ᠰᠢᠨ ᠸᠠᠩ ᠨᠡᠶᠢᠭᠡᠮ ᠲᠣᠭᠤᠷᠢᠭ ‍ᠦᠨ‌ᠡᠶ᠎ᠡ ᠨᠠᠶᠢᠷᠠᠮᠳᠠᠭᠤ ᠰᠠᠶᠢᠬᠠᠨ ᠢ ᠵᠢᠷᠤᠭᠯᠠᠶ᠎ᠠ
ᠨᠡᠶᠢᠲᠡᠯᠡᠭᠰᠡᠨ ᠴᠠᠭ᠄
2024/7/5
        ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠪᠣᠯᠣᠨ ᠰᠣᠶᠣᠯ ᠤᠨ ᠴᠢᠨᠠᠷ ᠴᠢᠨᠰᠠᠭ᠎ᠠ ᠶᠢ ᠴᠢᠩᠭᠠᠷᠠᠭᠤᠯᠬᠤ ᠶᠢᠨ ᠲᠥᠯᠥᠭᠡ  ᠰᠢᠭᠤᠶᠢᠲᠤ ᠵᠡᠭᠡᠯᠢ ᠭᠤᠳᠤᠮᠵᠢ ᠶᠢᠨ ᠬᠡᠷᠡᠭ ᠡᠷᠭᠢᠯᠡᠭᠦ ᠭᠠᠵᠠᠷ ‍ᠤᠨ‌‍ᠰᠢᠨ ᠸᠠᠩ ᠨᠡᠶᠢᠭᠡᠮ ᠲᠣᠭᠤᠷᠢᠭ ᠤᠨ ᠬᠤᠯᠪᠣᠭᠠᠲᠤ ᠲᠣᠭᠤᠷᠢᠭ ᠤᠨ ᠰᠣᠶᠣᠯ ᠲᠠᠮᠢᠷ ᠤᠨ ᠲᠣᠪᠴᠢᠶ᠎ᠠ ᠣᠶᠢᠷ᠎ᠠ ᠳᠤ ᠰᠡᠳᠬᠢᠯ ᠲᠠᠯᠪᠢᠨ ᠪᠥᠵᠢᠭᠯᠡᠨ ᠪᠠᠶᠠᠰᠴᠤ ᠂ ᠡᠶ᠎ᠡ ᠵᠣᠬᠢᠴᠠᠯᠳᠤ ᠬᠠᠭᠤᠳᠠᠰᠤ ᠶᠢ ᠪᠢᠴᠢᠭᠯᠡᠬᠦ ᠠᠵᠢᠯᠯᠠᠭ᠎ᠠ ᠥᠷᠨᠢᠭᠦᠯᠪᠡ᠃          ᠠᠵᠢᠯᠯᠠᠭ᠎ᠠ ᠨᠢ ︽ᠤᠷᠢ ᠵᠠᠯᠠᠭᠤ ᠨᠠᠰᠤ ᠪᠠᠨ ᠪᠥᠵᠢᠭᠯᠡᠶ᠎ᠡ︾ ᠭᠡᠬᠦ ᠳᠠᠭᠤᠤ ᠪᠠᠷ ᠡᠭᠢᠯᠡᠯᠲᠡ ᠶᠢᠨ ᠬᠥᠰᠢᠭᠡ ᠪᠠᠨ ᠰᠡᠬᠦᠵᠦ᠂ ᠨᠡᠶᠢᠭᠡᠮ ᠲᠣᠭᠤᠷᠢᠭ ᠤᠨ ᠪᠥᠵᠢᠭ ᠤᠨ ᠠᠩᠭᠢ ᠶᠢᠨ ᠭᠡᠰᠢᠭᠦᠳ ᠨᠢᠭᠡᠳᠦᠯᠲᠡᠢ ᠬᠤᠪᠴᠠᠰᠤ ᠡᠮᠦᠰᠴᠦ᠂ ᠣᠮᠤᠭ ᠵᠣᠷᠢᠭ ᠲᠡᠭᠦᠯᠳᠡᠷ ᠢᠶᠠᠷ ᠣᠯᠠᠨ ᠳᠤ ᠡᠭᠢᠯᠡᠯᠲᠡ ᠶᠢᠨ ᠪᠥᠵᠢᠭ ᠠᠪᠴᠢᠷᠠᠨ ᠥᠭᠴᠡᠢ᠃ ᠪᠠᠶᠠᠷ ᠭᠦᠷ ᠲᠠᠢ ᠬᠥᠭᠵᠢᠮ᠂ ᠢᠷᠠᠭᠤ ᠰᠠᠶᠢᠬᠠᠨ ᠪᠥᠵᠢᠭ ᠤᠨ ᠳᠦᠷᠢ ᠪᠠᠶᠢᠳᠠᠯ ᠨᠢ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠬᠤᠷᠣᠮᠬᠠᠨ ᠵᠠᠭᠤᠷ᠎ᠠ ᠠᠰᠠᠭᠠᠭᠰᠠᠨ ᠳᠤ ᠦᠵᠡᠭᠴᠢᠳ ᠨᠢᠵᠢᠭᠢᠨᠡᠲᠡᠯ᠎ᠡ ᠠᠯᠠᠭ᠎ᠠ ᠲᠡᠰᠢᠨ ᠤᠷᠠᠶᠢᠯᠠᠨ᠎ᠠ᠃ 
1719906565233001386.png
        ᠲᠣᠬᠯᠠᠯᠲᠠ ᠭᠠᠷᠭᠠᠬᠤ ᠶᠠᠪᠤᠴᠠ ᠳᠤ ᠦᠵᠡᠭᠴᠢᠳ ᠴᠦ ᠢᠳᠡᠪᠬᠢᠲᠡᠢ ᠣᠷᠣᠯᠴᠠᠵᠤ᠃ ᠵᠠᠷᠢᠮ ᠦᠵᠡᠭᠴᠢᠳ ᠳᠠᠭᠤᠤ ᠬᠥᠭᠵᠢᠮ ᠤᠨ ᠠᠶᠢᠵᠠᠮ ᠤᠨ ᠳᠠᠭᠠᠤ ᠬᠥᠩᠭᠡᠨ ᠱᠠᠯᠠᠮᠠᠭ᠂ ᠵᠠᠷᠢᠮ ᠦᠵᠡᠭᠴᠢᠳ ᠭᠠᠷ ᠤᠲᠠᠰᠤ ᠪᠠᠷ ᠢᠶᠠᠨ ᠳᠠᠮᠵᠢᠭᠤᠯᠤᠨ ᠡᠳᠡᠭᠡᠷ ᠭᠤᠶᠣ ᠰᠠᠶᠢᠬᠠᠨ ᠠᠭᠱᠠᠨ ᠮᠥᠴᠡ ᠶᠢ ᠲᠡᠮᠳᠡᠭᠯᠡᠨ ᠠᠪᠴᠤ ᠪᠠᠶᠢᠯ᠎ᠠ᠃ ᠣᠨᠴᠠᠭᠠᠶᠢᠯᠠᠨ ᠨᠡᠶᠢᠭᠡᠮ ᠲᠣᠭᠤᠷᠢᠭ ᠤᠨ ᠪᠢᠴᠢᠬᠠᠨ ᠨᠠᠶᠢᠵᠠ ᠨᠠᠷ ᠲᠠᠶᠢᠰᠠᠨ ᠳᠤ ᠭᠠᠷᠴᠤ ᠲᠣᠬᠯᠠᠯᠲᠠ ᠭᠠᠷᠭᠠᠬᠤ ᠦᠶᠡᠰ᠂ ᠨᠡᠩ ᠴᠦ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠠᠯᠠᠭ᠎ᠠ ᠲᠡᠰᠢᠯᠲᠡ ᠶᠢᠨ ᠳᠠᠭᠤᠨ ᠪᠠ ᠤᠤᠬᠠᠶᠢᠯᠠᠬᠤ ᠳᠠᠭᠤᠨ ᠢ ᠣᠯᠣᠭᠰᠠᠨ ᠪᠠᠶᠢᠨ᠎ᠠ᠃ 
1719906577198026040.png
        ᠭᠤᠶᠣ ᠰᠠᠶᠢᠬᠠᠨ ᠪᠥᠵᠢᠭ ᠤᠨ ᠲᠣᠬᠯᠠᠯᠲᠠ ᠠᠴᠠ ᠭᠠᠳᠠᠨ᠎ᠠ᠂ ᠲᠤᠬᠠᠢ ᠶᠢᠨ ᠲᠠᠯᠠᠪᠠᠢ ᠳᠤ ᠪᠠᠰᠠ ᠬᠠᠷᠢᠯᠴᠠᠨ ᠬᠥᠳᠡᠯᠦᠯᠴᠡᠬᠦ ᠭᠤᠭᠴᠤᠭ᠎ᠠ ᠭᠠᠷᠭᠠᠵᠠᠢ᠂ ᠦᠵᠡᠭᠴᠢᠳ ᠪᠥᠵᠢᠭ ᠤᠨ ᠥᠷᠢᠰᠦᠯᠳᠦᠭᠡᠨ ᠵᠡᠷᠭᠡ ᠲᠣᠭᠯᠠᠭᠠᠮ ᠳᠤ ᠣᠷᠣᠯᠴᠠᠵᠤ᠂ ᠲᠣᠭᠯᠠᠭᠴᠢᠳ ᠲᠠᠢ ᠣᠶᠢᠷ᠎ᠠ ᠵᠠᠢ ᠠᠴᠠ ᠬᠠᠷᠢᠯᠴᠠᠨ ᠬᠥᠳᠡᠯᠦᠯᠴᠡᠵᠦ᠂ ᠪᠥᠵᠢᠭ ᠤᠨ ᠷᠢᠳᠢ ᠰᠢᠳᠢ ᠪᠣᠯᠣᠨ ᠬᠠᠪᠤ ᠴᠡᠩᠭᠡᠯ ᠢ ᠡᠳ᠋ᠯᠡᠵᠦ ᠪᠣᠯᠣᠨ᠎ᠠ᠃ ᠡᠳᠡᠭᠡᠷ ᠳᠠᠮᠵᠢᠯᠭ᠎ᠠ ᠨᠢ ᠦᠢᠯᠡ ᠠᠵᠢᠯᠯᠠᠭᠠᠨ ᠤ ᠤᠷᠮ᠎ᠠ ᠵᠣᠷᠤᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠣᠯᠠᠨ ᠨᠡᠶᠢᠲᠡ ᠳᠤ ᠪᠥᠵᠢᠭ ᠤᠨ ᠤᠷᠠᠯᠢᠭ ᠢ ᠤᠯᠠᠮ ᠭᠦᠨᠵᠡᠭᠡᠢ ᠣᠶᠢᠯᠠᠭᠠᠭᠤᠯᠵᠤ ᠪᠠᠶᠢᠨ᠎ᠠ᠃ ᠦᠵᠡᠭᠴᠢᠳ ᠡᠨᠡᠬᠦ ᠪᠥᠵᠢᠭ ᠨᠢ ᠪᠢᠳᠡᠨ ᠳᠤ ᠭᠤᠴᠣ ᠰᠠᠶᠢᠬᠠᠨ ᠪᠥᠵᠢᠭ ᠤᠨ ᠲᠣᠬᠯᠠᠯᠲᠠ ᠶᠢ ᠰᠣᠨᠢᠷᠬᠠᠭᠤᠯᠵᠤ ᠪᠠᠶᠢᠬᠤ ᠪᠠᠷ ᠪᠠᠷᠠᠬᠤ ᠦᠭᠡᠢ᠂ ᠪᠠᠰᠠ ᠬᠤᠷᠢᠶᠠᠯᠠᠯ ᠤᠨ ᠬᠠᠯᠠᠭᠤᠨ ᠳᠤᠯᠠᠭᠠᠨ᠂ ᠠᠮᠢᠳᠤᠷᠠᠬᠤ ᠬᠦᠴᠦ ᠶᠢ ᠮᠡᠳᠡᠷᠡᠵᠦ᠂ ᠬᠤᠷᠢᠶᠠᠯᠠᠯ ᠤᠨ ᠬᠢᠨ ᠡᠶᠢᠮᠦ ᠦᠢᠯᠡ ᠠᠵᠢᠯᠯᠠᠭ᠎ᠠ ᠶᠢ ᠣᠯᠠᠨ ᠤᠳᠠᠭ᠎ᠠ ᠵᠣᠬᠢᠶᠠᠨ ᠪᠠᠶᠢᠭᠤᠯᠵᠤ᠂ ᠨᠡᠩ ᠣᠯᠠᠨ ᠬᠥᠮᠥᠰ ᠢ ᠣᠷᠣᠯᠴᠠᠭᠤᠯᠵᠤ᠂ ᠪᠥᠵᠢᠭ ᠠᠴᠠ ᠪᠤᠢ ᠪᠣᠯᠤᠭᠰᠠᠨ ᠪᠠᠶᠠᠷ ᠴᠡᠩᠭᠡᠯ ᠪᠣᠯᠣᠨ ᠭᠤᠶᠣ ᠰᠠᠶᠢᠬᠠᠨ ᠢ ᠬᠤᠪᠢᠶᠠᠯᠴᠠᠭᠠᠰᠠᠢ ᠭᠡᠵᠦ ᠬᠦᠰᠡᠨ ᠬᠦᠯᠢᠶᠡᠵᠦ ᠪᠠᠶᠢᠨ᠎ᠠ ᠭᠡᠵᠦ ᠰᠡᠳᠬᠢᠯ ᠳᠣᠭᠳᠣᠯᠤᠨ ᠬᠡᠯᠡᠯ᠎ᠡ᠃          ᠲᠤᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠥᠵᠢᠭ ᠤᠨ ᠠᠪᠢᠶᠠᠰ ᠴᠢᠳᠠᠪᠤᠷᠢ ᠪᠣᠯᠣᠨ ᠴᠤᠭ ᠵᠢᠪᠬᠤᠭ᠎ᠠ ᠶᠢ ᠬᠠᠷᠠᠭᠤᠯᠬᠤ ᠪᠠᠷ ᠪᠠᠷᠠᠬᠤ ᠦᠭᠡᠢ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠭᠢ ᠨᠥᠬᠦᠷᠯᠡᠯ ᠪᠣᠯᠣᠨ ᠪᠦᠯᠬᠦᠮᠳᠡᠯ ᠢ ᠨᠡᠮᠡᠭᠳᠡᠭᠦᠯᠵᠡᠢ᠃ ᠢᠷᠡᠭᠡᠳᠦᠢ ᠶᠢᠨ ᠡᠳᠦᠷ ᠤᠳ ᠲᠤ ᠪᠢᠳᠡ ᠰᠣᠶᠣᠯ ᠤᠨ ᠠᠵᠢᠯᠯᠠᠭ᠎ᠠ ᠪᠠᠷ ᠬᠤᠯᠪᠣᠭᠠᠰᠤ ᠪᠣᠯᠭᠠᠨ᠂ ᠨᠡᠶᠢᠭᠡᠮ ᠲᠣᠭᠤᠷᠢᠭ ᠤᠨ ᠨᠡᠩ ᠣᠯᠠᠨ ᠰᠠᠭᠤᠭᠠᠯᠢ ᠠᠷᠠᠳ ᠢ ᠡᠯ᠎ᠡ ᠲᠥᠷᠥᠯ ᠤᠨ ᠠᠵᠢᠯᠯᠠᠭ᠎ᠠ ᠳᠤ ᠣᠷᠣᠯᠴᠠᠭᠤᠯᠵᠤ᠂ ᠨᠡᠶᠢᠭᠡᠮ ᠲᠣᠭᠤᠷᠢᠭ ᠢ ᠨᠡᠩ ᠡᠶ᠎ᠡ ᠵᠣᠬᠢᠴᠠᠯ ᠲᠠᠢ᠂ ᠰᠠᠶᠢᠨ ᠰᠠᠶᠢᠬᠠᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠣᠯᠭᠠᠨ᠎ᠠ ᠭᠡᠳᠡᠭ ᠢ ᠪᠢᠳᠡ ᠢᠲᠡᠭᠡᠵᠦ ᠪᠠᠶᠢᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号