ᠰᠢᠭᠤᠶᠢᠲᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ︽ᠭᠡᠷ ᠪᠦᠯᠢ ᠳᠤ ᠣᠷᠣᠭᠤᠯᠬᠤ︾ ᠰᠣᠩᠭᠤᠭᠤᠯᠢ ᠶᠢᠨ ᠠᠷᠠᠳ ᠢ ᠬᠦᠯᠢᠶᠡᠨ ᠠᠪᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/6/11
        ᠣᠶᠢᠷ᠎ᠠ ᠳᠤ᠂ ᠰᠢᠭᠤᠶᠢᠲᠤ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠵᠤ ᠦᠢᠯᠡᠰ ᠤᠨ ᠬᠦᠷᠢᠶᠡᠯᠡᠩ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢᠦ ᡁᠢ ᠴᠢᠶᠠᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠪᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ︽ᠭᠡᠷ︾ ᠤᠨ ᠠᠵᠢᠯᠯᠠᠭ᠎ᠠ ᠳᠤ ᠣᠷᠣᠵᠤ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠨᠢᠭᠤᠷᠲᠠᠨ ᠰᠣᠨᠣᠰᠴᠤ᠂ ᠰᠣᠩᠭᠤᠭᠤᠯᠢ ᠶᠢᠨ ᠠᠷᠠᠳ ᠤᠨ ᠰᠠᠨᠠᠯ ᠰᠠᠨᠠᠭᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠪᠡ᠃        ᠶᠠᠷᠢᠯᠴᠠᠬᠤ ᠬᠤᠷᠠᠯ ᠳᠡᠭᠡᠷ᠎ᠡ᠂ ᠰᠣᠩᠭᠤᠭᠤᠯᠢ ᠶᠢᠨ ᠠᠷᠠᠳ ᠡᠳᠦᠷ ᠲᠤᠲᠤᠮ ᠤᠨ ᠠᠮᠢᠳᠤᠷᠠᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠮ ᠡᠮᠨᠡᠯᠭᠡ ᠰᠤᠷᠭᠠᠨ ᠬᠥᠮᠦᠵᠢᠯ᠂ ᠴᠠᠬᠢᠯᠭᠠᠨ ᠴᠡᠨᠡᠭᠯᠡᠬᠦ ᠠᠮᠤᠷ ᠲᠦᠪᠰᠢᠨ᠂ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠵᠡᠷᠭᠡ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠠᠰᠠᠭᠤᠳᠠᠯ ᠢ ᠳᠤᠷᠠᠳᠤᠭᠰᠠᠨ ᠪᠥᠭᠡᠳ ᠡᠷᠬᠢᠮ ᠨᠠᠨᠳᠢᠨ ᠰᠠᠨᠠᠯ ᠰᠠᠨᠠᠭᠤᠯᠭ᠎ᠠ ᠭᠠᠷᠭᠠᠭᠰᠠᠨ ᠪᠠᠶᠢᠨ᠎ᠠ᠃ ᠯᠢᠦ ᡁᠢ ᠴᠢᠶᠠᠩ ᠰᠣᠩᠭᠤᠭᠤᠯᠢ ᠶᠢᠨ ᠠᠷᠠᠳ ᠤᠨ ᠬᠦᠰᠡᠯ ᠱᠠᠭᠠᠷᠳᠠᠯᠭ᠎ᠠ ᠶᠢ ᠪᠦᠬᠦ ᠠᠩᠬᠠᠷᠤᠯ ᠢᠶᠠᠨ ᠲᠥᠪᠯᠡᠷᠡᠭᠦᠯᠦᠨ ᠰᠣᠨᠣᠰᠤᠭᠰᠠᠨ ᠪᠥᠭᠡᠳ ᠨᠠᠷᠢᠨ ᠲᠣᠳᠣᠷᠬᠠᠢ ᠲᠡᠮᠳᠡᠭᠯᠡᠯ ᠬᠢᠵᠡᠢ᠃ ᠲᠡᠷᠡ ᠲᠤᠬᠠᠢ ᠶᠢᠨ ᠲᠠᠯᠠᠪᠤᠷ ᠲᠤ ᠰᠣᠩᠭᠤᠭᠤᠯᠢ ᠶᠢᠨ ᠠᠷᠠᠳ ᠲᠠᠢ ᠬᠠᠮᠲᠤ ᠪᠠᠷ ᠠᠰᠠᠭᠤᠳᠠᠯ ᠢ ᠰᠢᠢᠳᠪᠦᠷᠢᠯᠡᠬᠦ ᠠᠷᠭ᠎ᠠ ᠪᠠ ᠠᠷᠭ᠎ᠠ ᠵᠠᠮ ᠢ ᠰᠤᠳᠤᠯᠤᠨ ᠶᠠᠷᠢᠯᠴᠠᠵᠤ᠂ ᠳᠠᠷᠦ᠋ᠢᠬᠠᠨ ᠬᠠᠷᠢᠭᠤᠯᠲᠠ ᠥᠭᠴᠦ ᠳᠡᠶᠢᠯᠬᠦ ᠠᠰᠠᠭᠤᠳᠠᠯ ᠢ ᠬᠦᠯᠢᠴᠡᠩᠭᠦᠢ ᠪᠠᠷ ᠨᠠᠷᠢᠨ ᠨᠢᠮᠪᠠᠢ ᠬᠠᠷᠢᠭᠤᠯᠲᠠ ᠥᠭᠪᠡ︔ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠴᠦ ᠳᠡᠶᠢᠯᠬᠦ ᠦᠭᠡᠢ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠡᠪᠰᠢᠭᠦᠯᠦᠨ ᠬᠠᠷᠢᠭᠤ ᠲᠤᠰᠬᠠᠵᠤ᠂ ᠰᠣᠩᠭᠤᠭᠤᠯᠢ ᠶᠢᠨ ᠠᠷᠠᠳ ᠲᠤ ᠠᠯᠢ ᠲᠦᠷᠭᠡᠨ ᠢᠶᠠᠷ ᠬᠠᠨᠤᠮᠵᠢᠲᠠᠢ ᠬᠠᠷᠢᠭᠤᠯᠲᠠ ᠥᠭᠬᠦ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠢ ᠪᠠ ᠨᠢᠭᠡᠴᠢ ᠶᠢᠨ ᠬᠠᠮᠲᠤ ᠪᠠᠷ ᠪᠠᠶᠢᠭᠤᠯᠬᠤ ᠶᠢ ᠰᠦᠪᠡᠭᠴᠢᠯᠡᠨ ᠬᠥᠭᠵᠢᠭᠦᠯᠬᠦ ᠲᠤᠬᠠᠢ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ᠂ ᠬᠡᠷᠡᠭᠵᠢᠭᠦᠯᠬᠦ ᠴᠢᠨᠠᠷ ᠢᠶᠠᠷ ᠴᠢᠩᠭ᠎ᠠ ᠰᠠᠨᠠᠯ ᠪᠠ ᠰᠠᠨᠠᠭᠤᠯᠭ᠎ᠠ ᠳᠤᠷᠠᠳᠪᠠ᠃
1718069232741007817.png
        ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠣᠩᠭᠤᠭᠤᠯᠢ ᠶᠢᠨ ᠠᠷᠠᠳ ᠢ ᠬᠦᠯᠢᠶᠡᠨ ᠠᠪᠬᠤ ᠠᠵᠢᠯᠯᠠᠭ᠎ᠠ ᠪᠣᠯ ᠲᠥᠯᠥᠭᠡᠯᠡᠭᠴᠢᠳ ᠤᠨ ᠰᠣᠩᠭᠤᠭᠤᠯᠢ ᠶᠢᠨ ᠠᠷᠠᠳ ᠲᠠᠢ ᠨᠢᠭᠲᠠ ᠬᠠᠷᠢᠯᠴᠠᠬᠤ᠂ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠰᠠᠨᠠᠭ᠎ᠠ ᠶᠢ ᠣᠶᠢᠯᠠᠭᠠᠬᠤ᠂ ᠠᠷᠠᠳ ᠤᠨ ᠣᠶᠤᠨ ᠤᠬᠠᠭᠠᠨ ᠢ ᠲᠥᠪᠯᠡᠷᠡᠭᠦᠯᠬᠦ ᠪᠦᠲᠦᠮᠵᠢᠲᠡᠢ ᠠᠷᠭ᠎ᠠ ᠵᠠᠮ ᠮᠥᠨ᠂ ᠪᠠᠰᠠ ᠴᠤ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠴᠢᠬᠤᠯᠠ ᠬᠡᠯᠪᠡᠷᠢ ᠮᠥᠨ᠃ ᠳᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠨᠢ ᠨᠠᠮ ᠤᠨ ᠤᠳᠤᠷᠢᠳᠤᠯᠭ᠎ᠠ ᠪᠣᠯᠤᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ ᠦᠢᠯᠡᠳᠦᠯᠭᠡᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢᠯᠡᠴᠢᠯᠡᠭᠡ ᠶᠢ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠡᠯ᠎ᠡ ᠲᠠᠯ᠎ᠠ ᠳᠤ ᠬᠦᠷᠲᠡᠯ᠎ᠡ ᠥᠷᠭᠡᠳᠬᠡᠵᠦ᠂ ᠣᠯᠠᠨ ᠲᠦᠮᠡᠨ ᠤ ︽ᠰᠡᠳᠬᠢᠯ ᠤᠨ ᠬᠥᠭᠦᠷᠭᠡ︾ ᠶᠢ ᠰᠠᠶᠢᠲᠤᠷ ᠪᠤᠰᠬᠠᠵᠤ᠂ ᠦᠨᠳᠦᠰᠦᠨ ᠱᠠᠲᠤᠨ ᠤ ︽ᠠᠷᠠᠳ ᠤᠨ ᠠᠮᠢᠳᠤᠷᠠᠯ ᠤᠨ ᠬᠠᠭᠤᠳᠠᠰᠤ︾ ᠶᠢ ᠰᠠᠶᠢᠲᠤᠷ ᠬᠠᠷᠢᠭᠤᠯᠤᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号