ᠰᠢᠭᠤᠶᠢᠲᠤ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠬᠡᠦᠬᠡᠳ ᠤᠨ ᠭᠠᠭᠴᠠᠭᠠᠷᠳᠠᠮᠠᠯ ᠭᠡᠮ ᠪᠠ ᠬᠠᠷᠠᠭ᠎ᠠ ᠬᠠᠮᠠᠭᠠᠯᠠᠬᠤ  ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/11
        2024 ᠣᠨ ᠤ 6 ᠰᠠᠷ᠎ᠠ ᠶᠢᠨ 6 ᠤ ᠡᠳᠦᠷ ᠪᠣᠯ 29 ᠳ᠋ᠦᠭᠡᠷ ᠪᠥᠬᠦ ᠤᠯᠤᠰ ᠤᠨ ︽ᠨᠢᠳᠦ ᠪᠠᠨ ᠬᠠᠶᠢᠷᠠᠯᠠᠬᠤ ᠡᠳᠦᠷ︾ ᠪᠣᠯᠤᠨ᠎ᠠ᠂ ᠰᠤᠷᠭᠠᠭᠤᠯᠢ ᠶᠢᠨ ᠨᠢᠳᠦᠨ ᠤ ᠡᠷᠡᠭᠦᠯ ᠮᠡᠨᠳᠦ ᠶᠢᠨ ᠮᠡᠳᠡᠯᠭᠡ ᠶᠢᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠂ ᠭᠠᠭᠴᠠᠭᠠᠷᠳᠠᠮᠠᠯ ᠭᠡᠮ ᠲᠠᠢ ᠬᠡᠦᠬᠡᠳ ᠤᠨ ᠦᠰᠦᠨ ᠪᠤᠶᠢᠵᠢᠯᠲᠠ ᠪᠠ ᠬᠥᠭᠵᠢᠯᠲᠡ ᠶᠢ  ᠠᠩᠬᠠᠷᠴᠤ᠂ ᠬᠡᠤᠬᠡᠳ ᠤᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠬᠤ ᠢᠳᠡᠷᠡᠭᠦᠨ ᠢᠶᠠᠷ ᠦᠰᠦᠨ ᠪᠤᠶᠢᠵᠢᠬᠤ ᠶᠢ ᠬᠠᠯᠠᠮᠵᠢᠯᠠᠨ ᠬᠠᠶᠢᠷᠠᠯᠠᠬᠤ ᠶᠢᠨ ᠲᠥᠯᠥᠭᠡ᠂ 6 ᠰᠠᠷ᠎ᠠ ᠶᠢᠨ 6 ᠤ ᠡᠳᠦᠷ᠂ ᠰᠢᠭᠤᠶᠢᠲᠤ ᠲᠣᠭᠤᠷᠢᠭ ᠤᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠭᠠᠵᠠᠷ ᠷᠦᠨ ᠳ᠋ᠧ ᠬᠡᠦᠬᠡᠳ ᠤᠨ ᠴᠡᠴᠡᠷᠯᠢᠭ ᠬᠠᠮᠲᠤᠷᠠᠨ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠪᠠᠭᠰᠢ ᠳᠤ ᠬᠠᠷᠠᠭ᠎ᠠ ᠪᠠ ᠬᠡᠤᠬᠡᠳ ᠤᠨ ᠭᠠᠭᠴᠠᠭᠠᠷᠳᠠᠮᠠᠯ ᠡᠪᠡᠳᠴᠢᠨ ᠢ ᠬᠠᠮᠠᠭᠠᠯᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
1717751041554069948.png
        ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠮᠨᠡᠯᠭᠡ ᠶᠢᠨ ᠠᠵᠢᠯᠲᠠᠳ ᠮᠠᠨ ᠤ ᠤᠯᠤᠰ ᠤᠨ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠣᠳᠣᠬᠢ ᠪᠠᠶᠢᠳᠠᠯ ᠢ ᠦᠵᠡᠬᠦ ᠪᠠ ᠣᠶᠢᠷ᠎ᠠ ᠬᠠᠷᠠᠭ᠎ᠠ ᠶᠢ ᠪᠣᠢ ᠪᠣᠯᠭᠠᠬᠤ ᠬᠦᠴᠦᠨ ᠵᠦᠢᠯ ᠠᠴᠠ ᠪᠣᠳᠠᠲᠠᠢ ᠲᠠᠨᠢᠯᠴᠠᠭᠤᠯᠭ᠎ᠠ ᠪᠠ ᠠᠮᠢᠳᠤᠯᠢᠭ ᠲᠠᠶᠢᠯᠪᠤᠷᠢᠯᠠᠯᠲᠠ ᠬᠢᠵᠡᠢ᠃ ᠰᠣᠨᠢᠷᠬᠠᠯᠲᠠᠢ ᠮᠥᠷᠲᠡᠭᠡᠨ ᠪᠠᠶᠠᠯᠢᠭ ᠰᠠᠶᠢᠬᠠᠨ ᠭᠡᠷᠡᠯ ᠵᠢᠷᠤᠭ᠂ ᠸᠢᠳᠢᠤ᠋ ᠵᠡᠷᠭᠡ ᠬᠡᠯᠪᠡᠷᠢ ᠪᠠᠷ ᠳᠠᠮᠵᠢᠭᠤᠯᠤᠨ ᠪᠠᠭᠰᠢ ᠰᠤᠷᠤᠭᠴᠢᠳ ᠲᠤ ᠨᠢᠳᠦᠨ ᠤ ᠪᠦᠲᠦᠴᠡ᠂ ᠴᠢᠳᠠᠮᠵᠢ ᠵᠢᠴᠢ ᠣᠶᠢᠷ᠎ᠠ ᠬᠠᠷᠠᠭ᠎ᠠ᠂ ᠬᠤᠯᠠ ᠬᠠᠷᠠᠭ᠎ᠠ᠂ ᠭᠡᠷᠡᠯ ᠰᠠᠷᠨᠢᠬᠤ ᠵᠡᠷᠭᠡ ᠪᠠᠶᠢᠩᠭᠤ ᠲᠣᠬᠢᠶᠠᠯᠳᠤᠳᠠᠭ ᠨᠢᠳᠦᠨ ᠤ ᠡᠪᠡᠳᠴᠢᠨ ᠤ ᠡᠭᠦᠰᠦᠭᠰᠡᠨ ᠰᠢᠯᠲᠠᠭᠠᠨ ᠪᠠ ᠬᠤᠣᠷ ᠬᠥᠨᠥᠭᠡᠯ ᠢ ᠨᠠᠷᠢᠨ ᠲᠠᠨᠢᠯᠴᠠᠭᠤᠯᠪᠠ᠃ ᠪᠠᠰᠠ ᠤᠩᠰᠢᠵᠤ ᠪᠢᠴᠢᠬᠦ ᠵᠥᠪ ᠬᠡᠯᠪᠡᠷᠢ ᠳᠦᠷᠰᠦ ᠪᠠ ᠨᠢᠳᠦᠨ ᠤ ᠡᠷᠡᠭᠦᠯ ᠮᠡᠨᠳᠦ ᠶᠢᠨ ᠲᠠᠮᠢᠷ ᠢ ᠵᠢᠱᠢᠶ᠎ᠡ ᠦᠵᠡᠭᠦᠯᠵᠦ᠂ ᠰᠤᠷᠤᠭᠴᠢᠳ ᠢ ᠤᠷᠢᠵᠤ ᠳᠠᠭᠤᠷᠢᠶᠠᠮᠠᠯ ᠪᠣᠯᠪᠠᠰᠤᠷᠠᠯ ᠬᠢᠯᠭᠡᠭᠰᠡᠨ ᠪᠥᠭᠡᠳ ᠴᠠᠭ ᠲᠤᠬᠠᠢ ᠳᠤᠨᠢ ᠵᠠᠯᠠᠷᠠᠭᠤᠯᠵᠤ᠂ ᠨᠢᠳᠦ ᠶᠢ ᠵᠥᠪ ᠬᠡᠷᠡᠭᠯᠡᠬᠦ ᠵᠥᠪ ᠠᠷᠭ᠎ᠠ ᠶᠢ ᠡᠵᠡᠮᠰᠢᠭᠰᠡᠨ ᠪᠠᠶᠢᠨ᠎ᠠ᠃ ᠡᠭᠦᠨ ᠤ ᠬᠠᠮᠲᠤ ᠭᠠᠭᠴᠠᠭᠠᠷᠳᠠᠮᠠᠯ ᠡᠪᠡᠳᠴᠢᠨ ᠲᠠᠢ ᠬᠡᠦᠬᠡᠳ ᠤᠨ ᠡᠷᠡᠭᠦᠯᠵᠢᠯ ᠤᠨ ᠮᠡᠳᠡᠯᠭᠡ ᠪᠣᠯᠣᠨ ᠲᠤᠷᠰᠢᠯᠭ᠎ᠠ ᠶᠢ ᠲᠠᠶᠢᠯᠪᠤᠷᠢᠯᠠᠵᠤ᠂ ᠪᠠᠭᠰᠢ ᠨᠠᠷ ᠲᠤ ᠭᠠᠭᠴᠠᠭᠠᠷᠳᠠᠮᠠᠯ ᠡᠪᠡᠳᠴᠢᠨ ᠢ ᠨᠡᠩ ᠭᠦᠨᠵᠡᠭᠡᠢ ᠣᠶᠢᠯᠠᠭᠠᠭᠤᠯᠵᠤ᠂ ᠨᠡᠩ ᠣᠯᠠᠨ ᠭᠠᠭᠴᠠᠭᠠᠷᠳᠠᠬᠤ ᠡᠪᠡᠳᠴᠢᠨ ᠤ ᠡᠷᠡᠭᠦᠯᠵᠢᠯ ᠤᠨ ᠮᠡᠳᠡᠯᠭᠡ ᠬᠦᠷᠲᠡᠭᠡᠵᠦ᠂ ᠭᠠᠭᠴᠠᠭᠠᠷᠳᠠᠬᠤ ᠡᠪᠡᠳᠴᠢᠨ ᠲᠠᠢ ᠬᠡᠦᠬᠡᠳ ᠢ ᠨᠡᠶᠢᠭᠡᠮ ᠳᠤ ᠠᠭᠤᠰᠤᠯᠴᠠᠭᠤᠯᠵᠤ᠂ ᠵᠣᠯ ᠵᠢᠷᠭᠠᠯᠲᠤ ᠠᠮᠢᠳᠤᠷᠠᠯ ᠬᠦᠷᠲᠡᠭᠡᠬᠦ ᠳᠤ ᠬᠦᠴᠦᠨ ᠨᠡᠮᠡᠷᠢᠯᠡᠪᠡ᠃        ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠪᠠᠭᠰᠢ ᠶᠢᠨ ᠭᠠᠭᠴᠠᠭᠠᠷᠳᠠᠮᠠᠯ ᠭᠡᠮ ᠲᠠᠢ ᠬᠡᠦᠬᠡᠳ ᠢ ᠰᠤᠷᠭᠠᠨ ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠢ ᠮᠥᠷᠲᠡᠭᠡᠨ ᠪᠠᠰᠠ ᠪᠠᠭᠰᠢ ᠰᠤᠷᠤᠭᠴᠢᠳ ᠤᠨ ᠨᠢᠳᠦᠨ ᠤ ᠡᠷᠡᠭᠦᠯ ᠮᠡᠨᠳᠦ ᠶᠢᠨ ᠮᠡᠳᠡᠯᠭᠡ ᠶᠢᠨ ᠲᠤᠬᠠᠢ ᠲᠠᠨᠢᠯᠲᠠ ᠪᠠ ᠠᠩᠬᠠᠷᠤᠯ ᠢ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠨᠢ ᠦᠷᠭᠦᠯᠵᠢᠯᠡᠨ ᠨᠢᠳᠦᠨ ᠤ ᠡᠷᠡᠭᠦᠯ ᠮᠡᠨᠳᠦ ᠪᠠ ᠬᠡᠦᠬᠡᠳ ᠤᠨ ᠭᠠᠭᠴᠠᠭᠠᠷᠳᠠᠮᠠᠯ ᠡᠪᠡᠳᠴᠢᠨ ᠤ ᠮᠡᠳᠡᠯᠭᠡ ᠶᠢ ᠲᠦᠭᠡᠮᠡᠯᠵᠢᠭᠦᠯᠬᠦ ᠪᠠ ᠤᠬᠠᠭᠤᠯᠬᠤ ᠳᠤ ᠬᠦᠴᠦ ᠲᠠᠯᠪᠢᠵᠤ᠂ ᠬᠡᠦᠬᠡᠳ ᠤᠨ ᠡᠷᠡᠭᠦᠯ ᠢᠶᠠᠷ ᠥᠰᠦᠨ ᠪᠣᠶᠢᠵᠢᠬᠤ ᠶᠢ ᠪᠠᠲᠤᠯᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号