ᠠᠵᠢᠯ ᠠᠴᠠ ᠪᠣᠯᠤᠭᠰᠠᠨ ᠭᠡᠮᠲᠦᠯ ᠢ  ᠮᠠᠭᠠᠳᠯᠠᠬᠤ ᠶᠢ ᠬᠤᠷᠳᠤᠳᠬᠠᠵᠤ ᠣᠯᠠᠨ ᠲᠦᠮᠡᠨ ᠰᠡᠳᠬᠢᠯ ᠠᠮᠤᠷ ᠮᠥᠷᠲᠡᠭᠡᠨ ᠬᠦᠴᠦ ᠠᠷᠪᠢᠯᠠᠨ᠎ᠠ
ᠨᠡᠶᠢᠲᠡᠯᠡᠭᠰᠡᠨ ᠴᠠᠭ᠄
2024/7/5
        ︽ᠠᠵᠢᠯ ᠠᠴᠠ ᠪᠣᠯᠤᠭᠰᠠᠨ ᠭᠡᠮᠲᠦᠯ ᠢ ᠨᠤᠲᠠᠯᠠᠨ ᠵᠥᠪᠰᠢᠶᠡᠷᠡᠬᠦ ᠡᠨᠡᠬᠦ ᠭᠤᠶᠤᠴᠢᠯᠠᠯ ᠢ ᠲᠡᠷᠡ ᠡᠳᠦᠷ  ᠲᠤ ᠪᠠᠨ ᠭᠠᠷᠴᠢᠬᠠᠯ᠎ᠠ᠂ ᠬᠤᠷᠳᠤᠴᠠ ᠲᠦᠷᠭᠡᠨ ᠭᠡᠳᠡᠭ ᠨᠢ ᠪᠢ ᠪᠦᠷ ᠢᠲᠡᠭᠡᠵᠦ ᠶᠠᠳᠠᠨ᠎ᠠ︾ ᠣᠶᠢᠷ᠎ᠠ ᠳᠤ᠂  ᠰᠢᠭᠤᠶᠢᠲᠤ ᠲᠣᠭᠤᠷᠢᠭ ᠤᠨ ᠨᠢᠭᠡᠨ ᠠᠵᠤ ᠠᠬᠤᠶᠢᠯᠠᠯ ᠰᠠᠶ᠋ᠢᠬᠠᠨ ᠲᠠᠮᠠᠭ᠎ᠠ ᠳᠠᠷᠤᠭᠰᠠᠨ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ ᠲᠣᠭᠲᠠᠭᠠᠯ ᠤᠨ ᠪᠢᠴᠢᠭ ᠢᠶᠠᠨ ᠠᠪᠴᠤ᠂ ᠥᠪᠡᠷ ᠤᠨ ᠡᠷᠬᠡ ᠦᠭᠡᠢ ᠳᠣᠬᠳᠣᠯᠤᠬᠰᠠᠨ ᠢᠶᠠᠨ ᠮᠡᠳᠡᠷᠡᠵᠦ᠂ ᠠᠵᠢᠯ ᠠᠴᠠ ᠪᠣᠯᠤᠭᠰᠠᠨ ᠭᠡᠮᠲᠦᠯ ᠢ ᠨᠤᠲᠠᠯᠠᠨ ᠲᠣᠭᠲᠠᠭᠠᠬᠤ ᠠᠴᠠ ᠨᠢᠭᠡᠯᠡ ᠡᠳᠦᠷ ᠲᠤ  ᠨᠤᠲᠠᠯᠠᠯᠲᠠ ᠪᠠᠨ ᠠᠪᠤᠴᠢᠬᠠᠯ᠎ᠠ᠃
1719912061329039376.jpeg
        ᠣᠶᠢᠷ᠎ᠠ ᠳᠤ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠠᠴᠠ ᠨᠢᠭᠡ ᠬᠤᠪᠢ ᠮᠠᠲ᠋ᠧᠷᠢᠶᠠᠯ ᠢ ᠪᠦᠷᠢᠨ ᠭᠦᠢᠴᠡᠳ ᠪᠡᠯᠡᠳᠬᠡᠵᠦ᠂ ᠡᠯ᠎ᠡ ᠵᠦᠢᠯ ᠤᠨ ᠭᠡᠷᠡᠴᠢ ᠪᠦᠷᠢᠨ ᠲᠥᠬᠦᠷ ᠠᠵᠢᠯ ᠠᠴᠠ ᠪᠣᠯᠤᠭᠰᠠᠨ ᠭᠡᠮᠲᠦᠯ ᠢ ᠬᠢᠨᠠᠨ ᠲᠣᠭᠲᠠᠭᠠᠬᠤ ᠭᠤᠶᠤᠴᠢᠯᠠᠯ ᠤᠨ  ᠮᠠᠲ᠋ᠧᠷᠢᠶᠠᠯ ᠢ ᠭᠠᠷᠳᠠᠨ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠨᠳᠦᠰᠦᠯᠡᠵᠦ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠣᠯᠠᠨ ᠤᠳᠠᠭ᠎ᠠ ︽ᠰᠦᠯᠵᠢᠶᠡᠨ ᠳᠡᠭᠡᠷ᠎ᠡ + ᠰᠦᠯᠵᠢᠶᠡᠨ ᠳᠣᠣᠷ᠎ᠠ︾ ᠭᠡᠯᠪᠡᠷᠢ ᠪᠠᠷ ᠠᠵᠢᠯ ᠠᠴᠠ ᠪᠣᠯᠤᠭᠰᠠᠨ ᠭᠡᠮᠲᠦᠯ ᠢ ᠬᠢᠨᠠᠨ ᠲᠣᠭᠲᠠᠭᠠᠬᠤ ᠳᠤ ᠬᠡᠷᠡᠭᠰᠡᠬᠦ ᠮᠠᠲ᠋ᠧᠷᠢᠶᠠᠯ ᠵᠢᠴᠢ ᠶᠠᠪᠤᠴᠠ ᠶᠢ ᠮᠡᠳᠡᠭᠦᠯᠵᠦ᠂ ᠲᠡᠷᠡᠴᠢᠯᠡᠨ ᠡᠨᠡᠬᠦ ᠠᠵᠢᠯ ᠠᠴᠠ ᠪᠣᠯᠤᠭᠰᠠᠨ ᠭᠡᠮᠲᠦᠯ ᠢ ᠬᠢᠨᠠᠨ ᠲᠣᠭᠲᠠᠭᠠᠬᠤ ᠭᠤᠶᠤᠴᠢᠯᠠᠯ ᠤᠨ  ᠮᠠᠲ᠋ᠧᠷᠢᠶᠠᠯ ᠢ ᠪᠦᠷᠢᠨ ᠭᠦᠢᠴᠡᠳ ᠪᠡᠯᠡᠳᠬᠡᠵᠦ᠂ ᠡᠯ᠎ᠡ ᠵᠦᠢᠯ ᠤᠨ ᠭᠡᠷᠡᠴᠢ ᠪᠦᠷᠢᠨ ᠭᠦᠢᠴᠡᠳ ᠪᠠᠶᠢᠬᠤ ᠭᠤᠶᠤᠴᠢᠯᠠᠯ ᠢ ᠪᠣᠯ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠬᠠᠮᠤᠭ ᠲᠦᠷᠦᠭᠦᠨ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠭᠡᠷᠡᠴᠢ ᠠᠪᠤᠨ᠎ᠠ᠃ ᠪᠣᠳᠠᠲᠤ ᠶᠠᠪᠤᠳᠠᠯ ᠨᠢ ᠲᠣᠳᠣᠷᠬᠠᠢ᠂ ᠡᠷᠬᠡ ᠡᠭᠦᠷᠭᠡ ᠨᠢ ᠲᠣᠳᠣᠷᠬᠠᠢ ᠪᠠᠶᠢᠭᠰᠠᠨ 15 ᠡᠳᠦᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠨ᠂ ᠨᠢᠭᠡ ᠡᠳᠦᠷ ᠤᠨ ᠳᠣᠲᠣᠷ᠎ᠠ ᠲᠦᠷᠭᠡᠨ ᠳᠠᠭᠤᠰᠬᠠᠳᠠᠭ ᠪᠠᠶᠢᠨ᠎ᠠ᠃ ᠣᠯᠠᠨ ᠲᠦᠮᠡᠨ ᠢ ᠳᠤᠲᠠᠭᠤ ᠭᠦᠶᠦᠯᠭᠡᠵᠦ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠠᠵᠤ ᠠᠬᠤᠶᠢᠯᠠᠯ ᠤᠨ ᠠᠵᠢᠯᠲᠠᠨ ᠠᠵᠢᠯᠴᠢᠳ ᠲᠤ ᠨᠡᠩ ᠰᠠᠶᠢᠨ ᠪᠠᠲᠤᠯᠠᠨ ᠬᠠᠮᠠᠭᠠᠯᠠᠬᠤ ᠶᠢᠨ ᠲᠤᠰᠠᠳᠠ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠨᠢᠭᠤᠷᠳᠠᠨ ᠭᠥᠯᠢᠶᠡᠨ ᠠᠪᠴᠤ ᠰᠢᠢᠳᠪᠦᠷᠢᠯᠡᠬᠦ ᠶᠢ ᠬᠡᠷᠡᠭᠵᠢᠭᠦᠯᠵᠦ᠂ ᠴᠠᠭ ᠲᠤᠬᠠᠢ ᠳᠤᠨᠢ ᠬᠢᠨᠠᠨ ᠵᠥᠪᠰᠢᠶᠡᠷᠡᠵᠦ᠂ ᠰᠢᠭᠤᠳ ᠬᠦᠷᠭᠡᠬᠦ ᠶᠢᠨ ᠬᠠᠮᠲᠤ᠂ ᠬᠠᠮᠤᠭ ᠲᠡᠷᠢᠭᠦᠨ ᠳᠤ ᠠᠵᠢᠯ ᠠᠴᠠ ᠪᠣᠯᠤᠭᠰᠠᠨ ᠭᠡᠮᠲᠦᠯ ᠤᠨ ᠮᠡᠳᠡᠭᠦᠯᠬᠦ ᠮᠠᠲ᠋ᠧᠷᠢᠶᠠᠯ ᠢ ᠬᠠᠮᠲᠤ ᠪᠠᠷ ᠰᠤᠳᠤᠯᠤᠨ ᠶᠠᠷᠢᠯᠴᠠᠵᠤ᠂ ︽ᠳᠥᠭᠦᠮ ᠬᠡᠷᠡᠭ ᠢ ᠲᠦᠷᠭᠡᠨ ᠰᠢᠢᠳᠪᠦᠷᠢᠯᠡᠬᠦ᠂ ᠶᠠᠷᠰᠢᠭ ᠲᠦᠪᠡᠭᠲᠡᠢ ᠬᠡᠷᠡᠭ ᠢ ᠨᠠᠷᠢᠯᠢᠭ ᠰᠢᠢᠳᠪᠦᠷᠢᠯᠡᠬᠦ᠂ ᠬᠦᠴᠢᠷ ᠬᠡᠷᠡᠭ ᠢ ᠴᠢᠩᠭ᠎ᠠ ᠰᠢᠢᠳᠪᠦᠷᠢᠯᠡᠬᠦ︾ ᠠᠵᠢᠯ ᠤᠨ ᠵᠠᠷᠴᠢᠮ ᠢ ᠪᠠᠷᠢᠮᠲᠠᠯᠠᠨ᠂ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠭᠤᠭᠴᠤᠭ᠎ᠠ ᠶᠢ ᠴᠣᠮᠬᠠᠳᠬᠠᠨ᠂ ᠪᠡᠶᠡᠯᠡᠭᠦᠯᠬᠦ ᠶᠠᠪᠤᠴᠠ ᠶᠢ ᠪᠣᠭᠤᠨᠢᠰᠬᠠᠵᠤ᠂ ᠮᠠᠭᠠᠳᠯᠠᠨ ᠲᠣᠭᠲᠠᠭᠠᠬᠤ ᠶᠠᠪᠤᠴᠠ ᠶᠢ ᠠᠯᠢ ᠪᠣᠯᠬᠤᠶᠢᠴᠠ ᠲᠦᠷᠭᠡᠳᠬᠡᠵᠦ ᠂ ᠠᠵᠢᠯ ᠠᠴᠠ ᠪᠣᠯᠤᠭᠰᠠᠨ ᠭᠡᠮᠲᠦᠯ ᠤᠨ ᠬᠡᠷᠡᠭ ᠢ ᠮᠠᠭᠠᠳᠯᠠᠨ ᠲᠣᠭᠲᠠᠭᠠᠬᠤ ᠶᠠᠰᠤ ᠴᠢᠨᠠᠷ ᠦᠷ᠎ᠡ ᠪᠦᠲᠦᠮᠵᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃         ᠣᠳᠣᠬᠠᠨ ᠪᠤᠯᠲᠠᠯ᠎ᠠ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠠᠵᠢᠯ ᠠᠴᠠ ᠪᠣᠯᠤᠭᠰᠠᠨ ᠭᠡᠮᠲᠦᠯ ᠤᠨ ᠭᠤᠶᠤᠴᠢᠯᠠᠯ ᠢ 41 ᠭᠥᠯᠢᠶᠡᠨ ᠠᠪᠴᠤ ᠰᠢᠢᠳᠪᠦᠷᠢᠯᠡᠵᠦ᠂ ᠠᠵᠢᠯ ᠠᠴᠠ ᠪᠣᠯᠤᠭᠰᠠᠨ ᠭᠡᠮᠲᠦᠯ 36 ᠪᠠᠶᠢᠨ᠎ᠠ᠃ ᠳᠠᠷᠠᠭ᠎ᠠ ᠠᠯᠬᠤᠮ ᠳᠤ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠦᠷᠭᠦᠯᠵᠢᠯᠡᠨ ᠨᠡᠩ ᠬᠥᠮᠥᠡᠯᠢᠭ᠂ ᠲᠥᠷᠥᠯ ᠰᠠᠳᠤᠨᠴᠢᠯᠠᠬᠤ ᠦᠢᠯᠡᠴᠢᠯᠡᠭᠡ ᠶᠢ ᠰᠦᠪᠡᠭᠴᠢᠯᠡᠵᠦ᠂ ᠠᠵᠢᠯ ᠠᠴᠠ ᠪᠣᠯᠤᠭᠰᠠᠨ ᠭᠡᠮᠲᠦᠯ ᠢ ᠬᠢᠨᠠᠨ ᠲᠣᠭᠲᠠᠭᠠᠬᠤ ᠶᠠᠪᠤᠴᠠ ᠶᠢ ᠳᠥᠭᠦᠮᠴᠢᠯᠡᠵᠦ᠂ ᠣᠯᠠᠨ ᠲᠦᠮᠡᠨ ᠤ ᠪᠤᠳᠣᠵᠤ ᠪᠠᠶᠢᠭ᠎ᠠ ᠵᠦᠢᠯ ᠢ ᠪᠤᠳᠣᠵᠤ᠂ ᠣᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠶᠠᠭᠠᠷᠠᠵᠤ᠂ ᠰᠢᠷᠬᠠᠲᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠢ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠪᠠᠨ ᠪᠣᠯᠭᠠᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号