ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠤᠨ ᠠᠵᠢᠯ ᠣᠯᠭᠤᠯᠲᠠ᠂ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/7/16
        5 ᠰᠠᠷ᠎ᠠ ᠶᠢᠨ 27 ᠤ ᠡᠳᠦᠷ᠂ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠥᠷᠭᠡᠳᠬᠡᠵᠦ᠂ ᠵᠡᠮᠳᠡᠭᠴᠦᠳ ᠵᠢᠴᠢ ᠲᠡᠭᠦᠨ ᠤ ᠬᠡᠷ ᠪᠦᠯᠢ ᠶᠢᠨ ᠪᠦᠷᠢᠯᠳᠦᠬᠦᠨ ᠤ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠡᠷᠴᠢᠮ ᠢᠶᠠᠨ ᠳᠡᠭᠡᠭᠰᠢᠯᠡᠭᠦᠯᠬᠦ ᠶᠢᠨ ᠲᠥᠯᠥᠭᠡ᠂ ᠰᠢᠭᠤᠶᠢᠲᠤ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠳ ᠵᠡᠮᠳᠡᠭᠴᠦᠳ ᠤᠨ ᠠᠳᠠᠯ ᠦᠢᠯᠡᠰ ᠴᠣᠭᠴᠠᠯᠠᠨ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
1719972621372009782.png
        ᠲᠣᠰ ᠤᠳᠠᠭᠠᠨ ᠤ ᠤᠬᠠᠭᠤᠯᠭ᠎ᠠ ᠨᠢ ᠭᠤᠤᠯᠳᠠᠭᠤ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠳᠬᠦᠬᠦ ᠲᠥᠷᠥ ᠶᠢᠨ ᠪᠣᠳᠣᠯᠭ᠎ᠠ᠂ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠵᠡᠮᠳᠡᠭᠴᠦᠳ ᠢ ᠬᠠᠪᠰᠤᠷᠤᠨ ᠲᠡᠳᠬᠦᠵᠦ ᠬᠠᠪᠰᠤᠷᠤᠨ ᠲᠡᠳᠬᠦᠬᠦ ᠠᠵᠢᠯᠯᠠᠭ᠎ᠠ ᠵᠡᠷᠭᠡ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ᠂ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠶᠢᠨ ᠬᠠᠮᠲᠤ ᠠᠰᠠᠭᠤᠨ ᠯᠠᠪᠯᠠᠬᠤ ᠦᠢᠯᠡᠴᠢᠯᠡᠭᠡᠨ ᠤ ᠬᠡᠯᠪᠡᠷᠢ ᠪᠠᠷ ᠲᠤᠬᠠᠶ ᠶᠢᠨ ᠲᠠᠯᠠᠪᠤᠷ ᠤᠨ ᠲᠠᠶᠢᠯᠤᠮᠵᠢ ᠬᠢᠵᠦ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 80 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号