ᠰᠢᠭᠤᠶᠢᠲᠤ ᠲᠣᠭᠤᠷᠢᠭ ᠤᠨ ᠵᠢᠪᠬᠤᠯᠠᠩᠲᠤ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ 6s ᠬᠠᠮᠢᠶᠠᠷᠤᠯᠲᠠ ᠶᠢᠨ ᠲᠣᠪᠴᠢ ᠮᠡᠳᠡᠭᠡ
ᠨᠡᠶᠢᠲᠡᠯᠡᠭᠰᠡᠨ ᠴᠠᠭ᠄
2024/7/5
        ᠪᠦᠬᠦ ᠬᠤᠷᠢᠶᠠᠨ ᠤ ᠺᠠᠳ᠋ᠷ ᠠᠵᠢᠯᠲᠠᠳ ᠨᠠᠷᠢᠨ ᠪᠣᠳᠠᠲᠠᠢ ᠠᠵᠢᠯ ᠤᠨ ᠲᠥᠯᠥᠪᠯᠡᠭᠡ ᠲᠣᠭᠲᠠᠭᠠᠵᠤ᠂ ︽ᠡᠮᠬᠢᠯᠡᠬᠦ᠂ ᠴᠡᠭᠴᠡᠯᠡᠬᠦ᠂ ᠠᠷᠢᠭᠤᠨ ᠴᠡᠪᠡᠷ᠂ ᠴᠡᠪᠡᠷᠯᠡᠬᠦ᠂ ᠬᠡᠪ ᠪᠣᠯᠪᠠᠰᠤᠷᠠᠯ᠂ ᠠᠮᠤᠷ ᠲᠦᠪᠰᠢᠨ︾ ᠢᠶᠠᠷ ᠭᠤᠣᠯ ᠠᠭᠤᠯᠭ᠎ᠠ ᠪᠣᠯᠭᠠᠭᠰᠠᠨ ︽6S ᠬᠠᠮᠢᠶᠠᠷᠤᠯᠲᠠ︾ ᠶᠢᠨ ᠠᠵᠢᠯ ᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠪᠠ᠃ ᠪᠦᠬᠦ ᠡᠮᠨᠡᠯᠭᠡ ᠶᠢᠨ ᠬᠤᠷᠢᠶᠠᠨ ᠤ ᠡᠯ᠎ᠡ ᠰᠠᠯᠠᠭ᠎ᠠ ᠲᠠᠰᠤᠭ ᠨᠢ ᠡᠮᠬᠢ ᠵᠠᠮᠪᠠᠷᠠᠭ᠎ᠠ ᠲᠠᠢ ᠪᠠᠷ ᠲᠣᠬᠢᠷᠠᠭᠤᠯᠵᠤ᠂ ᠠᠵᠢᠯ ᠢᠶᠠᠨ ᠵᠣᠬᠢᠰᠲᠠᠢ ᠬᠤᠪᠢᠶᠠᠷᠢᠯᠠᠵᠤ᠂ ᠺᠠᠳ᠋ᠷ ᠠᠵᠢᠯᠲᠠᠳ ᠠᠵᠢᠯ ᠠᠴᠠ ᠪᠠᠭᠤᠭᠰᠠᠨ ᠤ ᠠᠵᠢᠯ ᠤᠨ ᠴᠢᠯᠦᠭᠡᠨ ᠤ ᠴᠠᠭ ᠢᠶᠠᠨ ᠠᠰᠢᠭᠯᠠᠨ᠂ ᠵᠦᠢᠯ ᠵᠦᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠦᠬᠦ ᠰᠡᠳ᠋ᠬᠢᠯ ᠢᠶᠠᠷ ᠢᠶᠠᠷ ᠢᠶᠠᠨ︽6S︾ ᠢ ᠡᠭᠦᠳᠬᠦ ᠠᠵᠢᠯ ᠳᠤ ᠣᠷᠣᠯᠴᠠᠵᠠᠢ᠃
1719910561710034882.png
        ᠡᠨᠡ ᠤᠳᠠᠭᠠᠨ ᠤ︽6S ᠬᠠᠮᠢᠶᠠᠷᠤᠯᠲᠠ︾ ᠶᠢᠨ ᠠᠵᠢᠯ ᠳᠤᠮᠳᠠ᠂ ᠬᠥᠮᠥᠨ ᠨᠢᠭᠡᠪᠦᠷᠢ ᠴᠥᠮ ᠬᠦᠴᠦ ᠬᠥᠯᠥᠰᠥ ᠪᠠᠨ ᠤᠷᠤᠰᠬᠠᠨ᠂ ᠠᠵᠢᠯ ᠳᠠᠭᠠᠨ ᠬᠠᠯᠠᠭᠤᠮᠰᠤᠭ ᠢᠶᠠᠷ ᠬᠠᠨᠳᠤᠵᠤ᠂ ᠠᠮᠠᠷᠬᠠᠨ ᠣᠮᠲᠣᠭᠠᠶᠢᠯᠠᠬᠤ ᠨᠠᠷᠢᠨ ᠵᠦᠢᠯᠡᠰ ᠨᠢᠭᠡᠪᠦᠷᠢ ᠶᠢ ᠵᠦᠭᠡᠷ ᠲᠠᠯᠪᠢᠬᠤ ᠦᠭᠡᠢ᠃
1719910576360035333.png
        ᠤᠯᠠᠨ ᠤ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂︽6S︾ ᠬᠠᠮᠢᠶᠠᠷᠤᠯᠲᠠ ᠶᠢᠨ ᠠᠵᠢᠯ ᠪᠣᠳᠠᠲᠤ ᠦᠷ᠎ᠡ ᠪᠦᠲᠦᠮᠵᠢ ᠣᠯᠵᠤ᠂ ᠡᠮᠨᠡᠯᠭᠡ ᠶᠢᠨ ᠬᠤᠷᠢᠶᠠᠨ ᠤ ᠳᠣᠲᠣᠷᠠᠬᠢ ᠣᠷᠴᠢᠨ ᠲᠣᠭᠤᠷᠢᠨ ᠴᠡᠪᠡᠷ ᠴᠡᠮᠴᠡᠭᠡᠷ᠂ ᠰᠠᠯᠠᠭ᠎ᠠ ᠲᠠᠰᠤᠭ ᠡᠳ᠋ ᠪᠣᠳᠠᠰ ᠢ ᠡᠮᠬᠢ ᠳᠢᠭᠯᠢᠮ ᠲᠠᠢ ᠳᠡᠯᠭᠡᠵᠦ᠂ ᠠᠵᠢᠯᠲᠠᠨ ᠠᠵᠢᠯᠴᠢᠨ ᠤ ᠤᠶᠤᠨ ᠰᠠᠨᠠᠭᠠᠨ ᠤ ᠳᠦᠷᠰᠦ ᠪᠠᠶᠢᠳᠠᠯ ᠴᠤ ᠰᠢᠨ᠎ᠡ ᠪᠠᠶᠢᠳᠠᠯ ᠲᠠᠢ ᠪᠣᠯᠵᠤ᠂ ᠰᠠᠶᠢᠨ ᠰᠠᠶᠢᠬᠠᠨ ᠡᠪᠡᠳᠴᠢᠨ ᠦᠵᠡᠭᠦᠯᠬᠦ ᠣᠷᠴᠢᠨ ᠲᠣᠭᠤᠷᠢᠨ ᠨᠢ ᠥᠷᠭᠡᠨ ᠤᠯᠠᠨ ᠡᠪᠡᠳᠴᠢᠲᠡᠨ ᠤ ᠨᠢᠭᠡᠳᠦᠯᠲᠡᠢ ᠮᠠᠭᠲᠠᠭᠠᠯ ᠰᠠᠶᠢᠰᠢᠶᠠᠯ ᠢ ᠣᠯᠵᠠᠢ᠃        ᠲᠠᠷᠠᠭᠠᠴᠢ ᠶᠢᠨ ᠠᠯᠬᠤᠮ ᠳᠤ᠂ ᠵᠢᠪᠬᠤᠯᠠᠩᠲᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠦᠷᠭᠦᠯᠵᠢᠯᠡᠨ ︽6S ᠬᠠᠮᠢᠶᠠᠷᠤᠯᠲᠠ︾ ᠪᠠᠷ ᠳᠠᠮᠵᠢᠭᠤᠯᠤᠨ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号