ᠡᠨᠡ ᠵᠢᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ | ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠰᠢᠭᠤᠶᠢᠲᠤ ᠲᠣᠭᠤᠷᠢᠭ ᠨᠠᠮ ᠤᠨ ᠬᠤᠷᠢᠳᠤᠭᠠᠷ ᠶᠡᠭᠡ ᠬᠤᠷᠠᠯ᠂ | ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ | ᠲᠣᠭᠲᠠᠭᠤᠨ ᠪᠠᠶᠢᠯᠭᠠᠬᠤ ᠮᠥᠷᠲᠡᠭᠡᠨ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ | ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠬᠥᠭᠵᠢᠯᠲᠡ ᠶᠢᠨ ᠪᠠᠶᠢᠳᠠᠯ ᠲᠠᠢ ᠪᠠᠶᠢᠨ᠎ᠠ᠃ | ᠨᠢᠭᠡᠳᠦᠭᠡᠷ ᠤᠯᠠᠷᠢᠯ ᠳᠤ᠂ ᠪᠦᠭᠦ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ 19.8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.9 % ᠪᠠᠷ | ᠨᠡᠮᠡᠭᠳᠡᠵᠦ᠂ ᠪᠦᠭᠦ ᠬᠤᠲᠠ ᠶᠢᠨ ᠲᠠᠪᠤᠳᠤᠭᠠᠷ ᠲᠤ ᠣᠷᠣᠪᠠ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 14700 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ | ᠬᠢ ᠠᠴᠠ 5.1 % ᠪᠠᠷ ᠨᠡᠮᠡᠭᠳᠡᠵᠦ᠂ ᠪᠦᠭᠦ ᠬᠤᠲᠠ ᠶᠢᠨ ᠲᠠᠪᠤᠳᠤᠭᠠᠷ ᠲᠤ ᠵᠢᠭᠰᠠᠭᠠᠭᠳᠠᠵᠤ᠂ ᠮᠠᠯᠴᠢᠨ | ᠲᠠᠷᠢᠶᠠᠴᠢᠨ ᠤ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 8076 ᠲᠥᠭᠦᠷᠢᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 6.7 % ᠪᠠᠷ ᠨᠡᠮᠡᠭᠳᠡᠵᠦ᠂ ᠪᠦᠭᠦ ᠬᠤᠲᠠ ᠳᠤ ᠨᠢᠭᠡᠳᠦᠭᠡᠷ ᠲᠤ ᠣᠷᠣᠪᠠ ᠃ | 2024 ᠣᠨ ᠤ 1 ︱ 5 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 23.6 % ᠨᠡᠮᠡᠭᠳᠡᠵᠦ᠂ ᠪᠦᠭᠦ ᠬᠤᠲᠠ ᠶᠢᠨ | ᠳᠥᠷᠪᠡᠳᠦᠭᠡᠷ ᠲᠤ ᠣᠷᠣᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠲᠤᠭ᠎ᠠ | ᠠᠳᠠᠯᠢ ᠬᠤᠭᠤᠴᠠᠭᠠᠨ ᠤ ᠬᠢ ᠠᠴᠠ 103.2 % ᠨᠡᠮᠡᠭᠳᠡᠵᠦ᠂ ᠪᠦᠭᠦ ᠬᠤᠲᠠ ᠶᠢᠨ ᠬᠤᠶᠠᠳᠤᠭᠠᠷ ᠲᠤ | ᠵᠢᠭᠰᠠᠭᠠᠭᠳᠠᠵᠠᠢ; ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 2.4 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.4 % ᠪᠠᠷ ᠨᠡᠮᠡᠭᠳᠡᠵᠦ᠂ ᠪᠦᠭᠦ | ᠬᠤᠲᠠ ᠶᠢᠨ ᠠᠷᠪᠠᠳᠤᠭᠠᠷ ᠲᠤ ᠵᠢᠭᠰᠠᠭᠠᠭᠳᠠᠵᠠᠢ︔ ᠮᠠᠨ ᠤ ᠲᠣᠭᠤᠷᠢᠭ ᠤᠨ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 8.3 % ᠪᠠᠷ ᠨᠡᠮᠡᠭᠳᠡᠵᠦ᠂ ᠪᠦᠭᠦ ᠬᠤᠲᠠ ᠶᠢᠨ | ᠭᠤᠷᠪᠠᠳᠤᠭᠠᠷ ᠲᠤ ᠣᠷᠣᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠠᠳᠠᠯᠢ ᠬᠤᠭᠤᠴᠠᠭᠠᠨ ᠤ | ᠬᠢ ᠠᠴᠠ 10.2 % ᠢᠶᠠᠷ ᠨᠡᠮᠡᠭᠳᠡᠵᠦ᠂ ᠪᠦᠭᠦ ᠬᠤᠲᠠ ᠶᠢᠨ ᠵᠢᠷᠭᠤᠳᠤᠭᠠᠷ ᠲᠤ ᠵᠢᠭᠰᠠᠭᠠᠭᠳᠠᠪᠠ᠃ | |