ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠠᠴᠠ ᠵᠡᠮᠳᠡᠭᠴᠦᠳ ᠤᠨ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠶᠢᠨ ︽ᠪᠦᠬᠦᠨ ᠢ ᠬᠠᠮᠤᠷᠬᠤ︾ ᠠᠵᠢᠯ ᠢ ᠦᠷᠭᠦᠯᠵᠢᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2024/7/16
        2024 ᠣᠨ ᠤ 5 ᠰᠠᠷ᠎ᠠ ᠶᠢᠨ 19 ᠤ ᠡᠳᠦᠷ ᠪᠣᠯ ᠭᠤᠴᠢᠨ ᠳᠥᠷᠪᠡᠳᠦᠭᠡᠷ ᠤᠳᠠᠭᠠᠨ ᠤ ︽ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ︾ ᠪᠣᠯᠤᠨ᠎ᠠ᠂ ᠠᠵᠢᠯᠯᠠᠭ᠎ᠠ ᠶᠢᠨ ᠭᠤᠤᠯ ᠰᠡᠳᠦᠪ ᠨᠢ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠵᠡᠮᠳᠡᠭᠴᠦᠳ ᠢ ᠳᠡᠮᠵᠢᠵᠦ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ︾ ᠪᠣᠯᠤᠨ᠎ᠠ᠃ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ 5 ᠰᠠᠷ᠎ᠠ ᠶᠢᠨ 14 ᠤ ᠡᠳᠦᠷ ᠠᠴᠠ 5 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ ᠪᠣᠯᠲᠠᠯ᠎ᠠ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠳᠡᠮᠵᠢᠯᠭᠡ ᠳᠣᠣᠷ᠎ᠠ᠂ ᠬᠠᠷᠢᠶᠠᠲᠤ ᠣᠷᠣᠨ ᠤ 112 ᠵᠡᠮᠳᠡᠭᠴᠦᠳ ᠲᠤ ᠰᠦᠢᠳᠭᠡᠯ ᠬᠤᠷᠢᠶᠠᠬᠤ ᠥᠬᠡᠢ ᠪᠠᠷ ᠪᠡᠶ᠎ᠡ ᠶᠢᠨ ᠪᠠᠢᠴᠠᠭᠠᠯᠲᠠ ᠬᠢᠬᠦ ᠦᠢᠯᠡᠴᠢᠯᠡᠭᠡ ᠵᠢᠴᠢ ᠡᠷᠡᠭᠦᠯᠵᠢᠭᠦᠯᠬᠦ ᠪᠡᠶᠡᠳᠡᠨ ᠣᠢᠯᠠᠭᠠᠬᠤ ᠦᠢᠯᠡᠴᠢᠯᠡᠭᠡ ᠵᠠᠯᠭᠠᠭ᠎ᠠ ᠪᠠᠷ ᠬᠠᠩᠭᠠᠵᠠᠢ᠃
1719972356481022089.png
        ᠲᠥᠯᠥᠪᠦᠷᠢ ᠥᠬᠡᠢ ᠪᠡᠶ᠎ᠡ ᠶᠢᠨ ᠪᠠᠢᠴᠠᠭᠠᠯᠲᠠ ᠬᠢᠬᠦ ᠵᠡᠮᠳᠡᠭ ᠬᠥᠮᠦᠨ ᠡᠨᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠬᠦᠷᠲᠡᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭᠠᠨ ᠤ ᠺᠠᠳ᠋ᠷ︽ᠴᠢᠭ ᠠᠴᠠ ᠴᠢᠭ ᠲᠤ ᠬᠦᠷᠬᠦ᠂ ᠬᠥᠮᠦᠨ ᠠᠴᠠ ᠬᠥᠮᠦᠨ ᠳᠤ ᠬᠠᠨᠳᠤᠬᠤ︾ ᠮᠡᠳᠡᠭᠳᠡᠯ ᠤᠨ ᠠᠷᠭ᠎ᠠ ᠮᠠᠶ᠋ᠢᠭ ᠢ ᠠᠪᠴᠤ᠂ ᠵᠡᠮᠳᠡᠭᠴᠦᠳ ᠲᠤ ᠪᠡᠶ᠎ᠡ ᠶᠢᠨ ᠪᠠᠢᠴᠠᠭᠠᠯᠲᠠ ᠬᠢᠬᠦ ᠴᠠᠭ᠂ ᠭᠠᠵᠠᠷ ᠵᠢᠴᠢ ᠲᠥᠷᠥᠯ ᠵᠦᠢᠯ ᠢ ᠨᠠᠷᠢᠨ ᠲᠣᠳᠣᠷᠬᠠᠢ ᠬᠡᠯᠡᠵᠦ ᠥᠭᠬᠦ ᠬᠡᠷᠡᠭᠲᠡᠢ᠃ ᠬᠥᠳᠡᠯᠵᠦ ᠪᠠᠷᠢᠬᠤ ᠳᠤ ᠳᠥᠭᠦᠮ ᠦᠭᠡᠢ ᠵᠡᠮᠳᠡᠭᠴᠦᠳ ᠤᠨ ᠪᠡᠶ᠎ᠡ ᠶᠢᠨ ᠪᠠᠶᠢᠴᠠᠭᠠᠯᠲᠠ ᠶᠢᠨ ᠦᠢᠯᠡᠴᠢᠯᠡᠭᠡ ᠶᠢ ᠨᠠᠩ ᠰᠠᠶᠢᠨ ᠭᠥᠷᠳᠡᠬᠦ ᠶᠢ ᠪᠠᠲᠤᠯᠠᠬᠤ ᠶᠢᠨ ᠲᠥᠯᠥᠭᠡ᠂ ᠵᠡᠮᠳᠡᠭᠴᠦᠳ ᠤᠨ ᠬᠤᠯᠪᠣᠭ᠎ᠠ ᠶᠢᠨ ᠺᠠᠳ᠋ᠷᠴᠤᠳ ᠪᠥᠬᠦ ᠶᠠᠪᠤᠴᠠ ᠳᠤ ᠪᠠᠷ᠎ᠠ ᠪᠣᠯᠵᠣ ᠡᠮᠨᠡᠭᠦᠯᠬᠦ ᠬᠡᠷᠡᠭᠲᠡᠶ᠃ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠪᠠ ᠦᠷ᠎ᠡ ᠳ᠋ᠦᠩ ᠢ ᠦᠨᠳᠦᠰᠦᠯᠡᠨ ᠡᠮᠴᠢ ᠶᠢ ᠵᠣᠬᠢᠶᠠᠨ ᠪᠠᠶᠢᠭᠤᠯᠵᠤ ᠤᠷᠢᠳᠴᠢᠯᠠᠨ ᠣᠨᠣᠰᠢᠯᠠᠭᠤᠯᠵᠤ᠂ ᠢᠯᠡᠷᠡᠭᠰᠡᠨ ᠡᠪᠡᠳᠴᠢᠨ ᠤ ᠰᠢᠯᠲᠠᠭᠠᠨ ᠢ ᠬᠦᠯᠢᠴᠡᠩᠭᠦᠢ ᠪᠠᠷ ᠵᠠᠳᠠᠯᠬᠤ ᠶᠢᠨ ᠬᠠᠮᠲᠤ ᠡᠷᠡᠭᠦᠯᠵᠢᠭᠦᠯᠬᠦ ᠬᠡᠷᠡᠭᠴᠡᠭᠡ ᠱᠠᠭᠠᠷᠳᠠᠯᠭ᠎ᠠ ᠲᠠᠢ ᠵᠡᠮᠳᠡᠭᠴᠦᠳ ᠲᠤ ᠬᠡᠷ ᠲᠡᠭᠡᠨ ᠬᠡᠷᠡᠭᠵᠢᠭᠦᠯᠵᠦ ᠪᠣᠯᠬᠤ ᠡᠷᠡᠭᠦᠯᠵᠢᠯ ᠤᠨ ᠰᠤᠷᠭᠠᠭᠤᠯᠢᠯᠠᠯ ᠤᠨ ᠰᠠᠨᠠᠭᠤᠯᠭ᠎ᠠ ᠳᠤᠷᠠᠳᠤᠨ᠎ᠠ︔ ᠡᠪᠡᠳᠴᠢᠨ ᠤ ᠬᠤᠪᠢᠷᠠᠯᠲᠠ ᠶᠢ ᠢᠯᠡᠷᠡᠭᠦᠯᠦᠭᠰᠡᠨ ᠡᠪᠡᠳᠴᠢᠲᠡᠨ ᠳᠤ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠲᠡᠷᠡ ᠳᠠᠷᠤᠶ ᠳᠤᠨᠢ ᠡᠪᠡᠳᠴᠢᠲᠡᠨ ᠳᠤ ᠮᠡᠳᠡᠭᠳᠡᠵᠦ ᠴᠠᠭ ᠲᠤᠬᠠᠶ ᠳᠤᠨᠢ ᠡᠮᠨᠡᠭᠦᠯᠬᠦ ᠪᠤᠶᠤ ᠤᠯᠠᠮ ᠨᠢᠭᠡ ᠠᠯᠬᠤᠮ ᠭᠦᠨᠵᠡᠭᠡᠶ ᠪᠠᠶᠢᠴᠠᠭᠠᠯᠲᠠ ᠬᠢᠨ᠎ᠡ᠃
        ᠲᠣᠰ ᠤᠳᠠᠭᠠᠨ ᠤ ᠰᠦᠢᠳᠬᠡᠯ ᠬᠤᠷᠢᠶᠠᠬᠤ ᠥᠬᠡᠶ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠭ᠎ᠠ ᠨᠢ ᠵᠡᠮᠳᠡᠭᠴᠦᠳ ᠤᠨ ᠡᠪᠡᠳᠴᠢᠨ ᠡᠮᠭᠡᠭ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠡᠪᠡᠳᠴᠢᠨ ᠡᠮᠭᠡᠭ ᠢ ᠡᠷᠲᠡ ᠰᠡᠷᠭᠡᠶᠢᠯᠡᠬᠦ᠂ ᠡᠷᠲᠡ ᠢᠯᠡᠷᠡᠭᠦᠯᠬᠦ᠂ ᠡᠷᠲᠡ ᠵᠠᠰᠠᠬᠤ᠂ ᠡᠷᠲᠡ ᠡᠷᠡᠭᠦᠯᠵᠢᠬᠦ ᠳᠤ ᠲᠡᠷᠢᠭᠦᠨ ᠲᠣᠬᠢᠶᠠᠯ ᠪᠠ ᠴᠠᠭ ᠢ ᠣᠯᠵᠤ ᠥᠭᠭᠦᠭᠰᠡᠨ ᠪᠥᠭᠡᠳ ᠪᠠᠰᠠ ᠵᠡᠮᠳᠡᠭᠴᠦᠳ ᠤᠨ ᠠᠮᠢᠳᠤᠷᠠᠯ ᠤᠨ ᠶᠠᠰᠤ ᠴᠢᠨᠠᠷ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠪᠠ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠵᠦ᠂ ᠠᠪᠤᠷᠠᠨ ᠲᠤᠰᠠᠯᠠᠬᠤ ᠴᠢᠨᠠᠷᠲᠠᠶ ᠡᠮᠴᠢᠯᠡᠭᠡᠨ ᠤ ᠦᠢᠯᠡᠴᠢᠯᠡᠭᠡᠨ ᠤ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号