2024 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠬᠴᠢ ᠡᠯᠰᠡᠬᠦ 11 ᠳ᠋ᠦ᠋ᠭᠡᠷ ᠲᠣᠭᠠᠲᠤ ᠠᠯᠪᠠᠨ ᠵᠠᠷ |ᠬᠤᠶᠠᠳᠤᠭᠠᠷ ᠪᠦᠯᠦᠭ ᠤᠳᠠᠭ᠎ᠠ ᠶᠢᠨ ᠰᠤᠷᠭᠠᠭᠤᠯᠢ ︵ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠭᠢ ᠪᠠᠭᠲᠠᠨ᠎ᠠ︶ ᠶᠢᠨ ᠰᠤᠷᠤᠬᠴᠢ ᠡᠯᠰᠡᠬᠦ ᠬᠤᠪᠢ ᠶᠢᠨ ᠱᠤᠭᠤᠮ ᠪᠣᠯᠣᠨ ᠡᠷᠡᠮᠡᠯᠵᠡᠯ ᠨᠥᠬᠦᠵᠦ ᠮᠡᠳᠡᠭᠦᠯᠬᠦ ᠲᠤᠬᠠᠢ ᠠᠩᠬᠠᠷᠬᠤ ᠵᠦᠢᠯ ᠢ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/7/17
ᠬᠤᠶᠠᠳᠤᠭᠠᠷ ᠪᠦᠯᠦᠭ ᠤᠳᠠᠭ᠎ᠠ ᠶᠢᠨ ᠰᠤᠷᠭᠠᠭᠤᠯᠢ ︵ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠭᠢ ᠪᠠᠭᠲᠠᠨ᠎ᠠ︶ ᠡᠯᠰᠡᠬᠦ ᠬᠤᠪᠢ ᠶᠢᠨ ᠱᠤᠭᠤᠮ 
微信图片_20240717104920.png
ᠡᠷᠡᠮᠡᠯᠵᠡᠯ ᠨᠥᠬᠦᠵᠦ ᠮᠡᠳᠡᠭᠦᠯᠬᠦ ᠲᠤᠬᠠᠢ ᠠᠩᠬᠠᠷᠬᠤ ᠵᠦᠢᠯ( ᠨᠢᠭᠡ ) ᠨᠥᠬᠦᠵᠦ ᠮᠡᠳᠡᠭᠦᠯᠬᠦ ᠴᠠᠭ  7 ᠰᠠᠷ᠎ᠠ ᠶᠢᠨ 17 ᠤ ᠡᠳᠦᠷ ᠤᠨ 8᠄ 30 ︱ 11᠄ 00 ᠪᠤᠯᠲᠠᠯ᠎ᠠ ᠬᠤᠶᠠᠳᠤᠭᠠᠷ ᠪᠦᠯᠦᠭ ᠤᠳᠠᠭ᠎ᠠ ᠶᠢᠨ ᠰᠤᠷᠭᠠᠭᠤᠯᠢ ︵ᠠᠷᠠᠳ ᠠᠴᠠ ᠡᠷᠭᠢᠯᠡᠭᠰᠡᠨ ᠰᠤᠷᠭᠠᠭᠤᠯᠢ᠂ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠭᠢ ᠪᠠᠭᠲᠠᠨ᠎ᠠ︶ ᠳᠤ ᠰᠦᠯᠵᠢᠶᠡᠨ ᠳᠡᠭᠡᠷ᠎ᠡ ᠨᠥᠬᠦᠪᠦᠷᠢ ᠮᠡᠳᠡᠭᠦᠯᠵᠦ᠂ 7 ᠰᠠᠷ᠎ᠠ ᠶᠢᠨ 17 ᠤ ᠡᠳᠦᠷ ᠤᠨ 16᠄ 00 ᠳᠤ ᠨᠥᠬᠦᠪᠦᠷᠢ ᠣᠯᠣᠭᠰᠠᠨ ᠦᠷ᠎ᠡ ᠳ᠋ᠦᠩ ᠢ ᠯᠠᠪᠯᠠᠨ ᠠᠰᠠᠭᠤᠨ᠎ᠠ᠃  ( ᠬᠤᠶᠠᠷ ) ᠨᠥᠬᠦᠵᠦ ᠮᠡᠳᠡᠭᠦᠯᠬᠦ ᠲᠥᠯᠥᠪᠯᠡᠭᠡ 
微信图片_20240717160943.png
ᠲᠠᠶᠢᠯᠪᠤᠷᠢ᠄ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠰᠢᠶᠠᠨ ᠤ ᠳᠤᠮᠳᠠ ᠵᠡᠷᠭᠡ ᠶᠢᠨ ᠬᠥᠭᠵᠢᠯᠲᠡ ᠶᠢ ᠳᠡᠭᠡᠭᠰᠢᠯᠡᠭᠦᠯᠭᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢᠨ ᠲᠥᠯᠥᠭᠡ᠂ ᠰᠤᠳᠤᠯᠤᠯᠲᠠ ᠪᠠᠷ ᠳᠠᠮᠵᠢᠨ᠂ ᠰᠤᠷᠤᠬᠴᠢ ᠡᠯᠰᠡᠬᠦ ᠲᠥᠯᠥᠪᠯᠡᠭᠡ ᠪᠠᠨ ᠪᠡᠶᠡᠯᠡᠭᠦᠯᠦᠭᠰᠡᠨ ᠦᠭᠡᠢ ᠰᠢᠭᠤᠶᠢᠲᠤ ᠲᠣᠭᠤᠷᠢᠭ ᠤᠨ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ᠂  ᠵᠢᠶᠠᠩᠰᠦ ᠥᠪᠥᠷ ᠮᠣᠩᠭᠤᠯ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ︵ᠠᠷᠠᠳ ᠠᠴᠠ ᠡᠷᠭᠢᠯᠡᠭᠰᠡᠨ︶᠂ ᠪᠠᠢ ᠶᠦᠨ ᠲᠣᠭᠤᠷᠢᠭ  ᠤᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠂ ᠲᠦᠮᠡᠳ ᠪᠠᠷᠠᠭᠤᠨ ᠬᠤᠰᠢᠭᠤᠨ ᠤ ᠴᠡᠯᠡᠭᠡᠷ ᠲᠠᠯ᠎ᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ︵ᠠᠷᠠᠳ ᠠᠴᠠ ᠡᠷᠭᠢᠯᠡᠭᠰᠡᠨ︶᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠳᠤᠮᠳᠠᠳᠤ ᠰᠤᠷᠭᠠᠭᠤᠯᠢ ᠨᠢ ᠬᠤᠲᠠ ᠶᠢᠨ ᠲᠠᠪᠤᠨ ᠲᠣᠭᠤᠷᠢᠭ ᠲᠤ 5 ᠬᠤᠪᠢ ᠳᠣᠣᠷ᠎ᠠ ᠪᠠᠷ ᠡᠯᠰᠡᠨ ᠠᠪᠴᠤ᠂  ᠡᠳᠡᠭᠡᠷ ᠰᠤᠷᠭᠠᠭᠤᠯᠢ ᠳᠤ ᠨᠡᠷ᠎ᠡ ᠮᠡᠳᠡᠭᠦᠯᠦᠨ ᠰᠢᠯᠭᠠᠭᠤᠯᠬᠤ ᠬᠦᠰᠡᠯ ᠲᠠᠢ ᠰᠢᠯᠭᠠᠭᠤᠯᠤᠭᠰᠠᠳ ᠨᠥᠬᠦᠵᠦ ᠮᠡᠳᠡᠭᠦᠯᠵᠦ ᠪᠣᠯᠣᠨ᠎ᠠ᠂ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ  ᠶᠢᠨ ᠥᠨᠳᠥᠷ ᠠᠴᠠ ᠳᠣᠣᠷ᠎ᠠ ᠳᠡᠰ ᠲᠡᠶᠢᠰᠢ ᠳᠠᠷᠠᠭᠠᠯᠠᠨ ᠡᠯᠰᠡᠨ᠎ᠡ᠃  ( ᠭᠤᠷᠪᠠ ) ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ( ᠨᠢᠭᠡᠴᠡ᠄ ᠲᠥᠭᠦᠷᠢᠭ / ᠬᠥᠮᠥᠨ᠂ ᠰᠤᠷᠤᠯᠭ᠎ᠠ ᠶᠢᠨ ᠬᠤᠭᠤᠴᠠᠭ᠎ᠠ )
微信图片_20240717162432.png
( ᠳᠥᠷᠪᠡ ) ᠲᠤᠰ ᠤᠳᠠᠭ᠎ᠠ ᠶᠢᠨ ᠨᠥᠬᠦᠵᠦ ᠮᠡᠳᠡᠭᠦᠯᠬᠦ ᠡᠷᠡᠮᠡᠯᠵᠡᠯ ᠪᠣᠯ 202 ᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠠᠮᠤᠭ ᠰᠡᠭᠦᠯᠴᠢ ᠶᠢᠨ ᠨᠢᠭᠡ ᠤᠳᠠᠭ᠎ᠠ ᠶᠢᠨ ᠰᠦᠯᠵᠢᠶᠡᠨ ᠳᠡᠭᠡᠷ᠎ᠡ ᠡᠯᠰᠡᠨ ᠠᠪᠬᠤ ᠱᠠᠲᠤ ᠦᠶ᠎ᠡ ᠪᠣᠯᠣᠨ᠎ᠠ᠂ ᠳᠠᠷᠠᠭ᠎ᠠ ᠳᠤᠨᠢ ᠳᠠᠭᠢᠵᠤ ᠨᠥᠬᠦᠵᠦ ᠡᠯᠰᠡᠬᠦ ᠦᠭᠡᠢ᠃ ᠰᠦᠯᠵᠢᠶ᠎ᠡ ᠬᠠᠭᠠᠭᠰᠠᠨ ᠤ ᠳᠠᠷᠠᠭ᠎ᠠ ᠡᠷᠡᠮᠡᠯᠵᠡᠯ ᠤᠨ ᠮᠡᠳᠡᠭᠡ ᠵᠠᠩᠭᠢ ᠨᠢ ᠣᠨᠢᠰᠤᠯᠠᠭᠳᠠᠨ᠎ᠠ᠂ ᠳᠠᠩᠰᠠ ᠡᠪᠬᠡᠮᠡᠯ ᠢ ᠨᠢ ᠪᠤᠴᠠᠭᠠᠬᠤ ᠪᠤᠶᠤ  ᠡᠷᠡᠮᠡᠯᠵᠡᠯ ᠳᠤ ᠵᠠᠰᠠᠪᠤᠷᠢ ᠣᠷᠣᠭᠤᠯᠵᠤ ᠪᠤᠯᠬᠤ ᠦᠭᠡᠢ᠂ ᠰᠢᠯᠭᠠᠭᠤᠯᠤᠭᠰᠠᠳ ᠵᠢᠴᠢ ᠭᠡᠷ ᠤᠨ ᠠᠬᠠᠮᠠᠳ ᠠᠴᠠ ᠪᠣᠯᠭᠤᠮᠵᠢᠲᠠᠢ ᠲᠠᠭᠯᠠᠭᠠᠷᠠᠢ᠃ ( ᠲᠠᠪᠤ ) ᠬᠤᠶᠠᠳᠤᠭᠠᠷ ᠪᠦᠯᠦᠭ ᠤᠳᠠᠭ᠎ᠠ ᠰᠤᠷᠭᠠᠭᠤᠯᠢ ᠶᠢᠨ ᠰᠦᠯᠵᠢᠶᠡᠨ ᠳᠡᠭᠡᠷ᠎ᠡ ᠵᠢᠩᠬᠢᠨᠢ ᠪᠠᠷ ᠡᠯᠰᠡᠭᠳᠡᠭᠰᠡᠨ ᠰᠤᠷᠤᠬᠴᠢ ᠪᠦᠭᠦᠨ ᠲᠣᠭᠲᠠᠭᠰᠠᠨ ᠴᠠᠭ ᠲᠤ (︽ᠪᠤᠭᠤᠲᠤ ᠶᠢᠨ ᠰᠤᠷᠭᠠᠨ ᠬᠥᠮᠦᠵᠢᠯ ᠤᠨ ᠰᠦᠯᠵᠢᠶᠡᠨ ᠳᠡᠭᠡᠷ᠎ᠡ︾ ᠭᠡᠬᠦ ᠸᠢᠴᠠᠲ ᠤᠨ ᠣᠯᠠᠨ ᠨᠡᠶᠢᠲᠡ ᠶᠢᠨ ᠨᠣᠮᠧᠷ ᠢ ᠨᠡᠶᠢᠲᠡᠯᠡᠭᠰᠡᠨ ︽ᠬᠤᠶᠠᠳᠤᠭᠠᠷ ᠪᠦᠯᠦᠭ ᠤᠳᠠᠭ᠎ᠠ ᠰᠤᠷᠭᠠᠭᠤᠯᠢ ᠳᠤ ᠰᠢᠨ᠎ᠡ ᠰᠤᠷᠤᠬᠴᠢ ᠨᠡᠷ᠎ᠡ ᠮᠡᠳᠡᠭᠦᠯᠬᠦ ᠮᠡᠳᠡᠭᠳᠡᠯ︾) ᠳᠤ ᠬᠦᠷᠴᠦ ᠡᠯᠰᠡᠭᠰᠡᠨ ᠰᠤᠷᠭᠠᠭᠤᠯᠢ ᠳᠤ ᠨᠡᠷ᠎ᠡ ᠮᠡᠳᠡᠭᠦᠯᠬᠦ ᠬᠡᠷᠡᠭᠲᠡᠢ᠃ ( ᠵᠢᠷᠭᠤᠭ᠎ᠠ )︽3+2︾ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠯᠭᠠᠭᠰᠠᠳ ᠲᠤ ᠰᠠᠨᠠᠭ᠎ᠠ ᠲᠠᠢ ᠪᠣᠯ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠢᠨ‌ᠡᠷᠡᠮᠡᠯᠵᠡᠯ ᠲᠠᠭᠯᠠᠨ ᠮᠡᠳᠡᠭᠦᠯᠵᠦ ᠪᠤᠯᠬᠤ ᠦᠭᠡᠢ ᠭᠡᠵᠦ ᠳᠠᠬᠢᠨᠲᠠ ᠰᠠᠨᠠᠭᠤᠯᠤᠶ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠡᠯᠰᠡᠭᠳᠡᠪᠡᠯ᠂ ︽3+2︾ ᠤ ᠡᠷᠡᠮᠡᠯᠵᠡᠯ ᠳᠠᠭᠢᠨ ᠮᠡᠳᠡᠭᠦᠯᠵᠦ ᠴᠢᠳᠠᠬᠤ ᠦᠭᠡᠢ ᠪᠣᠯᠣᠨ᠎ᠠ᠃ ᠭᠤᠷᠪᠠᠳᠤᠭᠠᠷ ᠪᠦᠯᠦᠭ ᠤᠳᠠᠭ᠎ᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠦᠯᠵᠢᠶᠡᠨ ᠳᠠᠬᠢ ᠨᠡᠷ᠎ᠡ ᠮᠡᠳᠡᠭᠦᠯᠦᠯᠲᠡ 7 ᠰᠠᠷ᠎ᠠ ᠶᠢᠨ 18 ᠤ ᠡᠳᠦᠷ ᠤᠨ 14᠄ 30 ᠠᠴᠠ ᠡᠬᠢᠯᠡᠨ᠎ᠡ᠂ ᠰᠢᠯᠭᠠᠭᠤᠯᠤᠭᠰᠠᠳ ᠪᠠ ᠭᠡᠷ ᠤᠨ ᠠᠬᠠᠮᠠᠳ ᠠᠴᠠ ︽ᠪᠤᠭᠤᠲᠤ ᠶᠢᠨ ᠰᠤᠷᠭᠠᠨ ᠬᠥᠮᠦᠵᠢᠯ ᠤᠨ ᠰᠦᠯᠵᠢᠶᠡᠨ ᠳᠡᠭᠡᠷᠡᠬᠢ︾ ᠸᠢᠴᠠᠲ ᠤᠨ ᠣᠯᠠᠨ ᠨᠡᠶᠢᠲᠡ ᠶᠢᠨ ᠨᠣᠮᠧᠷ ᠪᠤᠶᠤ ᠪᠤᠭᠤᠲᠤ ᠶᠢᠨ ᠰᠤᠷᠭᠠᠨ ᠬᠥᠮᠦᠵᠢᠯ ᠤᠨ ᠡᠭᠦᠯᠡᠨ ᠬᠠᠮᠢᠶ᠎ᠠ ᠪᠦᠬᠦᠢ ᠠᠯᠪᠠᠨ ᠵᠠᠷ ᠢ ᠴᠠᠭ ᠲᠤᠬᠠᠢ ᠳᠤᠨᠢ ᠠᠩᠬᠠᠷᠤᠭᠠᠷᠠᠢ᠃                     ᠪᠤᠭᠤᠲᠤ ᠬᠤᠲᠠ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠠᠯᠪᠠᠨ ᠭᠡᠷ                    2024 ᠣᠨ ᠤ 7 ᠰᠠᠷ᠎ᠠ ᠶᠢᠨ 16 ᠤ ᠡᠳᠦᠷ
 
ᠢᠷᠡᠯᠲᠡ᠄ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号