ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ | ᠪᠠᠳᠠᠷᠠᠭᠤᠯᠵᠤ᠂ ︽ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ᠂ ᠳᠠᠪᠠᠭᠤᠯᠢᠭ ᠢᠶᠠᠨ ᠬᠠᠷᠢᠯᠴᠠᠨ | ᠨᠥᠬᠦᠪᠦᠷᠢᠯᠡᠬᠦ᠂ ᠡᠬᠢ ᠪᠠᠶᠠᠯᠢᠭ ᠢ ᠬᠠᠮᠲᠤ ᠪᠠᠷ ᠭᠥᠷᠳᠡᠬᠦ᠂ ᠬᠠᠮᠲᠤ ᠪᠠᠷ ᠬᠥᠭᠵᠢᠬᠦ︾ ᠪᠠᠷ ᠬᠠᠷᠠᠯᠲᠠ ᠪᠣᠯᠭᠠᠨ᠂ | ᠰᠢᠭᠤᠶᠢᠲᠤ ᠲᠣᠭᠤᠷᠢᠭ ᠤᠨ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠪᠥᠬᠦ | ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠲᠤᠰᠬᠠᠢ ᠮᠡᠷᠭᠡᠵᠢᠯᠲᠡᠨ ᠤ ᠦᠨᠳᠦᠰᠦᠨ ᠱᠠᠲᠤᠨ ᠳᠤ ᠦᠢᠯᠡᠴᠢᠯᠡᠬᠦ ᠠᠵᠢᠯ ᠢ | ᠨᠠᠶᠢᠳᠠᠪᠤᠷᠢᠵᠢᠭᠤᠯᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 14 ᠤ ᠡᠳᠦᠷ᠂ ᠰᠢᠭᠤᠶᠢᠲᠤ ᠲᠣᠭᠤᠷᠢᠭ ᠤᠨ | ᠡᠮᠨᠡᠯᠭᠡ ᠶᠢᠨ ᠬᠤᠷᠢᠶ᠎ᠠ ᠪᠣᠯᠣᠨ ᠪᠤᠭᠤᠲᠤ ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠬᠠᠮᠲᠤᠷᠠᠨ ᠰᠠᠭᠤᠵᠤ | ᠡᠮᠨᠡᠭᠦᠯᠬᠦ ᠠᠵᠢᠯᠯᠠᠭ᠎ᠠ ᠶᠢ ᠥᠷᠨᠢᠭᠦᠯᠵᠦ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠡᠬᠢ | ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠨ᠂ ᠰᠢᠭᠤᠶᠢᠲᠤ ᠲᠣᠭᠤᠷᠢᠭ ᠤᠨ ᠣᠯᠠᠨ ᠲᠦᠮᠡᠨ ᠳᠤ ᠴᠢᠨᠠᠷ | ᠰᠠᠶᠢᠲᠠᠢ ᠦᠢᠯᠡᠴᠢᠯᠡᠪᠡ᠃ | | ᠡᠮᠨᠡᠯᠭᠡ ᠳᠤ ᠰᠠᠭᠤᠵᠤ ᠡᠮᠨᠡᠭᠦᠯᠬᠦ ᠬᠤᠭᠤᠴᠠᠭᠠᠨ ᠳᠤ᠂ ᠪᠤᠭᠤᠲᠤ ᠬᠤᠲᠠ ᠶᠢᠨ ᠬᠠᠪᠤᠳᠠᠷ ᠤᠨ ᠡᠮᠨᠡᠯᠭᠡ ᠶᠢᠨ | ᠬᠤᠷᠢᠶ᠎ᠠ ᠶᠢᠨ ᠬᠥᠬᠦᠨ ᠪᠤᠯᠴᠢᠷᠬᠠᠶ ᠶᠢᠨ ᠭᠠᠳᠠᠷ ᠡᠮᠨᠡᠯᠭᠡ᠂ ᠡᠮᠡᠭᠲᠡᠶ ᠶᠢᠨ ᠬᠠᠪᠤᠳᠠᠷ ᠤᠨ ᠰᠠᠯᠠᠭ᠎ᠠ᠂ ᠬᠡᠲᠦ ᠳᠠᠭᠤᠨ ᠤ | ᠰᠠᠯᠠᠭ᠎ᠠ᠂ ᠰᠢᠯᠭᠠᠨ ᠪᠠᠶᠢᠴᠠᠭᠠᠬᠤ ᠰᠠᠯᠠᠭ᠎ᠠ᠂ ᠬᠠᠪᠤᠳᠠᠷ ᠢ ᠰᠡᠷᠭᠡᠶᠢᠯᠡᠬᠦ ᠰᠠᠯᠠᠭᠠᠨ ᠤ ᠲᠤᠰᠬᠠᠶ ᠮᠡᠷᠭᠡᠵᠢᠯᠲᠡᠨ | ᠣᠷᠭᠢᠯᠤᠮ᠎ᠠ ᠬᠠᠯᠠᠭᠤᠨ ᠰᠡᠳᠬᠢᠯᠭᠡ ᠪᠠ ᠬᠠᠷᠢᠭᠤᠴᠠᠯᠭᠠᠲᠤ ᠣᠪᠣᠷ ᠢᠶᠠᠷ ᠡᠪᠡᠳᠴᠢᠨ ᠦᠵᠡᠭᠦᠯᠬᠦ ᠰᠠᠭᠤᠭᠠᠯᠢ | ᠠᠷᠠᠳ ᠤᠨ ᠡᠯ᠎ᠡ ᠵᠦᠢᠯ ᠤᠨ ᠠᠰᠠᠭᠤᠳᠠᠯ ᠢ ᠬᠦᠯᠢᠴᠡᠩᠭᠦᠶ ᠪᠠᠷ ᠨᠠᠷᠢᠨ ᠨᠢᠮᠪᠠᠶ ᠬᠠᠷᠢᠭᠤᠯᠵᠤ᠂ ᠰᠠᠭᠤᠭᠠᠯᠢ ᠠᠷᠠᠳ ᠲᠤ | ᠪᠡᠶ᠎ᠡ ᠮᠠᠬᠠᠪᠣᠳ ᠤᠨ ᠪᠠᠶᠢᠴᠠᠭᠠᠯᠲᠠ ᠪᠠ ᠡᠪᠡᠳᠴᠢᠨ ᠤ ᠪᠠᠶᠢᠳᠠᠯ ᠢ ᠨᠠᠷᠢᠨ ᠵᠠᠳᠠᠯᠬᠤ ᠶᠢᠨ ᠬᠠᠮᠲᠤ ᠰᠠᠭᠤᠭᠠᠯᠢ | ᠠᠷᠠᠳ ᠤᠨ ᠲᠣᠰ ᠪᠡᠶ᠎ᠡ ᠶᠢᠨ ᠪᠠᠶᠢᠳᠠᠯ ᠢ ᠦᠨᠳᠦᠰᠦᠯᠡᠨ ᠡᠷᠡᠭᠦᠯ ᠮᠡᠨᠳᠦ ᠶᠢᠨ ᠵᠢᠯᠣᠭᠤᠳᠣᠯᠭ᠎ᠠ ᠪᠠ ᠡᠮᠴᠢᠯᠡᠭᠡᠨ ᠤ | ᠰᠠᠨᠠᠭᠤᠯᠭ᠎ᠠ ᠣᠯᠭᠤᠨ᠎ᠠ᠃ | | ᠳᠠᠷᠠᠭ᠎ᠠ ᠠᠯᠬᠤᠮ ᠳᠤ᠂ ᠲᠣᠭᠤᠷᠢᠭ ᠤᠨ ᠡᠮᠨᠡᠯᠭᠡ ᠶᠢᠨ ᠬᠤᠷᠢᠶ᠎ᠠ ᠪᠤᠭᠤᠲᠤ ᠬᠤᠲᠠ ᠶᠢᠨ ᠬᠠᠪᠤᠳᠠᠷ | ᠡᠪᠡᠳᠴᠢᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠡᠷᠭᠢᠨ | ᠲᠣᠭᠤᠷᠢᠨ ᠤ ᠠᠷᠠᠳ ᠢᠷᠭᠡᠳ ᠲᠤ ᠡᠮᠨᠡᠯᠭᠡ ᠶᠢᠨ ᠬᠤᠷᠢᠶᠠᠨ ᠤ ᠳᠣᠲᠣᠨᠣ ᠦᠢᠯᠡᠴᠢᠯᠡᠭᠡ ᠶᠢ ᠦᠷᠭᠦᠯᠵᠢᠯᠡᠨ | ᠬᠦᠷᠲᠡᠭᠡᠵᠦ᠂ ᠲᠣᠭᠤᠷᠢᠭ ᠤᠨ ᠡᠮᠨᠡᠯᠭᠡ ᠶᠢᠨ ᠬᠤᠷᠢᠶᠠᠨ ᠳᠤ ᠣᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ | ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃ |