ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠣᠯᠤᠨ ᠰᠢᠭᠤᠶᠢᠲᠤ ᠨᠡᠶᠢᠭᠡᠮ ᠲᠣᠭᠤᠷᠢᠭ ᠬᠠᠮᠲᠤᠷᠠᠨ ︽ᠪᠢᠳᠡᠨ ᠤ ᠪᠠᠶᠠᠷ ᠤᠨ ᠡᠳᠦᠷ · ᠲᠠᠪᠤᠨ ᠰᠠᠷ᠎ᠠ ᠶᠢᠨ ᠰᠢᠨ᠎ᠡ ᠶᠢᠨ ᠲᠠᠪᠤᠨ︾ ᠤ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/11
        ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠬᠠᠷᠢᠶᠠᠲᠤ ᠣᠷᠣᠨ ᠤ ᠣᠯᠠᠨ ᠲᠦᠮᠡᠨ ᠳᠤ ᠲᠠᠪᠤᠨ ᠰᠠᠷ᠎ᠠ ᠶᠢᠨ  ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠡᠯᠪᠡᠭ ᠪᠠᠶᠠᠯᠢᠭ ᠰᠣᠶᠣᠯ ᠤᠨ ᠠᠭᠤᠯᠤᠭᠳᠠᠬᠤᠨ ᠪᠠ ᠥᠳᠬᠡᠨ ᠵᠤᠵᠠᠭᠠᠨ ᠪᠠᠶᠠᠷ ᠤᠨ ᠡᠳᠦᠷ ᠤᠨ ᠠᠭᠤᠷ  ᠠᠮᠢᠰᠬᠤᠯ ᠢ ᠭᠦᠨᠵᠡᠭᠡᠢ ᠣᠶᠢᠯᠠᠭᠠᠭᠤᠯᠬᠤ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ᠨᠢ ᠳᠠᠭᠠᠭᠠᠴᠢᠯᠠᠨ ᠬᠠᠷᠢᠯᠴᠠᠬᠤ ᠨᠢᠭᠡᠴᠡ ᠪᠣᠯᠤᠭᠰᠠᠨ ᠤ ᠬᠤᠪᠢ ᠳᠤ 6 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ ᠳ᠋ᠠ ᠹᠠ ᠵᠡᠭᠡᠯᠢ ᠭᠤᠳᠤᠮᠵᠢ ᠶᠢᠨ ᠰᠢᠭᠤᠶᠢᠲᠤ ᠨᠡᠶᠢᠭᠡᠮ ᠲᠣᠭᠤᠷᠢᠭ ᠬᠠᠮᠲᠤᠷᠠᠨ︽ᠮᠠᠨ ᠤ ᠪᠠᠶᠠᠷ ᠤᠨ ᠡᠳᠦᠷ · ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠤᠯᠠᠮᠵᠢᠯᠠᠯᠲᠤ ᠪᠠᠶᠠᠷ ᠤᠨ ᠡᠳᠦᠷ ᠤᠨ ᠦᠵᠡᠯ ᠰᠠᠨᠠᠭᠠᠨ ᠤ ᠨᠥᠯᠥᠭᠡ ᠪᠠ ᠰᠣᠶᠣᠯ ᠰᠤᠷᠭᠠᠨ ᠬᠥᠮᠦᠵᠢᠯ ᠤᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ ᠲᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ  ᠰᠢᠳᠢ ᠶᠢ ᠨᠡᠩ ᠭᠦᠨᠵᠡᠭᠡᠢ ᠣᠶᠢᠯᠠᠭᠠᠭᠤᠯᠤᠨ᠎ᠠ᠃
1717580735148091864.jpg
1717580735476038554.jpg
        ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠶᠠᠷ ᠪᠠᠭ᠋ᠠᠳᠤᠯ ᠢᠶᠠᠷ ᠪᠢᠯᠬᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠽᠦᠩᠽᠢ  ᠪᠠᠨ ᠨᠠᠷᠢᠨ ᠬᠢᠨᠠᠮᠠᠭᠠᠢ ᠪᠣᠭᠤᠭᠠᠳ᠂ ᠬᠠᠷᠢᠯᠴᠠᠨ ᠬᠠᠮᠵᠢᠯᠴᠠᠵᠤ᠂ ᠽᠦᠩᠽᠢ ᠶᠢᠨ ᠨᠠᠪᠴᠢ ᠨᠤᠭᠤᠯᠤᠨ᠂ ᠰᠢᠮᠡᠰᠤ ᠪᠠᠨ ᠪᠥᠭᠯᠡᠵᠦ᠂  ᠳᠡᠭᠡᠰᠦ ᠪᠠᠨ ᠪᠣᠭᠤᠭᠠᠳ ᠁ ᠠᠯᠬᠤᠮ ᠳᠠᠷᠠᠭ᠎ᠠ ᠪᠣᠯᠭᠠᠨ ᠬᠠᠯᠠᠭᠤᠨ ᠳᠣᠲᠣᠨᠣᠰᠤᠭ ᠬᠠᠶᠢᠷ᠎ᠠ ᠪᠠᠷ ᠪᠢᠯᠬᠠᠵᠤ ᠪᠠᠶᠢᠯ᠎ᠠ᠃ ᠡᠭᠦᠨ ᠤ ᠬᠠᠮᠲᠤ᠂ ᠮᠠᠨ ᠤ ᠲᠣᠪᠴᠢᠶ᠎ᠠ ᠪᠠᠰᠠ ᠲᠤᠬᠠᠶ ᠶᠢᠨ ᠲᠠᠯᠠᠪᠤᠷ ᠤᠨ ᠰᠠᠭᠤᠭᠠᠯᠢ ᠠᠷᠠᠳ ᠲᠤ ᠬᠤᠲᠠ ᠪᠠᠯᠭᠠᠰᠤᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠬᠥᠯᠥᠰᠥᠨ ᠠᠵᠢᠯᠴᠢᠨ ᠤ ᠴᠠᠯᠢᠩ ᠤᠨ ᠡᠷᠬᠡ ᠪᠠᠨ ᠬᠠᠮᠠᠭᠠᠯᠠᠬᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠬᠤ ᠶᠢᠨ ᠬᠠᠮᠲᠤ ᠬᠦᠯᠢᠴᠡᠩᠭᠦᠶ ᠪᠠᠷ ᠨᠠᠰᠢ ᠴᠠᠰᠢ ᠥᠩᠭᠡᠷᠡᠬᠦ ᠰᠠᠭᠤᠭᠠᠯᠢ ᠠᠷᠠᠳ ᠤᠨ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠠᠰᠠᠭᠤᠨ ᠯᠠᠪᠯᠠᠬᠤ ᠪᠠ ᠵᠢᠭᠠᠨ ᠵᠢᠯᠣᠭᠤᠳᠣᠯᠭ᠎ᠠ ᠬᠠᠩᠭᠠᠪᠠ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 200 ᠭᠠᠷᠤᠶ ᠬᠤᠪᠢ ᠲᠠᠷᠬᠠᠭᠠᠵᠤ᠂ 80 ᠭᠠᠷᠤᠶ ᠬᠥᠮᠦᠨ ᠤᠳᠠᠭ᠎ᠠ ᠠᠰᠠᠭᠤᠨ ᠯᠠᠪᠯᠠᠵᠠᠶ᠃
1717580785545039363.jpg
1717580678924099440.jpg
        ︽ᠮᠠᠨ ᠤ ᠪᠠᠶᠠᠷ ᠤᠨ ᠡᠳᠦᠷ︾ ᠤᠨ ᠰᠢᠷᠢᠰ ᠠᠵᠢᠯᠯᠠᠭ᠎ᠠ ᠨᠢ ᠣᠯᠠᠨ ᠲᠦᠮᠡᠨ ᠳᠤ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ  ᠬᠦᠷᠭᠡᠬᠦ ᠶᠢᠨ ᠬᠠᠮᠲᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠢᠳᠡᠪᠬᠢᠲᠡᠢ ᠪᠠᠷ ᠤᠷᠤᠭᠰᠢᠯᠠᠨ ᠳᠠᠪᠰᠢᠬᠤ᠂ ᠪᠠᠶᠠᠰᠤᠩᠭᠤᠢ ᠥᠭᠡᠳᠡᠷᠬᠡᠭ ᠠᠮᠢᠳᠤᠷᠠᠯ ᠤᠨ ᠣᠪᠣᠷ ᠪᠠ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠰᠠᠭᠤᠭᠠᠯᠢ ᠠᠷᠠᠳ ᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠡᠩ ᠢᠯᠡᠭᠦᠦ ᠣᠶᠢᠯᠠᠭᠠᠭᠤᠯᠪᠠ᠃ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠲᠤ ᠲᠦᠰᠢᠭᠯᠡᠨ ︽ᠪᠢᠳᠡᠨ ᠤ ᠪᠠᠶᠠᠷ ᠤᠨ ᠡᠳᠦᠷ︾ ᠤᠨ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠯᠠᠮᠵᠢᠯᠠᠯᠲᠤ ᠰᠣᠶᠣᠯ ᠤᠨ ᠨᠥᠯᠥᠭᠡ ᠦᠢᠯᠡᠳᠦᠯ ᠢ ᠪᠠᠳᠠᠷᠠᠭᠤᠯᠵᠤ᠂ ᠪᠣᠯᠪᠠᠰᠤᠨ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号