ᠠᠷᠠᠳ ᠤᠨ ᠵᠠᠩ ᠳᠠᠳᠬᠠᠯ ︵ᠪᠠᠶᠠᠷ ᠳᠤᠷᠠᠰᠬᠠᠯ ᠤᠨ ᠡᠳᠦᠷ︶ ᠤᠨ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠢ ᠬᠡᠷᠬᠢᠨ ᠨᠠᠩ ᠰᠠᠶᠢᠨ ᠤᠯᠠᠮᠵᠢᠯᠠᠨ ᠬᠠᠮᠠᠭᠠᠯᠠᠬᠤ ᠪᠣᠶ︖
ᠨᠡᠶᠢᠲᠡᠯᠡᠭᠰᠡᠨ ᠴᠠᠭ᠄
2024/5/9
        ᠵᠠᠩ ᠦᠢᠯᠡ ︵ᠪᠠᠶᠠᠷ ᠳᠤᠷᠠᠰᠬᠠᠯ︶ ᠶᠢᠨ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠪᠣᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠤᠨ ᠲᠤᠷᠰᠢᠬᠢ ᠦᠢᠯᠡᠳᠪᠦᠷᠢᠯᠡᠯ ᠠᠮᠢᠳᠤᠷᠠᠯ ᠤᠨ ᠲᠤᠷᠰᠢᠯᠭ᠎ᠠ ᠪᠠ ᠣᠶᠤᠨ ᠤᠬᠠᠭᠠᠨ ᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠡᠩᠬᠡ ᠲᠠᠶᠢᠪᠤᠩ᠂ ᠰᠠᠶᠢᠨ ᠰᠠᠶᠢᠬᠠᠨ᠂ ᠵᠣᠯ ᠵᠢᠷᠭᠠᠯᠲᠤ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠢᠯᠡᠷᠡᠭᠦᠯᠵᠦ᠂ ᠣᠯᠠᠨ ᠲᠠᠯ᠎ᠠ ᠶᠢᠨ ᠦᠨ᠎ᠡ ᠥᠷᠲᠡᠭ ᠲᠠᠢ ᠶᠤᠮ᠃ ᠮᠠᠨ ᠤ ᠤᠯᠤᠰ ᠤᠨ ᠵᠠᠩ ᠦᠢᠯᠡ ︵ᠪᠠᠶᠠᠷ ᠳᠤᠷᠠᠰᠬᠠᠯ ᠤᠨ ᠡᠳᠦᠷ︶ ᠶᠢᠨ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠡᠯᠪᠡᠭ ᠪᠠᠶᠠᠯᠢᠭ ᠣᠯᠠᠨ ᠶᠠᠩᠵᠤ ᠶᠢᠨ ᠪᠠᠶᠢᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ᠲᠠᠪᠤᠨ ᠪᠦᠯᠦᠭ ᠤᠨ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠳᠤ᠂ ᠠᠷᠠᠳ ᠤᠨ ᠵᠠᠩ ᠦᠢᠯᠡ ᠶᠢᠨ ᠲᠥᠷᠥᠯ ᠨᠢ 183 ︵492 ᠬᠤᠪᠢᠶᠠᠷᠢ ᠲᠥᠷᠥᠯ︶ ᠪᠠᠶᠢᠵᠤ᠂ ᠡᠯ᠎ᠡ ᠭᠠᠵᠠᠷ ᠠᠴᠠ ᠮᠠᠭᠠᠳᠯᠠᠨ ᠲᠣᠭᠲᠠᠭᠠᠭᠰᠠᠨ ᠡᠯ᠎ᠡ ᠱᠠᠲᠤᠨ ᠤ ᠠᠷᠠᠳ ᠤᠨ ᠵᠠᠩ ᠦᠢᠯᠡ ︵ᠪᠠᠶᠠᠷ ᠳᠤᠷᠠᠰᠬᠠᠯ ᠤᠨ ᠡᠳᠦᠷ︶ ᠶᠢᠨ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠤᠭ᠎ᠠ ᠨᠠᠩ ᠣᠯᠠᠨ ᠪᠣᠯᠪᠠ᠃
1714985166928024394.jpg
        2023 ᠣᠨ ᠤ 1 ᠰᠠᠷ᠎ᠠ ᠳᠤ᠂ ᠭᠤᠸᠠᠩᠳᠦ᠋ᠩ ᠤᠨ ᠹᠥᠸᠧ ᠱᠠᠨ ᠬᠤᠳᠠ ᠶᠢᠨ ᠨᠠᠨ ᠬᠠᠢ ᠲᠣᠭᠤᠷᠢᠭ ᠤᠨ ᠰᠢ ᠴᠢᠶᠤᠤ ᠬᠤᠸᠠᠩ ᠣᠪᠣᠭᠲᠤ ᠶᠢᠨ ᠰᠦᠮ᠎ᠡ ᠳᠤ᠂ ᠠᠷᠰᠯᠠᠨ ᠤ ᠪᠦᠯᠬᠦᠮ ᠨᠢ ᠵᠤᠭᠠᠴᠠᠭᠰᠠᠳ ᠲᠤ ᠠᠷᠰᠯᠠᠨ ᠬᠡᠷᠡᠭᠯᠡᠵᠡᠢ᠃ (ᠰᠢᠠᠬᠤᠠ ᠬᠤᠷᠢᠶᠠᠨ ᠤ ᠰᠣᠷᠪᠤᠯᠵᠢᠯᠠᠬᠴᠢ ᠯᠢᠦ ᠲᠠ ᠸᠧᠢ ᠰᠡᠭᠦᠳᠡᠷᠯᠡᠪᠡ)        ᠣᠳᠣᠬᠠᠨ ᠳᠤ᠂ ᠡᠯ᠎ᠡ ᠭᠠᠵᠠᠷ ᠤᠨ ᠠᠷᠠᠳ ᠤᠨ ᠵᠠᠩ ᠦᠢᠯᠡ ᠶᠢᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠠᠮᠢᠳᠤᠯᠢᠭ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠮᠵᠢᠲᠡᠢ ᠬᠠᠮᠠᠭᠠᠯᠠᠨ ᠤᠯᠠᠮᠵᠢᠯᠠᠬᠤ ᠶᠢᠨ ᠬᠠᠮᠲᠤ᠂ ᠨᠢᠭᠡ ᠪᠦᠯᠦᠭ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠡᠭᠦᠳᠴᠦ᠂ ᠮᠠᠰᠢ ᠤᠯᠠᠨ ᠵᠤᠭᠠᠴᠠᠭᠰᠠᠳ ᠢ ᠲᠠᠲᠠᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠲᠠᠶᠢᠴᠢᠯᠠᠵᠠᠢ᠃ ᠵᠢᠱᠢᠶᠡᠯᠡᠪᠡᠯ᠂ ᠰᠣᠶᠣᠯ ᠪᠠ ᠵᠢᠭᠤᠯᠴᠢᠯᠠᠯ ᠤᠨ ᠶᠠᠮᠤᠨ ᠤ ᠲᠤᠭ᠎ᠠ ᠪᠠᠷᠢᠮᠲᠠ ᠶᠢᠨ ᠲᠥᠪ ᠠᠴᠠ ᠲᠥᠰᠥᠭᠡᠯᠡᠨ ᠪᠣᠳᠣᠵᠤ᠂ 2023 ᠣᠨ ᠤ ᠨᠠᠢᠮᠠᠨ ᠰᠠᠷ᠎ᠠ ᠶᠢᠨ ᠲᠡᠷᠭᠡᠯ ᠪᠠᠶᠠᠷ ᠤᠯᠤᠰ ᠤᠨ ᠪᠠᠶᠠᠷ ᠤᠨ ᠠᠮᠠᠷᠠᠯᠲᠠ ᠶᠢᠨ 8 ᠡᠳᠦᠷ᠂ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠨ ᠵᠢᠭᠤᠯᠴᠢᠯᠠᠯ ᠤᠨ ᠬᠥᠮᠥᠨ ᠤ ᠲᠤᠭ᠎ᠠ 8.26 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ ᠶᠢ 7534.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠰᠣᠶᠣᠯ ᠪᠠ ᠵᠢᠭᠤᠯᠴᠢᠯᠠᠯ ᠤᠨ ᠠᠵᠢᠯᠯᠠᠭ᠎ᠠ ᠶᠢ ᠭᠦᠨᠵᠡᠭᠡᠢ ᠠᠭᠤᠰᠤᠯᠴᠠᠭᠤᠯᠤᠭᠰᠠᠨ ᠨᠢ ᠬᠢᠯᠠᠰ ᠴᠡᠭ ᠪᠣᠯᠵᠤ᠂ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠨᠡᠮᠡᠭᠳᠡᠯ ᠮᠠᠰᠢ ᠲᠦᠷᠭᠡᠨ ᠪᠣᠯᠪᠠ᠃ 2024 ᠣᠨ ᠳᠤ ᠭᠤᠸᠠᠩᠰᠢ ᠶᠢᠨ ︽ᠭᠤᠷᠪᠠᠨ ᠰᠠᠷ᠎ᠠ ᠶᠢᠨ ᠭᠤᠷᠪᠠᠨ︾ ᠤ ᠠᠮᠠᠷᠠᠯᠲᠠ ᠶᠢᠨ ᠬᠤᠭᠤᠴᠠᠭᠠᠨ ᠳᠤ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠡᠯᠪᠡᠭ ᠪᠠᠶᠠᠯᠢᠭ ᠪᠠᠶᠢᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠬᠥᠭᠵᠢᠶᠡᠨᠲᠡᠢ ᠪᠣᠯᠵᠤ᠂ ᠵᠢᠭᠤᠯᠴᠢᠯᠠᠯ ᠤᠨ ᠭᠥᠯᠢᠶᠡᠨ ᠠᠪᠬᠤ ᠶᠡᠷᠦᠩᠬᠡᠢ ᠬᠥᠮᠥᠨ ᠤ ᠲᠤᠭ᠎ᠠ ᠪᠠ ᠵᠢᠭᠤᠯᠴᠢᠯᠠᠯ ᠤᠨ ᠶᠡᠷᠦᠩᠬᠡᠢ ᠣᠷᠣᠯᠭ᠎ᠠ ᠶᠢᠨ ᠬᠤᠣᠰ ᠨᠡᠮᠡᠭᠳᠡᠯ ᠢ ᠪᠡᠶᠡᠯᠡᠭᠦᠯᠪᠡ᠃
微信图片_20240509101840.png
        ᠪᠢᠯᠢᠭ ᠤᠨ ᠤᠯᠠᠷᠢᠯ ᠤᠨ ᠭᠤᠷᠪᠠᠨ ᠰᠠᠷ᠎ᠠ ᠶᠢᠨ ᠭᠤᠷᠪᠠᠨ ᠳᠤ᠂ ᠭᠤᠸᠠᠩᠰᠢ ᠶᠢᠨ ᠤᠯᠠᠨ ᠭᠠᠵᠠᠷ ᠲᠤ ᠪᠠᠶᠠᠯᠢᠭ ᠰᠠᠶᠢᠬᠠᠨ ᠠᠷᠠᠳ ᠤᠨ ᠵᠠᠩ ᠦᠢᠯᠡ ᠶᠢᠨ ᠠᠵᠢᠯᠯᠠᠭ᠎ᠠ ᠥᠷᠨᠢᠭᠦᠯᠵᠦ᠂ ᠪᠠᠶᠠᠷ ᠤᠨ ᠡᠳᠦᠷ ᠢ ᠪᠠᠶᠠᠷᠯᠠᠨ ᠤᠭᠲᠤᠪᠠ᠃ ︵ᠰᠢᠨᠬᠤᠸᠠ ᠬᠤᠷᠢᠶ᠎ᠠ ᠨᠡᠶᠢᠲᠡᠯᠡᠪᠡ ᠮᠠ ᠬᠤᠸᠠ ᠪᠢᠨ ᠰᠡᠭᠦᠳᠡᠷᠯᠡᠪᠡ︶        ᠳᠤᠮᠳᠠᠳᠤ ᠤᠯᠤᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠦᠷᠭᠦᠯᠵᠢᠯᠡᠨ ᠴᠢᠩᠭᠠᠷᠠᠬᠤ ᠶᠢ ᠳᠠᠭᠠᠯᠳᠤᠨ᠂ ᠴᠠᠭᠠᠨ ᠰᠠᠷ᠎ᠠ᠂ ᠨᠠᠢᠮᠠᠨ ᠰᠠᠷ᠎ᠠ ᠶᠢᠨ ᠲᠡᠷᠭᠡᠯ ᠵᠡᠷᠭᠡ ᠠᠷᠠᠳ ᠤᠨ ᠵᠠᠩ ᠦᠢᠯᠡ ᠶᠢᠨ ᠪᠠᠶᠠᠷ ᠳᠤᠷᠠᠰᠬᠠᠯ ᠤᠨ ᠠᠵᠢᠯᠯᠠᠭ᠎ᠠ ᠨᠢᠭᠡᠨᠲᠡ ᠳᠡᠯᠡᠬᠡᠢ ᠨᠡᠶᠢᠲᠡ ᠳᠤ ᠮᠡᠳᠡᠷᠡᠭᠳᠡᠭᠰᠡᠨ ᠲᠥᠯᠥᠭᠡᠯᠡᠬᠦ ᠴᠢᠨᠠᠷᠲᠠᠢ ᠳᠤᠮᠳᠠᠳᠤ ᠶᠢᠨ ᠰᠣᠶᠣᠯ ᠤᠨ ᠲᠡᠮᠳᠡᠭ ᠪᠣᠯᠤᠭᠰᠠᠨ ᠪᠠᠶᠢᠨ᠎ᠠ᠃ 2023 ᠣᠨ ᠳᠤ ᠠᠮᠧᠷᠢᠺᠠ ᠶᠢᠨ ᠴᠠᠭᠠᠨ ᠣᠷᠳᠣᠨ ᠳᠤ ᠠᠩᠬ᠎ᠠ ᠤᠳᠠᠭ᠎ᠠ ᠳᠤᠮᠳᠠᠳᠤ ᠤᠯᠤᠰ ᠤᠨ ᠪᠢᠯᠢᠭ ᠤᠨ ᠤᠯᠠᠷᠢᠯ ᠤᠨ ᠰᠢᠨ᠎ᠡ ᠵᠢᠯ ᠤᠨ ᠳᠠᠶᠢᠯᠠᠯᠭ᠎ᠠ ᠬᠢᠵᠦ᠂ ᠥᠩᠭᠡᠲᠦ ᠠᠷᠰᠯᠠᠨ ᠤ ᠰᠡᠷᠭᠦᠭᠰᠡᠨ ᠠᠷᠰᠯᠠᠨ ᠤ ᠪᠦᠯᠬᠦᠮ ᠤᠨ ᠠᠷᠰᠯᠠᠨ ᠪᠥᠵᠢᠭᠯᠡᠬᠦ ᠲᠣᠭᠯᠠᠯᠲᠠ ᠭᠠᠷᠭᠠᠪᠠ᠃ ᠲᠤᠰ ᠵᠢᠯ ᠤᠨ 12 ᠰᠠᠷ᠎ᠠ ᠳᠤ 78 ᠳ᠋ᠤᠭᠠᠷ ᠬᠤᠭᠤᠴᠠᠭᠠᠨ ᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠵᠥᠪᠳᠡᠯᠴᠡᠨ ᠰᠢᠢᠳᠪᠦᠷᠢ ᠪᠠᠲᠤᠯᠠᠵᠤ᠂ ᠴᠠᠭᠠᠨ ᠰᠠᠷ᠎ᠠ ︵ᠪᠢᠯᠢᠭ ᠤᠨ ᠤᠯᠠᠷᠢᠯ ᠤᠨ ᠰᠢᠨ᠎ᠡ ᠵᠢᠯ︶ ᠶᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠠᠷᠠᠯᠲᠠ ᠶᠢᠨ ᠡᠳᠦᠷ ᠢᠶᠠᠷ ᠲᠣᠭᠲᠠᠭᠠᠪᠠ᠃ ᠡᠨᠡ ᠵᠢᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ᠂ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ︽ᠪᠠᠭᠠᠲᠤᠷ ᠳᠠᠭᠤᠤ ᠪᠥᠵᠢᠭ︾ ( ᠭᠤᠸᠠᠩᠳᠦᠶᠢᠩ ᠤᠨ ᠫᠦ᠋ ᠨᠢᠩ) ᠠᠩᠭ᠍ᠯᠢ ᠶᠢᠨ ᠯᠣᠨᠳᠣᠨ ᠳᠤ ᠲᠣᠳᠣᠷᠠᠵᠤ᠂ ᠬᠡᠳᠦᠨ ᠠᠷᠪᠠᠨ ᠲᠦᠮᠡᠨ ᠬᠥᠮᠥᠨ ᠰᠠᠭᠤᠵᠤ ᠰᠣᠨᠢᠷᠬᠠᠪᠠ᠃ ᠤᠯᠤᠰ ᠤᠨ ᠳᠣᠲᠣᠭᠠᠳᠤ ᠳᠤ ᠭᠡᠰᠡᠨ ᠦᠭᠡᠢ᠂ ᠳᠡᠯᠡᠬᠡᠢ ᠶᠢᠨ ᠭᠤᠴᠣ ᠰᠠᠶᠢᠬᠠᠨ ᠵᠠᠩ ᠦᠢᠯᠡ ᠶᠢᠨ ᠪᠠᠶᠠᠷ ᠳᠤᠷᠠᠰᠬᠠᠯ ᠤᠨ ᠬᠥᠳᠡᠯᠭᠡᠭᠡᠨ ᠳᠤ ᠴᠥᠮ ᠰᠠᠶᠢᠨ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠪᠤᠢ ᠪᠣᠯᠤᠭᠰᠠᠨ ᠢ ᠦᠵᠡᠵᠦ ᠭᠠᠷᠴᠤ ᠪᠣᠯᠣᠨ᠎ᠠ᠃        ᠵᠠᠩ ᠦᠢᠯᠡ ᠶᠢᠨ ᠪᠠᠶᠠᠷ ᠳᠤᠷᠠᠰᠬᠠᠯ ᠤᠨ ᠠᠵᠢᠯᠯᠠᠭ᠎ᠠ ᠨᠢ ᠰᠢᠨ᠎ᠡ ᠠᠮᠢᠵᠢᠷᠠᠯ ᠤᠨ ᠬᠦᠴᠦᠨ ᠢᠶᠠᠨ ᠲᠠᠰᠤᠷᠠᠯᠲᠠ ᠦᠭᠡᠢ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠣᠷᠣᠨ ᠪᠦᠰᠡ ᠶᠢᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠰᠢᠨ᠎ᠡ ᠬᠥᠳᠡᠯᠭᠡᠬᠦ ᠬᠦᠴᠦᠨ ᠪᠣᠯᠤᠭᠰᠠᠨ ᠪᠠᠶᠢᠨ᠎ᠠ᠃ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠠᠷᠠᠳ ᠤᠨ ᠵᠠᠩ ᠳᠠᠳᠬᠠᠯ ︵ᠪᠠᠶᠠᠷ ᠳᠤᠷᠠᠰᠬᠠᠯ ᠤᠨ ᠡᠳᠦᠷ︶ ᠤᠨ ᠲᠦᠷᠦᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠶᠢ ᠮᠠᠭᠠᠳᠯᠠᠨ ᠲᠣᠭᠲᠠᠭᠠᠬᠤ ᠳᠦᠷᠢᠮ ᠪᠣᠯᠣᠨ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠠᠷᠠᠳ ᠤᠨ ᠵᠠᠩ ᠦᠢᠯᠡ ᠶᠢᠨ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠨᠡᠩ ᠰᠠᠶᠢᠨ ᠤᠯᠠᠮᠵᠢᠯᠠᠨ ᠬᠥᠭᠵᠢᠬᠦ ᠶᠢ ᠠᠬᠢᠭᠤᠯᠬᠤ ᠬᠡᠷᠡᠭᠲᠡᠢ᠃
微信图片_20240509102055.png
        2 ᠰᠠᠷ᠎ᠠ ᠶᠢᠨ 10  ᠤ ᠡᠳᠦᠷ᠂ ᠾᠧᠨᠠᠨ ᠤ ᠱᠠᠩ ᠴᠢᠦ ᠡᠷᠲᠡᠨ ᠤ ᠬᠤᠲᠠ ᠶᠢᠨ ᠴᠠᠭᠠᠨ ᠰᠠᠷ᠎ᠠ ᠶᠢᠨ ᠠᠷᠠᠳ ᠤᠨ ᠵᠠᠩ ᠦᠢᠯᠡ ᠶᠢᠨ ᠲᠣᠭᠯᠠᠯᠲᠠ ᠶᠢᠨ ᠲᠣᠭᠤᠷᠢᠨ ᠵᠤᠭᠠᠴᠠᠬᠤ ᠠᠵᠢᠯᠯᠠᠭ᠎ᠠ ᠳᠡᠭᠡᠷ᠎ᠡ᠂ ᠵᠤᠭᠠᠴᠠᠭᠰᠠᠳ ᠪᠣᠯᠣᠨ ᠠᠷᠠᠳ ᠤᠨ ᠪᠥᠵᠢᠭ ᠲᠤ ᠠᠩᠭᠢ ᠬᠠᠷᠢᠯᠴᠠᠨ ᠬᠥᠳᠡᠯᠦᠯᠴᠡᠵᠡᠢ᠃ ︵ᠰᠢᠨᠬᠤᠸᠠ ᠬᠤᠷᠢᠶ᠎ᠠ ᠲᠠᠷᠬᠠᠭᠠᠪᠠ ᠯᠢ ᠾᠧᠩ ᠰᠡᠭᠦᠳᠡᠷᠯᠡᠪᠡ︶        ᠳᠣᠲᠣᠭᠠᠳᠤ ᠠᠭᠤᠯᠬᠤᠨ ᠢ ᠭᠦᠨ ᠠᠭᠤᠳᠠᠯᠠᠵᠤ᠃ ᠴᠠᠭᠠᠨ ᠰᠠᠷ᠎ᠠ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠵᠡᠷᠭᠡ ᠠᠷᠠᠳ ᠤᠨ ᠵᠠᠩ ᠦᠢᠯᠡ ᠶᠢᠨ ᠪᠠᠶᠠᠷ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠪᠠᠷ ᠡᠳ᠋ᠯᠡᠬᠦ ᠪᠠᠶᠠᠷ ᠤᠨ ᠡᠳᠦᠷ ᠮᠥᠨ᠂ ᠪᠠᠰᠠ ᠴᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠠᠴᠢᠶᠠᠯᠠᠪᠤᠷᠢ ᠮᠥᠨ᠃ ᠨᠠᠭᠠᠳᠤᠮ ᠤᠨ ᠬᠤᠷᠠᠯ᠂ ᠤᠰᠤ ᠰᠠᠴᠤᠬᠤ ᠪᠠᠶᠠᠷ᠂ ᠭᠠᠯ ᠪᠠᠮᠪᠠᠷ ᠬᠢᠬᠦ ᠪᠠᠶᠠᠷ ᠵᠡᠷᠭᠡ ᠡᠯ᠎ᠡ ᠭᠠᠵᠠᠷ ᠤᠨ ᠥᠪᠡᠷᠮᠢᠴᠡ ᠣᠨᠴᠠᠯᠢᠭ ᠲᠠᠢ ᠠᠷᠠᠳ ᠤᠨ ᠵᠠᠩ ᠦᠢᠯᠡ ᠶᠢᠨ ᠪᠠᠶᠠᠷ ᠳᠤᠷᠠᠰᠬᠠᠯ ᠤᠨ ᠠᠵᠢᠯᠯᠠᠭ᠎ᠠ ᠪᠣᠯ ᠳᠤᠮᠳᠠᠳᠤ ᠶᠢᠨ ᠪᠣᠯᠪᠠᠰᠤᠨ ᠤ ᠤᠯᠠᠨ ᠡᠰᠢᠲᠦ ᠨᠢᠭᠡ ᠴᠣᠭᠴᠠᠵᠢᠭᠤᠯᠤᠭᠰᠠᠨ ᠠᠮᠢᠳᠤᠯᠢᠭ ᠢᠯᠡᠷᠡᠯ ᠪᠣᠯᠣᠨ᠎ᠠ᠂ ᠰᠣᠶᠣᠯ ᠵᠤᠭᠠᠴᠠᠯ ᠤᠨ ᠠᠵᠤ ᠦᠢᠯᠡᠰ ᠤᠨ ᠦᠯᠢᠭᠡᠷ ᠳᠠᠭᠤᠷᠢᠶᠠᠯ ᠢ ᠪᠠᠶᠠᠯᠢᠭᠵᠢᠭᠤᠯᠤᠭᠰᠠᠨ ᠪᠠᠶᠢᠨ᠎ᠠ᠃ ᠠᠷᠠᠳ ᠤᠨ ᠵᠠᠩ ᠦᠢᠯᠡ ᠶᠢᠨ ᠪᠠᠶᠠᠷ ᠤᠨ ᠡᠳᠦᠷ ᠤᠨ ᠥᠷᠲᠡᠭ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠤᠨᠤᠯ ᠤᠨ ᠰᠤᠳᠤᠯᠭᠠᠨ ᠢ ᠴᠢᠩᠭᠠᠳᠬᠠᠵᠤ᠂ ᠠᠷᠠᠳ ᠤᠨ ᠵᠠᠩ ᠦᠢᠯᠡ ᠶᠢᠨ ᠤᠯᠠᠮᠵᠢᠯᠠᠨ ᠬᠥᠭᠵᠢᠭᠦᠯᠬᠦ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠳᠤᠷᠠᠳᠬᠠᠯ᠂ ᠰᠣᠶᠣᠯ ᠤᠨ ᠤᠯᠠᠮᠵᠢᠯᠠᠯ᠂ ᠰᠣᠶᠣᠯ ᠤᠨ ᠮᠡᠳᠡᠷᠡᠮᠵᠢ ᠶᠢᠨ ᠠᠴᠢ ᠬᠤᠯᠪᠣᠭᠳᠠᠯ ᠢ ᠲᠣᠳᠣᠷᠬᠠᠶᠢᠯᠠᠨ ᠥᠭᠦᠯᠡᠬᠦ ᠬᠡᠷᠡᠭᠲᠡᠢ᠃        ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠵᠣᠷᠢᠭᠵᠢᠭᠤᠯᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠤᠭᠤᠳ ᠤᠨ ᠠᠷᠠᠳ ᠤᠨ ᠵᠠᠩ ᠦᠢᠯᠡ ︵ᠪᠠᠶᠠᠷ ᠳᠤᠷᠠᠰᠬᠠᠯ ᠤᠨ ᠡᠳᠦᠷ︶ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠤᠨ ᠰᠤᠷᠭᠠᠨ ᠬᠥᠮᠦᠵᠢᠯ ᠥᠷᠨᠢᠭᠦᠯᠬᠦ ᠶᠢ ᠵᠣᠷᠢᠭᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠦᠵᠡᠯ ᠰᠠᠨᠠᠭ᠎ᠠ ᠶᠣᠰᠣ ᠰᠤᠷᠲᠠᠬᠤᠨ ᠤ ᠰᠤᠷᠭᠠᠨ ᠬᠥᠮᠦᠵᠢᠯ᠂ ᠰᠣᠶᠣᠯ ᠮᠡᠳᠡᠯᠭᠡ ᠶᠢᠨ ᠰᠤᠷᠭᠠᠨ ᠬᠥᠮᠦᠵᠢᠯ᠂ ᠤᠷᠠᠯᠢᠭ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ᠂ ᠨᠡᠶᠢᠭᠡᠮ ᠤᠨ ᠦᠢᠯᠡᠳᠦᠯᠭᠡ ᠶᠢᠨ ᠰᠤᠷᠭᠠᠨ ᠬᠥᠮᠦᠵᠢᠯ ᠤᠨ ᠡᠯ᠎ᠡ ᠭᠤᠭᠴᠤᠭ᠎ᠠ ᠳᠤ ᠪᠥᠬᠦ ᠲᠠᠯ᠎ᠠ ᠪᠠᠷ ᠠᠭᠤᠰᠤᠯᠴᠠᠭᠤᠯᠵᠤ᠂ ᠰᠤᠷᠭᠠᠨ ᠬᠥᠮᠦᠵᠢᠯ᠂ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠡᠯ᠎ᠡ ᠬᠦᠷᠢᠶᠡᠨ ᠳᠤ ᠲᠤᠤᠱᠯᠠᠭᠤᠯᠤᠨ᠎ᠠ᠃ ᠠᠷᠠᠳ ᠤᠨ ᠵᠠᠩ ᠳᠠᠳᠬᠠᠯ ︵ᠪᠠᠶᠠᠷ ᠳᠤᠷᠠᠰᠬᠠᠯ ᠤᠨ ᠡᠳᠦᠷ︶ ᠤᠨ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠢ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮᠵᠢ ᠳᠤ ᠠᠭᠤᠰᠤᠯᠴᠠᠭᠤᠯᠬᠤ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠢᠨᠵᠢᠯᠡᠭᠡᠨ ᠤ ᠰᠢᠰᠲ᠋ᠧᠮ ᠪᠠ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠨ᠎ᠠ᠃
微信图片_20240509102215.png
        ᠣᠶᠢᠷ᠎ᠠ ᠶᠢᠨ ᠵᠢᠯ ᠳᠤ᠂ ᠾᠧᠪᠧᠢ ᠮᠤᠵᠢ ᠶᠢᠨ ᠪᠠ ᠵᠧᠦ ᠬᠤᠲᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠵᠠᠯᠭᠠᠮᠵᠢᠯᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂︽ᠪᠣᠳᠠᠰ ᠤᠨ ᠪᠤᠰᠤ ᠰᠣᠶᠣᠯ ᠤᠨ ᠰᠤᠷᠭᠠᠭᠤᠯᠢ ᠶᠢᠨ ᠬᠦᠷᠢᠶᠡᠨ ᠳᠤ ᠣᠷᠣᠬᠤ︾ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ ᠥᠷᠨᠢᠭᠦᠯᠪᠡ᠃ ︵ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠩ ᠭᠤᠸᠠᠩ ᠯᠢ ᠰᠡᠭᠦᠳᠡᠷᠯᠡᠪᠡ︶        ᠴᠢᠳᠠᠪᠤᠷᠢᠲᠠᠨ ᠢ ᠬᠥᠮᠥᠵᠢᠭᠦᠯᠬᠦ ᠠᠵᠢᠯ ᠢ ᠴᠢᠩᠭᠠᠳᠬᠠᠨ᠎ᠠ᠃ ᠠᠷᠠᠳ ᠤᠨ ᠵᠠᠩ ᠳᠠᠳᠬᠠᠯ ︵ᠪᠠᠶᠠᠷ ᠳᠤᠷᠠᠰᠬᠠᠯ︶ ᠤᠨ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠶᠢ ᠮᠠᠭᠠᠳᠯᠠᠨ ᠲᠣᠭᠲᠠᠭᠠᠬᠤ ᠳᠦᠷᠢᠮ ᠪᠠ ᠮᠠᠭᠠᠳᠯᠠᠨ ᠲᠣᠭᠲᠠᠭᠠᠬᠤ ᠲᠠᠰ ᠳᠠᠷᠠᠭᠠᠯᠠᠯ ᠢ ᠲᠡᠭᠦᠯᠳᠡᠷᠵᠢᠭᠦᠯᠵᠦ᠂ ᠤᠷ᠎ᠠ ᠮᠡᠷᠭᠡᠰᠢᠯ ᠢ ᠰᠠᠶᠢᠨ ᠮᠡᠳᠡᠬᠦ ᠪᠥᠭᠡᠳ ᠡᠵᠡᠮᠰᠢᠬᠦ ᠶᠢ ᠣᠯᠵᠤ ᠮᠡᠳᠡᠬᠦ ᠪᠠ ᠳᠡᠮᠵᠢᠨ᠎ᠡ᠃ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠶᠢᠨ ᠠᠮᠢᠳᠤᠷᠠᠯ ᠤᠨ ᠬᠢᠷᠢ ᠬᠡᠮᠵᠢᠶ᠎ᠡ ᠶᠢ ᠦᠨᠡᠨᠬᠦ ᠰᠠᠶᠢᠵᠢᠷᠠᠭᠤᠯᠬᠤ ᠬᠡᠷᠡᠭᠲᠡᠢ᠃ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠶᠢ ᠦᠨᠡᠯᠡᠨ ᠵᠢᠱᠢᠬᠦ ᠪᠠ ᠬᠥᠳᠡᠯᠦᠩᠭᠦᠢ ᠬᠠᠮᠢᠶᠠᠷᠬᠤ ᠶᠢ ᠴᠢᠩᠭᠠᠳᠬᠠᠵᠤ᠂ ᠪᠤᠴᠠᠭᠠᠵᠤ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠬᠠᠮᠲᠤ ᠶᠢᠨ ᠤᠯᠠᠮᠵᠢᠯᠠᠨ ᠵᠠᠯᠭᠠᠮᠵᠢᠯᠠᠬᠤ᠂ ᠣᠯᠡᠨ ᠨᠡᠶᠢᠲᠡ ᠶᠢᠨ ᠦᠢᠯᠡᠳᠦᠯᠭᠡ ᠶᠢᠨ ᠳᠥᠷᠦᠯ ᠵᠦᠢᠯ ᠳᠤ᠂ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠬᠤ ᠪᠦᠯᠬᠦᠮ ︵ᠪᠦᠯᠬᠦᠮ ᠨᠡᠶᠢᠲᠡ︶ ᠢ ᠮᠠᠭᠠᠳᠯᠠᠨ ᠲᠣᠭᠲᠠᠭᠠᠬᠤ ᠶᠢ ᠰᠦᠪᠡᠭᠴᠢᠯᠡᠨ᠂ ᠬᠠᠮᠲᠤ ᠶᠢᠨ ᠤᠯᠠᠮᠵᠢᠯᠠᠨ ᠵᠠᠯᠭᠠᠮᠵᠢᠯᠠᠬᠤ᠂ ᠣᠯᠡᠨ ᠨᠡᠶᠢᠲᠡ ᠶᠢᠨ ᠦᠢᠯᠡᠳᠦᠯᠭᠡ ᠶᠢ ᠵᠣᠷᠢᠭᠵᠢᠭᠤᠯᠤᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠠᠬᠢᠭᠤᠯᠵᠤ᠂ ᠴᠢᠳᠠᠪᠤᠷᠢᠲᠠᠨ ᠬᠥᠮᠥᠵᠢᠭᠦᠯᠬᠦ ᠠᠷᠭ᠎ᠠ ᠵᠠᠮ ᠢ ᠥᠷᠭᠡᠳᠬᠡᠨ᠎ᠡ᠃ ᠤᠳᠤᠮᠰᠢᠯ ᠤᠨ ᠪᠤᠰᠤ ᠵᠠᠯᠭᠠᠮᠵᠢᠯᠠᠯ ᠵᠡᠷᠭᠡ ᠠᠵᠢᠯ ᠮᠡᠷᠭᠡᠵᠢᠯ ᠤᠨ ᠬᠢᠷᠢ ᠬᠡᠮ ᠢ ᠪᠠᠶᠢᠭᠤᠯᠬᠤ ᠪᠠ ᠰᠢᠯᠭᠠᠨ ᠠᠪᠬᠤ᠂ ᠦᠨᠡᠯᠡᠨ ᠵᠢᠱᠢᠬᠦ ᠶᠢ ᠬᠠᠶᠢᠨ ᠰᠦᠪᠡᠭᠴᠢᠯᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢᠨ ᠵᠣᠬᠢᠶᠠᠨ ᠪᠦᠲᠦᠭᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠵᠠᠯᠠᠭᠤ ᠴᠢᠳᠠᠪᠤᠷᠢᠲᠠᠨ ᠢ ᠬᠥᠲᠥᠯᠥᠨ ᠵᠢᠯᠤᠭᠤᠳᠴᠤ ᠪᠠᠶᠢᠭᠠᠳ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠰ ᠲᠤ ᠣᠷᠣᠯᠴᠠᠭᠤᠯᠤᠨ᠎ᠠ᠃
微信图片_20240509102524.png
        4 ᠰᠠᠷ᠎ᠠ ᠶᠢᠨ 22 ᠤ ᠡᠳᠦᠷ᠂ ᠤᠩᠳᠢᠩ ᠲᠣᠰᠬᠤᠨ ᠤ ᠠᠷᠠᠳ ᠵᠤᠭᠠᠴᠠᠭᠰᠠᠳ ᠲᠠᠢ ᠬᠠᠮᠲᠤ ᠸᠠ ᠦᠨᠳᠦᠰᠦᠲᠡᠨ ᠤ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠯᠠᠮ ᠬᠡᠩᠭᠡᠷᠭᠡ ᠶᠢᠨ ᠠᠵᠢᠯᠯᠠᠭ᠎ᠠ ᠥᠷᠨᠢᠭᠦᠯᠪᠡ᠃ ᠸᠧᠩ ᠳ᠋ᠢᠩ ᠲᠣᠰᠭᠤᠨ ᠨᠢ ᠶᠦᠨᠨᠠᠨ ᠮᠤᠵᠢ ᠶᠢᠨ ᠯᠢᠨ ᠼᠠᠩ ᠬᠤᠲᠠ ᠶᠢᠨ ᠼᠠᠩ ᠶᠤᠸᠠᠨ ᠤ ᠸᠠ ᠦᠨᠳᠦᠰᠦᠲᠡᠨ ᠤ ᠥᠪᠡᠷᠲᠡᠭᠡᠨ ᠵᠠᠰᠠᠬᠤ ᠱᠢᠶᠠᠨ ᠳᠤ ᠪᠠᠶᠢᠷᠢᠯᠠᠵᠤ᠂ ᠠᠭᠤᠯᠠ ᠢᠭᠴᠤ ᠰᠠᠬᠤᠯᠢᠭ ᠣᠢ ᠳᠤ ᠪᠠᠶᠢᠭ᠎ᠠ ᠸᠠ ᠦᠨᠳᠦᠰᠦᠲᠡᠨ ᠤ ᠲᠣᠰᠭᠤᠨ ᠪᠠᠶᠢᠵᠤ᠂ ᠲᠣᠰᠭᠤᠨ ᠨᠢ ᠬᠡᠳᠦᠨ ᠵᠠᠭᠤᠨ ᠵᠢᠯ ᠦᠨ ᠲᠡᠦᠬᠡ ᠲᠠᠢ ᠪᠣᠯᠵᠠᠢ᠃ ᠲᠤᠬᠠᠢ ᠶᠢᠨ ᠭᠠᠵᠠᠷ ᠤᠨ ᠥᠪᠡᠷᠮᠢᠴᠡ ᠣᠨᠴᠠᠯᠢᠭ ᠲᠠᠢ ᠦᠨᠳᠦᠰᠦᠲᠡᠨ ᠤ ᠰᠣᠶᠣᠯ ᠪᠠ ᠬᠥᠮᠥᠨ ᠲᠥᠷᠥᠯᠬᠢᠲᠡᠨ ᠤ ᠰᠣᠶᠣᠯ ᠤᠨ ᠦᠵᠡᠮᠵᠢ ᠨᠢ ᠡᠯ᠎ᠡ ᠭᠠᠵᠠᠷ ᠤᠨ ᠵᠢᠭᠤᠯᠴᠢᠯᠠᠭᠴᠢᠳ ᠤᠨ ᠠᠩᠬᠠᠷᠤᠯ ᠢ ᠲᠠᠲᠠᠭᠰᠠᠨ ᠪᠠᠶᠢᠨ᠎ᠠ᠃ ︵ᠰᠢᠨᠬᠤᠸᠠ ᠬᠤᠷᠢᠶᠠᠨ ᠤ ᠰᠣᠷᠪᠤᠯᠵᠢᠯᠠᠬᠴᠢ ᠸᠠᠩ ᠵᠢᠩ ᠢ ᠰᠡᠭᠦᠳᠡᠷᠯᠡᠪᠡ︶        ᠰᠣᠶᠣᠯ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ᠎ᠡ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠵᠦᠢ ᠵᠣᠬᠢᠰᠲᠠᠢ ᠬᠥᠲᠥᠯᠥᠨ ᠵᠢᠯᠤᠭᠤᠳᠴᠤ᠂ ᠤᠬᠠᠭᠤᠯᠤᠨ ᠳᠡᠯᠭᠡᠷᠡᠭᠦᠯᠬᠦ᠂ ᠠᠵᠢᠯᠯᠠᠭ᠎ᠠ ᠶᠢᠨ ᠵᠢᠷᠤᠭ ᠲᠥᠯᠥᠪᠯᠡᠭᠡ ᠪᠠ ᠠᠮᠤᠷ ᠲᠦᠪᠰᠢᠨ ᠤ ᠪᠠᠲᠤᠯᠠᠭ᠎ᠠ ᠶᠢ ᠦᠨᠡᠨ ᠬᠦ ᠴᠢᠩᠭᠠᠳᠬᠠᠵᠤ᠂ ᠲᠥᠪᠯᠡᠷᠡᠬᠦ ᠦᠭᠡᠢ᠂ ᠪᠣᠯᠪᠠᠰᠤᠨ ᠡᠮᠬᠢ ᠵᠢᠷᠤᠮ ᠲᠠᠢ᠂ ᠠᠮᠤᠷ ᠠᠮᠤᠭᠤᠯᠠᠩ ᠪᠠᠶᠠᠷ ᠬᠥᠷ ᠲᠠᠢ ᠠᠷᠠᠳ ᠤᠨ ᠵᠠᠩ ᠦᠢᠯᠡ ᠶᠢᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠭᠠᠵᠠᠷ ᠤᠨ ᠰᠣᠶᠣᠯ ᠠᠵᠤ ᠠᠬᠤᠢ ᠠᠷᠠᠯᠵᠢᠶᠠᠨ ᠤ ᠰᠣᠯᠢᠯᠴᠠᠭ᠎ᠠ ᠶᠢ ᠪᠦᠲᠦᠮᠵᠢᠲᠡᠶ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠠᠷᠠᠳ ᠤᠨ ᠵᠠᠩ ᠳᠠᠳᠬᠠᠯ ︵ᠪᠠᠶᠠᠷ ᠳᠤᠷᠠᠰᠬᠠᠯ ᠤᠨ ᠡᠳᠦᠷ︶ ᠤᠨ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠪᠠ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠬᠤᠯᠠᠴᠢᠯᠠᠵᠤ᠂ ᠠᠭᠤᠯᠤᠭᠳᠠᠬᠤᠨ ᠪᠠ ᠠᠭᠤᠯᠬᠤᠨ ᠢ ᠪᠠᠶᠠᠯᠢᠭᠵᠢᠭᠤᠯᠤᠨ᠂ ᠵᠢᠯ ᠲᠤᠷᠰᠢ ᠵᠣᠬᠢᠴᠠᠬᠤ ᠴᠢᠨᠠᠷ ᠪᠠ ᠦᠷᠭᠦᠯᠵᠢᠯᠡᠨ ᠲᠠᠲᠠᠬᠤ ᠬᠦᠴᠦᠨ ᠢ ᠴᠢᠩᠭᠠᠷᠠᠭᠤᠯᠤᠨ᠎ᠠ᠃ ᠬᠠᠮᠢᠶ᠎ᠠ ᠪᠦᠬᠦᠢ ᠰᠤᠳᠤᠯᠭᠠᠨ ᠤ ᠲᠥᠷᠥᠯ ᠵᠦᠢᠯ ᠲᠣᠭᠲᠠᠭᠠᠬᠤ᠂ ᠠᠵᠢᠯᠯᠠᠭ᠎ᠠ ᠥᠷᠨᠢᠭᠦᠯᠬᠦ᠂ ᠰᠣᠶᠣᠯ ᠤᠨ ᠡᠭᠦᠳᠦᠯᠲᠡ ᠶᠢᠨ ᠨᠡᠭᠡᠭᠡᠯᠲᠡ ᠬᠢᠬᠦ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠤᠯᠠᠮᠵᠢᠯᠠᠯᠲᠤ ᠣᠨᠴᠠᠯᠢᠭ ᠢ ᠢᠯᠡᠷᠡᠭᠦᠯᠦᠭᠰᠡᠨ ᠮᠥᠷᠲᠡᠭᠡᠨ ᠪᠠᠰᠠ ᠤᠳᠤ ᠦᠶ᠎ᠡ ᠶᠢᠨ ᠡᠯᠧᠮᠧᠨ᠋ᠲ ᠲᠤ ᠠᠭᠤᠰᠤᠯᠴᠠᠵᠤ᠂ ᠤᠳᠤ ᠦᠶ᠎ᠡ ᠶᠢᠨ ᠬᠡᠷᠡᠭᠴᠡᠭᠡ ᠳᠤ ᠵᠣᠬᠢᠴᠠᠵᠤ᠂ ᠵᠢᠩᠬᠢᠨᠢ ᠨᠤᠲᠤᠭ ᠳᠡᠪᠢᠰᠬᠡᠷ ᠲᠤ ᠦᠨᠳᠦᠰᠦᠯᠡᠵᠦ᠂ ᠳᠡᠯᠡᠬᠡᠢ ᠳ᠋ᠠᠬᠢᠨ ᠳᠤ ᠬᠠᠨᠳᠤᠬᠤ ᠬᠡᠷᠡᠭᠲᠡᠢ᠃        ︵ᠵᠣᠬᠢᠶᠠᠭᠴᠢ ᠪᠣᠯ ᠤᠯᠤᠰ ᠤᠨ ᠨᠣᠮ ᠤᠨ ᠰᠠᠩ ᠤᠨ ᠳᠡᠳ᠋ ᠰᠤᠳᠤᠯᠭᠠᠴᠢᠨ︶
 
ᠢᠷᠡᠯᠲᠡ᠄ ᠳᠤᠮᠳᠠᠲᠤ ᠤᠯᠤᠰ ᠤᠨ ᠦᠨᠳᠦᠰᠦᠲᠡᠨ  ᠤ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号