ᠰᠢᠭᠤᠶᠢᠲᠤ ᠲᠣᠭᠤᠷᠢᠭ ᠤᠨ ᠰᠢᠭᠤᠶᠢᠲᠤ ᠬᠡᠷᠡᠭ ᠡᠷᠭᠢᠯᠡᠭᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠭᠡᠷ ᠪᠦᠯᠢ ᠶᠢᠨ ᠡᠮᠴᠢ ᠶᠢ ᠭᠡᠷ ᠲᠦᠨᠢ ᠬᠦᠷᠭᠡᠵᠦ ᠣᠴᠢᠭᠤᠯᠤᠨ ᠭᠡᠷ ᠪᠦᠯᠢ ᠶᠢᠨ ᠡᠮᠴᠢ ᠶᠢᠨ ᠡᠭᠦᠳᠡ ᠪᠠᠷ ᠣᠷᠣᠵᠤ ᠪᠠᠷᠠᠭᠠᠳᠠᠨ ᠳᠠᠭᠠᠵᠤ ᠰᠤᠷᠪᠤᠯᠵᠢᠯᠠᠬᠤ ᠶᠢ  ᠥᠷᠨᠢᠭᠦᠯᠪᠡ
ᠨᠡᠶᠢᠲᠡᠯᠡᠭᠰᠡᠨ ᠴᠠᠭ᠄
2024/7/5
        ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠦᠨᠡᠨᠬᠦ ᠪᠣᠳᠠᠲᠠᠢ ᠪᠤᠯᠭᠠᠬᠤ ᠶᠢᠨ ᠲᠥᠯᠥᠭᠡ᠂ ᠪᠣᠳᠠᠲᠠᠶᠢᠵᠢᠭᠤᠯᠤᠭᠰᠠᠨ ᠠᠴᠠ ᠨᠠᠰᠢ᠂ ᠰᠢᠭᠤᠶᠢᠲᠤ ᠲᠣᠭᠤᠷᠢᠭ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡᠨ ᠤ ᠪᠦᠯᠭᠦᠮ ᠨᠡᠶᠢᠲᠡ ᠶᠢᠨ ᠴᠢᠰᠤᠨ ᠳᠠᠷᠤᠯᠲᠠ ᠶᠢᠨ ᠬᠡᠮᠵᠢᠭᠦᠷ᠂ ᠴᠢᠩᠨᠠᠭᠤᠷ᠂ ᠴᠢᠰᠤᠨ ᠰᠢᠬᠢᠷ ᠤᠨ ᠬᠡᠮᠵᠢᠭᠦᠷᠯᠢᠭ ᠵᠡᠷᠭᠡ ᠲᠥᠬᠦᠭᠡᠷᠦᠮᠵᠢ ᠶᠢ ᠠᠪᠴᠤ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠬᠠᠷᠢᠶ᠎ᠠ ᠲᠣᠭᠤᠷᠢᠭ ᠤᠨ ᠥᠨᠳᠥᠷ ᠨᠠᠰᠤᠲᠠᠢ ᠭᠠᠭᠴᠠᠭᠠᠷ ᠰᠠᠭᠤᠭ᠎ᠠ ᠨᠠᠰᠤᠲᠠᠳ ᠲᠤ ᠡᠷᠦᠭᠡ ᠪᠣᠯᠭᠠᠨ ᠳᠤ ᠬᠦᠷᠴᠦ ᠮᠥᠷᠳᠡᠨ ᠪᠠᠶᠢᠴᠠᠭᠠᠯᠲᠠ ᠬᠢᠵᠦ ᠡᠮ ᠡᠮᠨᠡᠯᠭᠡ ᠶᠢᠨ ᠬᠦᠷᠭᠡᠬᠦ ᠠᠵᠢᠯ ᠢ ᠥᠷᠨᠢᠭᠦᠯᠦᠭᠰᠡᠨ ᠪᠠᠶᠢᠨ᠎ᠠ᠃ 
1719910501656065928.png
        ᠬᠥᠳᠡᠯᠬᠦ ᠳᠤ ᠳᠥᠭᠦᠮ ᠦᠭᠡᠢ ᠳ᠋ᠦ᠋ ᠡᠯ ᠯᠢᠶᠠᠨ ᠲᠣᠯᠣᠭᠠᠢ ᠡᠷᠭᠢᠵᠦ ᠭᠡᠷ ᠠᠴᠠ ᠭᠠᠷᠴᠤ ᠳᠡᠶᠢᠯᠭᠦ ᠦᠭᠡᠢ ᠪᠣᠯᠬᠤᠷ᠂  ᠮᠠᠨ ᠤ ᠲᠥᠪ ᠤᠨ ᠭᠡᠷ ᠪᠦᠯᠢ ᠶᠢᠨ ᠡᠮᠴᠢ ᠲᠠᠢ ᠬᠠᠷᠢᠯᠴᠠᠵᠤ᠂  ᠡᠮᠴᠢ ᠤᠲᠠᠰᠤ ᠳᠤᠰᠤᠭᠰᠠᠨ ᠤ ᠳᠠᠷᠠᠭ᠎ᠠ᠂ ᠬᠠᠮᠤᠭ ᠲᠦᠷᠦᠭᠦᠨ ᠳᠤ ᠨᠠᠰᠤᠲᠠᠨ ᠤ ᠬᠡᠷᠡᠭᠰᠡᠬᠦ ᠡᠮ ᠤᠨ ᠵᠦᠢᠯᠡᠰ ᠢ ᠬᠤᠳᠠᠯᠳᠤᠨ ᠠᠪᠴᠤ᠂ ᠡᠮ ᠤᠨ ᠵᠦᠢᠯᠡᠰ ᠢ ᠴᠠᠭ ᠲᠤᠬᠠᠢ ᠳᠤᠨᠢ ᠭᠡᠷ ᠲᠤᠨᠢ ᠬᠦᠷᠭᠡᠵᠦ᠂ ᠨᠠᠰᠤᠲᠠᠨ ᠢ ᠵᠢᠯᠣᠭᠤᠳᠤᠨ ᠡᠮ ᠤᠨ ᠵᠦᠢᠯᠡᠰ ᠢ ᠬᠡᠷᠡᠭᠯᠡᠬᠦ ᠶᠢᠨ ᠬᠠᠮᠲᠤ᠂ ᠨᠠᠰᠤᠲᠠᠶᠢᠴᠤᠳ ᠲᠤ ᠴᠢᠰᠤᠨ ᠳᠠᠷᠤᠯᠲᠠ ᠶᠢᠨ ᠴᠢᠰᠤᠨ ᠰᠢᠬᠢᠷ ᠢ ᠬᠡᠮᠵᠢᠨ ᠥᠭᠴᠦ᠂ ᠨᠠᠰᠤᠲᠠᠨ ᠤ ᠣᠶᠢᠷ᠎ᠠ ᠶᠢᠨ ᠬᠤᠭᠤᠴᠠᠭᠠᠨ ᠳᠠᠬᠢ ᠪᠡᠶ᠎ᠡ ᠮᠠᠬᠠᠪᠤᠳ ᠤᠨ ᠪᠠᠶᠢᠳᠠᠯ ᠪᠠ ᠢᠳᠡᠭᠡᠨ ᠤᠮᠳᠠᠭᠠᠨ᠂ ᠬᠥᠳᠡᠯᠭᠡᠭᠡᠨ᠂ ᠤᠳᠠᠭᠠᠨ ᠴᠢᠨᠠᠷᠲᠠᠢ ᠡᠪᠡᠳᠴᠢᠨ ᠤ ᠡᠮ ᠬᠡᠷᠡᠭᠯᠡᠵᠦ ᠪᠠᠶᠢᠭ᠎ᠠ ᠪᠠᠶᠢᠳᠠᠯ ᠢ ᠨᠠᠷᠢᠨ ᠨᠢᠮᠪᠠᠢ ᠯᠠᠪᠯᠠᠨ ᠠᠰᠠᠭᠤᠪᠠ᠃ ᠳᠠᠷᠠᠭ᠎ᠠ ᠨᠢ᠂  ᠮᠠᠨ  ᠤ ᠲᠥᠪ ᠵᠡᠭᠡᠯᠢ ᠭᠤᠳᠤᠮᠵᠢ ᠶᠢᠨ ᠬᠡᠷᠡᠭ ᠡᠷᠭᠢᠯᠡᠭᠦ ᠭᠠᠵᠠᠷ ᠲᠠᠢ ᠬᠤᠯᠪᠤᠭ᠎ᠠ ᠠᠪᠴᠤ᠂ ᠨᠠᠰᠤᠲᠠᠶᠢᠴᠤᠳ ᠤᠨ ᠪᠠᠶᠢᠳᠠᠯ ᠢ ᠮᠡᠳᠡᠭᠳᠡᠵᠦ᠂ ᠠᠵᠢᠯᠲᠠᠳ ᠤᠨ ᠴᠠᠭ ᠢᠮᠠᠭᠲᠠ ᠠᠩᠬᠠᠷᠴᠤ᠂ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠵᠢᠴᠢ ᠠᠮᠤᠷ ᠲᠦᠪᠰᠢᠨ ᠢ ᠪᠠᠲᠤᠯᠠᠵᠤ ᠪᠤᠢ᠃          ᠬᠡᠪᠲᠡᠯᠭᠡ ᠳᠡᠭᠡᠷᠡᠬᠢ ᠨᠠᠰᠤᠲᠠᠨ ᠯᠢᠦ ᠰᠢᠨ ᠬᠥᠯ ᠨᠢ ᠳᠥᠭᠦᠮ ᠦᠭᠡᠢ ᠠᠴᠠ ᠪᠣᠯᠵᠤ᠂ ᠮᠠᠨ ᠤ ᠲᠥᠪ ᠤᠨ ᠭᠡᠷ ᠪᠦᠯᠢ ᠶᠢᠨ ᠡᠮᠴᠢ ᠡᠷᠦᠭᠡ ᠳᠤ ᠬᠦᠷᠴᠦ ᠴᠢᠰᠤᠨ ᠳᠠᠷᠤᠯᠲᠠ ᠪᠠ ᠰᠢᠬᠢᠷ ᠢ ᠬᠡᠮᠵᠢᠨ ᠪᠠᠶᠢᠴᠠᠭᠠᠵᠤ᠂ ᠪᠠᠰᠠ ᠲᠡᠭᠦᠨ ᠤ ᠡᠮ ᠤᠤᠭᠤᠬᠤ᠂ ᠢᠳᠡᠭᠡᠨ ᠤᠮᠳᠠᠭᠠᠨ ᠢ ᠵᠥᠪ ᠣᠨᠣᠪᠴᠢᠲᠠᠢ ᠤᠤᠭᠤᠬᠤ ᠶᠢ ᠬᠦᠯᠢᠴᠡᠩᠭᠦᠢ ᠪᠠᠷ ᠵᠢᠯᠣᠭᠤᠳᠤᠨ ᠵᠢᠯᠤᠭᠤᠳᠴᠤ᠂ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠪᠡᠶ᠎ᠡ ᠶᠢᠨ ᠬᠠᠯᠠᠭᠤᠨ ᠢ ᠬᠡᠮᠵᠢᠬᠦ᠂ ᠴᠢᠰᠤᠨ ᠳᠠᠷᠤᠯᠲᠠ ᠶᠢ ᠬᠡᠮᠵᠢᠬᠦ ᠪᠠ ᠰᠤᠳᠠᠯ ᠤᠨ ᠯᠤᠭᠰᠢᠯᠲᠠ ᠵᠡᠷᠭᠡ ᠳᠥᠭᠦᠮ ᠡᠷᠡᠭᠦᠯ ᠮᠡᠨᠳᠦ ᠶᠢᠨ ᠮᠡᠷᠭᠡᠵᠢᠯ ᠢ ᠵᠢᠭᠠᠵᠤ ᠥᠭᠴᠡᠢ᠃ 
1719910514359097121.png
        ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠦᠢᠯᠡᠴᠢᠯᠡᠬᠦ ᠪᠣᠯ ᠣᠯᠠᠨ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠮᠥᠨ᠂ ᠭᠡᠷ ᠪᠦᠯᠢ ᠶᠢᠨ ᠡᠮᠴᠢ ᠶᠢᠨ ᠡᠷᠦᠬᠡ ᠳᠤ ᠬᠦᠷᠴᠦ ᠳᠠᠭᠠᠵᠤ ᠰᠤᠷᠪᠤᠯᠵᠢᠯᠠᠬᠤ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠭᠡᠷ ᠠᠴᠠ ᠪᠠᠨ ᠭᠠᠷᠬᠤ ᠦᠭᠡᠢ ᠪᠠᠷ ᠲᠥᠬᠦᠮ ᠪᠥᠭᠡᠳ ᠳᠣᠲᠣᠨᠣ ᠰᠡᠳᠬᠢᠯ ᠪᠦᠬᠦᠢ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠦᠷᠲᠡᠭᠡᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号