ᠵᠣᠭᠤᠰᠤᠨ ᠤᠭᠤᠲᠠ ᠶᠢ ᠰᠠᠬᠢᠵᠤ ᠵᠣᠯ ᠵᠢᠷᠭᠠᠯᠲᠤ ᠭᠡᠷ ᠢᠶᠠᠨ ᠬᠠᠮᠠᠭᠠᠯᠠᠶ᠎ᠠ
ᠨᠡᠶᠢᠲᠡᠯᠡᠭᠰᠡᠨ ᠴᠠᠭ᠄
2024/7/5
        2024 ᠣᠨ ᠤ 6 ᠰᠠᠷ᠎ᠠ ᠪᠣᠯ ᠠᠷᠪᠠᠨ ᠬᠤᠶᠠᠳᠤᠭᠠᠷ ᠬᠤᠭᠤᠴᠠᠭᠠᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠪᠣᠯᠣᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠬᠠᠷᠢᠶ᠎ᠠ ᠣᠷᠣᠨ ᠤ ᠳᠣᠲᠣᠷᠠᠬᠢ ᠣᠯᠠᠨ ᠲᠦᠮᠡᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠮᠰᠠᠷ ᠪᠠ ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠳᠣᠲᠣᠷᠠᠬᠢ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠶᠢᠨ ᠲᠥᠯᠥᠭᠡ᠂ 6 ᠰᠠᠷ᠎ᠠ ᠶᠢᠨ 17 ᠤ ᠡᠳᠦᠷ᠂ ᠪᠡᠳᠺᠡᠷ ᠰᠦᠮ᠎ᠡ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠴᠠᠩ ᠬᠠᠨ ᠭᠧᠦ ᠲᠣᠰᠬᠤᠨ ᠤ ᠠᠷᠠᠳ ᠤᠨ ᠵᠥᠪᠯᠡᠯ ᠳᠤ ᠬᠦᠷᠴᠦ ︽ᠵᠣᠭᠤᠰ ᠤᠨ ᠤᠭᠤᠲᠠ ᠶᠢ ᠰᠠᠬᠢᠵᠤ᠂ ᠵᠣᠯ ᠵᠢᠷᠭᠠᠯᠲᠤ ᠭᠡᠷ ᠢᠶᠠᠨ ᠰᠠᠶᠢᠲᠤᠷ ᠬᠠᠮᠠᠭᠠᠯᠠᠬᠤ︾ ᠪᠠᠷ ᠭᠤᠣᠯ ᠰᠡᠳᠦᠪ ᠪᠣᠯᠭᠠᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠴᠣᠬᠢᠯᠲᠠ ᠥᠭᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
1718700580126038493.png
        ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠮᠴᠢ ᠰᠤᠪᠢᠯᠠᠭᠴᠢ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠬᠠᠤᠯᠢ ᠪᠤᠰᠤ ᠪᠠᠷ ᠪᠡᠯᠡ ᠴᠤᠭᠯᠠᠭᠤᠯᠬᠤ ᠤᠬᠠᠭᠳᠠᠬᠤᠨ᠂ ᠭᠤᠣᠯ ᠣᠨᠴᠠᠯᠢᠭ ᠵᠢᠴᠢ ᠪᠠᠶᠢᠩᠭᠤ ᠲᠣᠬᠢᠶᠠᠯᠳᠤᠳᠠᠭ ᠠᠷᠭ᠎ᠠ ᠪᠠᠷᠢᠯ ᠢ ᠲᠠᠶᠢᠯᠪᠤᠷᠢᠯᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠠᠵᠢᠯᠯᠠᠭ᠎ᠠ ᠶᠢ ᠬᠡᠷᠬᠢᠨ ᠰᠡᠷᠭᠡᠶᠢᠯᠡᠬᠦ ᠪᠠ ᠴᠣᠬᠢᠯᠲᠠ ᠥᠭᠴᠦ᠂ ᠶᠠᠭᠠᠬᠢᠵᠤ ᠪᠠᠭ᠎ᠠ ᠶᠠᠪᠤᠳᠠᠯ ᠠᠴᠠ ᠨᠢ ᠢᠯᠭᠠᠨ ᠲᠠᠨᠢᠬᠤ᠂ ᠳᠡᠷᠭᠡᠳᠡᠬᠢ ᠲᠠᠯ᠎ᠠ ᠠᠴᠠ ᠨᠢ ᠭᠠᠷᠳᠠᠨ ᠬᠢᠬᠦ᠂ ᠬᠠᠤᠯᠢ ᠶᠣᠰᠣᠨ ᠳᠤ ᠨᠡᠶᠢᠴᠡᠬᠦ ᠪᠡᠯᠡ ᠣᠷᠣᠭᠤᠯᠵᠤ ᠡᠳ᠋ ᠤᠨ ᠶᠠᠪᠤᠳᠠᠯ ᠢ ᠬᠠᠮᠢᠶᠠᠷᠬᠤ ᠦᠵᠡᠯ ᠤᠬᠠᠮᠰᠠᠷ ᠢ ᠪᠤᠢ ᠪᠤᠯᠭᠠᠵᠤ᠂ ᠲᠦᠭᠰᠢᠭᠦᠷᠢ ᠶᠢ ᠢᠯᠭᠠᠨ ᠲᠠᠨᠢᠬᠤ ᠪᠠ ᠰᠡᠷᠡᠮᠵᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠥᠪᠡᠷ ᠤᠨ ︽ᠵᠣᠭᠤᠰᠤᠨ ᠤᠭᠤᠲᠠ︾ ᠪᠠᠨ ᠰᠠᠶᠢᠲᠤᠷ ᠰᠠᠬᠢᠵᠤ᠂ ᠤᠷᠠᠨ ᠶᠠᠩᠵᠤ ᠶᠢᠨ ᠳᠠᠭᠢᠨ ᠰᠢᠨᠡᠳᠬᠡᠬᠦ᠂ ᠠᠷᠭ᠎ᠠ ᠪᠠᠷᠢᠯ ᠨᠢᠭᠤᠴᠠ ᠳᠠᠯᠳᠠ᠂ ᠬᠤᠣᠷ ᠬᠥᠨᠥᠭᠡᠯᠳᠦ ᠴᠢᠨᠠᠷ ᠢᠶᠠᠷ ᠲᠤᠶᠢᠯ ᠤᠨ ᠴᠢᠩᠭ᠎ᠠ ᠬᠠᠤᠯᠢ ᠪᠤᠰᠤ ᠪᠠᠷ ᠪᠡᠯᠡ ᠴᠤᠭᠯᠠᠭᠤᠯᠬᠤ ᠠᠷᠭ᠎ᠠ ᠪᠠᠷᠢᠯ ᠠᠴᠠ ᠬᠤᠯᠠ ᠵᠠᠶᠢᠳᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠴᠢᠬᠤᠯᠠ ᠪᠤᠰᠤ ᠬᠤᠬᠢᠷᠠᠯ ᠤᠴᠠᠷᠠᠭᠤᠯᠬᠤ ᠠᠴᠠ ᠵᠠᠶᠢᠯᠠᠰᠬᠢᠬᠦ ᠬᠡᠷᠡᠭᠲᠡᠢ᠃          ᠲᠤᠰ ᠤᠳᠠᠭᠠᠨ ᠤ ᠠᠵᠢᠯᠯᠠᠭ᠎ᠠ ᠨᠢ ᠤᠬᠠᠭᠤᠯᠭ᠎ᠠ ᠶᠢᠨ ᠰᠠᠷ᠎ᠠ ᠪᠠᠷ ᠲᠣᠭᠢᠶᠠᠯ ᠪᠣᠯᠭᠠᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠣᠬᠢᠯᠲᠠ ᠥᠭᠬᠦ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠬᠦ ᠪᠠᠷ ᠳᠠᠮᠵᠢᠭᠤᠯᠤᠨ᠂ ᠨᠠᠮ ᠪᠣᠯᠣᠨ ᠵᠠᠰᠠᠭ ᠤᠨ ᠣᠷᠳᠣᠨ ᠤ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠢᠯᠡ ᠲᠣᠳᠣᠷᠬᠠᠢ ᠣᠪᠣᠷ ᠪᠣᠯᠣᠨ ᠡᠷᠡᠰ ᠵᠣᠷᠢᠭ ᠢᠶᠠᠨ ᠲᠣᠳᠣᠷᠬᠠᠶᠢᠯᠠᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ ᠡᠩ ᠤᠨ ᠴᠢᠨᠠᠷᠲᠠᠢ ᠲᠦᠭᠰᠢᠭᠦᠷᠢ ᠶᠢᠨ ᠣᠨᠴᠠᠯᠢᠭ ᠢ ᠣᠨᠣᠪᠴᠢᠲᠠᠢ᠂ ᠣᠶᠢᠯᠠᠭᠠᠮᠵᠢᠲᠠᠢ ᠢᠯᠡᠷᠡᠭᠦᠯᠵᠦ᠂ ᠨᠡᠶᠢᠭᠡᠮ ᠤᠨ ᠣᠯᠠᠨ ᠲᠦᠮᠡᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠵᠡᠷᠭᠡ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ ᠦᠵᠡᠯ ᠤᠬᠠᠮᠰᠠᠷ ᠪᠣᠯᠣᠨ ᠴᠢᠳᠠᠪᠤᠷᠢ ᠶᠢ ᠳᠡᠭᠡᠭᠰᠢᠯᠡᠭᠦᠯᠵᠦ᠂ ᠪᠦᠭᠦ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠤᠨ ᠪᠠᠶ᠋ᠢᠩᠭᠤᠴᠢᠯᠠᠬᠤ᠂ ᠤᠷᠲᠤ ᠬᠤᠭᠤᠴᠠᠭ᠎ᠠ ᠪᠠᠷ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号