ᠨᠠᠰᠤᠲᠠᠨ ᠢ ᠬᠠᠯᠠᠮᠵᠢᠯᠠᠨ ᠬᠠᠶᠢᠷᠠᠯᠠᠵᠤ ᠡᠷᠡᠭᠦᠯ ᠮᠡᠨᠳᠦ ᠶᠢ ᠬᠠᠮᠠᠭᠠᠯᠠᠬᠤ
ᠨᠡᠶᠢᠲᠡᠯᠡᠭᠰᠡᠨ ᠴᠠᠭ᠄
2024/7/5
        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠤᠱᠯᠠᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠡᠷᠡᠭᠦᠯ ᠮᠡᠨᠳᠦ ᠶᠢᠨ ᠦᠢᠯᠡᠴᠢᠯᠡᠭᠡ ᠶᠢ ᠭᠡᠷ ᠤᠨ ᠡᠭᠦᠳᠡᠨ ᠳᠤ ᠬᠦᠷᠭᠡᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠨᠠᠩ ᠲᠥᠬᠦᠮ ᠪᠣᠯᠭᠠᠬᠤ ᠶᠢᠨ ᠲᠥᠯᠥᠭᠡ᠂ 6 ᠰᠠᠷ᠎ᠠ ᠶᠢᠨ 13 ᠤ ᠡᠳᠦᠷ᠂ ᠰᠢᠭᠤᠶᠢᠲᠤ ᠲᠣᠭᠤᠷᠢᠭ ᠤᠨ ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠨᠣᠣ ᠪᠦᠦ ᠭᠧᠦ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠦᠷᠴᠦ ︽ᠡᠮᠴᠢᠯᠡᠭᠡᠨ ᠤ ᠬᠠᠮ ᠲᠡᠷᠭᠡ ᠶᠢᠨ ᠡᠷᠡᠭᠦᠯ ᠮᠡᠨᠳᠦ ᠰᠢᠭᠤᠶᠢᠲᠤ ᠲᠣᠭᠤᠷᠢᠭ︾ ᠵᠢᠴᠢ ᠨᠠᠰᠤᠲᠠᠶᠢᠴᠤᠳ ᠢ ᠬᠠᠯᠠᠮᠵᠢᠯᠠᠵᠤ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠵᠢᠴᠢ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯᠯᠠᠭ᠎ᠠ ᠥᠷᠨᠢᠭᠦᠯᠪᠡ᠃
1718353932134064875.png
        ᠡᠮᠨᠡᠯᠭᠡ ᠶᠢᠨ ᠠᠵᠢᠯᠲᠠᠳ ᠲᠤᠬᠠᠢ ᠶᠢᠨ ᠲᠠᠯᠠᠪᠤᠷ ᠲᠤ ᠬᠦᠷᠦᠭᠰᠡᠨ ᠨᠠᠰᠤᠲᠠᠶᠢᠴᠤᠳ ᠲᠤ ᠡᠯᠢᠭᠡᠨ ᠴᠢᠳᠠᠮᠵᠢ᠂ ᠪᠥᠭᠡᠷ᠎ᠡ ᠶᠢᠨ ᠴᠢᠳᠠᠮᠵᠢ᠂ ᠴᠢᠰᠤᠨ ᠰᠢᠬᠢᠷ᠂ ᠴᠢᠰᠤᠨ ᠥᠭᠡᠬᠦ᠂ ᠴᠢᠰᠤᠨ ᠤ ᠵᠤᠷᠰᠢᠯ᠂ ᠰᠢᠭᠡᠰᠦᠨ ᠵᠤᠷᠰᠢᠯ᠂ ᠴᠢᠰᠤᠨ ᠳᠠᠷᠤᠯᠲᠠ᠂ ᠵᠢᠷᠦᠬᠡᠨ ᠤ ᠯᠤᠭᠰᠢᠯᠲᠠ ᠶᠢᠨ ᠵᠢᠷᠤᠭ᠂ B ᠬᠡᠲᠦ ᠳᠣᠯᠭᠢᠶᠠᠨ᠂ ᠬᠢᠲᠠᠳ ᠡᠮᠨᠡᠯᠭᠡ ᠶᠢᠨ ᠢᠯᠭᠠᠨ ᠲᠠᠨᠢᠬᠤ ᠵᠡᠷᠭᠡ ᠲᠥᠷᠥᠯ ᠵᠦᠢᠯ ᠤᠨ ᠪᠠᠶᠢᠴᠠᠭᠠᠯᠲᠠ ᠥᠷᠨᠢᠭᠦᠯᠬᠦ ᠶᠢᠨ ᠬᠠᠮᠲᠤ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ︽ᠨᠢᠭᠡ ᠳᠤ ᠨᠢᠭᠡ︾ ᠶᠢᠨ ᠣᠨᠣᠰᠢᠯᠠᠨ ᠡᠮᠨᠡᠬᠦ ᠦᠢᠯᠡᠴᠢᠯᠡᠭᠡ ᠥᠷᠨᠢᠭᠦᠯᠵᠦ᠂ ᠨᠠᠰᠤᠲᠠᠶᠢᠴᠤᠳ ᠤᠨ ᠡᠳᠦᠷ ᠲᠤᠲᠤᠮ ᠤᠨ ᠡᠮ ᠬᠡᠷᠡᠭᠯᠡᠬᠦ ᠪᠠ ᠡᠳᠦᠷ ᠲᠤᠲᠤᠮ ᠤᠨ ᠠᠮᠢᠳᠤᠷᠠᠯ ᠤᠨ ᠠᠩᠬᠠᠷᠬᠤ ᠵᠦᠢᠯᠡᠰ ᠢ ᠵᠢᠯᠣᠭᠤᠳᠪᠠ᠃ ᠳᠠᠷᠠᠭ᠎ᠠ ᠨᠢ᠂ ᠡᠮᠨᠡᠯᠭᠡ ᠶᠢᠨ ᠠᠵᠢᠯᠲᠠᠳ ᠨᠠᠰᠤᠲᠠᠶᠢᠴᠤᠳ ᠲᠠᠢ ᠵᠣᠭᠤᠭᠳᠠᠬᠤ ᠶᠢᠨ ᠳᠠᠭᠠᠤ ᠨᠠᠰᠤᠲᠠᠶᠢᠴᠤᠳ ᠤᠨ ᠳᠤᠮᠳᠠ ᠠᠮᠠᠷᠬᠠᠨ ᠢᠯᠡᠷᠡᠭᠰᠡᠨ ᠭᠠᠭᠴᠠᠭᠠᠷᠳᠠᠬᠤ᠂ ᠬᠡᠢ ᠬᠦᠰᠡᠯ᠂ ᠭᠠᠩᠰᠠᠷᠠᠬᠤ᠂ ᠬᠡᠲᠦᠷᠡᠬᠦ᠂ ᠰᠡᠵᠢᠭ ᠲᠠᠢ ᠵᠡᠷᠭᠡ ᠰᠡᠳᠬᠢᠴᠡ ᠶᠢᠨ ᠲᠠᠯ᠎ᠠ ᠶᠢᠨ ᠠᠰᠠᠭᠤᠳᠠᠯ ᠤᠨ ᠢᠯᠡᠷᠡᠬᠦ ᠬᠡᠯᠪᠡᠷᠢ ᠶᠢ ᠲᠠᠶᠢᠯᠪᠤᠷᠢᠯᠠᠵᠤ᠂ ᠨᠠᠰᠤᠲᠠᠶᠢᠴᠤᠳ ᠢ ᠬᠥᠲᠥᠯᠥᠨ ᠵᠢᠯᠤᠭᠤᠳᠴᠤ ᠪᠠᠶᠢᠭᠠᠳ ᠥᠪᠡᠷ ᠤᠨ ᠳᠤᠷ᠎ᠠ ᠰᠣᠨᠢᠷᠬᠠᠯ ᠢ ᠬᠥᠮᠥᠵᠢᠭᠦᠯᠵᠦ᠂ ᠵᠢᠮ᠎ᠡ ᠶᠣᠰᠣᠨ ᠤ ᠠᠮᠢᠳᠤᠷᠠᠯ ᠤᠨ ᠠᠶᠢᠵᠠᠮ ᠢ ᠪᠠᠲᠤᠯᠠᠵᠤ᠂ ᠵᠣᠬᠢᠰᠲᠠᠢ ᠬᠥᠳᠡᠯᠭᠡᠭᠡᠨ ᠬᠢᠯᠭᠡᠵᠦ᠂ ᠪᠤᠬᠢᠨᠢᠳᠤᠵᠤ ᠪᠠᠶᠢᠭ᠎ᠠ ᠤᠴᠢᠷ ᠶᠠᠪᠤᠳᠠᠯ ᠢ ᠲᠥᠷᠥᠯ ᠰᠠᠳᠤᠨ᠂ ᠨᠠᠶᠢᠵᠠ ᠨᠠᠷ ᠲᠠᠢ ᠨᠡᠪᠲᠡᠷᠡᠯᠴᠡᠭᠦᠯᠬᠦ ᠶᠢᠨ ᠬᠠᠮᠲᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠴᠢᠬᠤᠯᠠ ᠴᠢᠨᠠᠷ᠂ ᠨᠠᠰᠤᠲᠠᠶᠢᠴᠤᠳ ᠤᠨ ᠦᠷᠭᠦᠯᠵᠢ ᠲᠣᠬᠢᠶᠠᠯᠳᠤᠳᠠᠭ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠳᠠᠯ᠂ ᠢᠯᠡᠷᠡᠯ ᠢᠯᠡᠷᠡᠯ ᠵᠢᠴᠢ ᠢᠳᠡᠪᠬᠢᠲᠡᠢ ᠠᠷᠭᠠᠴᠠᠬᠤ ᠠᠷᠭ᠎ᠠ ᠪᠣᠳᠣᠯᠭ᠎ᠠ ᠵᠡᠷᠭᠡ ᠲᠠᠯ᠎ᠠ ᠠᠴᠠ ᠨᠠᠰᠤᠲᠠᠶᠢᠴᠤᠳ ᠢ ᠵᠢᠯᠣᠭᠤᠳᠤᠨ ᠨᠠᠵᠠᠭᠠᠢ ᠲᠠᠯ᠎ᠠ ᠶᠢᠨ ᠤᠷᠮ᠎ᠠ ᠰᠡᠳᠬᠢᠯᠭᠡ ᠶᠢ ᠬᠡᠷᠬᠢᠨ ᠵᠥᠪ ᠲᠠᠨᠢᠵᠤ ᠲᠣᠬᠢᠷᠠᠭᠤᠯᠬᠤ ᠬᠡᠷᠡᠭᠲᠡᠢ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 20 ᠭᠠᠷᠤᠢ ᠬᠥᠮᠥᠨ ᠤ ᠪᠡᠶ᠎ᠡ ᠶᠢᠨ ᠪᠠᠶᠢᠴᠠᠭᠠᠯᠲᠠ ᠬᠢᠵᠦ᠂ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠶᠢ 60 ᠭᠠᠷᠤᠢ ᠬᠤᠪᠢ ᠲᠠᠷᠬᠠᠭᠠᠵᠤ᠂ ᠬᠠᠷᠢᠶᠠᠲᠤ ᠣᠷᠣᠨ ᠤ ᠨᠠᠰᠤᠲᠠᠶᠢᠴᠤᠳ ᠲᠤ 40 ᠭᠠᠷᠤᠢ ᠬᠤᠪᠢ ᠡᠷᠡᠭᠦᠯ ᠮᠡᠨᠳᠦ ᠶᠢᠨ ᠬᠥᠮᠦᠵᠢᠯ ᠤᠨ ᠤᠬᠠᠭᠤᠯᠭ᠎ᠠ ᠬᠥᠮᠦᠵᠢᠯ ᠤᠨ ᠡᠳ᠋ ᠲᠠᠷᠬᠠᠭᠠᠪᠠ᠃
1718353942954026601.png
        ᠲᠠᠷᠠᠭᠠᠴᠢ ᠶᠢᠨ ᠠᠯᠬᠤᠮ ᠳᠤ᠂ ᠪᠡᠳᠬᠡᠷ ᠵᠤᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠡᠶᠢᠮᠦᠷᠬᠦᠦ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠨᠡᠩ ᠤᠯᠠᠨ ᠰᠢᠯᠢᠳᠡᠭ ᠡᠮᠴᠢᠯᠡᠭᠡᠨ ᠤ ᠦᠢᠯᠡᠴᠢᠯᠡᠭᠡ ᠶᠢ ᠨᠠᠰᠤᠲᠠᠶᠢᠴᠤᠳ ᠤᠨ ᠳᠡᠷᠭᠡᠳᠡ ᠬᠦᠷᠭᠡᠵᠦ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ︽ᠡᠭᠦᠳᠡ ᠰᠠᠬᠢᠭᠴᠢ ᠬᠥᠮᠥᠨ︾ ᠢ ᠰᠠᠶᠢᠲᠤᠷ ᠬᠢᠬᠦ ᠪᠣᠯᠣᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号