ᠤᠯᠤᠰ ᠤᠨ ᠨᠡᠶᠢᠳᠡᠮ ᠬᠡᠷᠡᠭᠯᠡᠬᠦ ᠳᠣᠬᠢᠶᠠᠨ ᠬᠡᠯᠡᠨ ᠤ ᠣᠷᠴᠢᠭᠤᠯᠤᠭᠴᠢ ᠶᠢᠨ ᠪᠣᠯᠪᠠᠰᠤᠷᠠᠯ ᠵᠡᠮᠳᠡᠭᠴᠦᠳ ᠤᠨ ᠬᠤᠯᠪᠣᠭ᠎ᠠ ᠶᠢᠨ ᠺᠠᠳ᠋ᠷᠴᠤᠳ ᠲᠤ ︽ᠴᠠᠬᠢᠯᠭᠠᠨ ᠴᠡᠨᠡᠭᠯᠡᠬᠦ︾
ᠨᠡᠶᠢᠲᠡᠯᠡᠭᠰᠡᠨ ᠴᠠᠭ᠄
2024/7/16
        ᠣᠶᠢᠷ᠎ᠠ ᠳᠤ᠂ ᠰᠢᠭᠤᠶᠢᠲᠤ ᠲᠣᠭᠤᠷᠢᠭ ᠤᠨ ᠪᠡᠳᠺᠡᠷ ᠰᠦᠮ᠎ᠡ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠶᠢᠨ ᠵᠡᠮᠳᠡᠭᠴᠦᠳ ᠤᠨ ᠲᠤᠰᠬᠠᠶ ᠵᠥᠪᠯᠡᠯ ᠤᠨ ᠵᠣᠣ ᠰᠢᠶᠤᠤ ᠵᠢᠤᠸᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠡᠷᠭᠢᠯᠡᠭᠰᠡᠨ 2024 ᠣᠨ ᠤ ᠤᠯᠤᠰ ᠤᠨ ᠨᠡᠶᠢᠳᠡᠮ ᠬᠡᠷᠡᠭᠯᠡᠬᠦ ᠳᠣᠬᠢᠶᠠᠨ ᠤ ᠬᠡᠯᠡᠨ ᠤ ᠣᠷᠴᠢᠭᠤᠯᠭ᠎ᠠ ᠶᠢᠨ ᠪᠣᠯᠪᠠᠰᠤᠷᠠᠭᠤᠯᠤᠯ ᠤᠨ ᠲᠤᠰᠬᠠᠶ ᠴᠢᠳᠠᠪᠤᠷᠢ ᠶᠢᠨ ᠪᠣᠯᠪᠠᠰᠤᠷᠠᠯ ᠤᠨ ᠠᠩᠭᠢ ᠳᠤ ᠣᠷᠣᠯᠴᠠᠪᠠ᠃
1719972667734035370.png
        ᠪᠣᠯᠪᠠᠰᠤᠷᠠᠯ ᠢᠶᠠᠷ ᠳᠠᠮᠵᠢᠨ᠂ ᠵᠤᠤ ᠰᠢᠶᠤᠤ ᠵᠢᠤᠸᠠᠨ ᠳᠣᠬᠢᠶᠠᠨ ᠤ ᠬᠡᠯᠡᠨ ᠤ ᠰᠠᠭᠤᠷᠢ ᠮᠡᠳᠡᠯᠭᠡ᠂ ᠦᠭᠡ ᠬᠡᠯᠡᠨ ᠤ ᠵᠢᠭᠠᠨ ᠰᠤᠷᠭᠠᠯᠲᠠ᠂ ᠦᠵᠡᠭᠳᠡᠯ ᠤᠨ ᠶᠠᠷᠢᠯᠴᠠᠭ᠎ᠠ᠂ ᠳᠣᠬᠢᠶᠠᠨ ᠤ ᠬᠡᠯᠡᠨ ᠤ ᠤᠷ᠎ᠠ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ ᠶᠢᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠮᠡᠳᠡᠯᠭᠡ ᠶᠢ ᠰᠢᠰᠲ᠋ᠧᠮ ᠲᠠᠢ ᠰᠤᠷᠤᠯᠴᠠᠵᠤ᠂ ᠨᠡᠶᠢᠳᠡᠮ ᠬᠡᠷᠡᠭᠯᠡᠬᠦ ᠳᠣᠬᠢᠶᠠᠨ ᠤ ᠬᠡᠯᠡᠨ ᠤ ᠦᠨᠳᠦᠰᠦᠨ ᠮᠡᠳᠡᠯᠭᠡ ᠶᠢ ᠡᠵᠡᠮᠰᠢᠪᠡ᠃
1719972668062088881.png
        ᠲᠤᠰ ᠤᠳᠠᠭᠠᠨ ᠤ ᠤᠯᠤᠰ ᠤᠨ ᠨᠡᠶᠢᠳᠡᠮ ᠬᠡᠷᠡᠭᠯᠡᠬᠦ ᠲᠤᠬᠢᠶᠠᠨ ᠤ ᠬᠡᠯᠡᠨ ᠤ ᠪᠣᠯᠪᠠᠰᠤᠷᠠᠯ ᠳᠤ ᠣᠷᠣᠯᠴᠠᠬᠤ ᠪᠠᠷ ᠲᠠᠮᠵᠢᠨ᠂ ᠵᠤᠤ ᠰᠢᠶᠤᠤ ᠵᠢᠤᠸᠠᠨ ᠬᠤᠶᠢᠰᠢᠳᠠ ᠶᠢᠨ ᠦᠨᠳᠦᠰᠦᠨ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠠᠵᠢᠯ ᠳᠤᠮᠳᠠ ᠯᠠᠪᠲᠠᠶ ᠳᠣᠬᠢᠶᠠᠨ ᠤ ᠬᠡᠯᠡ ᠶᠢ ᠬᠡᠷᠡᠭᠯᠡᠵᠦ ᠰᠣᠨᠣᠰᠬᠤ ᠴᠢᠳᠠᠪᠤᠷᠢ ᠶᠢᠨ ᠰᠠᠭᠠᠳ ᠥᠬᠡᠶ ᠰᠣᠶᠣᠯ ᠢᠷᠭᠡᠨᠰᠢᠯ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠳᠦᠯᠡᠢ ᠶᠠᠪᠠ ᠵᠡᠮᠳᠡᠭᠴᠦᠳ ᠤᠨ ᠰᠣᠶᠣᠯ ᠮᠡᠳᠡᠯᠭᠡ ᠰᠤᠷᠬᠤ᠂ ᠮᠡᠳᠡᠭᠡ ᠵᠠᠩᠭᠢ ᠤᠯᠬᠤ ᠰᠠᠭᠠᠳ ᠥᠬᠡᠶ ᠣᠷᠴᠢᠨ ᠨᠥᠬᠦᠴᠡᠯ ᠢ ᠪᠣᠶ ᠪᠣᠯᠭᠠᠵᠤ᠂ ᠨᠠᠩ ᠣᠯᠠᠨ ᠰᠣᠨᠣᠰᠬᠤ ᠴᠢᠳᠠᠪᠤᠷᠢ ᠪᠠ ᠦᠭᠡ ᠬᠡᠯᠡᠨ ᠤ ᠵᠡᠮᠳᠡᠭᠴᠦᠳ ᠢ ᠬᠠᠪᠰᠤᠷᠤᠨ ᠬᠥᠮᠦᠰ ᠤᠨ ᠰᠠᠭᠠᠳ ᠥᠬᠡᠶ ᠰᠣᠯᠢᠯᠴᠠᠬᠤ ᠶᠢ ᠪᠡᠶᠡᠯᠡᠭᠦᠯᠵᠦ᠂ ᠨᠡᠶᠢᠭᠡᠮ ᠳᠤ ᠨᠠᠩ ᠰᠠᠶᠢᠨ ᠠᠭᠤᠰᠤᠯᠴᠠᠵᠤ᠂ ᠮᠠᠷᠭᠠᠰᠢ ᠶᠢᠨ ᠠᠮᠢᠳᠤᠷᠠᠯ ᠢ ᠨᠠᠩ ᠰᠠᠶᠢᠨ ᠰᠠᠶᠢᠬᠠᠨ ᠪᠣᠯᠭᠠᠬᠤ ᠬᠡᠷᠡᠭᠲᠡᠶ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号