ᠰᠢᠭᠤᠶᠢᠲᠤ ᠵᠡᠭᠡᠯᠢ ᠭᠤᠳᠤᠮᠵᠢ ᠶᠢᠨ ᠡᠪᠯᠡᠯ ᠤᠨ ᠠᠵᠢᠯ ᠤᠨ ᠬᠤᠷᠢᠶ᠎ᠠ ᠰᠢᠨ᠎ᠡ ᠨᠢᠭᠡ ᠬᠤᠭᠤᠴᠠᠭᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/6/11
        ᠡᠪᠯᠡᠯ ᠤᠨ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠰᠢᠭᠤᠶᠢᠲᠤ ᠵᠡᠭᠡᠯᠢ ᠭᠤᠳᠤᠮᠵᠢ ᠶᠢᠨ ᠡᠪᠯᠡᠯ ᠤᠨ ᠠᠵᠢᠯ ᠤᠨ ᠬᠤᠷᠢᠶ᠎ᠠ ᠡᠪᠯᠡᠯ ᠤᠨ ᠲᠣᠭᠤᠷᠢᠭ ᠤᠨ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ 5 ᠰᠠᠷ᠎ᠠ ᠶᠢᠨ 31 ᠤ ᠡᠳᠦᠷ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠭᠤᠶᠢᠲᠤ ᠲᠣᠭᠤᠷᠢᠭ ᠤᠨ ᠰᠢᠭᠤᠶᠢᠲᠤ ᠵᠡᠭᠡᠯᠢ ᠭᠤᠳᠤᠮᠵᠢ ᠶᠢᠨ ᠠᠵᠢᠯ ᠤᠨ ᠵᠥᠪᠯᠡᠯ ᠤᠨ ᠭᠡᠰᠢᠭᠦᠳ ᠤᠨ ᠶᠡᠭᠡ ᠬᠤᠷᠠᠯ ᠢ ᠬᠤᠷᠠᠯᠳᠤᠭᠤᠯᠤᠨ ᠬᠤᠭᠤᠴᠠᠭ᠎ᠠ ᠰᠣᠯᠢᠬᠤ ᠰᠣᠩᠭᠤᠭᠤᠯᠢ ᠬᠢᠵᠦ᠂ 21 ᠡᠪᠯᠡᠯ ᠤᠨ ᠭᠡᠰᠢᠭᠦᠨ ᠬᠤᠷᠠᠯ ᠳᠤ ᠣᠷᠣᠯᠴᠠᠵᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠬᠤᠷᠢᠶ᠎ᠠ ᠶᠢᠨ ᠱᠦᠵᠢ ᠬᠠᠰ ᠬᠤᠷᠠᠯ ᠳᠤ ᠣᠷᠣᠯᠴᠠᠵᠤ ᠵᠢᠭᠠᠨ ᠵᠢᠯᠣᠭᠤᠳᠬᠤ ᠶᠢᠨ ᠬᠠᠮᠲᠤ ᠶᠠᠷᠢᠶ᠎ᠠ ᠲᠠᠯᠪᠢᠪᠠ᠃
1717147065219072409.jpg
        ᠶᠡᠭᠡ ᠬᠤᠷᠠᠯ ᠠᠴᠠ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠭᠤᠶᠢᠲᠤ ᠲᠣᠭᠤᠷᠢᠭ ᠤᠨ ᠰᠢᠭᠤᠶᠢᠲᠤ ᠵᠡᠭᠡᠯᠢ ᠭᠤᠳᠤᠮᠵᠢ ᠶᠢᠨ ᠠᠩᠬᠠᠳᠤᠭᠠᠷ ᠬᠤᠭᠤᠴᠠᠭᠠᠨ ᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠥᠩᠭᠡᠷᠡᠭᠰᠡᠨ ᠲᠠᠪᠤᠨ ᠵᠢᠯ ᠤᠨ ᠵᠡᠭᠡᠯᠢ ᠭᠤᠳᠤᠮᠵᠢ ᠶᠢᠨ ᠡᠪᠯᠡᠯ ᠤᠨ ᠠᠵᠢᠯ ᠤᠨ ᠬᠤᠷᠢᠶᠠᠨ ᠤ ᠠᠵᠢᠯ ᠢ ᠳ᠋ᠦᠩᠨᠡᠵᠦ᠂ ᠬᠤᠶᠢᠰᠢᠳᠠ ᠶᠢᠨ ᠠᠵᠢᠯ ᠢᠶᠠᠨ ᠥᠷᠨᠢᠭᠦᠯᠬᠦ ᠰᠡᠳᠬᠢᠴᠡ ᠪᠣᠯᠤᠨ ᠠᠵᠢᠯ ᠤᠨ ᠡᠭᠦᠷᠭᠡ ᠪᠠᠨ ᠲᠣᠳᠣᠷᠬᠠᠶᠢᠯᠠᠪᠠ᠃ ᠲᠤᠰ ᠤᠳᠠᠭ᠎ᠠ ᠶᠢᠨ ᠬᠤᠷᠠᠯ ᠠᠴᠠ ᠬᠤᠶᠠᠳᠤᠭᠠᠷ ᠬᠤᠭᠤᠴᠠᠭᠠᠨ ᠤ ᠬᠤᠷᠢᠶᠠᠨ ᠤ ᠭᠡᠰᠢᠭᠦᠨ ᠵᠢᠴᠢ ᠡᠪᠯᠡᠯ ᠤᠨ ᠠᠵᠢᠯ ᠤᠨ ᠬᠤᠷᠢᠶᠠᠨ ᠤ ᠱᠦᠵᠢ᠂ ᠳᠡᠳ᠋ ᠱᠦᠵᠢ ᠶᠢ ᠰᠣᠩᠭᠤᠨ ᠭᠠᠷᠭᠠᠵᠤ᠂ ᠡᠪᠯᠡᠯ ᠤᠨ ᠠᠵᠢᠯ ᠤᠨ ᠬᠤᠷᠢᠶᠠᠨ ᠤ ᠬᠤᠭᠤᠴᠠᠭ᠎ᠠ ᠰᠣᠯᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃
1717147111672041229.png
        ᠰᠢᠨ᠎ᠡ ᠪᠠᠷ ᠰᠣᠩᠭᠤᠭᠳᠠᠭᠰᠠᠨ ᠰᠢᠭᠤᠶᠢᠲᠤ ᠵᠡᠭᠡᠯᠢ ᠭᠤᠳᠤᠮᠵᠢ ᠶᠢᠨ ᠡᠪᠯᠡᠯ ᠤᠨ ᠠᠵᠢᠯᠯᠠᠬᠤ  ᠬᠤᠷᠢᠶ᠎ᠠ ᠶᠢᠨ ᠱᠦᠵᠢ ᠸᠧᠢ ᠪᠦᠸᠧ ᠪᠦᠬᠦ ᠵᠡᠭᠡᠯᠢ ᠭᠤᠳᠤᠮᠵᠢ ᠶᠢᠨ ᠡᠪᠯᠡᠯ ᠤᠨ ᠭᠡᠰᠢᠭᠦᠨ ᠵᠠᠯᠠᠭᠤᠴᠤᠳ ᠲᠤ ᠣᠪᠣᠷ ᠢᠶᠠᠨ ᠢᠯᠡᠳᠬᠡᠬᠦ ᠦᠭᠡ ᠬᠡᠯᠡᠪᠡ᠄ ᠰᠢᠭᠤᠶᠢᠲᠤ ᠵᠡᠭᠡᠯᠢ ᠭᠤᠳᠤᠮᠵᠢ ᠶᠢᠨ ᠡᠪᠯᠡᠯ ᠤᠨ ᠠᠵᠢᠯᠯᠠᠬᠤ ᠬᠤᠷᠢᠶ᠎ᠠ ︽ᠵᠠᠯᠠᠭᠤᠴᠤᠳ ᠢ ᠲᠡᠷᠢᠭᠦᠨ ᠳᠤ ᠲᠠᠯᠪᠢᠬᠤ᠂ ᠮᠣᠷᠠᠯ ᠢ ᠲᠡᠷᠢᠭᠦᠨ ᠳᠤ ᠲᠠᠯᠪᠢᠬᠤ᠂ ᠦᠢᠯᠡᠴᠢᠯᠡᠭᠡ ᠶᠢ ᠴᠢᠬᠤᠯᠠᠴᠢᠯᠠᠬᠤ᠂ ᠬᠥᠭᠵᠢᠯᠲᠡ ᠶᠢ ᠭᠤᠣᠯ ᠰᠡᠳᠦᠪ ᠪᠣᠯᠭᠠᠬᠤ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠪᠦᠬᠦ ᠵᠡᠭᠡᠯᠢ ᠭᠤᠳᠤᠮᠵᠢ ᠶᠢᠨ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ ᠪᠠᠷ ᠨᠠᠮ ᠢᠶᠠᠨ ᠳᠠᠭᠠᠵᠤ᠂ ᠴᠤᠭ ᠪᠠᠳᠠᠷᠠᠩᠭᠤᠢ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠨ᠎ᠠ᠃        ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠬᠤᠷᠢᠶ᠎ᠠ ᠶᠢᠨ ᠱᠦᠵᠢ ᠬᠠᠰ ᠨᠥᠬᠦᠷ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠡᠪᠯᠡᠯ ᠤᠨ ᠠᠵᠢᠯ ᠤᠨ ᠬᠤᠷᠢᠶ᠎ᠠ ᠣᠳᠣᠬᠠᠨ ᠤ ᠪᠠᠶᠢᠳᠠᠯ ᠢ ᠲᠣᠳᠣᠷᠬᠠᠢ ᠲᠠᠨᠢᠵᠤ᠂ ᠵᠠᠯᠠᠭᠤᠴᠤᠳ ᠤᠨ ᠬᠥᠮᠦᠵᠢᠯ ᠢ ᠰᠠᠶᠢᠲᠤᠷ ᠠᠳᠬᠤᠬᠤ ᠬᠡᠷᠡᠭᠲᠡᠢ︔ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠰᠤᠷᠤᠯᠴᠠᠯᠭ᠎ᠠ ᠶᠢᠨ ᠳᠤᠮᠳᠠ ᠭᠠᠪᠢᠶ᠎ᠠ ᠪᠠᠶᠢᠭᠤᠯᠤᠨ ᠴᠢᠳᠠᠪᠤᠷᠢᠲᠠᠨ ᠪᠣᠯᠬᠤ ᠬᠡᠷᠡᠭᠲᠡᠢ︔ ᠨᠠᠮ ᠤᠨ ᠠᠵᠢᠯᠯᠠᠬᠤ  ᠬᠤᠷᠢᠶ᠎ᠠ ᠡᠪᠯᠡᠯ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠡᠪᠯᠡᠯ ᠤᠨ ᠠᠵᠢᠯ ᠤᠨ  ᠬᠤᠷᠢᠶ᠎ᠠ ᠶᠢ ᠬᠠᠪᠰᠤᠷᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠢ᠃        ᠳᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠡᠪᠯᠡᠯ ᠤᠨ ᠠᠵᠢᠯ ᠤᠨ ᠬᠤᠷᠢᠶ᠎ᠠ ᠲᠤᠰ ᠤᠳᠠᠭ᠎ᠠ ᠶᠢᠨ ᠬᠤᠭᠤᠴᠠᠭ᠎ᠠ ᠰᠣᠯᠢᠬᠤ ᠪᠠᠷ ᠠᠵᠠ ᠲᠣᠬᠢᠶᠠᠯ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠡᠪᠯᠡᠯ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠪᠯᠡᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠥᠷᠭᠡᠨ ᠣᠯᠠᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠨᠴᠠᠯᠢᠭ ᠢᠶᠠᠷ ᠢᠯᠡ ᠲᠣᠳᠣ ᠴᠢᠨᠠᠷ ᠰᠠᠶᠢᠲᠠᠢ ᠬᠡᠯᠪᠡᠷᠢ ᠶᠢᠨ ᠬᠤᠪᠢᠷᠠᠭᠤᠯᠤᠨ ᠬᠥᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠤᠰᠢᠭᠤᠴᠢ ᠣᠷᠣᠨ ᠤ ᠰᠢᠰᠲ᠋ᠧᠮ ᠤᠨ ᠴᠢᠨᠠᠷᠲᠠᠢ ᠳᠡᠭᠡᠭᠰᠢᠯᠡᠯᠲᠡ ᠶᠢ ᠪᠡᠶᠡᠯᠡᠭᠦᠯᠬᠦ ᠳᠤ ᠵᠡᠭᠡᠯᠢ ᠭᠤᠳᠤᠮᠵᠢ ᠶᠢᠨ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号