ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠶᠢᠭᠤᠯᠭ᠎ᠠ ᠶᠢᠨ ᠨᠠᠮ ᠤᠨ ᠡᠭᠦᠷ ᠨᠢ ᠪᠥᠬᠦ ᠲᠣᠭᠤᠷᠢᠭ ᠤᠨ ︽ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2024/7/5
        7 ᠳ᠋ᠤᠭᠠᠷ ᠰᠠᠷ᠎ᠠ ᠶᠢᠨ 1 ᠤ ᠡᠳᠦᠷ᠂ ᠰᠢᠭᠤᠶᠢᠲᠤ ᠲᠣᠭᠤᠷᠢᠭ ᠤᠨ ᠡᠷᠡᠭᠦᠯ ᠮᠡᠨᠳᠦ ᠶᠢᠨ ᠵᠥᠪᠯᠡᠯ ᠤᠨ ᠪᠠᠶᠢᠭᠤᠯᠤᠯᠭ᠎ᠠ ᠶᠢᠨ ᠨᠠᠮ ᠤᠨ ᠡᠭᠦᠷ  ᠨᠢ ︽ᠳᠡᠪᠰᠢᠯᠲᠡᠲᠦ  ᠦᠨᠳᠦᠰᠦᠨ‌‍ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠪᠠᠷ ᠦᠨᠡᠯᠡᠭᠳᠡᠪᠡ᠃ 
 1719890802929015520.jpg
        ᠣᠶᠢᠷ᠎ᠠ ᠶᠢᠨ ᠵᠢᠯ ᠠᠴᠠ ᠨᠠᠰᠢ᠂ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠶᠢᠭᠤᠯᠭ᠎ᠠ ᠶᠢᠨ ᠨᠠᠮ ᠤᠨ ᠡᠭᠦᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠢᠮᠠᠭᠲᠠ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠨ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠪᠠᠨ ᠪᠠᠲᠤ ᠴᠡᠭᠡᠵᠢᠯᠡᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠰᠢᠭᠤᠶᠢᠲᠤ ᠣᠷᠣᠨ ᠤ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠠᠭᠠᠯᠠᠪᠠ᠃ ᠨᠠᠮ ᠤᠨ ᠪᠠᠶᠢᠭᠤᠯᠤᠯᠲᠠ ᠪᠠᠷ ᠡᠷᠡᠭᠦᠯ ᠬᠠᠮᠠᠭᠠᠯᠠᠯ ᠤᠨ ᠡᠷᠡᠭᠦᠯ ᠴᠢᠭᠢᠷᠠᠭ ᠴᠢᠨᠠᠷ ᠰᠠᠶᠢᠲᠠᠢ ᠬᠥᠭᠵᠢᠯᠲᠡ ᠶᠢ ᠤᠳᠤᠷᠢᠳᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠵᠢᠯᠣᠭᠤᠳᠤᠮᠵᠢ ᠶᠢ ᠲᠠᠰᠤᠷᠠᠯᠲᠠ ᠦᠭᠡᠢ ᠴᠢᠩᠭᠠᠳᠬᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠣᠯᠣᠨ ᠳᠠᠶᠢᠴᠢᠨ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ᠂ ᠡᠮᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠶᠢ ᠪᠦᠭᠦ ᠬᠦᠴᠦ ᠪᠠᠷ ᠢᠶᠠᠨ ᠠᠬᠢᠭᠤᠯᠤᠨ᠎ᠠ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠢᠮᠠᠭᠲᠠ ᠪᠠᠷᠢᠮᠲᠠᠯᠠᠵᠤ᠂ ᠪᠡᠷᠬᠡ ᠰᠡᠳᠦᠪ ᠢ ᠰᠢᠢᠳᠪᠦᠷᠢᠯᠡᠨ ᠬᠦᠴᠢᠷ ᠢ ᠲᠤᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠶᠢᠨ ᠰᠠᠭᠤᠷᠢ ᠶᠢ ᠦᠷᠭᠦᠯᠵᠢᠯᠡᠨ ᠬᠦᠴᠦᠯᠡᠨ ᠲᠠᠷᠢᠪᠠ᠃ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠨᠠᠮ ᠤᠨ ᠡᠭᠦᠷ ᠤᠨ ᠪᠠᠲᠤ ᠴᠢᠩᠭ᠎ᠠ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠺᠠᠲᠷ ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ ᠪᠠᠶᠢᠭᠠᠳ ᠪᠦᠭᠦ ᠬᠦᠴᠦ ᠪᠠᠷ ᠢᠶᠠᠨ ᠴᠢᠷᠮᠠᠶᠢᠵᠤ ᠪᠠᠶᠢᠭᠠᠳ ᠠᠷᠠᠳ ᠲᠦᠮᠡᠨ ᠳᠤ ᠪᠣᠳᠠᠲᠠᠢ ᠠᠵᠢᠯ ᠬᠢᠵᠦ ᠥᠭᠴᠦ᠂ ᠣᠯᠠᠨ ᠲᠦᠮᠡᠨ ᠳᠤ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠪᠦᠲᠦᠭᠡᠨ ᠪᠠᠶᠢᠭᠤᠯᠤᠨ᠎ᠠ᠃ 
1719890811312032020.jpg
        ᠡᠨᠡ ᠬᠦ ᠢᠷᠠᠭᠤ ᠠᠯᠳᠠᠷ ᠢ ᠣᠯᠣᠭᠰᠠᠨ ᠨᠢ ᠵᠣᠷᠢᠭᠵᠢᠭᠤᠯᠤᠯ ᠪᠤᠯᠬᠤ ᠮᠥᠷᠲᠡᠭᠡᠨ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠲᠣᠰ ᠤᠳᠠᠭ᠎ᠠ ᠶᠢᠨ ᠬᠥᠬᠢᠭᠦᠯᠦᠯ ᠢᠶᠠᠷ ᠲᠣᠭᠢᠶᠠᠯ ᠪᠤᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠢ ᠰᠢᠯᠢᠳᠡᠭᠵᠢᠭᠦᠯᠵᠦ ᠭᠦᠨᠵᠡᠭᠡᠢ ᠠᠭᠤᠰᠤᠯᠴᠠᠨ ᠬᠠᠮᠲᠤᠪᠠᠷ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠡᠷᠡᠭᠦᠯ ᠬᠠᠮᠠᠭᠠᠯᠠᠯ ᠤᠨ ᠦᠢᠯᠡᠰ ᠤᠨ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号