ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠵᠠᠰᠠᠭ ᠤᠨ ᠣᠷᠳᠣᠨ ᠤ | ᠵᠠᠰᠠᠭ ᠶᠠᠪᠤᠭᠤᠯᠬᠤ ᠦᠷ᠎ᠡ ᠪᠦᠲᠦᠮᠵᠢ ᠪᠠ ᠨᠡᠶᠢᠲᠡ ᠳᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠭᠦ ᠴᠢᠬᠤᠯᠠ | ᠠᠷᠭ᠎ᠠ ᠪᠠᠷᠢᠯ ᠪᠤᠯᠬᠤ ᠪᠥᠭᠡᠳ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠵᠠᠬ᠎ᠠ | ᠳᠡᠯᠭᠡᠭᠦᠷ ᠤᠨ ᠢᠲᠡᠭᠡᠯ ᠢ ᠳᠡᠭᠡᠭᠰᠢᠯᠡᠭᠦᠯᠭᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠴᠢᠬᠤᠯᠠ ᠪᠠᠲᠤᠯᠠᠭ᠎ᠠ ᠪᠣᠯᠣᠨ᠎ᠠ᠃ ᠣᠶᠢᠷ᠎ᠠ ᠶᠢᠨ ᠵᠢᠯ ᠤᠨ ᠲᠤᠷᠰᠢ᠂ ᠰᠢᠭᠤᠶᠢᠲᠤ ᠲᠣᠭᠤᠷᠢᠭ ᠵᠠᠰᠠᠭ ᠤᠨ | ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠤ | ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠭᠦ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠭᠦ ᠲᠣᠭᠤᠷᠢᠭ ᠤᠨ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠢᠲᠡᠭᠡᠮᠵᠢ ᠶᠢᠨ ᠲᠦᠰᠢᠭ ᠲᠤᠯᠭᠠᠭᠤᠷᠢ | ᠬᠠᠩᠭᠠᠵᠤ᠂ ᠵᠠᠰᠠᠭ ᠤᠨ ᠶᠠᠪᠤᠳᠠᠯ ᠤᠨ ᠢᠲᠡᠭᠡᠮᠵᠢ ᠪᠠᠷ ᠬᠤᠲᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠬᠥᠲᠥᠯᠥᠨ | ᠵᠢᠯᠤᠭᠤᠳᠴᠤ ᠯᠠᠪᠳᠠᠭᠤᠨ ᠪᠠᠲᠤᠲᠠᠢ ᠥᠷᠨᠢᠭᠦᠯᠪᠡ᠃ | | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠠᠰᠠᠭ ᠤᠨ ᠶᠠᠪᠤᠳᠠᠯ ᠤᠨ ᠢᠲᠡᠭᠡᠮᠵᠢ ᠶᠢ ᠪᠤᠢ ᠪᠤᠯᠭᠠᠬᠤ ᠶᠢᠨ | ᠴᠢᠬᠤᠯᠠ ᠭᠠᠷᠳᠠᠴᠠ ᠪᠤᠯᠭᠠᠵᠤ᠂ ᠵᠠᠰᠠᠭ ᠤᠨ ᠣᠷᠳᠣᠨ ᠤ ᠵᠠᠰᠠᠭ ᠵᠠᠬᠢᠷᠭᠠᠨ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ | ᠴᠢᠩᠭ᠎ᠠ ᠵᠢᠷᠤᠮᠵᠢᠭᠤᠯᠬᠤ ᠬᠡᠷᠡᠭᠲᠡᠢ᠃ ︽ᠣᠯᠠᠨ ᠨᠡᠶᠢᠲᠡ ᠪᠠᠷ ᠢᠶᠠᠨ ᠣᠷᠤᠯᠴᠠᠬᠤ᠂ ᠲᠤᠰᠬᠠᠢ ᠮᠡᠷᠭᠡᠵᠢᠯᠲᠡᠨ | ᠨᠤᠲᠠᠯᠠᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠨ ᠤ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ | ᠶᠠᠷᠢᠯᠴᠠᠨ ᠲᠣᠭᠲᠠᠭᠠᠬᠤ︾ ᠶᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ | ︽ᠬᠠᠲᠠᠭᠤ ᠬᠥᠰᠢᠭᠦᠷᠭᠡ︾ ᠪᠤᠯᠭᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠠᠯᠳᠠᠰᠢ ᠠᠴᠠ ᠪᠣᠯᠵᠤ | ᠢᠲᠡᠭᠡᠯ ᠠᠯᠳᠠᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠶᠠᠪᠤᠴᠠ ᠳᠠᠬᠢ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠠᠯᠠᠭᠴᠢ ᠶᠢ ᠭᠦᠢᠴᠡᠳ | ᠪᠠᠳᠠᠷᠠᠭᠤᠯᠵᠤ᠂ 8 ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠢ ᠤᠷᠢᠨ ᠲᠣᠭᠤᠷᠢᠭ ᠤᠨ ᠵᠠᠰᠠᠭ ᠤᠨ ᠣᠷᠳᠣᠨ ᠤ | ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠢᠶᠠᠯ ᠢ ᠡᠭᠦᠷᠭᠡᠯᠡᠭᠦᠯᠵᠦ᠂ 7 ᠬᠠᠤᠯᠢᠴᠢ ᠶᠢ ᠤᠷᠢᠨ 21 ᠭᠠᠴᠠᠭ᠎ᠠ᠂ | ᠨᠡᠶᠢᠭᠡᠮ ᠲᠣᠭᠤᠷᠢᠭ ᠤᠨ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠢᠶᠠᠯ ᠢ ᠡᠭᠦᠷᠭᠡᠯᠡᠭᠦᠯᠵᠦ᠂ 2024 | ᠣᠨ ᠠᠴᠠ ᠨᠠᠰᠢ᠂ 117 ᠭᠡᠷ᠎ᠡ ᠶᠢ ᠬᠢᠨᠠᠨ ᠪᠠᠶᠢᠴᠠᠭᠠᠵᠤ᠂ 23 ᠬᠤᠪᠢ ᠪᠢᠴᠢᠭ ᠮᠠᠲ᠋ᠧᠷᠢᠶᠠᠯ ᠢ ᠬᠢᠨᠠᠨ | ᠪᠠᠶᠢᠴᠠᠭᠠᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠭᠤᠷᠪᠠᠨ | ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠦᠨᠡᠨᠴᠢ ᠢᠲᠡᠭᠡᠮᠵᠢ + ᠬᠠᠤᠯᠢ ᠬᠡᠷᠡᠭᠵᠢᠭᠦᠯᠬᠦ︾ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ 2 ᠤᠳᠠᠭ᠎ᠠ ᠵᠣᠬᠢᠶᠠᠨ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠠᠵᠢᠯᠲᠠᠨ ᠤ | ᠲᠤᠰᠬᠠᠢ ᠰᠡᠳᠦᠪᠲᠦ ᠪᠣᠯᠪᠠᠰᠤᠷᠠᠯ ᠢ 24 ᠤᠳᠠᠭ᠎ᠠ ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠵᠦᠢᠯᠡᠰ ᠤᠨ ᠨᠠᠷᠢᠨ ᠳᠠᠩᠰᠠ ᠶᠢ 4597 ᠵᠦᠢᠯ ᠲᠣᠭᠲᠠᠭᠠᠵᠤ᠂ ᠦᠨᠳᠦᠰᠦᠨ ᠱᠠᠲᠤᠨ ᠤ ᠬᠠᠮᠢᠶᠠᠷᠤᠯᠲᠠ ᠶᠢᠨ | ᠶᠠᠪᠤᠴᠠ ᠳᠤ ᠡᠯ᠎ᠡ ᠰᠤᠮᠤ ᠪᠠᠯᠭᠠᠰᠤ ( ᠵᠡᠭᠡᠯᠢ ᠭᠤᠳᠤᠮᠵᠢ ) ᠶᠢᠨ ᠲᠤᠯᠭᠠᠮ᠎ᠠ ᠭᠥᠯᠢᠶᠡᠨ ᠠᠪᠬᠤ ᠴᠢᠬᠤᠯᠠᠲᠠᠢ ᠡᠷᠬᠡ | ᠣᠯᠭᠤᠭᠰᠠᠨ ᠵᠦᠢᠯᠡᠰ ᠢ ᠲᠣᠳᠣᠷᠬᠠᠶᠢᠯᠠᠵᠤ᠂ ᠬᠠᠤᠯᠢ ᠶᠣᠰᠣᠭᠠᠷ ᠵᠠᠰᠠᠬᠤ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠪᠡ᠃ | ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ | ᠠᠬᠢᠭᠤᠯᠬᠤ ᠶᠢᠨ ᠬᠢᠵᠠᠭᠠᠷᠯᠠᠬᠤ ᠲᠣᠭᠲᠠᠴᠠ ᠪᠤᠯᠭᠠᠵᠤ᠂ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ | ᠵᠢᠷᠤᠮᠵᠢᠯ ᠲᠠᠢ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ | ᠥᠭᠡᠷᠡᠴᠢᠯᠡᠯᠲᠡ ᠶᠢ ᠲᠡᠰ ᠳᠡᠪᠰᠢᠭᠦᠯᠵᠦ᠂ ᠵᠠᠰᠠᠭ ᠤᠨ ᠶᠠᠪᠤᠳᠠᠯ ᠢ ᠢᠯᠡ ᠪᠤᠯᠭᠠᠬᠤ ᠨᠠᠷᠢᠨ ᠬᠠᠭᠤᠳᠠᠰᠤ ᠶᠢᠨ | ᠳᠦᠷᠢᠮ ᠢ ᠪᠠᠶᠢᠭᠤᠯᠤᠨ᠂ ᠬᠥᠳᠡᠯᠦᠩᠭᠦᠢ ᠰᠢᠨᠡᠴᠢᠯᠡᠯᠲᠡ ᠶᠢ ᠬᠡᠷᠡᠭᠵᠢᠭᠦᠯᠵᠦ᠂ ︽ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠤᠯᠭᠠᠬᠤ︾ ᠲᠤᠰᠬᠠᠢ ᠪᠤᠯᠤᠩ ᠳᠤ 1139 ᠮᠡᠳᠡᠭᠡ ᠵᠠᠩᠭᠢ ᠨᠡᠶᠢᠲᠡᠯᠡᠨ᠂ ᠡᠳᠦᠷ ᠳᠤᠮᠳᠠᠴᠢ ᠶᠢᠨ | ᠠᠶᠢᠯᠴᠢᠯᠠᠯᠲᠠ ᠶᠢᠨ ᠬᠡᠮᠵᠢᠶ᠎ᠡ ᠨᠢ 3389 ᠭᠠᠷᠤᠢ ᠬᠥᠮᠥᠨ ᠤᠳᠠᠭ᠎ᠠ ᠳᠤ ᠭᠦᠷᠪᠡ᠃ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠤᠯᠭᠠᠬᠤ ᠳᠦᠷᠢᠮ︾ ᠢ ᠴᠢᠩᠭ᠎ᠠ | ᠨᠠᠶᠢᠳᠠᠪᠤᠷᠢᠵᠢᠭᠤᠯᠵᠤ᠂ ︽ᠬᠤᠣᠰ ᠢᠯᠡ ᠨᠡᠶᠢᠲᠡᠯᠡᠬᠦ︾ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠠᠮ ᠮᠥᠷ ᠢ | ᠵᠢᠷᠤᠮᠵᠢᠭᠤᠯᠤᠨ᠂ 2024 ᠣᠨ ᠠᠴᠠ ᠨᠠᠰᠢ᠂ ︽ᠬᠤᠣᠰ ᠢᠯᠡ ᠨᠡᠶᠢᠲᠡᠯᠡᠬᠦ︾ ᠵᠠᠰᠠᠭ ᠵᠠᠬᠢᠷᠭᠠᠨ ᠤ | ᠵᠥᠪᠰᠢᠶᠡᠷᠡᠯ ᠤᠨ ᠮᠡᠳᠡᠭᠡ ᠵᠠᠩᠭᠢ ᠶᠢ ᠰᠢᠨ᠎ᠡ ᠪᠠᠷ ᠨᠡᠮᠡᠭᠳᠡᠭᠦᠯᠦᠭᠰᠡᠨ 425 ᠵᠦᠢᠯ᠂ ᠵᠠᠰᠠᠭ ᠵᠠᠬᠢᠷᠭᠠᠨ ᠤ ᠰᠢᠳᠬᠡᠯ | ᠲᠣᠷᠭᠠᠭᠤᠯᠢ ᠶᠢᠨ ᠮᠡᠳᠡᠭᠡ ᠵᠠᠩᠭᠢ 124 ᠵᠦᠢᠯ᠂ ᠭᠡᠷ᠎ᠡ ᠶᠢ ᠭᠦᠢᠴᠡᠳᠬᠡᠬᠦ ᠮᠡᠳᠡᠭᠡ ᠵᠠᠩᠭᠢ 14 ᠵᠦᠢᠯ ᠨᠡᠮᠡᠭᠳᠡᠪᠡ᠃ | ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠨᠢ ᠦᠨᠡᠨᠴᠢ ᠢᠲᠡᠭᠡᠮᠵᠢ ᠶᠢᠨ ᠲᠤᠰᠬᠠᠢ ᠪᠤᠯᠤᠩ 1᠂ ᠢᠲᠡᠭᠡᠯ | ᠠᠯᠳᠠᠭᠰᠠᠨ ᠬᠠᠤᠯᠢ ᠶᠢᠨ ᠡᠷᠬᠡᠲᠡᠨ ᠢ 4᠂ ᠢᠲᠡᠭᠡᠯ ᠠᠯᠳᠠᠭᠰᠠᠨ ᠪᠠᠶᠢᠭᠠᠯᠢ ᠬᠥᠮᠥᠨ ᠢ 12᠂ ᠲᠣᠭᠤᠷᠢᠭ ᠤᠨ | ᠲᠤᠰ ᠱᠠᠲᠤᠨ ᠤ ᠵᠠᠰᠠᠭ ᠵᠠᠬᠢᠷᠭᠠᠨ ᠤ ᠲᠣᠷᠭᠠᠭᠤᠯᠢ ᠶᠢᠨ ᠵᠦᠢᠯᠡᠰ ᠢ 4094 ᠵᠦᠢᠯ ᠵᠠᠷᠯᠠᠨ ᠨᠡᠶᠢᠲᠡᠯᠡᠵᠦ᠂ | ᠵᠠᠰᠠᠭ ᠤᠨ ᠶᠠᠪᠤᠳᠠᠯ ᠢ ᠢᠯᠡ ᠪᠤᠯᠭᠠᠬᠤ ᠢᠯᠡ ᠲᠣᠳᠣ ᠶᠢᠨ ᠬᠡᠮᠵᠢᠶ᠎ᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠃ | | ︽ᠨᠢᠭᠡ ᠠᠮᠠᠯᠠᠯᠲᠠ ᠮᠢᠩᠭᠠᠨ ᠠᠯᠲᠠ︾ ᠶᠢ ᠪᠤᠢ ᠪᠤᠯᠭᠠᠬᠤ ᠦᠨᠡᠨᠴᠢ ᠢᠲᠡᠭᠡᠮᠵᠢ ᠶᠢᠨ ᠵᠠᠰᠠᠭ ᠤᠨ | ᠣᠷᠳᠣᠨ ᠢ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠴᠢᠬᠤᠯᠠ ᠰᠠᠭᠤᠷᠢ ᠴᠢᠯᠠᠭᠤ ᠪᠤᠯᠭᠠᠵᠤ᠂ ᠠᠷᠠᠳ ᠤᠨ | ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢ ᠨᠥᠯᠥᠭᠡᠯᠡᠵᠦ᠂ ᠣᠯᠠᠨ ᠲᠦᠮᠡᠨ ᠤ | ᠲᠤᠰᠬᠠᠯ ᠭᠠᠷᠭᠠᠭᠰᠠᠨ ᠵᠠᠰᠠᠭ ᠤᠨ ᠣᠷᠳᠣᠨ ᠤ ᠢᠲᠡᠭᠡᠮᠵᠢ ᠠᠯᠳᠠᠭᠰᠠᠨ ᠲᠣᠪᠣᠶᠢᠮ᠎ᠠ ᠦᠢᠯᠡ ᠠᠵᠢᠯᠯᠠᠭ᠎ᠠ ᠶᠢ ᠶᠡᠭᠡ | ᠬᠦᠴᠦ ᠣᠷᠣᠭᠤᠯᠤᠨ ᠲᠥᠪᠯᠡᠷᠡᠭᠦᠯᠦᠨ ᠴᠡᠭᠴᠡᠯᠡᠨ ᠵᠠᠰᠠᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠢᠲᠡᠭᠡᠯ ᠠᠯᠳᠠᠭᠰᠠᠨ ᠠᠵᠢᠯᠯᠠᠭ᠎ᠠ ᠶᠢ ᠶᠡᠬᠡᠪᠡᠷ ᠵᠢᠭᠰᠠᠭᠠᠨ ᠪᠠᠶᠢᠴᠠᠭᠠᠬᠤ᠂ ᠶᠡᠭᠡ ᠡᠭᠢᠯᠡᠯᠲᠡ ᠨᠢ 1 ᠤᠳᠠᠭ᠎ᠠ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠵᠠᠭᠠᠯᠳᠤᠯᠭ᠎ᠠ ᠶᠢᠨ ᠴᠣᠩᠬᠤ︾ 1 ᠶᠢ ᠪᠠᠶᠢᠭᠤᠯᠪᠠ᠃ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨᠠᠬᠢ ᠵᠠᠰᠠᠭ | ᠵᠠᠬᠢᠷᠭᠠᠨ ᠤ ᠠᠵᠤ ᠠᠬᠤᠶᠢᠯᠠᠯ ᠤᠨ ︽ᠰᠡᠳᠬᠢᠯ ᠬᠤᠯᠪᠣᠬᠤ ᠬᠥᠭᠦᠷᠭᠡ︾ ᠦᠢᠯᠡᠳᠦᠯ ᠢ ᠭᠦᠢᠴᠡᠳ ᠪᠠᠳᠠᠷᠠᠭᠤᠯᠵᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠠᠴᠠ ᠰᠠᠨᠠᠯ ᠰᠠᠨᠠᠭᠤᠯᠭ᠎ᠠ ᠶᠢ ᠪᠠᠶᠢᠩᠭᠤ ᠲᠠᠲᠠᠪᠤᠷᠢᠯᠠᠨ᠎ᠠ᠃ | ᠬᠠᠤᠯᠢ ᠪᠠᠷ ᠵᠠᠰᠠᠭᠰᠠᠨ ᠬᠤᠳᠠᠯᠳᠤᠭ᠎ᠠ ᠡᠷᠭᠢᠯᠡᠭᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠴᠢᠩ ᠰᠡᠳᠬᠢᠯ ᠤᠨ | ᠬᠡᠯᠡᠯᠴᠡᠭᠡ 3 ᠤᠳᠠᠭ᠎ᠠ ᠬᠢᠵᠦ᠂ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠨᠢᠭᠤᠷᠳᠠᠨ ᠰᠣᠯᠢᠯᠴᠠᠵᠤ᠂ ᠠᠵᠤ | ᠠᠬᠤᠶᠢᠯᠠᠯ ᠤᠨ ᠥᠪᠡᠷ ᠤᠨ ᠬᠦᠴᠢᠷᠳᠡᠯ ᠢ ᠰᠢᠢᠳᠪᠦᠷᠢᠯᠡᠪᠡ᠃ ᠡᠯ᠎ᠡ ᠲᠥᠷᠥᠯ ᠤᠨ ᠢᠯᠡᠴᠢᠯᠡᠨ ᠵᠠᠭᠠᠯᠳᠤᠬᠤ | ᠲᠠᠪᠴᠠᠩ ᠤᠨ ᠢᠯᠡᠴᠢᠯᠡᠨ ᠮᠡᠳᠡᠭᠦᠯᠬᠦ ᠲᠠᠪᠴᠠᠩ ᠢ ᠢᠯᠡᠴᠢᠯᠡᠨ ᠵᠠᠭᠠᠯᠳᠤᠭᠰᠠᠨ ᠬᠡᠷᠡᠭ ᠢ ᠲᠤᠰᠬᠠᠢ ᠬᠥᠮᠥᠨ | ᠲᠣᠬᠢᠷᠠᠭᠤᠯᠤᠨ ᠱᠠᠯᠠᠪᠳᠠᠨ ᠭᠦᠢᠴᠡᠳᠬᠡᠵᠦ᠂ ︽ᠤᠴᠢᠷ ᠶᠠᠪᠤᠳᠠᠯ ᠢ ᠠᠩᠬᠠᠷᠬᠤ ᠬᠥᠮᠥᠨ ᠲᠠᠢ᠂ ᠬᠡᠷᠡᠭ ᠶᠠᠪᠤᠳᠠᠯ ᠳᠤ | ᠬᠠᠷᠢᠭᠤᠯᠲᠠ ᠥᠭᠬᠦ︾ ᠶᠢ ᠪᠡᠶᠡᠯᠡᠭᠦᠯᠵᠦ᠂ ᠵᠠᠰᠠᠭ ᠤᠨ ᠣᠷᠳᠣᠨ ᠤ ᠣᠯᠠᠨ ᠨᠡᠶᠢᠲᠡ ᠳᠤ ᠢᠲᠡᠭᠡᠭᠦᠯᠬᠦ ᠬᠦᠴᠦᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | | ᠠᠵᠤ ᠠᠬᠤᠶᠢᠯᠠᠯ ᠳᠤ ᠠᠰᠢᠭ ᠬᠦᠷᠲᠡᠭᠡᠨ ᠠᠷᠠᠳ ᠲᠤ ᠳᠥᠭᠦᠮ ᠦᠵᠡᠭᠦᠯᠭᠦ᠂ ᠦᠢᠯᠡᠴᠢᠯᠡᠭᠡ ᠶᠢ | ᠰᠢᠯᠢᠳᠡᠭᠵᠢᠭᠦᠯᠬᠦ ᠶᠢ ᠲᠡᠷᠢᠭᠦᠨ ᠵᠡᠷᠭᠡ ᠶᠢᠨ ᠠᠷᠠᠯᠵᠢᠶ᠎ᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠪᠠᠶᠢᠭᠤᠯᠬᠤ ᠶᠢᠨ ᠵᠠᠩᠭᠢᠯᠠᠭ᠎ᠠ ᠪᠤᠯᠭᠠᠵᠤ᠂ ︽ᠦᠨᠡᠨ ᠰᠡᠳᠬᠢᠯ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠨᠡᠷᠡᠲᠦ ᠲᠥᠷᠥᠯ ᠲᠡᠮᠳᠡᠭᠲᠦ ᠶᠢᠨ ᠠᠭᠤᠯᠤᠭᠳᠠᠬᠤᠨ ᠢ ᠬᠦᠴᠦᠯᠡᠨ ᠪᠠᠶᠠᠯᠢᠭᠵᠢᠭᠤᠯᠬᠤ ᠬᠡᠷᠡᠭᠲᠡᠢ᠃ ᠵᠠᠰᠠᠭ ᠤᠨ | ᠣᠷᠳᠣᠨ ᠤ ᠫᠤᠷᠲ᠋ᠧᠯ ᠰᠦᠯᠵᠢᠶ᠎ᠡ ᠨᠢ ︽ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ︾ ᠶᠢᠨ | ᠲᠤᠰᠬᠠᠢ ᠪᠤᠯᠤᠩ ᠨᠡᠭᠡᠭᠡᠵᠦ᠂ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠭᠦ ᠲᠥᠷᠥ ᠶᠢᠨ ᠪᠣᠳᠣᠯᠭ᠎ᠠ ᠶᠢ 51 | ᠵᠤᠷᠪᠤᠰ ᠨᠡᠶᠢᠲᠡᠯᠡᠵᠡᠢ᠃ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ︽ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠴᠣᠩᠬᠤᠪᠴᠢ︾ 1 ᠶᠢ ᠪᠠᠶᠢᠭᠤᠯᠵᠤ᠂ ᠠᠵᠤ ᠠᠬᠤᠶᠢᠯᠠᠯ ᠤᠨ ᠪᠠᠶᠢᠴᠠᠭᠠᠨ | ᠯᠠᠪᠯᠠᠬᠤ ᠳᠤ ᠳᠥᠭᠦᠮ ᠪᠤᠯᠭᠠᠵᠤ᠂ ᠪᠡᠯᠡᠨ ᠮᠥᠩᠭᠦ ᠭᠤᠶᠤᠴᠢᠯᠠᠵᠤ ᠪᠣᠯᠣᠨ᠎ᠠ᠃ ᠨᠠᠰᠤᠵᠢᠯ ᠤᠨ ᠦᠢᠯᠡᠴᠢᠯᠡᠭᠡᠨ᠂ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠤᠰᠤ ᠲᠠᠲᠠᠵᠤ ᠬᠡᠷᠡᠭᠯᠡᠬᠦ᠂ ᠭᠦᠳᠡᠯᠮᠦᠷᠢ ᠪᠠᠲᠤᠯᠠᠭ᠎ᠠ᠂ ᠠᠳᠠᠯ | ᠠᠬᠤᠢ ᠶᠢᠨ ᠦᠢᠯᠡᠴᠢᠯᠡᠭᠡᠨ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠵᠡᠷᠭᠡ 5 ᠠᠵᠢᠯ ᠲᠥᠷᠥᠯ ᠤᠨ | ᠬᠦᠷᠢᠶᠡᠨ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠳᠡᠰ ᠪᠠ ᠲᠥᠷᠥᠯ ᠬᠤᠪᠢᠶᠠᠨ ᠬᠢᠨᠠᠨ ᠬᠠᠮᠢᠶᠠᠷᠬᠤ ᠶᠢ | ᠬᠡᠷᠡᠭᠵᠢᠭᠦᠯᠪᠡ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ | ᠵᠠᠭᠪᠤᠷ ᠢ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠦᠢᠯᠡᠴᠢᠯᠡᠭᠡ ᠶᠢᠨ | ︽ᠰᠠᠭᠠᠳ ᠦᠭᠡᠢ ᠨᠡᠪᠲᠡᠷᠡᠬᠦ ᠵᠠᠮ︾ ᠢ ᠰᠢᠯᠤᠭᠤᠳᠬᠠᠵᠤ᠂ ︽ᠨᠣᠮᠧᠷ ᠢᠶᠠᠷ ᠦᠢᠯᠡᠴᠢᠯᠡᠭᠡ ᠬᠢᠬᠦ᠂ ᠪᠠᠷᠢᠨ | ᠭᠦᠢᠴᠡᠳᠬᠡᠬᠦ︾ ᠴᠣᠩᠬᠤᠪᠴᠢ ᠶᠢ ᠪᠠᠶᠢᠭᠤᠯᠵᠤ᠂ ᠠᠵᠤ ᠠᠬᠤᠶᠢᠯᠠᠯ ᠳᠤ ︽ᠬᠤᠭᠤᠯᠠ ᠵᠠᠬᠢᠶᠠᠯᠠᠬᠤ ᠮᠠᠶ᠋ᠢᠭ︾ ᠤᠨ | ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠠᠷᠠᠳ ᠲᠤ | ᠦᠢᠯᠡᠴᠢᠯᠡᠬᠦ ᠶᠠᠪᠤᠳᠠᠯ ᠤᠨ ᠬᠡᠷᠡᠭᠰᠡᠬᠦ ᠭᠠᠷᠳᠠᠮ᠂ ᠭᠦᠢᠴᠡᠳᠬᠡᠬᠦ ᠴᠤᠪᠤᠷᠠᠯ᠂ ᠠᠮᠠᠯᠳᠠᠬᠤ ᠴᠠᠭ ᠤᠨ ᠬᠢᠵᠠᠭᠠᠷ ᠵᠡᠷᠭᠡ | ᠠᠭᠤᠯᠭ᠎ᠠ ᠶᠢ ᠪᠦᠭᠦ ᠲᠠᠯ᠎ᠠ ᠪᠠᠷ ᠡᠮᠬᠢᠯᠡᠵᠦ᠂ ᠳᠦᠷᠢᠮ ᠤᠨ ᠰᠢᠨ᠎ᠡ ᠡᠭᠦᠳᠦᠯᠲᠡ ᠶᠢ ᠭᠦᠨᠵᠡᠭᠡᠶᠢᠷᠡᠭᠦᠯᠦᠨ ᠴᠤᠪᠤᠷᠠᠯ ᠢ | ᠳᠠᠭᠢᠨ ᠪᠤᠢ ᠪᠤᠯᠭᠠᠬᠤ ᠶᠢ ᠲᠦᠷᠭᠡᠳᠬᠡᠵᠦ᠂ ᠨᠡᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠦᠷᠭᠦᠯᠵᠢᠯᠡᠨ ᠪᠤᠢ ᠪᠤᠯᠭᠠᠵᠤ᠂ ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠭᠴᠢ ᠬᠦᠴᠦᠨ ᠢ ᠬᠥᠭᠵᠢᠭᠡᠨ᠎ᠡ᠃ | ᠠᠯᠪᠠᠨ ᠲᠤᠰᠢᠶᠠᠯᠲᠠᠨ ᠤ ᠰᠤᠷᠭᠠᠨ ᠬᠥᠮᠦᠵᠢᠯ ᠢ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢᠲᠡᠢ ᠪᠠᠷ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠵᠡᠯ ᠤᠬᠠᠮᠰᠠᠷ ᠢ ᠳᠡᠭᠡᠭᠰᠢᠯᠡᠭᠦᠯᠭᠦ ᠴᠢᠬᠤᠯᠠ ᠭᠠᠷᠳᠠᠴᠠ ᠪᠤᠯᠭᠠᠵᠤ᠂ | ᠠᠷᠢᠭᠤᠨ ᠴᠢᠬᠡᠴᠢ ᠥᠨᠳᠥᠷ ᠦᠷ᠎ᠡ ᠪᠦᠲᠦᠮᠵᠢᠲᠡᠢ ᠠᠯᠪᠠᠨ ᠲᠤᠰᠢᠶᠠᠯ ᠤᠨ ᠡᠩᠨᠡᠭᠡ ᠶᠢ ᠴᠣᠭᠴᠠᠯᠠᠨ ᠪᠠᠶᠢᠭᠤᠯᠤᠨ᠎ᠠ᠃ | ᠦᠨᠡᠨᠴᠢ ᠢᠲᠡᠭᠡᠮᠵᠢ ᠶᠢᠨ ᠬᠥᠮᠦᠵᠢᠯ ᠢ ᠡᠯ᠎ᠡ ᠱᠠᠲᠤᠨ ᠤ ᠨᠠᠮ ᠤᠨ ᠬᠤᠷᠢᠶ᠎ᠠ ( ᠨᠠᠮ ᠤᠨ ᠤᠳᠤᠷᠢᠳᠬᠤ | ᠳᠤᠭᠤᠶᠢᠯᠠᠩ ) ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ ᠠᠭᠤᠯᠭ᠎ᠠ ᠳᠤ ᠣᠷᠣᠭᠤᠯᠵᠤ᠂ | ᠨᠠᠮ ᠤᠨ ᠰᠤᠷᠭᠠᠭᠤᠯᠢ ᠶᠢᠨ ᠪᠣᠯᠪᠠᠰᠤᠷᠠᠭᠤᠯᠤᠯ ᠤᠨ ᠬᠢᠴᠢᠶᠡᠯ ᠳᠤ ᠣᠷᠣᠭᠤᠯᠵᠤ᠂ ᠲᠣᠭᠤᠷᠢᠭ ᠤᠨ ᠨᠠᠮ ᠤᠨ | ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ ᠰᠤᠳᠤᠯᠤᠨ ᠶᠠᠷᠢᠯᠴᠠᠬᠤ ᠶᠢ 1 | ᠤᠳᠠᠭ᠎ᠠ ᠬᠤᠷᠠᠯᠳᠤᠪᠠ᠃ ᠠᠯᠪᠠᠨ ᠲᠤᠰᠢᠶᠠᠯᠲᠠᠳ ᠤᠨ ᠢᠲᠡᠭᠡᠮᠵᠢ ᠶᠢᠨ ᠬᠥᠮᠦᠵᠢᠯ ᠢ ᠴᠢᠩᠭᠠᠳᠬᠠᠬᠤ ᠲᠤᠬᠠᠢ | ᠮᠡᠳᠡᠭᠳᠡᠯ ᠳᠠᠷᠤᠮᠠᠯᠯᠠᠨ ᠲᠠᠷᠬᠠᠭᠠᠵᠤ᠂ ᠠᠯᠪᠠᠨ ᠲᠤᠰᠢᠶᠠᠯᠲᠠᠨ ᠳᠤ ᠣᠯᠭᠤᠬᠤ ᠢᠲᠡᠭᠡᠮᠵᠢ ᠶᠢᠨ ᠰᠤᠷᠭᠠᠨ | ᠬᠥᠮᠦᠵᠢᠯ ᠤᠨ ᠪᠣᠯᠪᠠᠰᠤᠷᠠᠯ ᠢ 30 ᠭᠠᠷᠤᠢ ᠤᠳᠠᠭ᠎ᠠ ᠥᠷᠨᠢᠭᠦᠯᠪᠡ᠃ ᠠᠯᠪᠠᠨ ᠠᠵᠢᠯᠲᠠᠨ ᠤ ᠢᠲᠡᠭᠡᠮᠵᠢ ᠶᠢᠨ | ᠳᠠᠩᠰᠠ ᠡᠪᠬᠡᠮᠡᠯ ᠢ ᠪᠠᠶᠢᠭᠤᠯᠬᠤ ᠶᠠᠪᠤᠳᠠᠯ ᠢ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ 2024 ᠣᠨ ᠤ ᠠᠵᠢᠯ ᠤᠨ ᠴᠢᠬᠤᠯᠠ ᠵᠦᠢᠯ ᠳᠤ ᠣᠷᠣᠭᠤᠯᠵᠤ᠂ ᠢᠲᠡᠭᠡᠮᠵᠢ ᠶᠢᠨ ᠪᠠᠶᠢᠳᠠᠯ ᠢ ᠠᠵᠢᠯ | ᠦᠢᠯᠡᠰ ᠤᠨ ᠨᠢᠭᠡᠴᠡ ᠶᠢᠨ ᠠᠵᠢᠯᠲᠠᠨ ᠤᠷᠢᠵᠤ ᠡᠯᠰᠡᠬᠦ ᠠᠵᠢᠯ ᠤᠨ ᠬᠢᠨᠠᠨ ᠪᠠᠶᠢᠴᠠᠭᠠᠬᠤ ᠬᠡᠪᠴᠢᠶᠡᠨ ᠳᠤ | ᠣᠷᠣᠭᠤᠯᠵᠤ᠂ ᠠᠯᠪᠠᠨ ᠠᠵᠢᠯᠲᠠᠨ ᠤ ᠡᠩᠨᠡᠭᠡ ᠶᠢᠨ ᠳᠤᠮᠳᠠ ᠢᠲᠡᠭᠡᠮᠵᠢ ᠰᠠᠶᠢᠲᠠᠢ᠂ ᠢᠲᠡᠭᠡᠮᠵᠢ ᠶᠢ ᠡᠷᠭᠢᠮᠯᠡᠭᠦ᠂ | ᠢᠲᠡᠭᠡᠮᠵᠢ ᠶᠢ ᠰᠠᠬᠢᠬᠤ ᠪᠠᠶᠢᠳᠠᠯ ᠢ ᠴᠢᠷᠮᠠᠶᠢᠨ ᠪᠤᠢ ᠪᠣᠯᠭᠠᠨ᠎ᠠ᠃ | |