ᠵᠣᠴᠢᠨ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠤᠨ ᠡᠷᠬᠢᠯᠡᠭᠴᠢ ᠸᠠᠩ ᠵᠢᠩ | ᠰᠤᠷᠪᠤᠯᠵᠢᠯᠠᠭᠰᠠᠨ ᠴᠠᠭ᠄ 2023 ᠣᠨ ᠤ 11 ᠰᠠᠷ᠎ᠠ ᠶᠢᠨ 30 ᠤ ᠡᠳᠦᠷ | ᠬᠥᠲᠥᠯᠥᠭᠴᠢ᠄ ᠮᠠᠨ ᠤ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ 2023 | ᠣᠨ ᠤ ᠠᠵᠢᠯ ᠤᠨ ᠠᠬᠢᠴᠠ ᠶᠢᠨ ᠪᠠᠶᠢᠳᠠᠯ ᠢ ᠲᠠᠨᠢᠯᠴᠠᠭᠤᠯᠤᠨ᠎ᠠ ᠤᠤ︖ | ᠵᠣᠴᠢᠨ᠄ ᠡᠨᠡ ᠵᠢᠯ ᠠᠴᠠ ᠨᠠᠭᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠵᠢᠯᠣᠭᠤᠳᠤᠮᠵᠢ ᠪᠣᠯᠭᠠᠵᠤ᠂ | ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠠᠵᠤ ᠠᠬᠤᠶᠢᠯᠠᠯ ᠤᠨ | ᠠᠵᠢᠯᠲᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯᠲᠠᠨ ᠤᠷᠢᠬᠤ | ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠢᠯᠲᠠᠨ ᠬᠡᠷᠡᠭᠯᠡᠬᠦ ᠥᠪᠡᠷ ᠤᠨ ᠦᠷᠳᠡᠭ ᠢ ᠪᠠᠭᠤᠷᠠᠭᠤᠯᠵᠤ᠂ ᠠᠵᠢᠯᠲᠠᠨ | ᠬᠡᠷᠡᠭᠯᠡᠬᠦ ᠣᠷᠴᠢᠨ ᠠᠬᠤᠢ ᠶᠢ ᠰᠢᠯᠢᠳᠡᠭᠵᠢᠭᠦᠯᠵᠦ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠠᠷᠭ᠎ᠠ ᠬᠡᠮᠵᠢᠶ᠎ᠡ ᠶᠢ | ᠴᠢᠩᠭᠠᠳᠬᠠᠵᠤ᠂ ᠭᠤᠣᠯᠳᠠᠯᠭ᠎ᠠ ᠲᠠᠢ ᠤᠯᠠᠨ ᠲᠦᠮᠡᠨ ᠤ ᠠᠵᠢᠯ ᠣᠯᠭᠤᠯᠲᠠ ᠶᠢᠨ ᠬᠤᠷᠢᠭ᠎ᠠ ᠱᠤᠭᠤᠮ ᠢ ᠪᠠᠲᠤ | ᠰᠠᠬᠢᠵᠤ᠂ ᠠᠵᠤ ᠠᠬᠤᠶᠢᠯᠠᠯ ᠤᠨ ᠠᠵᠢᠯᠲᠠᠨ ᠬᠡᠷᠡᠭᠯᠡᠬᠦ ᠶᠢ ᠪᠠᠲᠤᠯᠠᠬᠤ ᠪᠠ ᠭᠤᠣᠯᠳᠠᠯᠭ᠎ᠠ ᠲᠠᠢ ᠤᠯᠠᠨ ᠲᠦᠮᠡᠨ ᠤ | ᠠᠵᠢᠯ ᠣᠯᠭᠤᠯᠲᠠ ᠶᠢ ᠠᠬᠢᠭᠤᠯᠬᠤ ︽ᠬᠤᠣᠰ ᠠᠮᠵᠢᠯᠲᠠ︾ ᠶᠢ ᠪᠡᠶᠡᠯᠡᠭᠦᠯᠬᠦ ᠶᠢ ᠠᠬᠢᠭᠤᠯᠵᠤ᠂ ᠠᠵᠢᠯ ᠣᠯᠭᠤᠬᠤ | ᠦᠢᠯᠡᠰ ᠪᠣᠰᠬᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠴᠢᠳᠠᠯ ᠢᠶᠠᠨ ᠡᠷᠭᠦᠪᠡ᠃ | | ᠭᠤᠣᠯᠳᠠᠯᠭ᠎ᠠ ᠲᠠᠢ ᠤᠯᠠᠨ ᠲᠦᠮᠡᠨ ᠢ ᠬᠠᠪᠰᠤᠷᠤᠨ ᠲᠡᠳᠬᠦᠵᠦ ᠠᠷᠠᠳ ᠤᠨ ᠠᠮᠢᠳᠤᠷᠠᠯ ᠤᠨ ᠬᠤᠷᠢᠭ᠎ᠠ | ᠱᠤᠭᠤᠮ ᠢ ᠰᠠᠬᠢᠪᠠ | ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ | ᠭᠤᠣᠯᠳᠠᠯᠭ᠎ᠠ ᠲᠠᠢ ᠤᠯᠠᠨ ᠲᠦᠮᠡᠨ ᠤ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠳᠤᠮᠳᠠᠬᠢ ᠠᠷᠠᠳ ᠤᠨ | ᠠᠮᠢᠳᠤᠷᠠᠯ ᠪᠣᠯᠣᠨ᠎ᠠ᠃ ᠡᠨᠡ ᠵᠢᠯ ᠠᠴᠠ ᠨᠠᠭᠠᠰᠢ᠂ ᠤᠷᠢᠳ ᠬᠤᠵᠢᠳ ᠡᠯ᠎ᠡ ᠭᠠᠴᠠᠭ᠎ᠠ ᠲᠣᠰᠬᠤᠨ᠂ ᠨᠡᠶᠢᠭᠡᠮ | ᠲᠣᠭᠤᠷᠢᠭ ᠲᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠢᠭᠡ | ᠲᠠᠯ᠎ᠠ ᠪᠠᠷ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠬᠦ ᠠᠵᠢᠯᠲᠠᠨ ᠤ ᠪᠣᠯᠪᠠᠰᠤᠷᠠᠯ ᠢ ᠥᠷᠨᠢᠭᠦᠯᠵᠦ᠂ | ᠨᠥᠭᠦᠭᠡ ᠲᠠᠯ᠎ᠠ ᠪᠠᠷ ᠦᠨᠳᠦᠰᠦᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠠᠵᠢᠯᠲᠠᠨ ᠢ ᠵᠣᠬᠢᠶᠠᠨ ᠪᠠᠶᠢᠭᠤᠯᠵᠤ᠂ ᠲᠤᠭ᠎ᠠ ᠪᠠᠷᠢᠮᠲᠠ ᠶᠢ ᠬᠠᠷᠢᠴᠠᠭᠤᠯᠬᠤ᠂ ᠬᠠᠷᠢᠯᠴᠠᠵᠤ ᠬᠢᠨᠠᠨ | ᠬᠠᠷᠭᠤᠭᠤᠯᠬᠤ ᠪᠠᠷ ᠳᠠᠮᠵᠢᠭᠤᠯᠤᠨ᠂ ᠲᠤᠰᠠᠯᠠᠮᠵᠢ ᠣᠯᠬᠤ ᠴᠢᠬᠤᠯᠠᠲᠠᠢ ᠭᠡᠷ ᠪᠦᠯᠢ ᠶᠢ ᠰᠤᠷᠪᠤᠯᠵᠢᠯᠠᠵᠤ᠂ ᠠᠵᠢᠯ | ᠣᠯᠬᠤ ᠬᠡᠷᠡᠭᠴᠡᠭᠡ ᠪᠠ ᠠᠵᠢᠯ ᠣᠯᠬᠤ ᠬᠦᠰᠡᠯ ᠡᠷᠡᠮᠡᠯᠵᠡᠯ ᠢ ᠭᠦᠢᠴᠡᠳ ᠣᠶᠢᠯᠠᠭᠠᠨ᠂ ᠭᠤᠣᠯᠳᠠᠯᠭ᠎ᠠ ᠲᠠᠢ ᠤᠯᠠᠨ | ᠲᠦᠮᠡᠨ ᠤ ᠠᠵᠢᠯ ᠣᠯᠬᠤ ᠂ ᠠᠵᠢᠯ ᠠᠯᠳᠠᠭᠰᠠᠨ ᠢ ᠳᠠᠩᠰᠠᠯᠠᠬᠤ ᠪᠠ ᠠᠵᠢᠯ ᠣᠯᠬᠤ ᠳᠤ ᠬᠦᠴᠢᠷᠲᠡᠢ ᠬᠥᠮᠥᠰ ᠢ | ᠮᠠᠭᠠᠳᠯᠠᠨ ᠲᠣᠭᠲᠠᠭᠠᠬᠤ ᠵᠡᠷᠭᠡ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ | ᠬᠠᠮᠲᠤ ᠬᠠᠪᠰᠤᠷᠤᠨ ᠲᠡᠳᠬᠦᠬᠦ ᠨᠠᠷᠢᠨ ᠬᠠᠭᠤᠳᠠᠰᠤ ᠶᠢ ᠪᠠᠶᠢᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠨᠠᠷᠢᠨ | ᠬᠠᠭᠤᠳᠠᠰᠤ ᠶᠢ ᠬᠥᠳᠡᠯᠦᠩᠭᠦᠢ ᠪᠠᠷ ᠰᠢᠨᠡᠳᠬᠡᠬᠦ ᠶᠢ ᠪᠠᠷᠢᠮᠲᠠᠯᠠᠨ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ | ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠬᠡᠪᠴᠢᠶᠡᠨ ᠳᠤ ᠣᠷᠣᠭᠤᠯᠵᠤ᠂ ᠠᠵᠢᠯ ᠣᠯᠭᠤᠯᠲᠠ ᠶᠢᠨ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠪᠠ᠃ ᠣᠲᠣ ᠪᠣᠯᠲᠠᠯ᠎ᠠ᠂ ᠠᠵᠢᠯ | ᠣᠯᠬᠤ ᠳᠤ ᠬᠦᠴᠢᠷᠲᠡᠢ 213 ᠬᠥᠮᠥᠨ ᠢ ᠮᠠᠭᠠᠳᠯᠠᠨ ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠵᠢᠯ ᠤᠨ ᠪᠠᠶᠢᠷᠢ ᠳᠤ ᠠᠵᠢᠯ ᠣᠯᠬᠤ ᠳᠤ ᠬᠦᠴᠢᠷᠲᠡᠢ 5 ᠬᠥᠮᠥᠨ ᠢ ᠰᠢᠨ᠎ᠡ ᠪᠠᠷ ᠲᠥᠪᠬᠢᠨᠡᠭᠦᠯᠪᠡ︔ 313 | ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦ ᠭᠠᠳᠠᠭᠰᠢ ᠭᠠᠷᠴᠤ ᠬᠥᠯᠥᠰᠦᠨ ᠠᠵᠢᠯ ᠬᠢᠵᠦ᠂ ᠬᠥᠳᠡᠭᠡ | ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ 64 ᠶᠠᠳᠠᠭᠤ ᠠᠴᠠ | ᠠᠩᠭᠢᠵᠢᠷᠠᠭᠰᠠᠨ ᠬᠥᠳᠡᠯᠮᠦᠷᠢ ᠬᠦᠴᠦᠨ ᠢ ᠲᠥᠪᠬᠢᠨᠡᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ | ᠬᠦᠴᠦᠨ ᠤ ᠭᠠᠳᠠᠭᠰᠢ ᠭᠠᠷᠴᠤ ᠬᠥᠯᠥᠰᠦᠨ ᠠᠵᠢᠯ ᠬᠢᠭᠰᠡᠨ ᠬᠥᠮᠥᠨ ᠤ ᠲᠤᠭ᠎ᠠ ᠨᠢ ᠨᠢᠳᠤᠨᠤᠨ ᠤ ᠬᠢ ᠲᠠᠢ ᠠᠳᠠᠯᠢ | ᠪᠠᠶᠢᠵᠤ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ ᠢ ᠰᠢᠩᠭᠡᠬᠡᠨ ᠠᠪᠤᠭᠰᠠᠨ ᠠᠵᠤ | ᠠᠬᠤᠶᠢᠯᠠᠯ ᠳᠤ 7000 ᠲᠥᠭᠦᠷᠢᠭ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠥᠭᠪᠡ᠃ | ᠠᠵᠢᠯᠲᠠᠨ ᠡᠯᠰᠡᠬᠦ ᠦᠢᠯᠡᠴᠢᠯᠡᠭᠡ ᠶᠢ ᠰᠢᠯᠢᠳᠡᠭᠵᠢᠭᠦᠯᠵᠦ ᠠᠵᠢᠯ ᠣᠯᠭᠤᠯᠲᠠ ᠶᠢᠨ ᠥᠷᠭᠡᠴᠡ ᠶᠢ ᠥᠷᠭᠡᠳᠬᠡᠪᠡ | ᠰᠦᠯᠵᠢᠶᠡᠨ ᠳᠡᠭᠡᠷᠡᠬᠢ + ᠰᠦᠯᠵᠢᠶᠡᠨ ᠠᠴᠠ ᠭᠠᠳᠠᠭᠤᠷᠬᠢ ᠵᠠᠭᠪᠤᠷ ᠢ ᠬᠡᠷᠡᠭᠯᠡᠨ᠂ ᠬᠥᠮᠥᠨ ᠬᠡᠷᠡᠭᠯᠡᠬᠦ | ᠨᠢᠭᠡᠴᠡ ᠪᠣᠯᠣᠨ ᠠᠵᠢᠯ ᠡᠷᠢᠭᠰᠡᠳ ᠲᠤ ᠬᠥᠭᠦᠷᠭᠡ ᠪᠣᠯᠵᠤ᠂ ᠠᠵᠢᠯᠲᠠᠨ ᠡᠯᠰᠡᠬᠦ ᠦᠢᠯᠡᠴᠢᠯᠡᠭᠡ ᠶᠢ ᠳᠠᠰᠤᠷᠠᠯᠳᠠ | ᠦᠭᠡᠢ ᠬᠠᠩᠭᠠᠪᠠ᠃ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ︽ᠭᠠᠳᠠᠭᠰᠢ ᠶᠠᠪᠤᠵᠤ | ᠴᠢᠳᠠᠪᠤᠷᠢᠲᠠᠨ ᠡᠯᠰᠡᠬᠦ︾ ︽ᠵᠠᠭᠤᠨ ᠡᠳᠦᠷ ᠲᠤ ᠮᠢᠩᠭ᠎ᠠ ᠲᠦᠮᠡᠨ ᠠᠵᠢᠯᠲᠠᠨ ᠡᠯᠰᠡᠬᠦ ᠲᠤᠰᠬᠠᠢ ᠠᠵᠢᠯᠯᠠᠭ᠎ᠠ ᠵᠢᠴᠢ | ᠠᠵᠤ ᠠᠬᠤᠶᠢᠯᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ︽ᠰᠥᠨᠢ ᠶᠢᠨ ᠵᠠᠬ᠎ᠠ ᠳᠡᠯᠭᠡᠭᠦᠷ ᠲᠤ ᠣᠯᠠᠨ | ᠠᠵᠤ ᠠᠬᠤᠶᠢᠯᠠᠯ ᠠᠵᠢᠯᠲᠠᠨ ᠡᠯᠰᠡᠵᠦ ᠴᠢᠳᠠᠪᠤᠷᠢᠲᠠᠨ ᠤᠷᠢᠬᠤ︾ ᠵᠡᠷᠭᠡ ᠰᠢᠷᠢᠰ ᠠᠵᠢᠯᠲᠠᠨ ᠡᠯᠰᠡᠬᠦ ᠠᠵᠢᠯᠯᠠᠭ᠎ᠠ ᠶᠢ | ᠢᠳᠡᠪᠬᠢᠲᠡᠢ ᠵᠣᠬᠢᠶᠠᠨ ᠪᠠᠶᠢᠭᠤᠯᠵᠤ ᠥᠷᠨᠢᠭᠦᠯᠵᠡᠢ︔ ᠮᠠᠨ ᠤ ᠬᠤᠰᠢᠭᠤᠨ ᠤ ᠰᠣᠶᠣᠯ ᠵᠤᠭᠠᠴᠠᠯ ᠤᠨ ᠨᠠᠶᠢᠷ ᠪᠠ | ︽ᠲᠤᠯᠤᠭᠠᠨ ᠰᠠᠷ᠎ᠠ ᠶᠢᠨ ᠳᠣᠯᠣᠭᠠᠨ ᠤ ᠡᠳᠦᠷ︾ ᠤᠨ ᠤᠯᠠᠮᠵᠢᠯᠠᠯᠲᠤ ᠪᠠᠶᠠᠷ ᠤᠨ ᠡᠳᠦᠷ ᠲᠠᠢ ᠤᠶᠠᠯᠳᠤᠭᠤᠯᠤᠨ | ᠣᠨᠴᠠᠯᠢᠭᠲᠤ ᠲᠤᠰᠬᠠᠢ ᠲᠠᠯᠠᠪᠤᠷ ᠤᠨ ᠠᠵᠢᠯᠲᠠᠨ ᠡᠯᠰᠡᠬᠦ ᠠᠵᠢᠯᠯᠠᠭ᠎ᠠ ᠶᠢ ᠬᠡᠷᠡᠭᠵᠢᠭᠦᠯᠪᠡ︔ ᠰᠤᠯᠠ ᠠᠵᠢᠯᠲᠠᠨ ᠤ | ᠵᠠᠬ᠎ᠠ ᠳᠡᠯᠭᠡᠭᠦᠷ ᠤᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ ︽ᠠᠵᠢᠯ ᠣᠯᠭᠤᠯᠲᠠ + ᠰᠤᠯᠠ | ᠠᠵᠢᠯᠲᠠᠨ + ᠰᠢᠭᠤᠳ ᠨᠡᠪᠲᠡᠷᠡᠭᠦᠯᠭᠡ︾ ᠶᠢᠨ ᠣᠯᠠᠨ ᠡᠰᠢᠲᠦ ᠠᠵᠢᠯᠲᠠᠨ ᠡᠯᠰᠡᠬᠦ ᠦᠢᠯᠡᠴᠢᠯᠡᠭᠡᠨ ᠤ ᠵᠠᠭᠪᠤᠷ ᠢ | ᠭᠠᠷᠭᠠᠵᠤ᠂ ᠪᠥᠬᠦ ᠬᠤᠰᠢᠭᠤᠨ ᠤ ᠠᠵᠢᠯᠲᠠᠨ ᠬᠡᠷᠡᠭᠯᠡᠬᠦ ᠨᠢᠭᠡᠴᠡ ᠳᠤ ᠠᠵᠢᠯᠲᠠᠨ ᠬᠡᠷᠡᠭᠯᠡᠬᠦ ᠪᠠᠲᠤᠯᠠᠭ᠎ᠠ ᠶᠢ ᠭᠦᠢᠴᠡᠳ | ᠬᠠᠩᠭᠠᠪᠠ᠃ ᠣᠲᠣ ᠪᠣᠯᠲᠠᠯ᠎ᠠ᠂ 4 ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠦᠬᠠᠢ᠂ ᠶᠢᠨᠴᠤᠸᠠᠨ ᠳᠤ | ᠣᠴᠢᠭᠤᠯᠤᠨ ᠬᠤᠲᠠ ᠶᠢᠨ ᠲᠣᠪᠴᠢᠶ᠎ᠠ ᠶᠢᠨ ᠡᠷᠭᠢᠯᠡᠭᠰᠡᠨ ᠠᠵᠢᠯᠲᠠᠨ ᠡᠯᠰᠡᠵᠦ ᠴᠢᠳᠠᠪᠤᠷᠢᠲᠠᠨ ᠲᠠᠲᠠᠬᠤ | ᠠᠵᠢᠯᠯᠠᠭ᠎ᠠ ᠳᠤ ᠣᠷᠣᠯᠴᠠᠭᠤᠯᠵᠤ᠂ 19 ᠬᠥᠮᠥᠨ ᠲᠠᠢ ᠰᠠᠨᠠᠯ ᠨᠢᠭᠡᠳᠪᠡ︔ ᠡᠯ᠎ᠡ ᠲᠥᠷᠥᠯ ᠤᠨ ᠠᠵᠢᠯᠲᠠᠨ ᠡᠯᠰᠡᠬᠦ | ᠠᠵᠢᠯᠯᠠᠭ᠎ᠠ ᠶᠢ ᠨᠡᠶᠢᠲᠡ 15 ᠲᠠᠯᠠᠪᠤᠷ ᠡᠷᠭᠢᠯᠡᠵᠦ᠂ 1846 ᠠᠵᠢᠯ ᠤᠨ ᠪᠠᠶᠢᠷᠢ ᠬᠠᠩᠭᠠᠪᠠ︔ ᠬᠥᠳᠡᠯᠮᠦᠷᠢ | ᠬᠦᠴᠦᠨ ᠤ ᠵᠠᠬ᠎ᠠ ᠳᠡᠯᠭᠡᠭᠦᠷ ᠲᠤ ᠲᠠᠷᠠᠬᠠᠢ ᠪᠤᠲᠠᠷᠬᠠᠢ ᠠᠵᠢᠯᠲᠠᠨ ᠬᠡᠷᠡᠭᠯᠡᠬᠦ ᠶᠢ ᠠᠰᠠᠭᠤᠨ ᠯᠠᠪᠯᠠᠬᠤ ᠳᠤ ᠨᠡᠶᠢᠳᠡ | 590 ᠭᠠᠷᠤᠢ ᠬᠥᠮᠥᠨ ᠢ ᠬᠦᠯᠢᠶᠡᠨ ᠠᠪᠴᠤ᠂ 330 ᠭᠠᠷᠤᠢ ᠬᠥᠮᠥᠨ ᠢ ᠠᠮᠢᠳᠤᠯᠢᠭ ᠢᠶᠠᠷ ᠠᠵᠢᠯ ᠣᠯᠭᠤᠬᠤ ᠪᠠᠷ | ᠲᠠᠨᠢᠯᠴᠠᠭᠤᠯᠪᠠ᠃ | ᠠᠵᠤ ᠠᠬᠤᠶᠢᠯᠠᠯ ᠤᠨ ᠠᠵᠢᠯᠲᠠᠨ ᠬᠡᠷᠡᠭᠯᠡᠬᠦ ᠶᠢ ᠪᠠᠲᠤᠯᠠᠵᠤ ᠠᠵᠢᠯ ᠣᠯᠭᠤᠬᠤ ᠠᠷᠭ᠎ᠠ ᠵᠠᠮ ᠢ | ᠥᠷᠭᠡᠳᠬᠡᠪᠡ | ᠮᠡᠳᠡᠭᠡ ᠵᠠᠩᠭᠢ ᠶᠢ ᠰᠢᠭᠤᠳ ᠮᠡᠳᠡᠭᠦᠯᠬᠦ᠂ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠬᠦ᠂ ᠤᠲᠠᠰᠤ ᠪᠠᠷ | ᠬᠠᠷᠢᠯᠴᠠᠬᠤ᠂ ᠲᠥᠪᠯᠡᠷᠡᠭᠦᠯᠦᠨ ᠶᠠᠷᠢᠯᠴᠠᠬᠤ ᠵᠡᠷᠭᠡ ᠠᠷᠭ᠎ᠠ ᠮᠠᠶ᠋ᠢᠭ ᠢ ᠠᠪᠴᠤ᠂ ᠭᠤᠣᠯᠳᠠᠯᠭ᠎ᠠ ᠲᠠᠢ ᠠᠵᠤ ᠠᠬᠤᠶᠢᠯᠠᠯ᠂ | ᠴᠢᠬᠤᠯᠠ ᠶᠡᠭᠡ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠬᠥᠳᠡᠯᠦᠩᠭᠦᠢ ᠪᠠᠷ ᠡᠵᠡᠮᠰᠢᠪᠡ᠃ ᠵᠢᠯ ᠤᠨ | ᠡᠬᠢᠨ ᠳᠤ᠂ ᠠᠵᠤ ᠠᠬᠤᠶᠢᠯᠠᠯ ᠤᠨ ︽ᠴᠢᠳᠠᠪᠤᠷᠢᠲᠠᠨ ᠡᠯᠰᠡᠵᠦ ᠠᠪᠴᠢᠷᠠᠬᠤ ᠶᠡᠭᠡ ᠰᠣᠷᠪᠤᠯᠵᠢᠯᠠᠭ᠎ᠠ︾ ᠶᠢᠨ | ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠤᠨ ᠬᠡᠷᠡᠭᠴᠡᠭᠡ | ᠱᠠᠭᠠᠷᠳᠠᠯᠭ᠎ᠠ ᠶᠢ ᠰᠣᠨᠣᠰᠴᠤ᠂ ᠬᠦᠷᠢᠶ᠎ᠡ ᠬᠡᠪᠴᠢᠶ᠎ᠡ᠂ ᠠᠵᠢᠯ ᠲᠦᠷᠦᠯ ᠬᠤᠪᠢᠶᠠᠨ ᠠᠵᠤ ᠠᠬᠤᠶᠢᠯᠠᠯ ᠤᠨ ᠠᠵᠢᠯᠲᠠᠨ | ᠬᠡᠷᠡᠭᠯᠡᠬᠦ ᠲᠤᠭ᠎ᠠ ᠬᠡᠮᠵᠢᠶ᠎ᠡ᠂ ᠠᠵᠢᠯᠲᠠᠨ ᠬᠡᠷᠡᠭᠯᠡᠬᠦ ᠲᠦᠷᠦᠯ ᠬᠡᠯᠪᠡᠷᠢ᠂ ᠤᠷ᠎ᠠ ᠴᠢᠳᠠᠪᠤᠷᠢ ᠶᠢᠨ ᠬᠡᠷᠡᠭᠴᠡᠭᠡ | ᠱᠠᠭᠠᠷᠳᠠᠯᠭ᠎ᠠ ᠶᠢ ᠡᠵᠡᠮᠰᠢᠪᠡ᠃ ᠡᠭᠦᠨ ᠤ ᠬᠠᠮᠲᠤ᠂ ᠠᠵᠢᠯ ᠣᠯᠭᠤᠯᠲᠠ ᠶᠢᠨ ᠰᠠᠯᠠᠭ᠎ᠠ ᠮᠥᠴᠢᠷ᠂ ᠰᠢᠶᠠᠩ | ᠪᠠᠯᠭᠠᠰᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠤᠰᠬᠠᠢ ᠲᠤᠰᠢᠶᠠᠯᠲᠠᠨ᠂ ᠲᠣᠰᠬᠤᠨ ᠤ ᠳᠡᠰ ᠤᠨ | ᠬᠠᠪᠰᠤᠷᠤᠭᠴᠢ ᠪᠠᠷ ᠪᠦᠷᠢᠯᠳᠦᠭᠰᠡᠨ 5 ᠬᠠᠮᠲᠤᠷᠠᠭᠰᠠᠨ ᠠᠵᠤ ᠠᠬᠤᠶᠢᠯᠠᠯ ᠤᠨ ᠠᠵᠢᠯ ᠤᠨ ᠳᠤᠭᠤᠶᠢᠯᠠᠩ ᠢ | ᠪᠠᠶᠢᠭᠤᠯᠵᠤ᠂ ᠪᠥᠬᠦ ᠬᠤᠰᠢᠭᠤᠨ ᠤ ᠭᠤᠣᠯᠳᠠᠯᠭ᠎ᠠ ᠲᠠᠢ ᠠᠵᠤ ᠠᠬᠤᠶᠢᠯᠠᠯ ᠳᠤ ᠲᠠᠰᠤᠷᠠᠯᠲᠠ ᠦᠭᠡᠢ ᠪᠠᠲᠤᠯᠠᠭ᠎ᠠ ᠶᠢᠨ | ᠦᠢᠯᠡᠴᠢᠯᠡᠭᠡ ᠶᠢ ᠢᠳᠡᠪᠬᠢᠲᠡᠢ ᠬᠠᠩᠭᠠᠵᠤ᠂ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠰᠠᠨᠠᠭᠠᠴᠢᠯᠠᠭ᠎ᠠ ᠠᠴᠠ ᠪᠠᠨ ᠬᠠᠷᠢᠯᠴᠠᠬᠤ᠂ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠪᠠᠷ | ᠳᠡᠮᠵᠢᠨ᠂ ᠠᠵᠤ ᠠᠬᠤᠶᠢᠯᠠᠯ ᠤᠨ ᠠᠵᠢᠯᠲᠠᠨ ᠬᠡᠷᠡᠭᠯᠡᠬᠦ ᠲᠤᠭ᠎ᠠ ᠬᠡᠮᠵᠢᠶ᠎ᠡ᠂ ᠠᠵᠢᠯᠲᠠᠨ ᠬᠡᠷᠡᠭᠯᠡᠬᠦ ᠲᠥᠷᠥᠯ ᠬᠡᠯᠪᠡᠷᠢ᠂ | ᠤᠷ᠎ᠠ ᠮᠡᠷᠭᠡᠵᠢᠯ ᠤᠨ ᠬᠡᠷᠡᠭᠴᠡᠭᠡ᠂ ᠠᠵᠢᠯᠲᠠᠨ ᠬᠡᠷᠡᠭᠯᠡᠬᠦ ᠣᠯᠭᠤᠮᠵᠢ ᠵᠡᠷᠭᠡ ᠶᠢ ᠪᠥᠬᠦ ᠲᠠᠯ᠎ᠠ ᠪᠠᠷ ᠣᠶᠢᠯᠠᠭᠠᠬᠤ ᠶᠢᠨ | ᠬᠠᠮᠲᠤ᠂ ᠠᠵᠢᠯᠲᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠡᠯ᠎ᠡ ᠵᠦᠢᠯ ᠤᠨ ᠠᠷᠭ᠎ᠠ ᠵᠠᠮ ᠢ ᠭᠦᠢᠴᠡᠳ ᠠᠰᠢᠭᠯᠠᠨ᠂ ᠠᠵᠢᠯᠲᠠᠨ ᠡᠯᠰᠡᠬᠦ | ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠬᠥᠳᠡᠯᠦᠩᠭᠦᠢ ᠪᠠᠷ ᠤᠬᠠᠭᠤᠯᠤᠨ ᠨᠡᠶᠢᠲᠡᠯᠡᠪᠡ᠃ | ᠡᠨᠡ ᠵᠢᠯ ᠠᠴᠠ ᠨᠠᠭᠠᠰᠢ᠂ ᠨᠢᠭᠡᠨᠲᠡ 77 ᠠᠵᠤ ᠠᠬᠤᠶᠢᠯᠠᠯ ᠲᠠᠢ ᠬᠠᠷᠢᠯᠴᠠᠵᠤ᠂ 10 ᠵᠦᠢᠯ ᠤᠨ ᠴᠢᠳᠠᠪᠤᠷᠢᠲᠠᠨ ᠤ | ᠬᠡᠷᠡᠭᠴᠡᠭᠡ ᠱᠠᠭᠠᠷᠳᠠᠯᠭ᠎ᠠ ᠶᠢᠨ ᠵᠢᠭᠰᠠᠭᠠᠯᠲᠠ ᠶᠢ ᠨᠠᠶᠢᠷᠠᠭᠤᠯᠤᠨ ᠨᠡᠶᠢᠲᠡᠯᠡᠵᠦ᠂ 16 ᠠᠵᠢᠯ ᠲᠥᠷᠥᠯ ᠳᠤ | ᠬᠤᠯᠪᠣᠭᠳᠠᠪᠠ︔ ︽ᠠᠵᠢᠯ ᠣᠯᠭᠤᠯᠲᠠ ᠶᠢᠨ ᠳᠠᠷᠬᠠᠨ ᠮᠤᠤᠮᠢᠩᠭᠠᠨ︾ ᠸᠢᠴᠠᠲ ᠤᠨ ᠨᠡᠶᠢᠲᠡ ᠶᠢᠨ ᠲᠠᠪᠴᠠᠩ ᠢᠶᠠᠷ | ᠳᠠᠮᠵᠢᠭᠤᠯᠤᠨ ᠠᠵᠢᠯᠲᠠᠨ ᠡᠯᠰᠡᠬᠦ ᠮᠡᠳᠡᠭᠡ ᠵᠠᠩᠭᠢ ᠶᠢ 145 ᠬᠤᠭᠤᠴᠠᠭ᠎ᠠ ᠨᠡᠶᠢᠲᠡᠯᠡᠵᠦ᠂ 553 ᠬᠥᠮᠥᠨ ᠬᠡᠷᠡᠭᠯᠡᠬᠦ | ᠨᠢᠭᠡᠴᠡ ᠳᠤ 5989 ᠠᠵᠢᠯ ᠤᠨ ᠪᠠᠶᠢᠷᠢ ᠬᠠᠩᠭᠠᠪᠠ᠃ | ᠠᠵᠢᠯᠲᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠵᠤ ᠠᠵᠢᠯ ᠣᠯᠭᠤᠬᠤ ᠡᠷᠴᠢᠮ ᠢ | ᠴᠢᠩᠭᠠᠷᠠᠭᠤᠯᠪᠠ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠳᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠳᠠᠷᠤᠭᠠᠰᠤ ᠶᠢ ᠬᠥᠩᠭᠡᠷᠡᠭᠦᠯᠬᠦ ᠶᠢ ᠪᠥᠬᠦ ᠰᠦᠯᠵᠢᠶᠡᠨ ᠳᠡᠭᠡᠷ᠎ᠡ ᠸᠢᠴᠠᠲ ᠤᠨ ᠨᠡᠶᠢᠲᠡ ᠶᠢᠨ | ᠲᠠᠪᠴᠠᠩ᠂ ᠸᠢᠳᠢᠤ᠋ ᠳ᠋ᠤᠭᠠᠷ ᠤᠨ ᠬᠡᠯᠪᠡᠷᠢ ᠪᠠᠷ ᠳᠠᠮᠵᠢᠭᠤᠯᠤᠨ᠂ ᠰᠦᠯᠵᠢᠶᠡᠨ ᠭᠠᠳᠠᠨ᠎ᠠ ᠲᠤᠬᠠᠢ ᠶᠢᠨ ᠭᠠᠵᠠᠷ ᠲᠤᠨᠢ | ᠬᠦᠷᠴᠦ ᠠᠵᠤ ᠠᠬᠤᠶᠢᠯᠠᠯ ᠤᠨ ᠲᠤᠬᠠᠢ ᠶᠢᠨ ᠲᠠᠯᠠᠪᠤᠷ ᠲᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠬᠡᠯᠪᠡᠷᠢ ᠪᠠᠷ ᠳᠠᠮᠵᠢᠭᠤᠯᠤᠨ᠂ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠨᠥᠬᠦᠪᠦᠷᠢ ᠶᠢ ᠪᠤᠴᠠᠭᠠᠬᠤ᠂ ᠨᠡᠶᠢᠭᠡᠮ ᠤᠨ ᠳᠠᠭᠠᠳᠬᠠᠯ ᠢ ᠬᠠᠰᠤᠵᠤ | ᠬᠡᠯᠲᠦᠷᠢᠭᠦᠯᠬᠦ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠬᠢᠬᠦ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ | ᠵᠡᠷᠭᠡ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠲᠡᠷᠡ ᠳᠠᠷᠤᠢ ᠳᠤᠨᠢ ᠠᠵᠤ ᠠᠬᠤᠶᠢᠯᠠᠯ ᠳᠤ ᠳᠠᠮᠵᠢᠭᠤᠯᠵᠤ᠂ | ᠬᠥᠮᠥᠨ ᠤ ᠬᠦᠴᠦᠨ ᠪᠠ ᠨᠡᠶᠢᠭᠡᠮ ᠤᠨ ᠪᠠᠲᠤᠯᠠᠭ᠎ᠠ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ | ᠬᠡᠮᠵᠢᠶ᠎ᠡ ᠶᠢ ᠦᠳᠲᠡᠷ ᠲᠦᠷᠭᠡᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ | ᠠᠰᠢᠭ ᠲᠤᠰᠠ ᠶᠢ ᠡᠳ᠋ᠯᠡᠬᠦ ᠶᠣᠰᠣᠲᠠᠢ ᠶᠢ ᠨᠢ ᠡᠳ᠋ᠯᠡᠭᠦᠯᠬᠦ ᠶᠢ ᠪᠠᠲᠤᠯᠠᠪᠠ᠃ ᠡᠨᠡ ᠵᠢᠯ ᠠᠴᠠ ᠨᠠᠭᠠᠰᠢ᠂ ᠨᠡᠶᠢᠲᠡ | 396 ᠠᠵᠤ ᠠᠬᠤᠶᠢᠯᠠᠯ ᠤᠨ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ ᠳᠠᠷᠤᠭᠠᠰᠤ ᠶᠢ 113.8 | ᠲᠦᠮᠡᠨ ᠲᠥᠭᠦᠷᠢᠭ ᠬᠥᠩᠭᠡᠷᠡᠭᠦᠯᠵᠦ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ | ᠳᠠᠷᠤᠭᠠᠰᠤ ᠶᠢ 74.6 ᠲᠦᠮᠡᠨ ᠲᠥᠭᠦᠷᠢᠭ ᠬᠥᠩᠭᠡᠷᠡᠭᠦᠯᠪᠡ︔ 136 ᠠᠵᠤ ᠠᠬᠤᠶᠢᠯᠠᠯ ᠤᠨ ᠠᠩᠬᠠᠨ ᠤ | ᠬᠢᠨᠠᠯᠲᠠ ᠳᠤ 159.56 ᠲᠦᠮᠡᠨ ᠲᠥᠭᠦᠷᠢᠭ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ | ᠨᠥᠬᠦᠪᠦᠷᠢ ᠶᠢ ᠪᠠᠲᠤᠯᠠᠵᠤ᠂ 3345 ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ︔ ᠨᠥᠬᠦᠴᠡᠯ ᠳᠤ ᠨᠡᠶᠢᠴᠡᠬᠦ | 30 ᠠᠵᠢᠯ ᠠᠯᠳᠠᠭᠰᠠᠳ ᠲᠤ 44.21 ᠲᠦᠮᠡᠨ ᠲᠥᠭᠦᠷᠢᠭ ᠤᠨ ᠠᠵᠢᠯ ᠠᠯᠳᠠᠭᠰᠠᠳ ᠤᠨ ᠳᠠᠭᠠᠳᠬᠠᠯ ᠤᠨ | ᠮᠥᠩᠭᠦ ᠣᠯᠭᠤᠵᠤ᠂ 31 ᠠᠵᠢᠯ ᠠᠯᠳᠠᠭᠰᠠᠳ ᠲᠤ 26.48 ᠲᠦᠮᠡᠨ ᠲᠥᠭᠦᠷᠢᠭ ᠤᠨ ᠠᠵᠢᠯ ᠠᠯᠳᠠᠭᠰᠠᠳ ᠤᠨ | ᠨᠥᠬᠦᠪᠦᠷᠢ ᠮᠥᠩᠭᠦ ᠣᠯᠭᠤᠪᠠ᠃ | ᠠᠵᠢᠯᠲᠠᠨ ᠬᠡᠷᠡᠭᠯᠡᠬᠦ ᠣᠷᠴᠢᠨ ᠠᠬᠤᠢ ᠶᠢ ᠰᠢᠯᠢᠳᠡᠭᠵᠢᠭᠦᠯᠪᠡ | ᠠᠵᠤ ᠠᠬᠤᠶᠢᠯᠠᠯ ᠤᠨ ᠠᠵᠢᠯᠲᠠᠨ ᠬᠡᠷᠡᠭᠯᠡᠬᠦ ᠶᠢ ᠵᠢᠯᠤᠭᠤᠳᠬᠤ ᠪᠠ ᠦᠢᠯᠡᠴᠢᠯᠡᠬᠦ ᠡᠷᠴᠢᠮ ᠢ | ᠴᠢᠩᠭᠠᠷᠠᠭᠤᠯᠵᠤ᠂ ᠠᠵᠤ ᠠᠬᠤᠶᠢᠯᠠᠯ ᠤᠨ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠠᠵᠢᠯᠯᠠᠭ᠎ᠠ ᠶᠢ | ᠵᠢᠷᠤᠮᠵᠢᠭᠤᠯᠬᠤ ᠶᠢ ᠵᠢᠯᠤᠭᠤᠳᠴᠤ᠂ ᠬᠥᠳᠡᠯᠮᠦᠷᠢ ᠠᠵᠢᠯ ᠣᠯᠭᠤᠯᠲᠠ ᠶᠢᠨ ᠣᠷᠴᠢᠨ ᠨᠥᠬᠦᠴᠡᠯ ᠢ ᠢᠳᠡᠪᠬᠢᠲᠡᠢ ᠪᠠᠷ | ᠰᠠᠶᠢᠵᠢᠷᠠᠭᠤᠯᠪᠠ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠠᠢ | ᠤᠶᠠᠯᠳᠤᠭᠤᠯᠤᠨ ︽ᠭᠠᠷ ᠭᠠᠷ ᠢᠶᠠᠨ ᠬᠤᠯᠪᠣᠯᠴᠠᠨ︾ ᠦᠨᠳᠦᠰᠦᠨ ᠱᠠᠲᠤ ᠲᠠᠢ ᠬᠠᠷᠢᠯᠴᠠᠬᠤ ᠠᠵᠢᠯᠯᠠᠭ᠎ᠠ | ᠥᠷᠨᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠤᠲᠠ᠂ | ᠬᠤᠰᠢᠭᠤ ᠭᠤᠷᠪᠠᠨ ᠳᠡᠰ ᠤᠨ ︽ᠭᠠᠷ ᠭᠠᠷ ᠢᠶᠠᠨ ᠬᠤᠯᠪᠣᠯᠴᠠᠬᠤ︾ ᠠᠵᠢᠯᠯᠠᠬᠤ ᠠᠩᠭᠢ ᠶᠢ ᠪᠦᠷᠢᠯᠳᠦᠭᠦᠯᠵᠦ᠂ | ᠬᠤᠰᠢᠭᠤᠨ ᠳᠣᠲᠣᠷᠠᠬᠢ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠢᠶᠠᠷ | ᠬᠦᠷᠴᠦ᠂ ᠰᠠᠨᠠᠭᠠᠴᠢᠯᠠᠭ᠎ᠠ ᠠᠴᠠ ᠪᠠᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠵᠢᠯ ᠤᠨ ᠪᠠᠶᠢᠷᠢ ᠶᠢ ᠰᠤᠷᠪᠤᠯᠵᠢᠯᠠᠨ ᠠᠵᠢᠯ ᠤᠨ | ᠪᠠᠶᠢᠷᠢ ᠶᠢ ᠥᠷᠭᠡᠳᠬᠡᠵᠦ᠂ ᠠᠵᠢᠯ ᠤᠨ ᠪᠠᠶᠢᠷᠢ ᠶᠢᠨ ᠠᠵᠢᠯᠲᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠡᠯᠰᠡᠨ | ᠴᠤᠭᠯᠠᠭᠤᠯᠬᠤ ᠶᠢᠨ ᠬᠠᠮᠲᠤ᠂ ᠠᠵᠤ ᠠᠬᠤᠶᠢᠯᠠᠯ ᠤᠨ ᠠᠵᠢᠯᠲᠠᠨ ᠡᠯᠰᠡᠬᠦ ᠪᠠ ᠠᠵᠢᠯᠲᠠᠨ ᠬᠡᠷᠡᠭᠯᠡᠬᠦ ᠬᠠᠮᠢᠶᠠᠷᠤᠯᠲᠠ᠂ | ᠬᠥᠳᠡᠯᠮᠦᠷᠢ ᠦᠢᠯᠡᠴᠢᠯᠡᠭᠡ ᠲᠣᠮᠢᠯᠠᠬᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ᠂ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ᠂ ᠴᠠᠯᠢᠩ ᠥᠭᠬᠦ ᠵᠢᠴᠢ ᠬᠥᠳᠡᠯᠮᠦᠷᠢᠴᠢᠨ ᠤ ᠡᠷᠬᠡ ᠠᠰᠢᠭ ᠢ | ᠬᠠᠮᠠᠭᠠᠯᠠᠬᠤ ᠵᠡᠷᠭᠡ ᠲᠠᠯ᠎ᠠ ᠪᠠᠷ ᠪᠡᠶ᠎ᠡ ᠪᠠᠷ ᠢᠶᠠᠨ ᠵᠢᠭᠠᠨ ᠵᠢᠯᠤᠭᠤᠳᠴᠤ ᠦᠢᠯᠡᠴᠢᠯᠡᠵᠡᠢ᠃ ᠡᠭᠦᠨ ᠤ ᠬᠠᠮᠲᠤ᠂ 48 | ᠠᠵᠤ ᠠᠬᠤᠶᠢᠯᠠᠯ ᠤᠨ ᠠᠵᠢᠯ ᠠᠯᠳᠠᠯᠲᠠ ᠶᠢᠨ ᠪᠠᠶᠢᠳᠠᠯ ᠢ ᠬᠢᠨᠠᠨ ᠬᠡᠮᠵᠢᠬᠦ ᠠᠵᠢᠯ ᠢ ᠪᠦᠬᠦ ᠲᠠᠯ᠎ᠠ ᠪᠠᠷ ᠰᠠᠶᠢᠲᠤᠷ | ᠬᠢᠵᠦ᠂ ᠠᠵᠢᠯ ᠣᠯᠭᠤᠯᠲᠠ ᠶᠢᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠨᠡᠯᠢᠶᠡᠳ ᠬᠡᠪᠴᠢᠶᠡᠨ ᠤ ᠠᠵᠢᠯ ᠠᠯᠳᠠᠯᠲᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠪᠠ᠃ | ᠴᠢᠳᠠᠪᠤᠷᠢᠲᠠᠨ ᠢ ᠬᠥᠮᠥᠵᠢᠭᠦᠯᠵᠦ ᠠᠵᠢᠯ ᠣᠯᠭᠤᠯᠲᠠ ᠶᠢᠨ ᠭᠦᠨᠴᠡ ᠶᠢ ᠠᠬᠢᠭᠤᠯᠪᠠ | ᠠᠵᠤ ᠠᠬᠤᠶᠢᠯᠠᠯ ᠤᠨ ᠬᠥᠭᠵᠢᠯᠲᠡ ᠶᠢᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠦᠨ᠂ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠠᠵᠤ ᠠᠬᠤᠶᠢᠯᠠᠯ ᠤᠨ ᠬᠦᠰᠡᠵᠦ | ᠪᠠᠶᠢᠭ᠎ᠠ ᠦᠢᠯᠡᠴᠢᠯᠡᠭᠡᠨ ᠤ ᠵᠢᠩᠬᠢᠨᠢ ᠠᠷᠭ᠎ᠠ᠂ ᠪᠣᠳᠠᠲᠠᠢ ᠠᠷᠭ᠎ᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠪᠡ᠃ | ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠵᠦ᠂ ︽ᠠᠵᠤ ᠠᠬᠤᠶᠢᠯᠠᠯ ᠳᠤ ᠶᠠᠭᠤ ᠳᠤᠲᠠᠭᠳᠠᠪᠠᠯ | ᠶᠠᠭᠤᠨ ᠤ ᠲᠤᠬᠠᠢ ᠪᠣᠯᠪᠠᠰᠤᠷᠠᠭᠤᠯᠵᠤ᠂ ᠶᠠᠭᠤ ᠬᠡᠷᠡᠭᠴᠡᠭᠡ ᠲᠠᠢ ᠪᠣᠯ ᠲᠡᠭᠦᠨ ᠢ ᠨᠢ ᠪᠣᠯᠪᠠᠰᠤᠷᠠᠭᠤᠯᠬᠤ︾ ᠭᠠᠷᠳᠠᠬᠤ | ᠴᠡᠭ ᠲᠠᠢ ᠨᠢᠭᠲᠠ ᠤᠶᠠᠯᠳᠤᠭᠤᠯᠤᠨ᠂ ᠠᠵᠤ ᠠᠬᠤᠶᠢᠯᠠᠯ ᠤᠨ ᠬᠥᠳᠡᠯᠮᠦᠷᠢ ᠬᠦᠴᠦᠨ ᠤ ᠪᠣᠯᠪᠠᠰᠤᠷᠠᠯ ᠤᠨ ᠬᠡᠷᠡᠭᠴᠡᠭᠡ | ᠱᠠᠭᠠᠷᠳᠠᠯᠭ᠎ᠠ ᠶᠢ ᠲᠣᠳᠣᠷᠬᠠᠢ ᠣᠶᠢᠯᠠᠭᠠᠵᠤ᠂ ᠪᠣᠯᠪᠠᠰᠤᠷᠠᠯ ᠤᠨ ᠬᠢᠴᠢᠶᠡᠯ ᠤᠨ ᠠᠭᠤᠯᠭ᠎ᠠ ᠶᠢ ᠨᠠᠷᠢᠯᠢᠭᠵᠢᠭᠤᠯᠤᠨ᠂ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠣᠯᠣᠨ ᠠᠵᠢᠯ ᠤᠨ | ᠪᠠᠶᠢᠷᠢ ᠶᠢᠨ ᠲᠣᠬᠢᠷᠠᠭᠤᠯᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ᠴᠠᠭ ᠵᠥᠷᠢᠭᠦᠯᠦᠨ ᠪᠣᠯᠪᠠᠰᠤᠷᠠᠯ ᠬᠢᠬᠦ ᠠᠷᠭ᠎ᠠ | ᠬᠡᠮᠵᠢᠶ᠎ᠡ ᠶᠢ ᠴᠢᠭᠯᠡᠭᠦᠯᠬᠦ ᠴᠢᠨᠠᠷᠲᠠᠢ ᠪᠠᠷ ᠲᠣᠭᠲᠠᠭᠠᠵᠤ᠂ ᠠᠵᠢᠯ ᠢ ᠨᠥᠯᠥᠭᠡᠯᠡᠬᠦ ᠦᠭᠡᠢ ᠤᠷᠢᠲᠠᠯ ᠳᠣᠣᠷ᠎ᠠ᠂ | ᠠᠵᠢᠯᠲᠠᠳ ᠲᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠬᠢᠵᠦ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ | ᠦᠨᠡᠯᠡᠬᠦ ᠪᠠᠶᠢᠭᠤᠯᠤᠮᠵᠢ ᠶᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ᠂ ᠮᠡᠷᠭᠡᠵᠢᠯ ᠤᠨ | ᠴᠢᠳᠠᠪᠤᠷᠢᠲᠠᠨ ᠤ ᠦᠰᠦᠨ ᠪᠣᠶᠢᠵᠢᠬᠤ ᠵᠠᠮ ᠢ ᠰᠠᠭᠠᠳ ᠦᠭᠡᠢ ᠨᠠᠪᠲᠠᠷᠡᠭᠦᠯᠵᠦ᠂ ᠠᠵᠤ ᠠᠬᠤᠶᠢᠯᠠᠯ ᠤᠨ | ᠴᠢᠳᠠᠪᠤᠷᠢᠲᠠᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠡᠭᠦᠨ ᠤ ᠬᠠᠮᠲᠤ᠂ ᠠᠵᠢᠯ | ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ | ᠪᠣᠯᠪᠠᠰᠤᠷᠠᠯ ᠤᠨ ᠠᠩᠭᠢ ᠶᠢᠨ ᠣᠷᠤᠯᠴᠠᠬᠤ ᠡᠲᠡᠭᠡᠳ᠂ ᠣᠷᠤᠯᠴᠠᠬᠤ ᠬᠥᠮᠥᠨ ᠤ ᠲᠤᠭ᠎ᠠ᠂ ᠬᠢᠴᠢᠶᠡᠯ ᠣᠷᠣᠭᠰᠠᠨ | ᠨᠣᠷᠮ᠎ᠠ ᠵᠡᠷᠭᠡ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠶᠢᠨ ᠬᠠᠮᠲᠤ ᠲᠤᠬᠠᠢ ᠶᠢᠨ ᠲᠠᠯᠠᠪᠤᠷ ᠤᠨ ᠬᠠᠷᠢᠭᠤ | ᠰᠣᠷᠪᠤᠯᠵᠢᠯᠠᠭ᠎ᠠ ᠥᠷᠨᠢᠭᠦᠯᠵᠦ᠂ ᠳᠡᠭᠡᠳᠦ ᠰᠤᠷᠭᠠᠭᠤᠯᠢ ᠶᠢᠨ ᠪᠣᠯᠪᠠᠰᠤᠷᠠᠯ ᠤᠨ ᠪᠠᠶᠢᠳᠠᠯ ᠢ ᠦᠨᠡᠨ ᠬᠦ ᠣᠶᠢᠯᠠᠭᠠᠨ᠂ | ᠠᠵᠢᠯ ᠮᠡᠷᠭᠡᠵᠢᠯ ᠤᠨ ᠪᠣᠯᠪᠠᠰᠤᠷᠠᠯ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠦᠢᠯᠡᠳᠦᠯ ᠢ | ᠨᠠᠩ ᠰᠠᠶᠢᠲᠤᠷ ᠪᠠᠳᠠᠷᠠᠭᠤᠯᠪᠠ᠃ ᠡᠨᠡ ᠵᠢᠯ ᠠᠴᠠ ᠨᠠᠭᠠᠰᠢ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠳᠤ ᠨᠡᠶᠢᠲᠡ 326 ᠬᠥᠮᠥᠨ᠂ ᠮᠠᠯᠴᠢᠨ ᠲᠠᠷᠢᠶᠠᠴᠢᠨ ᠢ ᠰᠢᠯᠵᠢᠭᠦᠯᠦᠨ | ᠠᠵᠢᠯ ᠣᠯᠭᠤᠬᠤ ᠪᠣᠯᠪᠠᠰᠤᠷᠠᠯ ᠳᠤ ᠨᠡᠶᠢᠲᠡ 385 ᠬᠥᠮᠥᠨ ᠣᠷᠣᠯᠴᠠᠭᠰᠠᠨ ᠪᠠᠶᠢᠨ᠎ᠠ᠃ ᠪᠤᠭᠤᠲᠤ ᠶᠢᠨ ᠵᠢᠢ ᠳ᠋ᠦᠩ | ᠱᠦᠢᠨᠢ ᠶᠢᠨ ᠬᠢᠵᠠᠭᠠᠷᠲᠤ ᠺᠣᠮᠫᠠᠨᠢ ᠶᠢᠨ ᠪᠡᠶ᠎ᠡ ᠪᠠᠨ ᠳᠠᠭᠠᠭᠠᠵᠤ ᠦᠨᠡᠯᠡᠬᠦ ᠪᠠᠶᠢᠭᠤᠯᠤᠮᠵᠢ ᠶᠢ ᠭᠤᠶᠤᠴᠢᠯᠠᠨ | ᠮᠡᠳᠡᠭᠦᠯᠵᠦ᠂ 148 ᠠᠵᠢᠯᠲᠠᠨ ᠠᠵᠢᠯᠴᠢᠨ ᠳᠤ ᠪᠡᠶ᠎ᠡ ᠪᠠᠨ ᠳᠠᠭᠠᠭᠠᠵᠤ ᠦᠨᠡᠯᠡᠬᠦ ᠤᠷ᠎ᠠ ᠴᠢᠳᠠᠪᠤᠷᠢ ᠶᠢᠨ ᠵᠡᠷᠭᠡ | ᠳᠡᠰ ᠢ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠪᠡ᠃ | ᠬᠥᠲᠥᠯᠥᠭᠴᠢ᠄ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠲᠠᠷᠠᠭᠠᠴᠢ ᠶᠢᠨ ᠠᠯᠬᠤᠮ ᠤᠨ | ᠠᠵᠢᠯ ᠤᠨ ᠲᠣᠬᠢᠷᠠᠭᠤᠯᠤᠯᠲᠠ ᠨᠢ ᠶᠠᠭᠤ ᠪᠣᠶ︖ | ᠵᠣᠴᠢᠨ᠄ ᠨᠢᠭᠡ ᠳᠤ᠂ ᠠᠵᠢᠯ ᠤᠨ ᠪᠠᠶᠢᠷᠢ ᠶᠢ ᠠᠭᠤᠳᠠᠯᠬᠤ ᠶᠢ ᠴᠢᠩᠭᠠᠳᠬᠠᠵᠤ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ︽ᠰᠢᠭᠤᠳ | ᠨᠥᠬᠦᠪᠦᠷᠢᠯᠡᠵᠦ ᠲᠦᠷᠭᠡᠨ ᠡᠷᠭᠢᠯᠡᠬᠦ︾ ᠵᠠᠭᠪᠤᠷ ᠢ ᠦᠷᠭᠦᠯᠵᠢᠯᠡᠨ ᠬᠡᠷᠡᠭᠵᠢᠭᠦᠯᠵᠦ᠂ ᠮᠠᠨ ᠤ ᠬᠤᠰᠢᠭᠤᠨ ᠤ | ᠭᠤᠣᠯᠳᠠᠯᠭ᠎ᠠ ᠲᠠᠢ ᠠᠵᠤ ᠠᠬᠤᠶᠢᠯᠠᠯ ᠪᠣᠯᠣᠨ ᠰᠢᠨ᠎ᠡ ᠪᠠᠷ ᠨᠠᠶᠢᠳᠠᠪᠤᠷᠢᠵᠢᠭᠰᠠᠨ ᠠᠵᠤ ᠠᠬᠤᠶᠢᠯᠠᠯ ᠳᠤ | ᠭᠦᠨᠵᠡᠭᠡᠶᠢᠷᠡᠵᠦ᠂ ︽ᠠᠵᠤ ᠠᠬᠤᠶᠢᠯᠠᠯ ᠢ ᠰᠤᠷᠪᠤᠯᠵᠢᠯᠠᠬᠤ᠂ ᠬᠥᠭᠵᠢᠯᠲᠡ ᠶᠢ ᠳᠡᠮᠵᠢᠬᠦ︾ ᠠᠵᠢᠯᠯᠠᠭ᠎ᠠ ᠶᠢ ᠢᠳᠡᠪᠬᠢᠲᠡᠢ | ᠥᠷᠨᠢᠭᠦᠯᠵᠦ᠂ ᠠᠵᠢᠯ ᠣᠯᠭᠤᠬᠤ ᠴᠢᠳᠠᠪᠤᠷᠢ ᠪᠠᠷ ᠴᠢᠩᠭ᠎ᠠ ᠠᠵᠢᠯ ᠲᠥᠷᠥᠯ ᠤᠨ ᠠᠵᠤ ᠠᠬᠤᠶᠢᠯᠠᠯ ᠤᠨ ᠠᠵᠢᠯ ᠤᠨ | ᠪᠠᠶᠢᠷᠢ ᠶᠢ ᠥᠷᠭᠡᠳᠬᠡᠬᠦ ᠳᠡᠮᠵᠢᠯᠭᠡ ᠶᠢ ᠨᠡᠮᠡᠭᠳᠡᠭᠦᠯᠦᠨ᠂ ᠲᠥᠷᠥ ᠶᠢᠨ ᠪᠣᠳᠣᠯᠭ᠎ᠠ ᠶᠢᠨ ᠠᠰᠢᠭ ᠢ ᠲᠦᠷᠭᠡᠨ ᠭᠠᠷᠭᠠᠨ᠎ᠠ᠃ | | ᠬᠤᠶᠠᠷ ᠲᠤ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠴᠢᠩᠭᠠᠷᠠᠭᠤᠯᠤᠨ᠂ ᠵᠠᠬ᠎ᠠ | ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠲᠠᠯᠪᠢᠵᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ | ᠵᠢᠭᠡᠯᠡᠯᠭᠡ ᠪᠠ ᠳᠠᠮ ᠬᠦᠦ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠲᠠᠯᠠᠪᠤᠷ ᠭᠠᠵᠠᠷ ᠤᠨ | ᠳᠡᠮᠵᠢᠯᠭᠡ᠂ ᠠᠳᠠᠯ ᠦᠢᠯᠡᠰ ᠴᠣᠭᠴᠠᠯᠠᠬᠤ ᠪᠣᠯᠪᠠᠰᠤᠷᠠᠯ᠂ ᠡᠬᠢ ᠪᠠᠶᠠᠯᠢᠭ ᠢ ᠵᠣᠯᠭᠠᠭᠤᠯᠬᠤ ᠵᠡᠷᠭᠡ ᠦᠢᠯᠡᠴᠢᠯᠡᠭᠡ ᠶᠢ | ᠴᠢᠩᠭᠠᠷᠠᠭᠤᠯᠵᠤ᠂ ᠴᠠᠭ ᠤᠨ ᠳᠠᠷᠠᠭᠠᠯᠠᠯ ᠢᠶᠠᠷ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | | ᠭᠤᠷᠪᠠ ᠳᠤ᠂ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ ᠶᠢ ᠴᠢᠩᠭᠠᠳᠬᠠᠵᠤ᠂ ᠨᠠᠮᠤᠷ ᠤᠨ ᠤᠯᠠᠷᠢᠯ ᠤᠨ | ᠠᠵᠢᠯᠲᠠᠨ ᠡᠯᠰᠡᠬᠦ ᠰᠠᠷ᠎ᠠ ᠵᠡᠷᠭᠡ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠬᠦ ᠶᠢᠨ ᠬᠠᠮᠲᠤ᠂ ᠰᠤᠯᠠ | ᠠᠵᠢᠯᠲᠠᠨ ᠤ ᠵᠠᠬ᠎ᠠ ᠳᠡᠯᠭᠡᠭᠦᠷ ᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠰᠤᠯᠠ ᠠᠵᠢᠯᠲᠠᠨ ᠤ ᠵᠠᠬ᠎ᠠ | ᠳᠡᠯᠭᠡᠭᠦᠷ ᠲᠤ ᠠᠵᠢᠯᠲᠠᠨ ᠡᠯᠰᠡᠬᠦ ᠰᠢᠭᠤᠳ ᠨᠡᠪᠲᠡᠷᠡᠭᠦᠯᠭᠡ ᠶᠢᠨ ᠲᠠᠰᠤᠭ ᠪᠠᠶᠢᠭᠤᠯᠵᠤ᠂ ᠠᠵᠢᠯ ᠡᠷᠢᠭᠰᠡᠳ ᠲᠤ | ᠥᠪᠡᠷᠮᠢᠴᠡ ᠣᠨᠴᠠᠯᠢᠭ ᠲᠠᠢ ᠣᠯᠠᠨ ᠡᠰᠢᠴᠢᠯᠡᠭᠰᠡᠨ ᠠᠵᠢᠯᠲᠠᠨ ᠡᠯᠰᠡᠬᠦ ᠶᠢ ᠬᠠᠩᠭᠠᠬᠤ ᠪᠠᠷ ᠲᠥᠯᠥᠪᠯᠡᠵᠦ ᠪᠠᠶᠢᠨ᠎ᠠ᠃ | | ᠳᠥᠷᠪᠡ ᠳᠤ᠂ ᠦᠨᠳᠦᠰᠦᠨ ᠵᠦᠢᠯ ᠢ ᠪᠠᠲᠤᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠵᠤ᠂ | ᠶᠠᠳᠠᠭᠤ ᠠᠴᠠ ᠠᠩᠭᠢᠵᠢᠷᠠᠭᠰᠠᠳ ᠤᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ | ᠬᠥᠯᠥᠰᠦᠨ ᠠᠵᠢᠯᠴᠢᠨ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠬᠤ | ᠬᠡᠪᠴᠢᠶ᠎ᠡ ᠶᠢ ᠲᠣᠭᠲᠠᠪᠤᠷᠢᠵᠢᠭᠤᠯᠤᠨ᠎ᠠ᠃ ᠦᠨᠳᠦᠰᠦᠨ ᠱᠠᠲᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ | ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠤᠭᠰᠠᠨ ᠬᠠᠪᠰᠤᠷᠤᠨ ᠲᠡᠳᠬᠦᠬᠦ ᠨᠠᠷᠢᠨ | ᠬᠠᠭᠤᠳᠠᠰᠤ ᠲᠠᠢ ᠤᠶᠠᠯᠳᠤᠭᠤᠯᠤᠨ᠂ ᠠᠵᠢᠯ ᠠᠯᠳᠠᠭᠰᠠᠳ ᠪᠠ ᠬᠦᠴᠢᠷᠳᠡᠯ ᠲᠠᠢ ᠬᠥᠮᠥᠰ ᠤᠨ ᠠᠵᠢᠯ | ᠣᠯᠭᠤᠯᠲᠠ ᠶᠢ ᠲᠤᠰᠠᠯᠠᠨ ᠲᠡᠳᠬᠦᠬᠦ ᠶᠢ ᠴᠢᠩᠭᠠᠳᠬᠠᠵᠤ᠂ ᠠᠵᠢᠯ ᠣᠯᠬᠤ ᠳᠤ ᠬᠦᠴᠢᠷᠳᠡᠯ ᠲᠠᠢ ᠬᠥᠮᠥᠰ ᠤᠨ ᠠᠵᠢᠯ | ᠣᠯᠬᠤ ᠶᠢ ᠠᠬᠢᠭᠤᠯᠤᠨ᠎ᠠ ᠃ | ᠲᠠᠪᠤ ᠳᠤ᠂ ᠪᠥᠬᠦ ᠬᠤᠰᠢᠭᠤᠨ ᠤ ᠠᠵᠤ ᠦᠢᠯᠡᠰ ᠤᠨ ᠬᠥᠭᠵᠢᠯᠲᠡ ᠪᠠ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠰᠠᠯᠠᠭ᠎ᠠ ᠮᠥᠴᠢᠷ ᠤᠨ ᠬᠤᠯᠪᠤᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠤᠨ᠂ | ᠬᠥᠳᠡᠯᠮᠦᠷᠢᠯᠡᠬᠦ ᠴᠢᠳᠠᠪᠤᠷᠢ ᠲᠠᠢ᠂ ᠠᠵᠢᠯ ᠣᠯᠬᠤ ᠬᠦᠰᠡᠯ ᠲᠠᠢ᠂ ᠪᠣᠯᠪᠠᠰᠤᠷᠠᠯ ᠤᠨ ᠬᠦᠰᠡᠯ ᠲᠠᠢ ᠬᠥᠮᠥᠰ ᠲᠤ ︽ | ᠪᠣᠯᠪᠠᠰᠤᠷᠠᠬᠤ ᠶᠣᠰᠣᠲᠠᠢ ᠶᠢ ᠨᠢ ᠪᠦᠬᠦᠨ ᠢ ᠣᠷᠣᠯᠴᠠᠭᠤᠯᠵᠤ︾᠂ ︽ ᠪᠣᠯᠪᠠᠰᠤᠷᠠᠯ ᠳᠤ ᠣᠷᠣᠯᠴᠠᠭᠤᠯᠵᠤ | ᠳᠡᠶᠢᠯᠬᠦ ᠶᠢ ᠨᠢ ᠪᠦᠬᠦᠨ ᠢ ᠣᠷᠣᠯᠴᠠᠭᠤᠯᠵᠤ︾᠂ ᠮᠣᠷᠢᠨ ᠤ ᠠᠵᠤ ᠦᠢᠯᠡᠰ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭ᠎ᠠ ᠵᠡᠷᠭᠡ ᠠᠵᠢᠯ ᠤᠨ ᠲᠠᠯ᠎ᠠ ᠶᠢᠨ ᠪᠣᠯᠪᠠᠰᠤᠷᠠᠯ ᠢ ᠭᠤᠣᠯᠳᠠᠯᠭ᠎ᠠ ᠲᠠᠢ ᠰᠠᠶᠢᠨ ᠬᠢᠵᠦ᠂ ᠠᠵᠢᠯ | ᠲᠠᠨᠢᠯᠴᠠᠭᠤᠯᠬᠤ ᠬᠤᠷᠠᠯ ᠢᠶᠠᠷ ᠳᠠᠮᠵᠢᠨ ᠠᠵᠢᠯ ᠤᠨ ᠪᠠᠶᠢᠷᠢ ᠲᠠᠢ ᠵᠣᠯᠭᠠᠭᠤᠯᠵᠤ᠂ ᠠᠵᠢᠯ ᠤᠨ ᠪᠠᠶᠢᠷᠢ | ᠲᠠᠨᠢᠯᠴᠠᠭᠤᠯᠤᠨ᠎ᠠ᠃ | | | |