠠᠷ᠎ᠠ ᠲᠡᠮᠦᠷᠯᠢᠭ ᠬᠠᠶᠢᠯᠤᠭᠤᠯᠤᠨ ᠪᠤᠯᠪᠠᠰᠤᠷᠠᠭᠤᠯᠵᠤ ᠪᠤᠯᠪᠠᠰᠤᠷᠠᠭᠤᠯᠬᠤ ᠦᠢᠯᠡᠰ ᠤᠨ ᠬᠤᠶᠠᠷ ᠶᠡᠭᠡ ᠤᠯᠠᠮᠵᠢᠯᠠᠯᠲᠤ ᠠᠵᠤ ᠦᠢᠯᠡᠰ ᠨᠢ ᠮᠥᠨ ᠭᠤᠣᠯᠯᠠᠬᠤ ᠪᠠᠶᠢᠷᠢᠨ ᠳᠤ ᠪᠠᠶᠢᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠡᠵᠡᠯᠡᠬᠦ ᠬᠠᠷᠢᠴᠠᠯ ᠨᠢ 63.9 %᠎ ᠳᠤ ᠬᠦᠷᠴᠦ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠨᠣᠷᠮ᠎ᠠ 6.3 %᠎ ᠳᠤ ᠭᠦᠷᠪᠡ᠃ ᠨᠠᠷᠠᠨ ᠡᠨᠧᠷᠭᠢ ᠪᠠᠷ ᠴᠠᠭᠢᠯᠭᠠᠨ ᠭᠠᠷᠭᠠᠬᠤ ᠪᠠ ᠰᠠᠯᠬᠢᠨ ᠡᠨᠧᠷᠭᠢ ᠪᠠᠷ ᠴᠠᠭᠢᠯᠭᠠᠨ ᠭᠠᠷᠭᠠᠬᠤ ᠮᠠᠰᠢᠨ ᠲᠣᠨᠣᠭᠯᠠᠯ ᠵᠢᠴᠢ ᠰᠡᠯᠪᠢᠭ ᠲᠣᠨᠤᠭ ᠦᠢᠯᠡᠳᠬᠦ ᠪᠠᠷ ᠭᠤᠣᠯ ᠪᠤᠯᠭᠠᠬᠰᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠤᠨ ᠬᠥᠳᠡᠯᠭᠡᠬᠦ ᠬᠦᠴᠦᠨ ᠭᠦᠢᠴᠡᠳ ᠪᠠᠶᠢᠵᠤ᠂ ᠨᠢᠭᠡᠳᠦᠭᠡᠷ ᠤᠯᠠᠷᠢᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 90.6 %᠎ ᠪᠠᠷ ᠨᠡᠮᠡᠭᠳᠡᠵᠦ᠂ ᠪᠦᠭᠦ ᠲᠣᠭᠤᠷᠢᠭ ‍ᠤᠨ‌ᠨᠡᠮᠡᠭᠳᠡᠯ ᠥᠷᠲᠡᠭ ᠢ ᠵᠠᠭᠤᠨ ᠤ 6 ᠬᠤᠪᠢ ᠪᠠᠷ ᠨᠡᠮᠡᠭᠳᠡᠪᠡ᠃          ᠠᠵᠢᠯ ᠲᠥᠷᠥᠯ ᠠᠴᠠ ᠠᠪᠴᠤ ᠦᠵᠡᠪᠡᠯ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠦᠢᠯᠡᠳᠬᠦᠨ ᠤ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 6.5%᠎ ᠪᠠᠷ ᠪᠠᠭᠤᠷᠠᠪᠠ᠃ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢᠯᠡᠰ ᠤᠨ ᠦᠢᠯᠡᠳᠬᠦᠨ ᠤ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 23. 3%᠎ ᠪᠠᠷ ᠪᠠᠭᠤᠷᠠᠪᠠ᠃ᠭᠤᠮ ᠪᠣᠯᠣᠨ ᠰᠦᠯᠢᠶᠥᠦ ᠪᠦᠲᠦᠭᠡᠭᠳᠡᠬᠦᠨ ᠤ ᠦᠢᠯᠡᠰ ᠤᠨ ᠶᠡᠷᠦᠩᠬᠡᠢ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 53.6%᠎ ᠪᠠᠷ ᠪᠠᠭᠤᠷᠠᠪᠠ᠃ ᠬᠠᠷ᠎ᠠ ᠲᠡᠮᠦᠷᠯᠢᠭ ᠬᠠᠶᠢᠯᠤᠭᠤᠯᠬᠤ ᠪᠠ ᠳᠠᠷᠤᠵᠤ ᠤᠷᠲᠤᠳᠬᠠᠨ ᠪᠣᠯᠪᠠᠰᠤᠷᠠᠭᠤᠯᠬᠤ ᠦᠢᠯᠡᠰ ᠤᠨ ᠦᠢᠯᠡᠳᠬᠦᠨ ᠤ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 22.5%᠎ ᠪᠠᠷ ᠨᠡᠮᠡᠭᠳᠡᠪᠡ᠃ᠥᠩᠭᠡᠲᠦ ᠲᠡᠮᠦᠷᠯᠢᠭ ᠬᠠᠶᠢᠯᠤᠭᠤᠯᠬᠤ ᠪᠠ ᠳᠠᠷᠤᠵᠤ ᠤᠷᠲᠤᠳᠬᠠᠨ ᠪᠣᠯᠪᠠᠰᠤᠷᠠᠭᠤᠯᠬᠤ ᠦᠢᠯᠡᠰ ᠤᠨ ᠦᠢᠯᠡᠳᠬᠦᠨ ᠤ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 64.7%᠎ ᠪᠠᠷ ᠨᠡᠮᠡᠭᠳᠡᠪᠡ᠃ ᠲᠡᠮᠦᠷᠯᠢᠭ ᠦᠢᠯᠡᠳᠬᠦᠨ ᠤ ᠦᠢᠯᠡᠰ ᠤᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 64.7%᠎ ᠪᠠᠷ ᠪᠠᠭᠤᠷᠠᠪᠠ᠃ ᠴᠠᠬᠢᠯᠭᠠᠨ ᠮᠠᠰᠢᠨ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ᠤᠨ ᠶᠡᠷᠦᠩᠬᠡᠢ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 98.4%᠎ ᠪᠠᠷ ᠪᠠᠭᠤᠷᠠᠪᠠ᠃ ᠬᠠᠶᠠᠭᠳᠠᠮᠠᠯ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠢᠯᠡᠰ ᠤᠨ ᠦᠢᠯᠡᠳᠬᠦᠨ ᠤ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 98.4%᠎ ᠪᠠᠷ ᠪᠠᠭᠤᠷᠠᠪᠠ᠃ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠶᠡᠷᠦᠩᠬᠡᠢ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 9. 9%᠎ ᠪᠠᠷ ᠪᠠᠭᠤᠷᠠᠪᠠ᠃ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠶᠡᠷᠦᠩᠬᠡᠢ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 97.3%᠎ ᠪᠠᠷ ᠨᠡᠮᠡᠭᠳᠡᠪᠡ᠃ ᠠᠵᠤ ᠠᠬᠤᠶᠢᠯᠠᠯ ᠠᠴᠠ ᠦᠵᠡᠪᠡᠯ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠤᠪᠢ ᠨᠡᠮᠡᠷᠢ ᠢᠯᠡᠷᠬᠡᠢ ᠪᠠᠶᠢᠵᠤ᠂ ᠦᠢᠯᠡᠳᠬᠦᠨ ᠤ ᠥᠷᠲᠡᠭ ᠤᠨ ᠡᠮᠦᠨ᠎ᠡ 4 ᠣᠷᠣᠨ ᠤ ᠭᠤᠣᠯᠳᠠᠯᠭ᠎ᠠ ᠲᠠᠢ ᠠᠵᠤ ᠠᠬᠤᠶᠢᠯᠠᠯ ᠦᠢᠯᠡᠳᠬᠦᠨ ᠤ ᠥᠷᠲᠡᠭ ᠢ ᠨᠡᠶᠢᠲᠡ 68.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ  ᠲᠣᠭᠤᠷᠢᠭ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠤᠨ 91.4%᠎ ᠶᠢ ᠡᠵᠡᠯᠡᠪᠡ᠃        3.ᠪᠡᠯᠡ ᠤᠷᠤᠭᠤᠯᠤᠯᠳᠠ ᠶᠢᠨ ᠨᠡᠮᠡᠭᠳᠡᠯ ᠤᠨ ᠬᠤᠷᠳᠤᠴᠠ ᠨᠢ ᠳᠠᠬᠢᠨ ᠰᠢᠨ᠎ᠡ ᠲᠡᠮᠳᠡᠭᠯᠡᠯ ᠢ ᠡᠭᠦᠳᠴᠦ᠂ ᠬᠤᠶᠠᠳᠤᠭᠠᠷ ᠠᠵᠤ ᠦᠢᠯᠡᠰ ᠢᠶᠠᠷ ᠳᠠᠶᠢᠴᠢᠯᠠᠯᠲᠠ ᠬᠦᠴᠦᠲᠡᠢ ᠪᠣᠯᠤᠭᠰᠠᠨ ᠪᠠᠶᠢᠨ᠎ᠠ        ᠨᠢᠭᠡᠳᠦᠭᠡᠷ ᠤᠯᠠᠷᠢᠯ ᠳᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠎ ᠬᠢ ᠠᠴᠠ 61.1% ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠄ ᠨᠢᠭᠡᠳᠦᠭᠡᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 23.1 %᠎ ᠪᠠᠷ ᠳᠡᠭᠡᠭᠰᠢᠯᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 0.2 ᠵᠠᠭᠤᠨ ᠤ ᠴᠡᠭ ᠳᠠᠶᠢᠴᠢᠯᠠᠪᠠ᠃ ᠬᠤᠶᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 118.8 %᠎ ᠪᠠᠷ ᠳᠡᠭᠡᠭᠰᠢᠯᠡᠵᠦ᠂ ᠪᠥᠬᠦ ᠪᠡᠯᠡ ᠣᠷᠣᠭᠤᠯᠤᠯᠲᠠ ᠶᠢ ᠳᠠᠶᠢᠴᠢᠯᠠᠨ 73.4 ᠵᠠᠭᠤᠨ ᠤ ᠨᠢᠭᠡᠴᠢ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 33.5 %᠎ ᠪᠠᠷ ᠪᠠᠭᠤᠷᠠᠪᠠ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠄ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠵᠡᠷᠭᠡ ᠭᠤᠷᠪᠠᠨ ᠶᠡᠭᠡ ᠬᠦᠷᠢᠶ᠎ᠡ ᠴᠠᠷᠠᠭ᠎ᠠ ᠨᠢ ᠪᠡᠯᠡ ᠣᠷᠣᠭᠤᠯᠤᠯᠲᠠ ᠶᠢᠨ ᠭᠤᠣᠯᠳᠠᠯᠭ᠎ᠠ ᠪᠣᠯᠣᠨ᠎ᠠ᠃ ᠦᠢᠯᠡᠳᠬᠡᠯ ᠤᠨ ᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠬᠠᠮᠤᠭ ᠤᠨ ᠶᠡᠭᠡ᠂ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 118.2 %᠎ ᠢᠶᠠᠷ ᠨᠡᠮᠡᠭᠳᠡᠵᠦ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠳᠤ ᠪᠠᠲᠤ ᠪᠠᠬᠢ ᠪᠣᠳᠠᠰ ᠤᠨ ᠰᠠᠭᠤᠷᠢ ᠶᠢ ᠬᠠᠩᠭᠠᠪᠠ᠃ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 95.7 %᠎ ᠪᠠᠷ ᠪᠠᠭᠤᠷᠠᠪᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 276.5%᠎ ᠪᠠᠷ ᠨᠡᠮᠡᠭᠳᠡᠵᠦ᠂ ᠬᠤᠲᠠ ᠶᠢᠨ ᠪᠦᠲᠦᠭᠡᠨ ᠪᠠᠶᠢᠭᠤᠯᠤᠯᠲᠠ ᠪᠠ ᠰᠠᠭᠤᠭᠠᠯᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃        4.ᠦᠢᠯᠡᠴᠢᠯᠡᠭᠡᠨ ᠤ ᠦᠢᠯᠡᠰ ᠲᠣᠭᠲᠠᠭᠤᠨ ᠡᠬᠢᠯᠡᠯᠲᠡ ᠲᠠᠢ ᠪᠣᠯᠵᠤ᠂ ᠲᠦᠷᠭᠡᠨ ᠰᠡᠷᠭᠦᠬᠦ ᠪᠠᠶᠢᠳᠠᠯ ᠰᠠᠶᠢᠵᠢᠷᠠᠪᠠ        ᠨᠢᠭᠡᠳᠦᠭᠡᠷ ᠤᠯᠠᠷᠢᠯ ᠳᠤ ᠪᠥᠬᠦ ᠲᠣᠭᠤᠷᠢᠭ ‍ᠤᠨ‌‍ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ 5 ᠪᠠᠶᠢᠵᠤ᠂ ᠠᠵᠤ ᠠᠬᠤᠶᠢᠯᠠᠯ ᠤᠨ ᠦᠷ᠎ᠡ ᠠᠰᠢᠭ ᠦᠷᠭᠦᠯᠵᠢᠯᠡᠨ ᠰᠠᠶᠢᠵᠢᠷᠠᠪᠠ᠃ ᠡᠵᠡᠩᠨᠡᠯᠲᠡ ᠶᠢᠨ ᠣᠷᠣᠯᠭ᠎ᠠ ᠶᠢ ᠨᠡᠶᠢᠲᠡ 1839.9 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠎ ᠬᠢ ᠠᠴᠠ 85.6%᠎ ᠪᠠᠷ ᠨᠡᠮᠡᠭᠳᠡᠨ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 4.08 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ  ᠲᠣᠭᠤᠷᠢᠭ ᠤᠨ GDP᠎ ᠳᠠᠬᠢ ᠡᠵᠡᠯᠡᠬᠦ ᠬᠤᠪᠢ ᠶᠢᠨ ᠵᠢᠩ ᠨᠢ 20.6 ᠵᠠᠭᠤᠨ ᠤ ᠨᠢᠭᠡᠴᠢ ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1 ᠵᠠᠭᠤᠨ ᠤ ᠴᠡᠭ ᠳᠡᠭᠡᠭᠰᠢᠯᠡᠵᠡᠢ᠃ ᠠᠵᠢᠯ ᠲᠥᠷᠥᠯ ᠢᠶᠠᠷ ᠲᠥᠷᠥᠯ ᠬᠤᠪᠢᠶᠠᠵᠤ ᠦᠵᠡᠪᠡᠯ᠂ ᠪᠦᠬᠦ  ᠲᠣᠭᠤᠷᠢᠭ ᠤᠨ ᠬᠡᠪᠴᠢᠶ᠎ᠡ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠨᠠᠢᠮᠠᠨ ᠶᠡᠭᠡ ᠠᠵᠢᠯ ᠲᠥᠷᠥᠯ ᠤᠨ ᠳᠣᠲᠣᠷ᠎ᠠ᠂ ᠳᠥᠷᠪᠡᠨ ᠠᠵᠢᠯ ᠲᠥᠷᠥᠯ ᠤᠨ ᠬᠢᠨ ᠤ ᠡᠵᠡᠩᠨᠡᠯᠲᠡ ᠶᠢᠨ ᠣᠷᠣᠯᠭ᠎ᠠ ᠨᠡᠮᠡᠭᠳᠡᠬᠦ ᠪᠠᠶᠢᠳᠠᠯ ᠲᠠᠢ ᠪᠠᠶᠢᠨ᠎ᠠ᠃ ᠡᠭᠦᠨ ᠳᠤ᠂ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢᠨ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠦᠬᠦᠯᠢ ᠴᠣᠭᠴᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠲᠤ ᠢᠯᠡᠳᠲᠡ ᠬᠤᠪᠢ ᠨᠡᠮᠡᠷᠢ ᠦᠵᠡᠭᠦᠯᠵᠦ᠂ ᠡᠵᠡᠩᠨᠡᠯᠲᠡ ᠶᠢᠨ ᠣᠷᠣᠯᠭ᠎ᠠ ᠨᠢ ᠲᠣᠰ ᠲᠣᠰ ᠠᠳᠠᠯᠢ ᠬᠤᠭᠤᠴᠠᠭᠠᠨ ᠤ ᠬᠢ ᠠᠴᠠ 173% ᠪᠠ 145%᠎ ᠪᠠᠷ ᠨᠡᠮᠡᠭᠳᠡᠵᠦ᠂ ᠪᠥᠬᠦ  ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠲᠣᠰ ᠲᠣᠰ 33 ᠪᠠ 16 ᠵᠠᠭᠤᠨ ᠤ ᠴᠡᠭ ᠪᠣᠯᠣᠨ᠎ᠠ᠃        5.ᠬᠡᠷᠡᠭᠯᠡᠭᠡᠨ ᠤ ᠵᠠᠬ᠎ᠠ ᠳᠡᠯᠭᠡᠭᠦᠷ ᠠᠭᠠᠵᠢᠮ ᠢᠶᠠᠷ ᠰᠠᠶᠢᠵᠢᠷᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠳᠡᠭᠡᠭᠰᠢᠯᠡᠪᠡ        ᠨᠢᠭᠡᠳᠦᠭᠡᠷ ᠤᠯᠠᠷᠢᠯ ᠳᠤ᠂ ᠮᠠᠨ ᠤ ᠲᠣᠭᠤᠷᠢᠭ ᠨᠡᠮᠡᠭᠳᠡᠯ ᠢ ᠲᠣᠭᠲᠠᠪᠤᠷᠢᠵᠢᠭᠤᠯᠤᠨ ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠴᠢᠭᠯᠡᠯ ᠢ ᠪᠥᠬᠦ ᠬᠤᠲᠠ ᠯᠤᠭ᠎ᠠ ᠨᠢᠭᠡᠳᠦᠯᠲᠡᠢ ᠪᠠᠶᠢᠯᠭᠠᠪᠠ᠃ ᠪᠥᠬᠦ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 1.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9%᠎ ᠪᠠᠷ ᠨᠡᠮᠡᠭᠳᠡᠪᠡ᠃ ᠡᠵᠡᠩᠨᠡᠯᠲᠡ ᠶᠢᠨ ᠪᠠᠶᠢᠭ᠎ᠠ ᠭᠠᠵᠠᠷ ᠢᠶᠠᠷ ᠨᠢ ᠬᠤᠪᠢᠶᠠᠪᠠᠯ᠄ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 1.28 ᠳ᠋ᠦᠩᠰᠢᠭᠤᠷ ᠲᠥᠭᠦᠷᠢᠭ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 0.15 ᠳ᠋ᠦᠩᠰᠢᠭᠤᠷ ᠲᠥᠭᠦᠷᠢᠭ ᠪᠣᠯᠣᠨ᠎ᠠ᠃ ᠬᠡᠷᠡᠭᠯᠡᠭᠡᠨ ᠤ ᠬᠡᠯᠪᠡᠷᠢ ᠪᠠᠷ ᠬᠤᠪᠢᠶᠠᠬᠤ᠄ ᠲᠠᠸᠠᠷ ᠤᠨ ᠵᠢᠵᠢᠭᠯᠡᠨ ᠪᠣᠷᠣᠯᠠᠭᠤᠯᠤᠯᠲᠠ 1.26 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.46%᠎ ᠪᠠᠷ ᠨᠡᠮᠡᠭᠳᠡᠨ᠂ ᠢᠳᠡᠭᠡᠨ ᠤᠮᠳᠠᠭᠠᠨ ᠤ ᠣᠷᠣᠯᠭ᠎ᠠ 0.17 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6%᠎ ᠪᠠᠷ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠦᠢᠯᠡᠰ ᠤᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ 16.56 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 102.13 %᠎ ᠪᠠᠷ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠬᠤ ᠦᠢᠯᠡᠰ 2 ᠪᠠᠶᠢᠵᠤ᠂ ᠵᠢᠵᠢᠭᠯᠡᠨ ᠬᠤᠳᠠᠯᠳᠤᠭᠰᠠᠨ ᠬᠡᠮᠵᠢᠶ᠎ᠡ 0.096 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.16 %᠎ ᠪᠠᠷ ᠪᠠᠭᠤᠷᠠᠪᠠ᠃ ᠢᠳᠡᠭᠡᠨ ᠤᠮᠳᠠᠭᠠᠨ ᠤ ᠣᠷᠣᠯᠭ᠎ᠠ 370.6 ᠲᠦᠮᠡᠨ ᠲᠥᠭᠦᠷᠢᠭ ᠲᠤ ᠬᠦᠷᠴᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠬᠤᠪᠢ ᠶᠢᠨ ᠵᠢᠩ 27.8 %᠎ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.85 %᠎ ᠪᠠᠷ ᠨᠡᠮᠡᠭᠳᠡᠪᠡ᠃        6.ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠡᠷᠡᠭᠯᠡᠭᠡᠨ ᠤ ᠵᠠᠷᠤᠯᠭ᠎ᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠪᠠ        ᠨᠢᠭᠡᠳᠦᠭᠡᠷ ᠤᠯᠠᠷᠢᠯ ᠳᠤ᠂ ᠪᠠᠶᠢᠩᠭᠤ ᠰᠠᠭᠤᠭ᠎ᠠ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 11835 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5%᠎ ᠪᠠᠷ ᠨᠡᠮᠡᠭᠳᠡᠪᠡ᠃ ᠭᠠᠵᠠᠷ ᠣᠷᠣᠨ ᠬᠤᠪᠢᠶᠠᠵᠤ ᠦᠵᠡᠪᠡᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 14700 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1%᠎ ᠪᠠᠷ ᠨᠡᠮᠡᠭᠳᠡᠪᠡ᠃ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 8076 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7%᠎ ᠪᠠᠷ ᠨᠡᠮᠡᠭᠳᠡᠨ᠂ ᠬᠤᠲᠠ ᠬᠥᠳᠡᠭᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠴᠥᠮ ᠭᠠᠵᠠᠷ ᠣᠷᠣᠨ ᠤ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠠᠷᠢᠴᠠᠯ ᠨᠢ 1.82 ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.03 ᠪᠠᠭᠠᠰᠴᠠᠢ᠃ ᠪᠦᠬᠦ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ ᠬᠥᠮᠥᠨ ᠪᠦᠷᠢ ᠳᠤᠮᠳᠠᠴᠢ ᠪᠠᠷ 9173 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠎ ᠬᠢ ᠠᠴᠠ 9.6% ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ ᠬᠥᠮᠥᠨ ᠪᠦᠷᠢ ᠳᠤᠮᠳᠠᠴᠢ ᠪᠠᠷ 9580 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠎ ᠬᠢ ᠠᠴᠠ 7.5%᠎ ᠪᠠᠷ ᠨᠡᠮᠡᠭᠳᠡᠨ᠂ ᠡᠩᠭᠡᠷ ᠤᠨ ᠢᠯᠡᠳᠬᠡᠮᠵᠢ 41%᠎ ᠳᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1 ᠵᠠᠭᠤᠨ ᠤ ᠴᠡᠭ ᠪᠠᠭᠠᠰᠪᠠ︔ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ ᠬᠥᠮᠥᠨ ᠪᠦᠷᠢ ᠳᠤᠮᠳᠠᠴᠢ ᠪᠠᠷ 4868 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.7%᠎ ᠪᠠᠷ ᠨᠡᠮᠡᠭᠳᠡᠨ᠂ ᠡᠩᠭᠡᠷ ᠤᠨ ᠢᠯᠡᠳᠬᠡᠮᠵᠢ 40% ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5 ᠵᠠᠭᠤᠨ ᠤ ᠴᠡᠭ ᠪᠠᠭᠠᠰᠪᠠ᠃        ᠶᠡᠷᠦᠩᠬᠡᠢ ᠳᠤᠨᠢ ᠠᠪᠴᠤ ᠦᠵᠡᠪᠡᠯ᠂ ᠨᠢᠭᠡᠳᠦᠭᠡᠷ ᠤᠯᠠᠷᠢᠯ ᠳᠤ ᠪᠦᠬᠦ ᠲᠣᠭᠤᠷᠢᠭ ᠤᠨ ᠠᠵᠤ ᠠᠬᠤᠢ ᠲᠣᠭᠲᠠᠭᠤᠨ ᠢᠶᠠᠷ ᠤᠷᠤᠭᠰᠢᠯᠠᠵᠤ᠂ ᠰᠠᠶᠢᠨ ᠡᠬᠢᠯᠡᠯᠲᠡ ᠲᠠᠢ ᠪᠣᠯᠪᠠ᠃ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠳᠤ ︽ᠲᠣᠭᠲᠠᠭᠤᠨ ᠢᠶᠠᠷ ᠨᠡᠮᠡᠭᠳᠡᠭᠦᠯᠵᠦ᠂ ᠲᠡᠩᠴᠡᠭᠦᠷᠢᠲᠡᠢ ᠤᠷᠤᠭᠰᠢᠯᠠᠬᠤ︾ ᠰᠠᠶᠢᠨ ᠰᠠᠶᠢᠬᠠᠨ ᠪᠠᠶᠢᠳᠠᠯ ᠢᠯᠡᠷᠡᠪᠡ᠂ ᠭᠡᠪᠡᠴᠦ ᠪᠢᠳᠡ ᠪᠠᠰᠠ ᠭᠤᠣᠯᠳᠠᠯᠭ᠎ᠠ ᠲᠠᠢ ᠠᠵᠤ ᠠᠬᠤᠶᠢᠯᠠᠯ ᠤᠨ ᠳᠠᠶᠢᠴᠢᠯᠠᠬᠤ ᠬᠦᠴᠦᠨ ᠪᠠᠭᠤᠷᠠᠵᠤ᠂ ᠵᠢᠵᠢᠭ ᠪᠢᠴᠢᠯ ᠠᠵᠤ ᠠᠬᠤᠶᠢᠯᠠᠯ ᠤᠨ ᠰᠡᠷᠭᠦᠯᠲᠡ ᠤᠳᠠᠭᠠᠨ᠂ ᠰᠢᠨ᠎ᠡ ᠨᠡᠮᠡᠭᠳᠡᠯ ᠤᠨ ᠴᠡᠭ ᠬᠦᠷᠦᠯᠴᠡᠬᠦ ᠦᠭᠡᠢ ᠵᠢᠴᠢ ᠠᠵᠤ ᠦᠢᠯᠡᠰ ᠤᠨ ᠬᠥᠭᠵᠢᠯᠲᠡ ᠵᠣᠬᠢᠴᠠᠩᠭᠤᠢ ᠪᠤᠰᠤ᠂ ᠪᠦᠬᠦ ᠲᠠᠯ᠎ᠠ ᠶᠢᠨ ᠪᠤᠰᠤ ᠠᠰᠠᠭᠤᠳᠠᠯ ᠮᠥᠨ ᠲᠣᠪᠣᠶᠢᠮ᠎ᠠ ᠪᠠᠶᠢᠬᠤ ᠶᠢ ᠲᠣᠳᠣᠷᠬᠠᠢ ᠲᠠᠨᠢᠬᠤ ᠬᠡᠷᠡᠭᠲᠡᠢ᠃ ᠳᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠨᠡᠮᠡᠭᠳᠡᠯ ᠤᠨ ᠤᠬᠠᠮᠰᠠᠷ ᠢ ᠳᠤᠪᠤᠶᠢᠯᠭᠠᠵᠤ᠂ ᠵᠠᠳᠠᠯᠤᠭᠰᠠᠨ ᠰᠡᠳᠬᠢᠬᠦᠢ ᠶᠢ ᠪᠤᠢ ᠪᠣᠯᠭᠠᠵᠤ᠂ ᠡᠯ᠎ᠡ ᠵᠦᠢᠯ ᠤᠨ ᠵᠢᠱᠢᠯᠲᠡ ᠠᠴᠠ ᠳᠠᠪᠠᠭᠰᠠᠨ ᠠᠶᠤᠯ ᠲᠦᠭᠰᠢᠭᠦᠷᠢ ᠥᠷᠢᠰᠦᠯᠳᠦᠭᠡᠨ ᠢ ᠢᠳᠡᠪᠬᠢᠲᠡᠢ ᠠᠷᠭᠠᠴᠠᠭᠠᠵᠤ᠂ ᠪᠦᠬᠦ ᠵᠢᠯ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃
 
ᠢᠷᠡᠯᠲᠡ᠄ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号