ᠰᠢᠷᠠᠮᠥ᠋ᠷᠡᠨ ᠰᠤᠮᠤᠨ ᠤ ᠡᠷᠲᠡᠨ ᠤ ᠬᠤᠲᠠ
ᠨᠡᠶᠢᠲᠡᠯᠡᠭᠰᠡᠨ ᠴᠠᠭ᠄
2024/7/17
        ᠰᠢᠷᠠᠮᠥ᠋ᠷᠡᠨ ᠰᠤᠮᠤ ᠠᠴᠠ ᠪᠠᠷᠠᠭᠤᠨᠰᠢ ᠳᠥᠷᠪᠡᠨ ᠭᠠᠵᠠᠷ ᠤᠨ ᠪᠠᠷᠤᠭ ᠲᠤ ᠪᠠᠯᠭᠠᠰᠤ ᠭᠡᠳᠡᠭ ᠡᠷᠲᠡᠨ ᠤ ᠬᠤᠲᠠ ᠪᠣᠢ᠃ ᠰᠢᠷᠠᠮᠥ᠋ᠷᠡᠨ ᠭᠤᠣᠯ᠂ ᠬᠤᠲᠠ ᠶᠢ ᠣᠷᠢᠶᠠᠵᠤ ᠭᠠᠷᠳᠠᠭ᠃ ᠡᠨᠡᠬᠦ ᠡᠷᠲᠡᠨ ᠤ ᠬᠤᠲᠠ᠂ ᠭᠤᠣᠯ ᠤᠨ ᠭᠤᠷᠪᠠᠯᠵᠢᠨ ᠬᠤᠶᠢᠭ ᠳᠡᠭᠡᠷ᠎ᠡ ᠪᠠᠶᠢᠷᠢᠯᠠᠵᠠᠢ᠃ ᠬᠤᠲᠠ ᠶᠢᠨ ᠬᠡᠷᠡᠮ ᠨᠢ ᠬᠡᠰᠡᠭ ᠲᠠᠰᠣᠷᠠᠵᠤ᠂ ᠬᠡᠰᠡᠭ ᠦᠷᠭᠦᠯᠵᠢᠯᠡᠵᠦ᠂ ᠬᠠᠮᠤᠭ ᠤᠨ ᠥᠨᠳᠥᠷ ᠨᠢ 3 ᠮᠧᠲᠷ ᠠᠴᠠ ᠬᠡᠲᠦᠷᠡᠬᠦ ᠦᠭᠡᠢ᠂ ᠲᠠᠯ᠎ᠠ ᠪᠦᠷᠢ ᠶᠢᠨ ᠤᠷᠲᠤ ᠨᠢ   ᠪᠠᠷᠤᠭ 400 ᠢᠯᠡᠭᠦᠦ ᠮᠧᠲᠷ᠃ ᠲᠡᠭᠰᠢ ᠳᠥᠷᠪᠡᠯᠵᠢᠨ ᠬᠤᠲᠠ ᠪᠣᠯᠣᠨ᠎ᠠ᠃ ᠪᠠᠷᠠᠭᠤᠨ ᠪᠣᠯᠣᠨ ᠬᠤᠶᠢᠲᠤ ᠬᠤᠶᠠᠷ ᠲᠠᠯ᠎ᠠ ᠳᠠᠭᠠᠨ ᠡᠭᠦᠳᠡ ᠲᠠᠢ᠂ ᠬᠤᠶᠠᠷ ᠡᠭᠦᠳᠡᠨ ᠤ ᠪᠠᠨ ᠭᠠᠳᠠᠨ᠎ᠠ ᠲᠣᠰ ᠪᠦᠷᠢ ᠬᠤᠶᠠᠷ ᠰᠢᠷᠣᠢ ᠶᠢᠨ ᠣᠪᠣᠭ᠎ᠠ ᠪᠣᠢ ᠃ ᠤᠭ ᠲᠠᠭᠠᠨ ᠪᠠᠷᠢᠯᠭ᠎ᠠ  ᠪᠠᠶᠢᠵᠠᠢ᠃  ᠳᠥᠷᠪᠡᠨ ᠥᠨᠴᠥᠭ ᠲᠡᠭᠡᠨ ᠰᠢᠷᠣᠢ ᠶᠢᠨ ᠣᠪᠣᠭ᠎ᠠ ᠲᠠᠢ ᠠᠴᠠ ᠦᠵᠡᠪᠡᠯ ᠥᠨᠴᠥᠭ ᠤᠨ ᠠᠰᠠᠷ ᠪᠠᠶᠢᠭᠰᠠᠨ ᠨᠢ ᠮᠡᠳᠡᠨ᠎ᠡ᠃                    ᠬᠤᠲᠠ ᠶᠢᠨ ᠳᠣᠲᠣᠷ᠎ᠠ ᠡᠪᠡᠰᠦ ᠤᠷᠭᠤᠮᠠᠯ ᠳᠦᠭᠦᠷᠴᠦ᠂ ᠬᠤᠲᠠ ᠶᠢᠨ ᠪᠠᠷᠠᠭᠤᠨ ᠡᠮᠦᠨ᠎ᠡ ᠬᠡᠰᠡᠭ ᠲᠤ ᠭᠤᠷᠪᠠᠨ ᠰᠢᠷᠣᠢ ᠶᠢᠨ ᠣᠪᠣᠭ᠎ᠠ ᠪᠣᠢ᠃ ᠲᠤᠬᠠᠢ ᠶᠢᠨ ᠦᠶ᠎ᠡ ᠳᠤ ᠲᠣᠮᠣ ᠪᠠᠷᠢᠯᠭ᠎ᠠ ᠪᠠᠶᠢᠭᠰᠠᠨ ᠪᠠᠶᠢᠬᠤ ᠶᠣᠰᠣᠲᠠᠢ᠃ ᠲᠡᠭᠦᠨ ᠤ ᠳᠡᠭᠡᠷ᠎ᠡ ᠨᠢ ᠬᠠᠪᠲᠠᠭᠠᠢ ᠸᠠᠭᠠᠷ᠂ ᠲᠠᠯ᠎ᠠ ᠸᠠᠭᠠᠷ ᠪᠣᠯᠣᠨ ᠴᠠᠭᠠᠨ ᠰᠢᠷ ᠲᠠᠢ ᠰᠠᠪᠠ ᠶᠢᠨ ᠬᠡᠯᠲᠡᠷᠬᠡᠢ ᠦᠵᠡᠭᠳᠡᠵᠦ ᠪᠠᠶᠢᠳᠠᠭ᠃                    ᠡᠷᠲᠡᠨ ᠤ ᠬᠤᠲᠠ ᠶᠢᠨ ᠵᠡᠭᠦᠨ ᠬᠤᠶᠢᠨ᠎ᠠ ᠪᠠᠰᠠ ᠨᠢᠭᠡ ᠵᠢᠵᠢᠭ ᠬᠤᠲᠠ ᠪᠣᠢ᠃  ᠬᠤᠲᠠ ᠶᠢᠨ ᠳᠤᠮᠳᠠ ᠪᠠᠨ ᠬᠡᠷᠡᠮ ᠲᠠᠢ᠂ ᠬᠤᠶᠢᠨ᠎ᠠ ᠡᠮᠦᠨ᠎ᠡ ᠬᠤᠶᠠᠷ ᠬᠡᠰᠡᠭ ᠪᠣᠯᠣᠨ ᠬᠤᠪᠢᠶᠠᠭᠳᠠᠵᠤ᠂ ᠬᠤᠲᠠ ᠶᠢᠨ ᠳᠥᠷᠪᠡᠨ ᠥᠨᠴᠥᠭ ᠲᠤ ᠰᠢᠷᠣᠢ ᠶᠢᠨ ᠣᠪᠣᠭ᠎ᠠ ᠲᠠᠢ᠂ ᠪᠠᠷᠢᠯᠭ᠎ᠠ ᠪᠠᠶᠢᠭᠰᠠᠨ ᠨᠢ ᠭᠠᠷᠴᠠᠭ᠎ᠠ ᠦᠭᠡᠢ᠃ ᠬᠤᠲᠠ ᠶᠢᠨ ᠳᠣᠲᠣᠷ᠎ᠠ ᠰᠣᠶᠣᠯ ᠲᠡᠦᠬᠡ ᠶᠢᠨ ᠦᠯᠡᠳᠡᠭᠳᠡᠯ ᠭᠡᠮᠡᠷ ᠶᠠᠭᠤᠮ᠎ᠠ ᠦᠭᠡᠢ᠃ ᠲᠡᠷᠡ ᠨᠢ ᠶᠡᠭᠡ ᠬᠤᠲᠠ ᠲᠠᠢ ᠬᠠᠷᠢᠴᠠᠭ᠎ᠠ ᠲᠠᠢ᠂ ᠬᠦᠷᠢᠶ᠎ᠡ ᠬᠡᠪᠴᠢᠶ᠎ᠡ ᠭᠠᠵᠠᠷ ᠤᠨ ᠪᠠᠶᠢᠴᠠ ᠪᠠᠷ ᠨᠢ ᠪᠠᠷᠤᠭᠯᠠᠬᠤ ᠳᠤ ᠪᠠᠯᠭᠠᠰᠤ ᠬᠤᠲᠠ ᠶᠢᠨ ᠮᠣᠷᠢ ᠤᠨᠤᠭ᠎ᠠ᠂ ᠮᠠᠯ ᠲᠡᠵᠢᠭᠡᠪᠦᠷᠢ ᠶᠢ ᠲᠡᠵᠢᠭᠡᠵᠦ ᠬᠤᠷᠢᠳᠠᠭ ᠭᠠᠵᠠᠷ ᠪᠠᠶᠢᠭᠰᠠᠨ ᠪᠣᠯᠣᠯᠲᠠᠢ᠃ 
 
ᠢᠷᠡᠯᠲᠡ᠄ ᠲᠣᠳᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号