ᠰᠢᠭᠤᠶᠢᠲᠤ ᠵᠡᠭᠡᠯᠢ ᠭᠤᠳᠤᠮᠵᠢ ᠶᠢᠨ ᠸᠧᠨ ᠰᠢᠨ ᠭᠡᠷ ᠣᠷᠣᠨ︽ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ︾ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/7/16
        2024 ᠣᠨ ᠤ 5 ᠰᠠᠷ᠎ᠠ ᠶᠢᠨ 19 ᠤ ᠡᠳᠦᠷ ᠪᠣᠯ 34 ᠳ᠋ᠤᠭᠡᠷ ︽ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ︾ ᠪᠣᠯᠤᠨ᠎ᠠ᠂ ᠡᠨᠡ ᠵᠢᠯ ᠤᠨ ᠵᠡᠮᠳᠡᠭᠴᠦᠳ ᠢ ᠲᠤᠰᠠᠯᠠᠬᠤ ᠡᠳᠦᠷ ᠤᠨ ᠭᠤᠣᠯ ᠰᠡᠳᠦᠪ ᠪᠣᠯ᠄ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠵᠡᠮᠳᠡᠭᠴᠦᠳ ᠢ ᠬᠠᠪᠰᠤᠷᠤᠨ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠡᠳ᠋ᠯᠡᠬᠦ︾ ᠵᠡᠭᠡᠯᠢ ᠭᠤᠳᠤᠮᠵᠢ ᠶᠢᠨ ᠠᠵᠢᠯᠲᠠᠨ᠂ ᠵᠡᠮᠳᠡᠭᠴᠦᠳ ᠤᠨ ᠲᠤᠰᠬᠠᠢ ᠵᠥᠪᠯᠡᠯ ᠤᠬᠠᠭᠤᠯᠭ᠎ᠠ ᠶᠢᠨ ᠳᠡᠪᠲᠡᠷ ᠲᠠᠷᠬᠠᠭᠠᠬᠤ ᠪᠠ ᠭᠡᠷ ᠣᠷᠣᠨ ᠳᠠᠭᠠᠨ ᠡᠯ᠎ᠡ ᠲᠦᠷᠦᠯ ᠤᠨ ᠡᠷᠡᠭᠦᠯᠵᠢᠯ ᠤᠨ ᠠᠵᠢᠯᠯᠠᠭ᠎ᠠ ᠥᠷᠨᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠵᠡᠮᠳᠡᠭᠴᠦᠳ ᠢ ᠬᠠᠪᠰᠤᠷᠤᠨ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠡᠳ᠋ᠯᠡᠬᠦ︾ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃
        ᠠᠵᠢᠯᠯᠠᠭ᠎ᠠ ᠳᠤᠮᠳᠠ ᠤᠯᠤᠰ ᠤᠨ ᠵᠡᠮᠳᠡᠭᠴᠦᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ᠂ ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠬᠤ ᠠᠴᠠ ᠭᠠᠳᠠᠨ᠎ᠠ ᠪᠠᠰᠠ ᠬᠠᠨᠳᠤᠯᠭᠠᠲᠤ ᠴᠢᠨᠠᠷᠲᠠᠶ ᠡᠷᠡᠭᠦᠯᠵᠢᠯ ᠤᠨ ᠪᠣᠯᠪᠠᠰᠤᠷᠠᠯ ᠢ ᠥᠷᠨᠢᠭᠦᠯᠪᠡ᠃ ᠠᠵᠢᠯᠯᠠᠭ᠎ᠠ ᠪᠠᠷ ᠲᠠᠮᠵᠢᠨ᠂ ᠬᠠᠷᠢᠶ᠎ᠠ ᠣᠷᠣᠨ ᠤ ᠵᠡᠮᠳᠡᠭᠴᠦᠳ ᠵᠢᠴᠢ ᠵᠡᠮᠳᠡᠭᠴᠦᠳ ᠤᠨ ᠲᠦᠷᠦᠯ ᠰᠠᠳᠤᠨ ᠳᠤ ᠨᠠᠮ ᠪᠣᠯᠤᠨ ᠤᠯᠤᠰ ᠠᠴᠠ ᠵᠡᠮᠳᠡᠭᠴᠦᠳ ᠢ ᠣᠨᠴᠠᠭᠠᠢ ᠬᠠᠯᠠᠮᠵᠢᠯᠠᠵᠤ ᠪᠠᠶᠢᠬᠤ ᠶᠢ ᠭᠦᠨᠵᠡᠭᠡᠢ ᠮᠡᠳᠡᠷᠡᠭᠦᠯᠵᠦ᠂ ᠨᠡᠶᠢᠭᠡᠮ ᠵᠢᠷᠤᠮ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠵᠦ᠂ ᠲᠡᠳᠡᠨ ᠤ ᠨᠡᠶᠢᠭᠡᠮ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠢᠲᠡᠭᠡᠯ ᠢ ᠨᠡᠮᠡᠭᠳᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号