ᠡᠯ᠎ᠡ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ᠂ ᠵᠢᠪᠬᠤᠯᠠᠩᠲᠤ ᠰᠤᠮᠤ᠂ | ᠪᠡᠳᠬᠡᠷ ᠵᠤᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠲᠣᠭᠤᠷᠢᠭ ᠤᠨ ᠨᠠᠮ ᠤᠨ ᠬᠤᠷᠢᠶ᠎ᠠ ᠶᠢᠨ | ᠡᠯ᠎ᠡ ᠰᠠᠯᠠᠭ᠎ᠠ ᠮᠥᠴᠢᠷ᠂ ᠰᠢᠭᠤᠶᠢᠲᠤ ᠠᠵᠤ ᠦᠢᠯᠡᠰ ᠤᠨ ᠬᠦᠷᠢᠶᠡᠯᠡᠩ᠂ ᠲᠣᠭᠤᠷᠢᠭ ᠤᠨ ᠰᠢᠭᠤᠳ ᠬᠠᠷᠢᠶ᠎ᠠ ᠡᠯ᠎ᠡ | ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠡᠯ᠎ᠡ ᠠᠷᠠᠳ ᠤᠨ ᠪᠦᠯᠬᠦᠮ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠰᠢᠭᠤᠶᠢᠲᠤ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠰᠠᠭ | ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ᠂︽ᠥᠨᠳᠥᠷ ᠪᠦᠲᠦᠮᠵᠢᠲᠡᠶ ᠪᠠᠷ | ᠨᠢᠭᠡ ᠶᠠᠪᠤᠳᠠᠯ ᠢ ᠪᠦᠳᠦᠭᠡᠬᠦ︾ ᠬᠡᠷᠡᠭᠵᠢᠭᠦᠯᠬᠦ ᠲᠥᠰᠥᠯ ︵2024 - 2026 ᠣᠨ︶︾ ᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | | ᠰᠢᠭᠤᠶᠢᠲᠤ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ | ︵ᠲᠤᠰ ᠵᠦᠢᠯ ᠢ ᠢᠯᠡ ᠪᠠᠷ ᠨᠡᠶᠢᠲᠡᠯᠡᠵᠡᠢ︶ | 2024 ᠣᠨ ᠤ 5 ᠰᠠᠷ᠎ᠠ ᠶᠢᠨ 17 ᠤ ᠡᠳᠦᠷ | | ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ | ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠵᠤ᠂ ︽ | ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠳᠦᠭᠡᠬᠦ︾ ᠬᠡᠷᠡᠭᠵᠢᠭᠦᠯᠬᠦ ᠲᠥᠰᠦᠯ ︵2024-2026︶ | ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠤᠯᠠᠮ ᠨᠢᠭᠡ | ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ ︿ᠥᠨᠳᠥᠷ | ᠪᠦᠲᠦᠮᠵᠢᠲᠡᠶ ᠪᠠᠷ ᠨᠢᠭᠡ ᠶᠠᠪᠤᠳᠠᠯ ᠢ ᠪᠦᠳᠦᠭᠡᠬᠦ﹀ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ︹ 2024︺ 3 ᠳ᠋ᠤᠭᠠᠷ ᠲᠣᠭᠠᠲᠤ︶ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ︹ 2024︺ 15 | ᠳ᠋ᠤᠭᠠᠷ ᠲᠣᠭᠠᠲᠤ︶ ︽ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠰᠠᠭ ᠵᠠᠬᠢᠷᠭᠠᠨ ᠤ | ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠥᠯ ︵2024 ᠣᠨ - 2026 | ᠣᠨ︶︾ ᠤᠨ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠢ ᠲᠦᠯᠬᠢᠨ ᠠᠬᠢᠭᠤᠯᠬᠤ ᠶᠢᠨ ᠲᠤᠰᠠᠳᠠ᠂ ᠳᠣᠣᠷᠠᠬᠢ | ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠤᠯᠭᠠᠬᠤ ᠪᠠᠷ ᠠᠵᠢᠯ ᠤᠨ ᠭᠤᠣᠯ ᠱᠤᠭᠤᠮ ᠪᠤᠯᠭᠠᠵᠤ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠰᠢᠭᠤᠶᠢᠲᠤ ᠲᠣᠭᠤᠷᠢᠭ ᠤᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠠᠰᠠᠭᠤᠳᠠᠯ ᠢᠶᠠᠷ ᠤᠳᠤᠷᠢᠳᠤᠮᠵᠢ ᠪᠠ ᠬᠠᠷᠠᠯᠲᠠᠲᠤ ᠤᠳᠤᠷᠢᠳᠤᠮᠵᠢ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ | ᠠᠷᠠᠳ ᠲᠦᠮᠡᠨ ᠢᠶᠠᠷ ᠭᠤᠣᠯ ᠪᠤᠯᠭᠠᠬᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠵᠤ ᠠᠬᠤᠶᠢᠯᠠᠯ | ᠪᠠ ᠣᠯᠠᠨ ᠲᠦᠮᠡᠨ ᠤ ᠵᠣᠭᠰᠣᠴᠠ ᠠᠴᠠ ᠡᠭᠦᠰᠴᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠲᠦᠷᠭᠡᠳᠬᠡᠨ | ᠬᠤᠪᠢᠷᠠᠭᠤᠯᠵᠤ᠂ ᠠᠷᠠᠳ ᠲᠤ ᠪᠣᠳᠠᠲᠤ ᠶᠠᠪᠤᠳᠠᠯ ᠬᠢᠵᠦ ᠥᠭᠬᠦ᠂ ᠠᠷᠠᠳ ᠲᠤ ᠦᠢᠯᠡᠴᠢᠯᠡᠵᠦ᠂ ᠠᠰᠢᠭ ᠬᠦᠷᠲᠡᠭᠡᠬᠦ | ᠦᠢᠯᠡᠴᠢᠯᠡᠭᠡᠨ ᠢ ᠰᠢᠯᠢᠳᠡᠭᠵᠢᠭᠦᠯᠦᠨ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠳᠦᠭᠡᠬᠦ︾ ᠶᠢᠨ | ᠲᠣᠭᠤᠷᠢᠨ ᠳᠤ᠂ ᠪᠦᠭᠦ ᠤᠯᠤᠰ᠂ ᠪᠦᠭᠦ ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠢ ᠲᠦᠰᠢᠭᠯᠡᠨ᠂ ᠪᠠᠶᠢᠩᠭᠤ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠠᠵᠢᠯ ᠡᠷᠭᠢᠯᠡᠭᠦ ᠠᠷᠭ᠎ᠠ ᠮᠠᠶ᠋ᠢᠭ ᠢ ᠣᠯᠠᠨ ᠡᠰᠢᠵᠢᠭᠦᠯᠦᠭᠰᠡᠨ᠂ ᠠᠵᠢᠯ ᠡᠷᠭᠢᠯᠡᠭᠦ ᠶᠠᠪᠤᠴᠠ ᠶᠢ | ᠬᠠᠮᠤᠭ ᠠᠴᠠ ᠰᠢᠯᠢᠳᠡᠭᠵᠢᠭᠰᠡᠨ᠂ ᠠᠵᠢᠯ ᠶᠠᠪᠤᠳᠠᠯ ᠭᠦᠢᠴᠡᠳᠬᠡᠬᠦ ᠮᠠᠲ᠋ᠧᠷᠢᠶᠠᠯ ᠢ ᠬᠠᠮᠤᠭ ᠠᠴᠠ ᠪᠠᠭᠠᠰᠬᠠᠭᠰᠠᠨ᠂ | ᠠᠵᠢᠯ ᠶᠠᠪᠤᠳᠠᠯ ᠭᠦᠢᠴᠡᠳᠬᠡᠬᠦ ᠥᠪᠡᠷ ᠤᠨ ᠥᠷᠲᠡᠭ ᠢ ᠬᠠᠮᠤᠭ ᠠᠴᠠ ᠪᠠᠭᠠᠰᠬᠠᠭᠰᠠᠨ ︽ᠦᠨᠡᠨ ᠰᠡᠳᠬᠢᠯ ᠪᠣᠳᠠᠲᠤ | ᠰᠠᠨᠠᠭ᠎ᠠ︾ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠷᠡᠲᠦ ᠲᠥᠷᠥᠯ ᠲᠡᠮᠳᠡᠭᠲᠦ ᠶᠢᠨ ᠳᠡᠰ | ᠳᠡᠪᠰᠢᠯᠲᠡ ᠶᠢ ᠭᠦᠢᠴᠡᠳᠬᠡᠵᠦ᠂ ᠬᠢᠨᠠᠨ ᠵᠦᠪᠰᠢᠶᠡᠷᠡᠯᠲᠡ ᠬᠠᠮᠤᠭ ᠤᠨ ᠳᠥᠭᠦᠮ᠂ ᠦᠢᠯᠡᠴᠢᠯᠡᠭᠡ ᠬᠠᠮᠤᠭ ᠤᠨ | ᠰᠢᠯᠢᠳᠡᠭ᠂ ᠠᠵᠤ ᠠᠬᠤᠶᠢᠯᠠᠯ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠬᠠᠮᠤᠭ ᠤᠨ ᠥᠨᠳᠥᠷ ᠵᠠᠰᠠᠭ ᠤᠨ | ᠶᠠᠪᠤᠳᠠᠯ ᠤᠨ ᠲᠡᠷᠢᠭᠦᠨ ᠤ ᠵᠢᠱᠢᠶ᠎ᠡ ᠦᠵᠡᠭᠦᠯᠭᠦ ᠲᠣᠭᠤᠷᠢᠭ ᠢ ᠴᠢᠷᠮᠠᠶᠢᠨ ᠪᠠᠶᠢᠭᠤᠯᠤᠨ᠎ᠠ᠃ | ᠬᠤᠶᠠᠷ᠂ ᠠᠵᠢᠯ ᠤᠨ ᠬᠠᠷᠠᠯᠲᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠤᠭ ᠤᠨ ᠥᠨᠳᠥᠷ ᠦᠷ᠎ᠡ ᠪᠦᠲᠦᠮᠵᠢ ᠪᠠᠷ ᠬᠠᠷᠠᠯᠲᠠ | ᠪᠣᠯᠭᠠᠵᠤ᠂ 2024 ᠣᠨ ᠳᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠠᠷᠠᠳ ᠲᠤ ᠳᠥᠭᠦᠮ ᠦᠵᠡᠭᠦᠯᠬᠦ | ᠦᠢᠯᠡᠴᠢᠯᠡᠭᠡᠨ ᠤ ᠥᠷᠲᠡᠭᠡ ᠴᠡᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠬᠤ ᠶᠢ | ᠪᠡᠶᠡᠯᠡᠭᠦᠯᠦᠨ᠎ᠡ︔ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠡᠷᠴᠢᠮ ᠢ ᠴᠢᠩᠭᠠᠷᠠᠭᠤᠯᠵᠤ᠂ ᠨᠡᠩ | ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠣᠶᠢᠷ᠎ᠠ ᠬᠠᠪᠢ ᠳᠤᠨᠢ ᠭᠦᠢᠴᠡᠳᠬᠡᠵᠦ᠂ ᠪᠦᠬᠦ | ᠣᠷᠣᠨ ᠨᠡᠶᠢᠳᠡᠮ ᠬᠦᠴᠡᠳᠬᠡᠬᠦ ᠶᠢ ᠪᠡᠶᠡᠯᠡᠭᠦᠯᠦᠨ᠎ᠡ︔ ᠰᠦᠯᠵᠢᠶᠡᠨ ᠳᠡᠭᠡᠷ᠎ᠡ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ᠪᠠ ᠰᠦᠯᠵᠢᠶᠡᠨ ᠭᠠᠳᠠᠨ᠎ᠠ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ︾ ᠶᠢᠨ ᠬᠠᠮᠵᠢᠯᠴᠠᠨ | ᠠᠭᠤᠰᠤᠯᠴᠠᠬᠤ ᠶᠢ ᠪᠡᠶᠡᠯᠡᠭᠦᠯᠦᠨ᠎ᠡ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢᠨ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠩ ᠣᠯᠠᠨ ᠵᠦᠢᠯᠡᠰ ᠢ ︽ᠲᠥᠪᠯᠡᠷᠡᠭᠦᠯᠦᠨ ᠭᠦᠢᠴᠡᠳᠬᠡᠬᠦ᠂ | ᠠᠮᠠᠯᠳᠠᠨ ᠭᠦᠢᠴᠡᠳᠬᠡᠬᠦ᠂ ᠣᠷᠣᠨ ᠪᠦᠰᠡ ᠠᠯᠤᠰᠯᠠᠨ ᠭᠦᠢᠴᠡᠳᠬᠡᠬᠦ᠂ ᠭᠤᠶᠤᠴᠢᠯᠠᠨ ᠭᠦᠢᠴᠡᠳᠬᠡᠬᠦ᠂ ᠪᠡᠶᠡᠴᠢᠯᠡᠨ | ᠭᠦᠢᠴᠡᠳᠬᠡᠬᠦ᠂ ᠬᠠᠪᠰᠤᠷᠤᠨ ᠭᠦᠢᠴᠡᠳᠬᠡᠬᠦ︾ ᠶᠢ ᠪᠡᠶᠡᠯᠡᠭᠦᠯᠦᠨ᠎ᠡ᠃ | 2025 ᠣᠨ ᠳᠤ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠤᠨ᠎ᠠ᠃ | ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠳᠦᠭᠡᠬᠦ︾ ᠵᠦᠢᠯᠡᠰ ᠤᠨ ᠲᠤᠭ᠎ᠠ ᠬᠡᠮᠵᠢᠶ᠎ᠡ ᠶᠢ ᠤᠯᠠᠮ ᠨᠢᠭᠡ | ᠠᠯᠬᠤᠮ ᠥᠷᠭᠡᠳᠬᠡᠵᠦ᠂ ᠪᠥᠬᠦ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠲᠤ ᠨᠠᠷᠢᠨ ᠲᠠᠩᠰᠠᠵᠢᠭᠤᠯᠤᠨ | ᠬᠠᠮᠢᠶᠠᠷᠬᠤ ᠶᠢ ᠪᠡᠶᠡᠯᠡᠭᠦᠯᠵᠦ᠂ ︽ᠴᠣᠩᠬᠤᠪᠴᠢ ᠳᠤ ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠬᠤ︾ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠳᠤ ᠣᠷᠣᠭᠤᠯᠵᠤ᠂ ︽ᠲᠠᠪᠴᠠᠩ ᠳᠤ ᠣᠷᠣᠭᠤᠯᠪᠠᠰᠤ ᠵᠣᠬᠢᠬᠤ ᠶᠢ ᠨᠢ ᠪᠦᠬᠦᠨ ᠢ ᠣᠷᠣᠭᠤᠯᠬᠤ︾ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ | 100% ᠪᠠᠷ ᠪᠡᠶᠡᠯᠡᠭᠦᠯᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ | ᠣᠷᠣᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ᠶᠢ 100% ᠪᠠᠷ ᠪᠡᠶᠡᠯᠡᠭᠦᠯᠦᠨ᠎ᠡ᠃ | 2026 ᠣᠨ ᠳᠤ ᠠᠵᠤ ᠠᠬᠤᠶᠢᠯᠠᠯ ᠪᠠ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ | ᠴᠢᠬᠤᠯᠠ ᠱᠠᠲᠤ ᠦᠶ᠎ᠡ ᠶᠢᠨ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ︾ ᠭᠤᠣᠯᠳᠠᠯᠭ᠎ᠠ ᠲᠠᠢ | ᠵᠦᠢᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠡᠶᠡᠯᠡᠭᠦᠯᠦᠨ᠎ᠡ︔ ᠪᠦᠬᠦ ᠣᠷᠣᠨ ᠳᠤ ︽ᠭᠤᠯᠳᠤ | ᠭᠤᠷᠪᠠᠨ ᠱᠠᠲᠤ ᠪᠠᠷ ᠬᠤᠯᠪᠤᠭᠠᠯᠠᠨ ᠬᠥᠳᠡᠯᠦᠯᠴᠡᠵᠦ᠂ ᠬᠥᠨᠳᠡᠯᠡᠨ ᠴᠢᠭᠯᠡᠯ ᠢᠶᠠᠷ ᠰᠠᠯᠠᠭ᠎ᠠ ᠮᠥᠴᠢᠷ ᠬᠠᠮᠵᠢᠯᠴᠠᠭᠰᠠᠨ︾ | ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ | ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠨᠠᠩ ᠪᠦᠷᠢᠨᠰᠢᠭᠦᠯᠦᠨ᠂ ᠦᠨᠳᠦᠰᠦᠨ | ᠱᠠᠲᠤᠨ ᠤ ᠠᠷᠠᠳ ᠲᠤ ᠳᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡᠨ ᠤ | ᠵᠦᠢᠯᠡᠰ ᠢ ᠲᠠᠰᠤᠷᠠᠯᠲᠠ ᠦᠭᠡᠢ ᠨᠡᠮᠡᠭᠳᠡᠭᠦᠯᠵᠦ᠂ ᠭᠦᠢᠴᠡᠳᠬᠡᠬᠦ ᠶᠠᠪᠤᠴᠠ ᠶᠢ ᠨᠠᠩ ᠵᠢᠷᠤᠮᠵᠢᠭᠤᠯᠤᠨ᠂ ᠵᠠᠰᠠᠭ ᠤᠨ | ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠎ᠡ᠃ | ᠭᠤᠷᠪᠠ᠂ ᠭᠤᠣᠯ ᠡᠭᠦᠷᠭᠡ | (ᠨᠢᠭᠡ)ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢᠨ ᠦᠨᠳᠦᠰᠦᠨ ᠪᠠᠲᠤᠯᠠᠭ᠎ᠠ ᠶᠢ | ᠭᠦᠨᠵᠡᠭᠡᠶᠢᠷᠡᠭᠦᠯᠦᠨ᠎ᠡ | 1. ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ | ᠲᠥᠪ ᠶᠡᠷᠦᠩᠬᠡᠶᠢᠯᠡᠨ ᠬᠦᠯᠢᠶᠡᠨ ᠠᠪᠴᠤ ᠰᠢᠢᠳᠪᠦᠷᠢᠯᠡᠬᠦ ᠴᠣᠩᠬᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠵᠥᠷᠢᠶ᠎ᠡ ᠦᠭᠡᠢ ᠶᠡᠷᠦᠩᠬᠡᠶᠢᠯᠡᠨ ᠬᠦᠯᠢᠶᠡᠨ ᠠᠪᠴᠤ ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠵᠦ᠂ 2025 ᠣᠨ ᠤ | ᠰᠡᠭᠦᠯᠴᠢ ᠠᠴᠠ ᠡᠮᠦᠨ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ︽ᠨᠢᠭᠡ ᠴᠣᠩᠬᠤᠪᠴᠢ ᠪᠠᠷ | ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃ ᠡᠨᠡ ᠵᠢᠯ ᠳ᠋ᠠ ᠹᠠ ᠵᠡᠭᠡᠯᠢ ᠭᠤᠳᠤᠮᠵᠢ ᠶᠢᠨ ᠠᠷᠠᠳ ᠲᠤ ᠳᠥᠭᠦᠮ | ᠦᠵᠡᠭᠦᠯᠬᠦ ᠦᠢᠯᠡᠴᠢᠯᠡᠭᠡᠨ ᠤ ᠲᠥᠪ ᠢ ᠥᠪᠡᠷᠲᠡᠭᠡᠨ ᠵᠠᠰᠠᠬᠤ ᠣᠷᠣᠨ ᠤ ᠳᠡᠰ ᠤᠨ ᠬᠡᠪ ᠳᠠᠭᠤᠷᠢᠶᠠᠯ ᠤᠨ ᠬᠡᠯᠪᠡᠷᠢ | ᠪᠣᠯᠭᠠᠨ ᠪᠠᠶᠢᠭᠤᠯᠵᠤ᠂ ᠰᠢᠭᠤᠶᠢᠲᠤ ᠵᠡᠭᠡᠯᠢ ᠭᠤᠳᠤᠮᠵᠢ᠂ ᠳ᠋ᠠ ᠳ᠋ᠧ ᠾᠧᠩ ᠵᠡᠭᠡᠯᠢ ᠭᠤᠳᠤᠮᠵᠢ ᠶᠢᠨ ᠠᠷᠠᠳ ᠲᠤ | ᠳᠥᠭᠦᠮ ᠦᠵᠡᠭᠦᠯᠬᠦ ᠦᠢᠯᠡᠴᠢᠯᠡᠭᠡᠨ ᠤ ᠲᠥᠪ 2 ᠬᠤᠲᠠ ᠶᠢᠨ ᠱᠠᠲᠤᠨ ᠤ ᠬᠡᠪ ᠳᠠᠭᠤᠷᠢᠶᠠᠯ ᠤᠨ ᠬᠡᠯᠪᠡᠷᠢ ᠶᠢᠨ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠪᠣᠯᠭᠠᠬᠤ ᠪᠠᠷ ᠲᠥᠯᠥᠪᠯᠡᠵᠦ ᠪᠤᠢ︔ ᠰᠠᠨ ᠴᠠ ᠺᠧᠦ | ᠭᠠᠴᠠᠭ᠎ᠠ᠂ ᠨᠣᠣ ᠪᠦᠦ ᠭᠧᠦ ᠲᠣᠰᠬᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ 2 | ᠬᠤᠲᠠ ᠶᠢᠨ ᠱᠠᠲᠤᠨ ᠤ ᠬᠡᠪ ᠳᠠᠭᠤᠷᠢᠶᠠᠯ ᠤᠨ ᠬᠡᠯᠪᠡᠷᠢ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ | ᠥᠷᠲᠡᠭᠡ ᠪᠠᠶᠢᠭᠤᠯᠤᠨ᠎ᠠ᠃ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠳᠥᠭᠦᠮ ᠦᠵᠡᠭᠦᠯᠬᠦ | ᠦᠢᠯᠡᠴᠢᠯᠡᠭᠡᠨ ᠤ ᠲᠥᠪ ᠢ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠡᠩᠨᠡᠭᠡ ᠶᠢ ᠲᠡᠭᠦᠯᠳᠡᠷᠵᠢᠭᠦᠯᠬᠦ ᠶᠢ ᠵᠣᠷᠢᠭᠵᠢᠭᠤᠯᠤᠨ᠎ᠠ᠃ | ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ ᠶᠢᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠬᠦᠷᠢᠶᠡᠯᠡᠩ ᠲᠣᠭᠤᠷᠢᠭ ᠤᠨ ᠬᠡᠷᠡᠭ ᠶᠠᠪᠤᠳᠠᠯ ᠤᠨ | ᠬᠦᠷᠢᠶᠡᠯᠡᠩ ᠲᠣᠭᠤᠷᠢᠭ ᠤᠨ ᠠᠯᠪᠠᠨ ᠭᠡᠷ︾ ᠤᠨ ᠠᠵᠢᠯ ᠤᠨ ᠬᠠᠷᠠᠯᠲᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ | ᠣᠷᠣᠨ ᠤ ︽ᠠᠷᠪᠠ ᠶᠢ ᠪᠦᠷᠢᠳᠦᠭᠦᠯᠬᠦ︾ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ᠂ ᠬᠤᠲᠠ ᠶᠢᠨ | ᠱᠠᠲᠤᠨ ᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠵᠢᠯ ᠤᠨ ᠥᠷᠲᠡᠭᠡ ᠶᠢ ᠪᠦᠬᠦ ᠬᠦᠴᠦᠨ ᠢᠶᠠᠷ ᠢᠶᠠᠨ ᠪᠤᠢ ᠪᠣᠯᠭᠠᠨ᠎ᠠ︔ ᠰᠢᠭᠤᠶᠢᠲᠤ ᠲᠣᠭᠤᠷᠢᠭ ᠤᠨ ᠠᠵᠤ | ᠦᠢᠯᠡᠰ ᠤᠨ ᠬᠦᠷᠢᠶᠡᠯᠡᠩ ᠲᠣᠭᠤᠷᠢᠭ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠲᠤᠭ᠎ᠠ ᠶᠢᠨ ᠠᠯᠪᠠᠨ ᠭᠡᠷ᠂ | ᠬᠥᠭᠵᠢᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠡᠯ᠎ᠡ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠡᠰᠢ ᠤᠷᠲᠤᠳᠬᠠᠬᠤ ᠶᠢ ᠲᠦᠷᠭᠡᠳᠬᠡᠨ ᠠᠬᠢᠭᠤᠯᠬᠤ ᠲᠤᠬᠠᠢ | ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︔ | ᠭᠤᠣᠯᠳᠠᠯᠭ᠎ᠠ ᠲᠠᠢ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ | ᠥᠨᠳᠥᠷ ᠪᠦᠲᠦᠮᠵᠢᠲᠡᠢ ᠪᠠᠷ ᠲᠦᠯᠬᠢᠨ ᠠᠬᠢᠭᠤᠯᠵᠤ᠂ ︽ᠲᠦᠷᠦᠭᠦᠦ ᠬᠠᠪᠰᠤᠷᠤᠨ ᠭᠦᠢᠴᠡᠳᠬᠡᠬᠦ︾ ᠲᠤᠰᠬᠠᠢ | ᠲᠤᠰᠢᠶᠠᠯᠲᠠᠨ ᠤ ᠦᠢᠯᠡᠴᠢᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠠᠵᠤ | ᠠᠬᠤᠶᠢᠯᠠᠯ ᠤᠨ ᠰᠤᠷᠪᠤᠯᠵᠢᠯᠠᠨ ᠪᠠᠶᠢᠴᠠᠭᠠᠨ ᠰᠤᠳᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠠᠵᠤ ᠠᠬᠤᠶᠢᠯᠠᠯ ᠳᠤ ᠣᠷᠣᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠰᠠᠨᠠᠭᠠᠴᠢᠯᠠᠭ᠎ᠠ ᠠᠴᠠ ᠪᠠᠨ ᠡᠮᠦᠨᠡᠴᠢᠯᠠᠨ ᠦᠢᠯᠡᠴᠢᠯᠡᠵᠦ᠂ ᠴᠠᠭ ᠲᠤᠬᠠᠢ ᠳᠤᠨᠢ ᠦᠢᠯᠡᠴᠢᠯᠡᠵᠦ᠂ ᠨᠠᠷᠢᠯᠢᠭ ᠣᠨᠣᠴᠠᠲᠠᠢ | ᠦᠢᠯᠡᠴᠢᠯᠡᠭᠡ ᠶᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠤᠱᠯᠠᠭᠤᠯᠤᠨ᠎ᠠ᠃ | 2. ᠵᠠᠰᠠᠭ ᠤᠨ ᠶᠠᠪᠤᠳᠠᠯ ᠤᠨᠦᠢᠯᠡᠴᠢᠯᠡᠭᠡᠨ ᠤ ᠠᠵᠢᠯ ᠤᠨ ᠰᠠᠭᠤᠷᠢ ᠶᠢ ᠪᠠᠬᠢᠵᠢᠭᠦᠯᠦᠨ᠎ᠡ᠃ ᠬᠡᠷᠡᠭ | ᠶᠠᠪᠤᠳᠠᠯ᠂ ᠲᠠᠯᠠᠪᠤᠷ ᠭᠠᠵᠠᠷ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠵᠡᠷᠭᠡ ᠭᠤᠣᠯᠳᠠᠯᠭ᠎ᠠ ᠶᠢᠨ ᠲᠣᠭᠤᠷᠢᠨ ᠳᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠠᠬᠢᠭᠤᠯᠵᠤ᠂ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠤᠭ᠎ᠠ | ᠪᠠᠷᠢᠮᠲᠠ ᠶᠢ ᠠᠳᠠᠯᠢ ᠢᠷᠡᠯᠲᠡ᠂ ᠬᠥᠳᠡᠯᠦᠩᠭᠦᠢ ᠪᠠᠷ ᠰᠢᠨᠡᠳᠬᠡᠬᠦ᠂ ᠬᠤᠯᠪᠤᠭᠠᠯᠠᠨ ᠬᠥᠳᠡᠯᠦᠯᠴᠡᠵᠦ ᠬᠠᠮᠢᠶᠠᠷᠬᠤ ᠶᠢ | ᠦᠨᠡᠨᠬᠦ ᠪᠠᠲᠤᠯᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠢᠯᠭᠠᠭ᠎ᠠ ᠦᠭᠡᠢ ᠪᠠᠷ ᠬᠦᠯᠢᠶᠡᠨ ᠠᠪᠴᠤ | ᠰᠢᠢᠳᠪᠦᠷᠢᠯᠡᠵᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠯᠡ | ᠡᠭᠦᠳᠡ ᠪᠠᠷ ᠣᠷᠣᠬᠤ︾ ᠶᠢ ᠭᠦᠨᠵᠡᠭᠡᠢ ᠠᠬᠢᠭᠤᠯᠵᠤ᠂ ᠲᠠᠯᠠᠪᠤᠷ ᠭᠠᠵᠠᠷ ᠤᠨ ᠬᠢᠵᠠᠭᠠᠷᠯᠠᠯ᠂ ᠨᠢᠭᠤᠴᠠ ᠳᠤ | ᠬᠤᠯᠪᠣᠭᠳᠠᠬᠤ ᠵᠡᠷᠭᠡ ᠣᠨᠴᠠᠭᠠᠢ ᠪᠠᠶᠢᠳᠠᠯ ᠢ ᠭᠠᠷᠭᠠᠪᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠪᠦᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠲᠥᠪᠯᠡᠷᠡᠭᠦᠯᠦᠨ ᠭᠦᠢᠴᠡᠳᠬᠡᠵᠦ᠂ | ︽ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠬᠤ︾ ᠶᠢ 100% ᠳᠤ ᠬᠦᠷᠦᠭᠦᠯᠦᠨ᠎ᠡ᠃ ᠰᠤᠮᠤ ᠪᠠᠯᠭᠠᠰᠤ | ︵ᠵᠡᠭᠡᠯᠢ ᠭᠤᠳᠤᠮᠵᠢ︶ ᠨᠢ ᠳᠠᠭᠠᠭᠠᠨ ᠠᠪᠬᠤ ᠴᠢᠳᠠᠪᠤᠷᠢ ᠪᠠ ᠠᠵᠤ ᠠᠬᠤᠶᠢᠯᠠᠯ ᠤᠨ ᠣᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠲᠠᠢ ᠤᠶᠠᠯᠳᠤᠭᠤᠯᠤᠨ᠂ ᠣᠯᠠᠨ ᠨᠡᠶᠢᠲᠡ ᠶᠢᠨ ᠰᠤᠷᠭᠠᠨ ᠬᠥᠮᠦᠵᠢᠯ᠂ ᠬᠥᠳᠡᠯᠮᠦᠷᠢ ᠠᠵᠢᠯ ᠣᠯᠭᠤᠯᠲᠠ᠂ | ᠡᠮᠴᠢᠯᠡᠭᠡ ᠡᠷᠡᠭᠦᠯ ᠬᠠᠮᠠᠭᠠᠯᠠᠯ᠂ ᠨᠠᠰᠤᠵᠢᠯ ᠤᠨ ᠦᠢᠯᠡᠴᠢᠯᠡᠭᠡ᠂ ᠬᠡᠦᠬᠡᠳ ᠰᠠᠭᠠᠲᠠᠭᠤᠯᠬᠤ ᠦᠢᠯᠡᠴᠢᠯᠡᠭᠡ᠂ ᠡᠷᠦᠬᠡ | ᠠᠮᠠ ᠶᠢᠨ ᠳᠠᠩᠰᠠ ᠶᠢᠨ ᠬᠠᠮᠢᠶᠠᠷᠤᠯᠲᠠ ᠵᠡᠷᠭᠡ ᠬᠦᠷᠢᠶᠡᠨ ᠳᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ | ᠪᠠ ᠠᠵᠤ ᠠᠬᠤᠶᠢᠯᠠᠯ ᠪᠠ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ | ᠰᠦᠯᠵᠢᠶᠡᠨ ᠤ ᠴᠢᠮᠡᠭᠡ ᠬᠤᠯᠪᠣᠭ᠎ᠠ ᠵᠡᠷᠭᠡ ᠨᠡᠶᠢᠲᠡ ᠶᠢᠨ ᠦᠢᠯᠡᠰ ᠤᠨ ᠬᠦᠷᠢᠶᠡᠨ ᠳᠠᠬᠢ ᠥᠨᠳᠥᠷ ᠳᠠᠪᠲᠠᠮᠵᠢ ᠪᠠᠷ | ᠭᠦᠢᠴᠡᠳᠬᠡᠬᠦ ᠦᠢᠯᠡᠴᠢᠯᠡᠭᠡᠨ ᠤ ᠵᠦᠢᠯᠡᠰ ᠢ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠲᠤ | ᠣᠷᠣᠭᠤᠯᠬᠤ ᠶᠢ ᠠᠬᠢᠭᠤᠯᠤᠨ᠎ᠠ᠃ | 3. ᠵᠠᠰᠠᠭ ᠤᠨ ᠶᠠᠪᠤᠳᠠᠯ ᠤᠨᠦᠢᠯᠡᠴᠢᠯᠡᠭᠡᠨ ᠤ ᠠᠵᠢᠯᠲᠠᠨ ᠤ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠶᠢᠨ ᠠᠵᠢᠯ ᠡᠷᠬᠢᠯᠡᠭᠰᠡᠳ ᠢ ᠬᠢᠨᠠᠨ ᠵᠥᠪᠰᠢᠶᠡᠷᠡᠬᠦ | ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ᠂ ᠵᠠᠰᠠᠭ ᠤᠨ ᠶᠠᠪᠤᠳᠠᠯ ᠤᠨ ᠶᠣᠰᠣ ᠵᠢᠷᠤᠮ᠂ ᠬᠦᠯᠢᠶᠡᠨ | ᠠᠪᠬᠤ ᠶᠣᠰᠣ ᠵᠢᠷᠤᠮ᠂ ᠠᠯᠪᠠᠨ ᠠᠵᠢᠯ ᠤᠨ ᠶᠣᠰᠣ ᠵᠢᠷᠤᠮ ᠵᠡᠷᠭᠡ ᠪᠣᠯᠪᠠᠰᠤᠷᠠᠭᠤᠯᠤᠯ ᠢ ᠴᠢᠩᠭᠠᠳᠬᠠᠵᠤ᠂ ᠠᠵᠤ | ᠠᠬᠤᠶᠢᠯᠠᠯ ᠪᠠ ᠣᠯᠠᠨ ᠲᠦᠮᠡᠨ ᠳᠤ ᠨᠡᠩ ᠳᠣᠲᠣᠨᠣ ᠨᠡᠩ ᠲᠤᠰᠬᠠᠢ ᠮᠡᠷᠭᠡᠵᠢᠯ ᠤᠨ ᠥᠨᠳᠥᠷ ᠪᠦᠲᠦᠮᠵᠢᠲᠡᠢ ᠶᠠᠰᠤ | ᠴᠢᠨᠠᠷ ᠤᠨ ᠦᠢᠯᠡᠴᠢᠯᠡᠭᠡ ᠬᠠᠩᠭᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠴᠣᠩᠬᠤᠪᠴᠢ ᠶᠢᠨ ᠠᠵᠢᠯ ᠡᠷᠬᠢᠯᠡᠭᠰᠡᠳ ᠢ ᠲᠣᠬᠢᠷᠠᠭᠤᠯᠬᠤ᠂ ᠬᠠᠮᠢᠶᠠᠷᠬᠤ ᠪᠠ ᠰᠢᠯᠭᠠᠨ ᠬᠢᠨᠠᠬᠤ ᠶᠢ ᠴᠢᠩᠭᠠᠳᠬᠠᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠶᠢᠨ ᠠᠵᠢᠯ ᠡᠷᠬᠢᠯᠡᠭᠰᠡᠳ ᠢ ᠤᠷᠮᠠᠰᠢᠭᠤᠯᠵᠤ ᠱᠠᠩᠨᠠᠬᠤ | ᠠᠷᠭ᠎ᠠ ᠬᠡᠮᠵᠢᠶ᠎ᠡ ᠶᠢ ᠨᠡᠶᠢᠲᠡᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢᠲᠠᠨ ᠢ ᠣᠷᠣᠭᠤᠯᠤᠨ | ᠠᠪᠴᠢᠷᠠᠬᠤ᠂ ᠬᠥᠮᠥᠵᠢᠭᠦᠯᠬᠦ᠂ ᠰᠢᠯᠢᠨ ᠳᠡᠪᠰᠢᠭᠦᠯᠬᠦ ᠪᠠ ᠦᠨᠡᠯᠡᠬᠦ ᠲᠣᠭᠲᠠᠴᠠ ᠳᠤ ᠰᠢᠨ᠎ᠡ ᠶᠢ ᠡᠭᠦᠳᠴᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠤᠰᠬᠠᠶᠢᠵᠢᠭᠰᠠᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ | ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠪᠴᠢ ᠶᠢᠨ ᠠᠵᠢᠯᠲᠠᠨ ᠢ ᠨᠢᠭᠡᠳᠦᠯᠲᠡᠢ ᠲᠣᠬᠢᠷᠠᠭᠤᠯᠬᠤ ᠪᠠ ᠠᠵᠢᠯ | ᠮᠡᠷᠭᠡᠵᠢᠭᠰᠡᠨ ᠬᠥᠭᠵᠢᠯᠲᠡ ᠶᠢ ᠠᠬᠢᠭᠤᠯᠤᠨ᠎ᠠ᠃ | 4. ᠥᠨᠳᠥᠷ ᠳᠠᠪᠲᠠᠮᠵᠢᠲᠤ ᠦᠢᠯᠡᠴᠢᠯᠡᠭᠡᠨ ᠤ ᠨᠠᠷᠢᠨ ᠳᠠᠩᠰᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ | ᠲᠦᠰᠢᠭᠯᠡᠨ᠂ ᠥᠨᠳᠥᠷ ᠳᠠᠪᠲᠠᠮᠵᠢᠲᠤ ᠦᠢᠯᠡᠴᠢᠯᠡᠭᠡᠨ ᠤ ᠨᠠᠷᠢᠨ ᠬᠠᠭᠤᠳᠠᠰᠤ ᠶᠢᠨ ᠬᠥᠳᠡᠯᠦᠩᠭᠦᠢ ᠬᠠᠮᠢᠶᠠᠷᠤᠯᠲᠠ ᠪᠠ | ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠲᠣᠭᠲᠠᠴᠠ ᠶᠢ ᠪᠠᠶᠢᠭᠤᠯᠵᠤ᠂ ᠪᠥᠬᠦ ᠣᠷᠣᠨ ᠤ 100 % ᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤᠴᠢᠯᠠᠭᠰᠠᠨ ᠬᠠᠮᠢᠶᠠᠷᠤᠯᠲᠠ ᠶᠢ | ᠪᠡᠶᠡᠯᠡᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ | ᠳᠣᠷᠣᠭᠰᠢ ᠪᠠᠭᠤᠯᠭᠠᠬᠤ ᠶᠢ ᠳᠠᠭᠠᠭᠠᠨ ᠠᠪᠬᠤ ᠠᠵᠢᠯ ᠢ ᠬᠦᠴᠦᠨ ᠦᠭᠡᠢ ᠪᠣᠯᠭᠠᠬᠤ ᠠᠵᠢᠯ ᠢ ᠰᠠᠶᠢᠲᠤᠷ ᠬᠢᠵᠦ᠂ | ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ | ᠬᠠᠭᠤᠳᠠᠰᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠵᠡᠷᠭᠡ ᠳᠤ ᠬᠥᠳᠡᠯᠦᠩᠭᠦᠢ ᠪᠠᠷ | ᠲᠣᠬᠢᠷᠠᠭᠤᠯᠤᠯᠲᠠ ᠬᠢᠵᠦ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠬᠢᠨᠠᠨ ᠪᠠᠶᠢᠴᠠᠭᠠᠬᠤ ᠭᠤᠣᠯᠳᠠᠯᠭ᠎ᠠ ᠵᠡᠷᠭᠡ ᠶᠢ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠦᠬᠦ ᠣᠷᠣᠨ ᠤ ᠪᠤᠢ ᠪᠦᠬᠦᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠪᠦᠬᠦ ᠬᠦᠴᠦᠨ ᠵᠦᠢᠯ ᠤᠨ ᠪᠠᠷᠢᠮᠵᠢᠶᠠᠵᠢᠭᠤᠯᠤᠯᠲᠠ ᠶᠢ ᠠᠬᠢᠭᠤᠯᠤᠨ᠎ᠠ᠃ | 5.︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠳᠦᠭᠡᠬᠦ︾ ᠶᠢ ᠠᠬᠢᠭᠤᠯᠤᠨ᠎ᠠ᠃ ᠤᠯᠤᠰ ᠪᠠ | ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ 16 ︽ᠥᠨᠳᠥᠷ ᠦᠷ᠎ᠡ ᠪᠦᠲᠦᠮᠵᠢᠲᠡᠢ ᠪᠠᠷ ᠨᠢᠭᠡ ᠶᠠᠪᠤᠳᠠᠯ ᠢ | ᠪᠦᠲᠦᠭᠡᠬᠦ︾ ᠵᠦᠢᠯᠡᠰ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ | ᠰᠦᠯᠵᠢᠶ᠎ᠡ᠂ ᠨᠢᠭᠡ ᠬᠦᠷᠢᠶ᠎ᠡ᠂ ᠨᠢᠭᠡᠳᠦᠭᠡᠷ ᠹᠷᠣᠨᠲ︾ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ | ᠂ ︽5 + 8 +3 + N︾ ︽ᠨᠢᠭᠡ ᠤᠴᠢᠷ︾ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠦᠭᠦ ᠤᠯᠤᠰ | ᠵᠢᠴᠢ ᠪᠦᠭᠦ ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠮᠠᠨ ᠤ ᠣᠷᠣᠨ ᠤ ︽ᠨᠢᠭᠡ ᠤᠴᠢᠷ ᠶᠠᠪᠤᠳᠠᠯ ᠢ ᠨᠢᠭᠡ ᠯᠡ ᠤᠳᠠᠭ᠎ᠠ | ᠳᠤ ᠭᠦᠢᠴᠡᠳᠬᠡᠬᠦ︾ ᠬᠤᠷᠠᠮᠠᠯ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ︽ | ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ | ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭᠠᠨ ᠤ ᠲᠥᠰᠥᠯ (2024 - 2026ᠣᠨ )︾ ᠤᠨ ᠱᠠᠭᠠᠷᠳᠠᠯᠭ᠎ᠠ | ᠶᠣᠰᠣᠭᠠᠷ᠂ ᠤᠰᠤᠨ ᠠᠰᠢᠭᠯᠠᠯᠲᠠ᠂ ᠡᠨᠧᠷᠭᠢ᠂ ᠵᠠᠮ ᠬᠠᠷᠢᠯᠴᠠᠭ᠎ᠠ ᠵᠡᠷᠭᠡ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ︽ᠨᠢᠭᠡ ᠤᠴᠢᠷ ᠶᠠᠪᠤᠳᠠᠯ︾ ᠤᠨ ᠥᠭᠡᠷᠡᠴᠢᠯᠡᠯᠲᠡ ᠶᠢᠨ ᠠᠵᠢᠯ ᠢ | ᠢᠳᠡᠪᠬᠢᠲᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠪᠠᠶᠢᠭᠤᠯᠬᠤ ᠯᠤᠭ᠎ᠠ ᠨᠢᠭᠲᠠ | ᠤᠶᠠᠯᠳᠤᠭᠤᠯᠤᠨ᠂ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠥᠨᠳᠥᠷ ᠳᠠᠪᠲᠠᠮᠵᠢᠲᠤ ᠶᠠᠪᠤᠳᠠᠯ ᠤᠨ | ᠬᠡᠷᠡᠭ ᠶᠠᠪᠤᠳᠠᠯ ᠢ ᠨᠢᠭᠡ ᠤᠳᠠᠭ᠎ᠠ ᠭᠦᠢᠴᠡᠳᠬᠡᠵᠦ᠂ ᠵᠢᠯ ᠳᠤ50 ᠰᠦᠯᠵᠢᠶᠡᠨ ᠭᠠᠳᠠᠨᠠᠬᠢ ︽ᠨᠢᠭᠡ ᠤᠴᠢᠷ | ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠶᠠᠪᠤᠳᠠᠯ ᠨᠡᠮᠡᠭᠳᠡᠭᠦᠯᠦᠨ᠎ᠡ᠃ | 6. ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠬᠠᠮᠵᠢᠯᠴᠠᠨ ᠦᠢᠯᠡᠴᠢᠯᠡᠬᠦ ᠶᠢ ᠴᠢᠩᠭᠠᠷᠠᠭᠤᠯᠤᠨ᠎ᠠ᠃ | ᠪᠦᠭᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠪᠠ | ᠰᠦᠯᠵᠢᠶᠡᠨ ᠠᠴᠠ ᠭᠠᠳᠠᠨ᠎ᠠ ᠵᠥᠷᠢᠶ᠎ᠡ ᠦᠭᠡᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠪᠠᠷᠢᠮᠵᠢᠶ᠎ᠠ ᠶᠣᠰᠣᠭᠠᠷ | ᠭᠦᠢᠴᠡᠳᠬᠡᠬᠦ᠂ ᠠᠳᠠᠯᠢ ᠶᠠᠰᠤ ᠴᠢᠨᠠᠷ ᠤᠨ ᠦᠢᠯᠡᠴᠢᠯᠡᠭᠡ ᠶᠢ ᠪᠡᠶᠡᠯᠡᠭᠦᠯᠬᠦ ᠶᠢ ᠠᠬᠢᠭᠤᠯᠤᠨ᠎ᠠ᠃ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠠᠵᠢᠯ ᠢ ᠲᠦᠷᠭᠡᠳᠬᠡᠨ ᠠᠬᠢᠭᠤᠯᠵᠤ᠂ | ᠦᠨᠳᠦᠰᠦᠨ ᠱᠠᠲᠤᠨ ᠤ ᠠᠷᠠᠳ ᠲᠤ ᠳᠥᠭᠦᠮ ᠦᠵᠡᠭᠦᠯᠭᠦ ᠦᠢᠯᠡᠴᠢᠯᠡᠭᠡᠨ ᠤ ᠲᠠᠯᠠᠪᠤᠷ᠂ ᠪᠠᠩᠬᠢ᠂ ᠰᠢᠤᠳᠠᠨ᠂ | ᠬᠦᠷᠢᠶᠡᠯᠡᠩ ᠲᠣᠭᠤᠷᠢᠭ᠂ ᠲᠡᠷᠭᠡᠨ ᠥᠷᠲᠡᠭᠡ᠂ ᠬᠤᠳᠠᠯᠳᠤᠭᠠᠨ ᠤ ᠶᠡᠷᠦᠩᠬᠡᠢ ᠴᠣᠭᠴᠠ ᠵᠡᠷᠭᠡ ᠳᠤ ᠲᠦᠰᠢᠭᠯᠡᠨ᠂ ︽ | 15 ᠮᠢᠨᠦ᠋ᠲ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠤᠷᠢᠭ︾ ᠢ ᠪᠦᠭᠦ ᠲᠠᠯ᠎ᠠ ᠪᠠᠷ ᠪᠤᠢ ᠪᠣᠯᠭᠠᠨ᠎ᠠ᠃ | ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠢ ᠬᠥᠮᠥᠰ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ | ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨᠠᠬᠢ ᠦᠢᠯᠡᠴᠢᠯᠡᠭᠡᠨ ᠤ ᠠᠷᠭ᠎ᠠ ᠵᠠᠮ ᠢ ᠦᠷᠭᠦᠯᠵᠢᠯᠡᠨ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠪᠠ ᠮᠡᠳᠡᠭᠡ ᠵᠠᠩᠭᠢ ᠶᠢᠨ | ᠰᠠᠭᠠᠳ ᠦᠭᠡᠢ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | 7. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ 12345 ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤ ᠶᠢ ᠭᠥᠯᠢᠶᠡᠨ ᠠᠪᠴᠤ ᠰᠢᠢᠳᠪᠦᠷᠢᠯᠡᠬᠦ | ᠠᠵᠢᠯ ᠢ ᠪᠦᠭᠦ ᠲᠠᠯ᠎ᠠ ᠪᠠᠷ ᠴᠢᠩᠭᠠᠳᠬᠠᠨ᠎ᠠ᠃ ᠦᠢᠯᠡᠴᠢᠯᠡᠭᠡᠨ ᠤ ᠴᠢᠳᠠᠪᠬᠢ ᠶᠢ ᠰᠢᠯᠢᠳᠡᠭᠵᠢᠭᠦᠯᠵᠦ᠂ 12345 | ᠬᠠᠯᠠᠮᠰᠢᠯ ᠤᠲᠠᠰᠤᠨ ᠤ ᠲᠠᠪᠴᠠᠩ ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠵᠢᠯᠣᠭᠤᠳᠤᠨ ᠲᠣᠬᠢᠷᠠᠭᠤᠯᠬᠤ᠂ | ᠬᠢᠨᠠᠯᠲᠠ ᠲᠠᠯᠪᠢᠨ ᠰᠢᠯᠭᠠᠨ ᠬᠢᠨᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ᠂ ᠵᠠᠳᠠᠯᠤᠨ ᠰᠤᠳᠤᠯᠵᠤ | ᠮᠠᠭᠠᠳᠯᠠᠬᠤ ᠪᠠ ᠶᠡᠷᠦᠩᠬᠡᠶᠢᠯᠡᠨ ᠦᠨᠡᠯᠡᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ᠲᠠᠪᠴᠠᠩ ᠤᠨ | ᠦᠢᠯᠡᠴᠢᠯᠡᠭᠡᠨ ᠤ ᠴᠢᠳᠠᠪᠬᠢ ᠶᠢ ᠦᠨᠡᠨᠬᠦ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤᠨ ᠤ | ᠭᠦᠢᠴᠡᠳᠬᠡᠬᠦ ᠳᠠᠭᠠᠬᠤ ᠨᠣᠷᠮ᠎ᠠ᠂ ᠭᠦᠢᠴᠡᠳᠬᠡᠵᠦ ᠳᠠᠭᠤᠰᠬᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ᠂ ᠬᠠᠨᠤᠮᠵᠢ ᠶᠢᠨ | ᠨᠣᠷᠮ᠎ᠠ ᠵᠡᠷᠭᠡ ᠵᠢᠨᠯᠠᠪᠳᠠᠭᠤᠨ ᠢᠶᠠᠷ ᠳᠡᠭᠡᠭᠰᠢᠯᠡᠬᠦ ᠶᠢ ᠪᠡᠶᠡᠯᠡᠭᠦᠯᠦᠨ᠎ᠡ᠃ | 8. ᠬᠢᠨᠠᠯᠲᠠ ᠳᠤ ᠬᠤᠯᠪᠣᠭᠳᠠᠬᠤ ᠵᠠᠭᠤᠴᠢ ᠦᠢᠯᠡᠴᠢᠯᠡᠭᠡᠨ ᠤ ᠵᠢᠷᠤᠮᠵᠢᠬᠰᠠᠨ ᠬᠠᠮᠢᠶᠠᠷᠤᠯᠲᠠ ᠶᠢ | ᠴᠢᠩᠭᠠᠳᠬᠠᠨ᠎ᠠ᠃ ︽ᠪᠤᠭᠤᠲᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡᠨ ᠤ | ᠰᠦᠯᠵᠢᠶᠡᠨ ᠳᠡᠭᠡᠷᠡᠬᠢ ᠭᠡᠳᠦ ᠳᠡᠯᠭᠡᠭᠦᠷ︾ ᠤᠨ ᠲᠠᠪᠴᠠᠩ ᠳᠤ ᠲᠦᠰᠢᠭᠯᠡᠨ᠂ ᠡᠯ᠎ᠡ ᠵᠠᠭᠤᠴᠢ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠭᠤᠴᠢ ᠪᠠᠶᠢᠭᠤᠯᠤᠮᠵᠢ ᠶᠢ ᠢᠳᠡᠪᠬᠢᠲᠡᠢ ᠪᠠᠷ ᠬᠥᠲᠥᠯᠥᠨ | ᠵᠢᠯᠤᠭᠤᠳᠴᠤ ᠪᠠᠶᠢᠭᠠᠳ ︽ᠰᠦᠯᠵᠢᠶᠡᠨ ᠳᠡᠭᠡᠷᠡᠬᠢ ᠵᠠᠭᠤᠴᠢ ᠭᠡᠳᠦ ᠳᠡᠯᠭᠡᠭᠦᠷ︾ ᠲᠤ ᠰᠠᠭᠤᠯᠭᠠᠵᠤ᠂ ᠨᠢᠭᠡᠨᠲᠡ | ᠪᠠᠶᠢᠭ᠎ᠠ ᠯᠠᠪᠯᠠᠯᠭ᠎ᠠ ᠶᠢ ᠦᠨᠡᠯᠡᠨ ᠵᠢᠱᠢᠬᠦ ᠵᠡᠷᠭᠡ 7 ᠲᠥᠷᠥᠯ ᠤᠨ 21 ᠵᠦᠢᠯ ᠤᠨ ᠵᠠᠭᠤᠴᠢ ᠦᠢᠯᠡᠴᠢᠯᠡᠭᠡᠨ ᠤ | ᠵᠦᠢᠯᠡᠰ ᠤᠨ ᠰᠠᠭᠤᠷᠢᠨ ᠳᠡᠭᠡᠷ᠎ᠡ᠂ ᠬᠠᠮᠤᠭ ᠤᠨ ᠰᠢᠨ᠎ᠡ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ | ᠬᠠᠭᠤᠳᠠᠰᠤ ᠶᠢ ᠴᠠᠭ ᠲᠤᠬᠠᠢ ᠳᠤᠨᠢ ᠬᠥᠳᠡᠯᠦᠩᠭᠦᠢ ᠪᠠᠷ ᠲᠣᠬᠢᠷᠠᠭᠤᠯᠤᠨ᠂ ︽ᠰᠦᠯᠵᠢᠶᠡᠨ ᠳᠡᠭᠡᠷᠡᠬᠢ ᠵᠠᠭᠤᠴᠢ | ᠭᠡᠳᠦ ᠳᠡᠯᠭᠡᠭᠦᠷ︾ ᠤᠨ ᠲᠠᠪᠴᠠᠩ ᠳᠤ ᠲᠦᠰᠢᠭᠯᠡᠨ ᠵᠠᠭᠤᠴᠢᠯᠠᠬᠤ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ | ᠮᠡᠳᠡᠭᠡ ᠵᠠᠩᠭᠢ ᠴᠤᠭᠯᠠᠭᠤᠯᠬᠤ᠂ ᠬᠠᠮᠢᠶᠠᠷᠬᠤ᠂ ᠬᠠᠮᠲᠤ ᠪᠠᠷ ᠭᠦᠷᠲᠡᠭᠦ᠂ ᠪᠠᠶᠢᠴᠠᠭᠠᠨ ᠯᠠᠪᠯᠠᠬᠤ ᠪᠠ ᠵᠡᠷᠭᠡ ᠳᠡᠰ ᠢ | ᠰᠢᠯᠭᠠᠨ ᠦᠨᠡᠯᠡᠬᠦ ᠵᠡᠷᠭᠡ ᠪᠦᠭᠦ ᠲᠠᠯ᠎ᠠ ᠪᠠᠷ ᠬᠠᠮᠢᠶᠠᠷᠬᠤ ᠶᠢ ᠪᠡᠶᠡᠯᠡᠭᠦᠯᠬᠦ ᠶᠢᠨ ᠬᠠᠮᠲᠤ᠂ ᠵᠠᠭᠤᠴᠢ ᠪᠠᠶᠢᠭᠤᠯᠤᠮᠵᠢ ᠶᠢᠨ | ᠬᠠᠮᠤᠭ ᠤᠨ ᠰᠢᠨ᠎ᠡ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠢᠲᠡᠭᠡᠮᠵᠢ ᠶᠢᠨ ︽ | ᠣᠷᠣ ᠮᠥᠷ︾ ᠢ ᠪᠦᠷᠢᠨ ᠪᠦᠲᠦᠨ ᠣᠨᠣᠪᠴᠢᠲᠠᠢ ᠲᠡᠮᠳᠡᠭᠯᠡᠨ ᠠᠪᠴᠤ᠂ ᠵᠠᠭᠤᠴᠢᠯᠠᠬᠤ ᠢᠲᠡᠭᠡᠮᠵᠢ ᠶᠢᠨ ᠮᠡᠳᠡᠭᠡ | ᠵᠠᠩᠭᠢ ᠶᠢ ᠲᠥᠪᠯᠡᠷᠡᠭᠦᠯᠦᠨ ᠨᠡᠶᠢᠲᠡᠯᠡᠬᠦ ᠪᠠ ᠪᠦᠭᠦ ᠲᠠᠯ᠎ᠠ ᠪᠠᠷ ᠬᠠᠮᠲᠤᠪᠠᠷ ᠭᠦᠷᠲᠡᠭᠦ ᠶᠢ ᠪᠡᠶᠡᠯᠡᠭᠦᠯᠦᠨ᠎ᠡ᠃ ᠡᠯ᠎ᠡ | ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠭᠤᠴᠢ ᠦᠢᠯᠡᠴᠢᠯᠡᠭᠡᠨ ᠤ ᠬᠢᠨᠠᠯᠲᠠ | ᠬᠠᠮᠢᠶᠠᠷᠤᠯᠲᠠ ᠶᠢᠨ ᠲᠥᠬᠦᠷ ᠥᠭᠡᠷᠡᠴᠢᠯᠡᠯᠲᠡ ᠪᠠ ᠬᠠᠮᠢᠶ᠎ᠠ ᠪᠦᠬᠦᠢ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠵᠦ | ᠂ ᠠᠵᠢᠯ ᠬᠡᠷᠡᠭ ᠤᠨ ᠳᠤᠮᠳᠠ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ | ᠵᠠᠭᠤᠴᠢ ᠦᠢᠯᠡᠴᠢᠯᠡᠭᠡᠨ ᠤ ᠰᠦᠢᠳᠬᠡᠯ ᠬᠤᠷᠢᠶᠠᠬᠤ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠦᠯᠡᠳᠡᠭᠡᠭᠰᠡᠨ | ᠵᠠᠭᠤᠴᠢ ᠦᠢᠯᠡᠴᠢᠯᠡᠭᠡᠨ ᠤ ᠲᠥᠷᠥᠯ ᠵᠦᠢᠯ ᠳᠤ᠂ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠠᠵᠢᠯ ᠲᠥᠷᠥᠯ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠵᠠᠰᠠᠭ ᠤᠨ ᠣᠷᠳᠣᠨ ᠦᠨ᠎ᠡ | ᠲᠣᠭᠲᠠᠭᠠᠬᠤ᠂ ᠵᠠᠰᠠᠭ ᠤᠨ ᠣᠷᠳᠣᠨ ᠤ ᠵᠢᠯᠤᠭᠤᠳᠬᠤ ᠦᠨ᠎ᠡ᠂ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠨ᠎ᠡ ᠶᠢ | ᠬᠡᠷᠡᠭᠵᠢᠭᠦᠯᠬᠦ ᠲᠥᠷᠥᠯ ᠵᠦᠢᠯ ᠤᠨ ᠭᠠᠷᠴᠠᠭ ᠢ ᠲᠤᠰ ᠲᠤᠰ ᠲᠣᠭᠲᠠᠭᠠᠨ᠎ᠠ᠃ | (ᠬᠤᠶᠠᠷ)ᠣᠶᠤᠨᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠯᠲᠠ ᠶᠢ | ᠴᠢᠩᠭᠠᠳᠬᠠᠨ᠎ᠠ | 1. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠦᠷᠭᠦᠯᠵᠢᠯᠡᠨ ᠴᠢᠳᠠᠪᠤᠷᠢ ᠣᠯᠭᠤᠬᠤ ᠲᠣᠭᠲᠠᠴᠠ ᠶᠢ ᠭᠦᠨᠵᠡᠭᠡᠶᠢᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠂ | ᠪᠤᠭᠤᠲᠤ ᠬᠤᠲᠠ ᠯᠤᠭ᠎ᠠ ᠢᠳᠡᠪᠬᠢᠲᠡᠢ ᠪᠠᠷ ᠬᠠᠮᠵᠢᠯᠴᠠᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ᠂ ᠡᠯᠧᠺᠲᠷᠣᠨ ᠦᠨᠡᠮᠯᠡᠯ ᠤᠨ ᠰᠢᠰᠲ᠋ᠧᠮ᠂ ᠡᠯᠧᠺᠲᠷᠣᠨ ᠲᠠᠮᠠᠭ᠎ᠠ ᠶᠢᠨ ᠰᠢᠰᠲ᠋ᠧᠮ᠂ | ᠨᠢᠭᠡᠳᠦᠯᠲᠡᠢ ᠪᠡᠶ᠎ᠡ ᠭᠠᠷᠤᠯ ᠤᠨ ᠭᠡᠷᠡᠴᠢᠯᠡᠭᠡ ᠶᠢᠨ ᠰᠢᠰᠲ᠋ᠧᠮ ᠢ ᠰᠠᠶᠢᠲᠤᠷ ᠬᠢᠵᠦ᠂ ᠣᠷᠣᠨ ᠪᠦᠰᠡ ᠠᠯᠤᠰᠯᠠᠭᠰᠠᠨ᠂ | ᠰᠠᠯᠠᠭ᠎ᠠ ᠮᠥᠴᠢᠷ ᠠᠯᠤᠰᠯᠠᠭᠰᠠᠨ᠂ ᠱᠠᠲᠤ ᠳᠠᠪᠬᠤᠷᠭ᠎ᠠ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ | ᠣᠯᠠᠨ ᠨᠡᠶᠢᠲᠡ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | 2. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠪᠠ ᠬᠡᠷᠡᠭᠯᠡᠯᠲᠡ ᠶᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠤᠨ ᠬᠠᠮᠢᠶᠠᠷᠤᠯᠲᠠ ᠳᠤ ᠣᠷᠣᠭᠤᠯᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠡᠯ᠎ᠡ ᠲᠥᠷᠥᠯ ᠤᠨ ᠬᠡᠷᠡᠭ | ᠡᠷᠭᠢᠯᠡᠭᠦᠭᠦ ᠦᠢᠯᠡᠴᠢᠯᠡᠭᠡᠨ ᠤ ᠰᠢᠰᠲ᠋ᠧᠮ ᠢ ᠡᠮᠬᠢᠯᠡᠨ ᠨᠡᠶᠢᠯᠡᠭᠦᠯᠵᠦ᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠪᠣᠯᠣᠨ ᠬᠡᠷᠡᠭᠯᠡᠭᠡᠨ ᠤ ︽ᠲᠤᠰᠬᠤ ᠶᠣᠰᠣᠲᠠᠢ ᠶᠢ ᠨᠢ ᠪᠦᠭᠦᠨ ᠢ ᠭᠥᠯᠢᠶᠡᠨ ᠠᠪᠴᠤ᠂ | ᠣᠷᠣᠭᠤᠯᠬᠤ ᠶᠣᠰᠣᠲᠠᠢ ᠪᠥᠬᠦᠨ ᠢ ᠣᠷᠣᠭᠤᠯᠬᠤ︾ ᠶᠢ ᠲᠦᠯᠬᠢᠨ ᠠᠬᠢᠭᠤᠯᠵᠤ᠂ ᠬᠠᠤᠯᠢ ᠴᠠᠭᠠᠵᠠ ᠬᠠᠤᠯᠢ | ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠤᠶᠤ ᠤᠯᠤᠰ ᠤᠨ ᠨᠢᠭᠤᠴᠠ ᠳᠤ ᠬᠤᠯᠪᠣᠭᠳᠠᠬᠤ ᠵᠡᠷᠭᠡ ᠶᠢ ᠭᠠᠷᠭᠠᠪᠠᠯ | ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠦᠭᠦᠨ ᠢ ᠠᠳᠠᠯᠢ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠤᠨ ᠬᠠᠮᠢᠶᠠᠷᠤᠯᠲᠠ ᠪᠣᠯᠣᠨ ᠭᠦᠢᠴᠡᠳᠭᠡᠯᠲᠡ ᠳᠤ ᠣᠷᠣᠭᠤᠯᠤᠨ᠎ᠠ᠃ ︽ᠢᠨᠲ᠋ᠧᠷ | ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠲᠠᠪᠴᠠᠩ ᠳᠤ ᠲᠦᠰᠢᠭᠯᠡᠨ᠂ ᠡᠷᠬᠡ ᠲᠤᠰᠢᠶᠠᠯ ᠢᠶᠠᠷ ᠢᠶᠠᠨ ᠪᠠᠶᠢᠭ᠎ᠠ | ᠵᠦᠢᠯᠡᠰ ᠢ ᠪᠦᠭᠦ ᠲᠠᠯ᠎ᠠ ᠪᠠᠷ ᠡᠮᠬᠢᠯᠡᠵᠦ᠂ ᠲᠠᠪᠴᠠᠩ ᠬᠢᠭᠡᠳ ᠨᠠᠷᠢᠨ ᠬᠠᠭᠤᠳᠠᠰᠤ ᠶᠢᠨ ᠵᠦᠢᠯᠡᠰ ᠤᠨ ᠨᠡᠷᠡᠶᠢᠳᠦᠯ᠂ | ᠵᠦᠢᠯᠡᠰ ᠢ ᠨᠣᠮᠧᠷᠯᠠᠬᠤ᠂ ᠭᠦᠢᠴᠡᠳᠬᠡᠬᠦ ᠴᠤᠪᠤᠷᠠᠯ᠂ ᠬᠢᠨᠠᠨ ᠬᠠᠮᠢᠶᠠᠷᠬᠤ ᠠᠷᠭ᠎ᠠ ᠮᠠᠶ᠋ᠢᠭ ᠨᠢ ᠪᠦᠷᠢᠮᠦᠰᠦᠨ | ᠨᠢᠭᠡᠳᠦᠯᠲᠡᠢ ᠪᠠᠶᠢᠬᠤ ᠶᠢ ᠦᠨᠡᠨᠬᠦ ᠪᠠᠲᠤᠯᠠᠨ᠎ᠠ᠃ | 3. ᠪᠦᠭᠦ ᠣᠷᠣᠨ ᠢ ᠬᠠᠮᠤᠷᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠵᠠᠷ ᠤᠨ ᠵᠢᠷᠤᠭ ᠢ | ᠪᠠᠶᠢᠭᠤᠯᠤᠨ᠎ᠠ᠃ ᠲᠣᠭᠠᠴᠠᠯᠠᠬᠰᠠᠨ ᠵᠠᠰᠠᠭ ᠤᠨ ᠣᠷᠳᠣᠨ ᠢ ᠪᠠᠶᠢᠭᠤᠯᠬᠤ᠂ ᠴᠢᠨᠠᠷ ᠰᠠᠶᠢᠲᠠᠢ ᠣᠶᠤᠨᠴᠢ ᠵᠠᠰᠠᠭ ᠤᠨ | ᠶᠠᠪᠤᠳᠠᠯ ᠢ ᠪᠤᠢ ᠪᠤᠯᠭᠠᠬᠤ ᠪᠠᠷ ᠬᠥᠲᠥᠯᠥᠮᠵᠢ ᠪᠤᠯᠭᠠᠵᠤ᠂ ᠠᠵᠢᠯ ᠭᠦᠢᠴᠡᠳᠬᠡᠬᠦ ᠲᠢᠩᠬᠢᠮ᠂ ᠠᠷᠠᠳ ᠲᠤ ᠳᠥᠭᠦᠮ | ᠦᠵᠡᠭᠦᠯᠭᠦ ᠦᠢᠯᠡᠴᠢᠯᠡᠭᠡᠨ ᠤ ᠲᠥᠪ᠂ ᠠᠷᠠᠳ ᠲᠤ ᠳᠥᠭᠦᠮ ᠦᠵᠡᠭᠦᠯᠭᠦ ᠦᠢᠯᠡᠴᠢᠯᠡᠭᠡᠨ ᠤ ᠥᠷᠲᠡᠭᠡ ᠴᠢᠭ ᠤᠨ | ᠦᠨᠳᠦᠰᠦᠨ ᠮᠡᠳᠡᠭᠡ ᠵᠠᠩᠭᠢ᠂ ᠭᠠᠵᠠᠷ ᠵᠦᠢ ᠶᠢᠨ ᠣᠷᠣᠨ ᠪᠠᠶᠢᠷᠢ ᠶᠢᠨ ᠮᠡᠳᠡᠭᠡ ᠵᠠᠩᠭᠢ᠂ ᠦᠢᠯᠡᠴᠢᠯᠡᠭᠡᠨ ᠤ | ᠴᠢᠳᠠᠪᠤᠷᠢ ᠶᠢᠨ ᠮᠡᠳᠡᠭᠡ ᠵᠠᠩᠭᠢ᠂ ᠤᠷᠢᠳᠴᠢᠯᠠᠨ ᠪᠣᠯᠵᠣᠵᠤ ᠮᠥᠷᠯᠡᠬᠦ ᠮᠡᠳᠡᠭᠡ ᠵᠠᠩᠭᠢ ᠵᠡᠷᠭᠡ ᠶᠢ ᠡᠮᠬᠢᠯᠡᠨ | ᠨᠡᠶᠢᠯᠡᠭᠦᠯᠵᠦ᠂ ᠪᠦᠭᠦ ᠣᠷᠣᠨ ᠢ ᠪᠦᠷᠬᠦᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠵᠠᠷ ᠤᠨ ᠵᠢᠷᠤᠭ ᠢ | ᠪᠠᠶᠢᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠳᠤ ᠳᠥᠭᠦᠮ ᠳᠥᠲᠡ᠂ ᠥᠨᠳᠥᠷ ᠪᠦᠲᠦᠮᠵᠢᠲᠡᠢ᠂ | ᠰᠠᠨᠠᠭᠠᠴᠢᠯᠠᠭᠠᠲᠤ᠂ ᠲᠤᠰᠬᠠᠢ ᠮᠡᠷᠭᠡᠵᠢᠯ ᠤᠨ ᠨᠢᠭᠡ ᠥᠷᠲᠡᠭᠡᠯᠢᠭ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠬᠥᠲᠥᠯᠥᠨ ᠵᠢᠯᠤᠭᠤᠳᠬᠤ ᠦᠢᠯᠡᠴᠢᠯᠡᠭᠡ ᠬᠠᠩᠭᠠᠨ᠎ᠠ᠃ | ( ᠭᠤᠷᠪᠠ ) ᠵᠠᠰᠠᠭ ᠤᠨ ᠶᠠᠪᠤᠳᠠᠯ ᠤᠨ ᠳᠥᠭᠦᠮ ᠦᠵᠡᠭᠦᠯᠭᠦ ᠦᠢᠯᠡᠴᠢᠯᠡᠭᠡᠨ ᠤ ᠪᠠᠶᠢᠭᠤᠯᠤᠯᠲᠠ ᠶᠢ | ᠴᠢᠩᠭᠠᠳᠬᠠᠨ᠎ᠠ | 1. ᠬᠤᠯᠪᠣᠭᠳᠠᠬᠤ ᠵᠦᠢᠯᠡᠰ ᠢ ᠬᠤᠷᠠᠮᠳᠤᠭᠤᠯᠤᠨ ᠭᠦᠢᠴᠡᠳᠬᠡᠬᠦ ᠶᠢ ᠠᠬᠢᠭᠤᠯᠤᠨ᠎ᠠ᠃ ᠬᠤᠶᠠᠳᠤᠭᠠᠷ | ᠪᠦᠯᠦᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠲᠤ ᠳᠣᠷᠣᠭᠰᠢ ᠪᠠᠭᠤᠯᠭᠠᠬᠤ ᠵᠦᠢᠯᠡᠰ ᠢ ᠡᠮᠬᠢᠯᠡᠨ ᠲᠢᠭᠯᠡᠭᠦ ᠠᠵᠢᠯ ᠢ ᠰᠠᠶᠢᠲᠤᠷ ᠥᠷᠨᠢᠭᠦᠯᠵᠦ᠂ ᠬᠠᠮᠢᠶ᠎ᠠ | ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠳᠣᠷᠣᠭᠰᠢ ᠪᠠᠭᠤᠯᠭᠠᠬᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠵᠦᠢᠯᠡᠰ ᠢ ᠪᠦᠭᠦ ᠲᠠᠯ᠎ᠠ ᠪᠠᠷ ᠡᠮᠬᠢᠯᠡᠵᠦ᠂ ᠣᠯᠠᠨ ᠰᠠᠯᠠᠭ᠎ᠠ ᠮᠥᠴᠢᠷ ᠭᠦᠢᠴᠡᠳᠬᠡᠬᠦ ᠪᠤᠶᠤ ᠱᠠᠲᠤ | ᠠᠯᠤᠰᠯᠠᠨ ᠭᠦᠢᠴᠡᠳᠬᠡᠬᠦ᠂ ᠬᠤᠯᠪᠣᠭᠳᠠᠬᠤ ᠴᠢᠨᠠᠷ ᠢᠶᠠᠷ ᠴᠢᠩᠭ᠎ᠠ᠂ ᠰᠢᠢᠳᠪᠦᠷᠢᠯᠡᠬᠦ ᠬᠡᠮᠵᠢᠶ᠎ᠡ ᠶᠡᠭᠡ᠂ ᠭᠦᠢᠴᠡᠳᠬᠡᠬᠦ | ᠴᠠᠭ ᠨᠢ ᠬᠠᠷᠢᠴᠠᠩᠭᠤᠢ ᠪᠠᠷ ᠲᠥᠪᠯᠡᠷᠡᠭᠰᠡᠨ ᠣᠯᠠᠨ ᠵᠦᠢᠯᠡᠰ ᠢ ᠲᠥᠪᠯᠡᠷᠡᠭᠦᠯᠦᠨ ᠭᠦᠢᠴᠡᠳᠬᠡᠵᠦ᠂ ᠠᠵᠤ ᠠᠬᠤᠶᠢᠯᠠᠯ | ᠪᠠ ᠣᠯᠠᠨ ᠲᠦᠮᠡᠨ ᠳᠤ ︽ᠨᠢᠭᠡ ᠲᠥᠷᠥᠯ ᠤᠨ ᠠᠵᠢᠯ ᠶᠠᠪᠤᠳᠠᠯ ᠢ ᠨᠢᠭᠡ ᠥᠷᠲᠡᠭᠡ︾ ᠶᠢᠨ ᠦᠢᠯᠡᠴᠢᠯᠡᠭᠡ | ᠬᠠᠩᠭᠠᠨ᠎ᠠ᠃ ︽ᠨᠢᠭᠡ ᠶᠠᠪᠤᠳᠠᠯ︾ ᠨᠢᠭᠡᠪᠦᠷᠢ ᠶᠢᠨ ᠲᠦᠷᠦᠭᠦᠯᠡᠬᠦ ᠨᠢᠭᠡᠴᠡ ᠪᠠ ᠬᠠᠮᠵᠢᠯᠴᠠᠬᠤ ᠨᠢᠭᠡᠴᠡ ᠵᠢᠴᠢ ᠲᠤᠰ | ᠲᠤᠰ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠰᠠᠯᠠᠭ᠎ᠠ ᠮᠥᠴᠢᠷ ᠠᠯᠤᠰᠯᠠᠭᠰᠠᠨ ᠲᠥᠷᠥ ᠶᠢᠨ | ᠪᠣᠳᠣᠯᠭ᠎ᠠ᠂ ᠲᠤᠬᠠᠶᠢᠯᠠᠭᠰᠠᠨ ᠠᠵᠢᠯ᠂ ᠰᠢᠰᠲ᠋ᠧᠮ ᠤᠨ ᠬᠠᠮᠵᠢᠯᠴᠠᠭ᠎ᠠ ᠪᠠ ᠲᠤᠭ᠎ᠠ ᠪᠠᠷᠢᠮᠲᠠ ᠶᠢ ᠬᠠᠮᠲᠤᠪᠠᠷ | ᠭᠦᠷᠲᠡᠭᠦ ᠶᠢ ᠴᠢᠩᠭᠠᠷᠠᠭᠤᠯᠤᠨ᠎ᠠ᠃ ᠰᠠᠯᠠᠭ᠎ᠠ ᠮᠥᠴᠢᠷ ᠠᠯᠤᠰᠯᠠᠨ ᠲᠤᠬᠠᠶᠢᠯᠠᠭᠰᠠᠨ ᠠᠵᠢᠯ ᠭᠦᠢᠴᠡᠳᠬᠡᠬᠦ ᠴᠤᠪᠤᠷᠠᠯ ᠢ | ᠳᠠᠭᠢᠨ ᠪᠠᠶᠢᠭᠤᠯᠵᠤ᠂ ᠡᠮᠦᠨ᠎ᠡ ᠬᠤᠶᠢᠨᠠᠬᠢ ᠵᠠᠯᠭᠠᠯᠳᠤᠯ ᠭᠤᠭᠴᠤᠭ᠎ᠠ ᠶᠢ ᠰᠢᠯᠢᠳᠡᠭᠵᠢᠭᠦᠯᠦᠨ᠂ ᠭᠤᠶᠤᠴᠢᠯᠠᠯ ᠤᠨ | ᠬᠦᠰᠦᠨᠦᠭᠲᠦ ᠶᠢᠨ ᠣᠯᠠᠨ ᠬᠦᠰᠦᠨᠦᠭᠲᠦ ᠶᠢ ᠨᠢᠭᠡᠳᠬᠡᠬᠦ᠂ ᠰᠦᠯᠵᠢᠶᠡᠨ ᠳᠡᠭᠡᠷ᠎ᠡ ᠨᠢᠭᠡ ᠰᠦᠯᠵᠢᠶᠡᠨ ᠳᠡᠭᠡᠷ᠎ᠡ | ᠭᠤᠶᠤᠴᠢᠯᠠᠬᠤ᠂ ᠮᠠᠲ᠋ᠧᠷᠢᠶᠠᠯ ᠢ ᠨᠢᠭᠡ ᠯᠡ ᠤᠳᠠᠭ᠎ᠠ ᠲᠤᠰᠢᠶᠠᠬᠤ ᠶᠢ ᠲᠦᠯᠬᠢᠨ ᠠᠬᠢᠭᠤᠯᠤᠨ᠎ᠠ᠃ ᠰᠦᠯᠵᠢᠶᠡᠨ | ᠳᠡᠭᠡᠷ᠎ᠡ ᠪᠠ ᠰᠦᠯᠵᠢᠶᠡᠨ ᠳᠣᠣᠷ᠎ᠠ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠵᠤ᠂ ᠬᠠᠮᠲᠤᠷᠠᠨ ᠬᠢᠨᠠᠨ | ᠵᠥᠪᠰᠢᠶᠡᠷᠡᠬᠦ᠂ ᠬᠠᠮᠲᠤᠷᠠᠨ ᠬᠢᠨᠠᠨ ᠲᠣᠭᠲᠠᠭᠠᠬᠤ᠂ ᠬᠠᠮᠲᠤᠷᠠᠨ ᠰᠢᠯᠭᠠᠨ ᠠᠪᠬᠤ ᠵᠡᠷᠭᠡ ᠶᠢ ᠥᠷᠨᠢᠭᠦᠯᠵᠦ᠂ | ᠭᠦᠢᠴᠡᠳᠬᠡᠬᠦ ᠴᠠᠭ ᠤᠷᠲᠤ ᠪᠠ ᠠᠵᠢᠯ ᠭᠦᠢᠴᠡᠳᠬᠡᠬᠦ ᠥᠪᠡᠷ ᠤᠨ ᠥᠷᠲᠡᠭ ᠢ ᠶᠡᠭᠡ ᠬᠡᠮᠵᠢᠶ᠎ᠡ ᠪᠠᠷ ᠪᠠᠭᠠᠰᠬᠠᠨ᠎ᠠ᠃ | 2. ᠵᠠᠰᠠᠭ ᠤᠨ ᠶᠠᠪᠤᠳᠠᠯ ᠤᠨ ᠬᠡᠷᠡᠭ ᠶᠠᠪᠤᠳᠠᠯ ᠤᠨ ᠢᠲᠡᠭᠡᠮᠵᠢ ᠶᠢᠨ ᠠᠯᠪᠠᠨ ᠭᠡᠷ ᠢ ᠠᠬᠢᠭᠤᠯᠤᠨ᠎ᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠂ ᠠᠮᠠᠯᠠᠯᠲᠠ ᠶᠢᠨ ᠳᠦᠷᠢᠮ ᠪᠣᠯᠣᠨ ᠪᠠᠭᠲᠠᠭᠠᠨ ᠠᠪᠬᠤ ᠦᠢᠯᠡᠴᠢᠯᠡᠭᠡᠨ ᠤ ᠵᠠᠭᠪᠤᠷ ᠢ ᠶᠠᠪᠤᠭᠤᠯᠤᠨ᠎ᠠ᠃ | ︽ᠪᠠᠭᠲᠠᠭᠠᠮᠵᠢ ᠳᠤᠲᠠᠭᠳᠠᠬᠤ ᠶᠢ ᠭᠥᠯᠢᠶᠡᠨ ᠠᠪᠴᠤ ᠰᠢᠢᠳᠪᠦᠷᠢᠯᠡᠬᠦ︾ ︽ᠠᠮᠠᠯᠠᠯᠲᠠ ᠶᠢ ᠮᠡᠳᠡᠭᠦᠯᠬᠦ︾ | ᠵᠦᠢᠯᠡᠰ ᠤᠨ ᠬᠡᠪᠴᠢᠶ᠎ᠡ ᠶᠢ ᠥᠷᠭᠡᠳᠬᠡᠬᠦ ᠶᠢ ᠦᠷᠭᠦᠯᠵᠢᠯᠡᠨ ᠰᠦᠪᠡᠭᠴᠢᠯᠡᠵᠦ᠂ ᠤᠯᠤᠰ ᠤᠨ ᠠᠮᠤᠷ ᠲᠦᠪᠰᠢᠨ᠂ | ᠤᠯᠤᠰ ᠤᠨ ᠨᠢᠭᠤᠴᠠ᠂ ᠣᠯᠠᠨ ᠨᠡᠶᠢᠲᠡ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ ᠦᠢᠯᠡᠰ ᠲᠤ ᠬᠢᠨᠠᠭᠤᠷ | ᠪᠣᠯᠭᠤᠮᠵᠢᠲᠠᠢ ᠬᠢᠨᠠᠯᠲᠠ ᠬᠠᠮᠢᠶᠠᠷᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠰᠢᠭᠤᠳ | ᠬᠤᠯᠪᠣᠭᠳᠠᠵᠤ᠂ ᠬᠥᠮᠥᠨ ᠤ ᠪᠡᠶ᠎ᠡ ᠶᠢᠨ ᠡᠷᠡᠭᠦᠯ ᠮᠡᠨᠳᠦ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ | ᠰᠢᠭᠤᠳ ᠬᠤᠯᠪᠣᠭᠳᠠᠬᠤ ᠵᠢᠴᠢ ᠭᠠᠳᠠᠭᠠᠳᠤ ᠲᠠᠢ ᠬᠤᠯᠪᠣᠭᠳᠠᠬᠤ ᠲᠠᠯ᠎ᠠ ᠪᠠᠷ ᠨᠡᠯᠢᠶᠡᠳ ᠶᠡᠭᠡ ᠲᠦᠭᠰᠢᠭᠦᠷᠢ ᠶᠢᠨ | ᠥᠪᠡᠷ ᠤᠨ ᠥᠷᠲᠡᠭ ᠢᠶᠠᠷ ᠨᠡᠯᠢᠶᠡᠳ ᠥᠨᠳᠥᠷ᠂ ᠪᠤᠷᠤᠭᠤ ᠶᠢ ᠵᠠᠯᠠᠷᠠᠭᠤᠯᠬᠤ ᠥᠪᠡᠷ ᠤᠨ ᠥᠷᠲᠡᠭ ᠢᠶᠠᠷ ᠨᠡᠯᠢᠶᠡᠳ | ᠥᠨᠳᠥᠷ᠂ ᠬᠤᠬᠢᠷᠠᠯ ᠠᠴᠠ ᠵᠠᠶᠢᠯᠠᠭᠤᠯᠬᠤ ᠳᠤ ᠬᠦᠴᠢᠷᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠭᠠᠷᠭᠠᠪᠠᠯ᠂ ᠠᠵᠤ ᠠᠬᠤᠶᠢᠯᠠᠯ ᠳᠤ ᠳᠥᠭᠦᠮ ᠦᠵᠡᠭᠦᠯᠭᠦ ᠬᠠᠮᠤᠭ ᠤᠨ ᠶᠡᠭᠡ ᠬᠡᠮᠵᠢᠶ᠎ᠡ ᠪᠠᠷ ᠠᠰᠢᠭᠲᠠᠢ ᠪᠠᠶᠢᠯᠭᠠᠬᠤ | ᠵᠠᠷᠴᠢᠮ ᠤᠨ ᠶᠣᠰᠣᠭᠠᠷ ᠵᠠᠰᠠᠭ ᠵᠠᠬᠢᠷᠭᠠᠨ ᠤ ᠦᠢᠯᠡᠴᠢᠯᠡᠭᠡᠨ ᠤ ᠠᠮᠠᠯᠠᠯᠲᠠ ᠬᠢᠬᠦ ᠦᠢᠯᠡᠴᠢᠯᠡᠭᠡᠨ ᠤ ᠵᠠᠭᠪᠤᠷ ᠢ | ᠬᠡᠷᠡᠭᠵᠢᠭᠦᠯᠦᠨ᠎ᠡ᠃ ᠮᠡᠳᠡᠭᠳᠡᠬᠦ ᠠᠮᠠᠯᠠᠯᠲᠠ ᠪᠤᠶᠤ ᠭᠥᠯᠢᠶᠡᠨ ᠠᠪᠬᠤ ᠪᠢᠴᠢᠭ ᠬᠠᠷ᠎ᠠ ᠶᠢᠨ ᠭᠡᠯᠪᠡᠷᠢ ᠮᠠᠶ᠋ᠢᠭ ᠢ | ᠨᠢᠭᠡᠳᠦᠯᠲᠡᠢ ᠵᠢᠷᠤᠮᠵᠢᠭᠤᠯᠵᠤ᠂ ᠣᠷᠣᠯᠠᠵᠤ ᠪᠤᠯᠬᠤ ᠪᠤᠶᠤ ᠭᠥᠯᠢᠶᠡᠨ ᠠᠪᠴᠤ ᠰᠢᠢᠳᠪᠦᠷᠢᠯᠡᠬᠦ ᠠᠭᠤᠯᠭ᠎ᠠ | ᠲᠤᠲᠠᠭᠳᠠᠵᠤ ᠪᠤᠯᠬᠤ ᠶᠢ ᠲᠣᠳᠣᠷᠬᠠᠶᠢᠯᠠᠬᠤ ᠪᠣᠳᠠᠲᠠᠢ ᠠᠭᠤᠯᠭ᠎ᠠ᠂ ᠱᠠᠭᠠᠷᠳᠠᠯᠭ᠎ᠠ ᠵᠢᠴᠢ ᠠᠮᠠᠯᠠᠯᠲᠠ ᠠᠴᠠ | ᠵᠥᠷᠢᠴᠡᠭᠰᠡᠨ ᠤ ᠡᠭᠦᠷᠭᠡᠯᠡᠬᠦ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ︽ᠪᠠᠭᠲᠠᠭᠠᠮᠵᠢ | ᠳᠤᠲᠠᠭᠳᠠᠬᠤ ᠶᠢ ᠭᠥᠯᠢᠶᠡᠨ ᠠᠪᠴᠤ ᠰᠢᠢᠳᠪᠦᠷᠢᠯᠡᠬᠦ︾ ︽ᠠᠮᠠᠯᠠᠯᠲᠠ ᠶᠢ ᠮᠡᠳᠡᠭᠦᠯᠬᠦ︾ ︽ᠢᠲᠡᠭᠡᠮᠵᠢ ᠶᠢᠨ ᠠᠮᠠᠯᠳᠠᠯ | ︾ ᠤᠨ ᠵᠦᠢᠯ ᠤᠨ ᠨᠠᠷᠢᠨ ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠬᠤ ᠶᠢᠨ ᠬᠠᠮᠲᠤ ᠵᠠᠰᠠᠭ ᠤᠨ ᠣᠷᠳᠣᠨ ᠤ | ᠫᠤᠷᠲ᠋ᠧᠯ ᠰᠦᠯᠵᠢᠶ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠪᠠᠷ ᠳᠠᠮᠵᠢᠭᠤᠯᠤᠨ ᠢᠯᠡ | ᠨᠡᠶᠢᠲᠡᠯᠡᠬᠦ ᠬᠡᠷᠡᠭᠲᠡᠢ᠃ ᠮᠡᠳᠡᠭᠳᠡᠬᠦ ᠶᠢ ᠠᠮᠠᠯᠠᠯᠲᠠ᠂ ᠠᠭᠤᠵᠢᠭᠤ ᠲᠠᠯᠪᠢᠵᠤ ᠭᠥᠯᠢᠶᠡᠨ ᠠᠪᠴᠤ ᠰᠢᠢᠳᠪᠦᠷᠢᠯᠡᠬᠦ | ᠭᠠᠷᠳᠠᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠠᠵᠢᠯ ᠬᠡᠷᠡᠭ ᠤᠨ ᠳᠤᠮᠳᠠ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠦᠨᠡᠨᠬᠦ ᠴᠢᠬᠤᠯᠠᠲᠠᠢ ᠪᠣᠯ ᠪᠦᠭᠦᠨ ᠢ ᠬᠠᠮᠤᠷᠤᠨ ᠬᠢᠨᠠᠨ ᠪᠠᠶᠢᠴᠠᠭᠠᠬᠤ ᠶᠢ ᠥᠷᠨᠢᠭᠦᠯᠵᠦ ᠪᠣᠯᠣᠨ᠎ᠠ᠂ | ᠵᠥᠪᠰᠢᠶᠡᠷᠡᠬᠦ ᠨᠥᠬᠦᠴᠡᠯ ᠳᠤ ᠨᠡᠶᠢᠴᠡᠬᠦ ᠦᠭᠡᠢ ᠶᠢ ᠣᠯᠵᠤ ᠮᠡᠳᠡᠪᠡᠯ᠂ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠬᠦ ᠶᠢᠨ ᠬᠠᠮᠲᠤ ᠢᠲᠡᠭᠡᠯ ᠠᠯᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠢᠲᠡᠭᠡᠮᠵᠢ ᠶᠢᠨ ᠲᠡᠮᠳᠡᠭᠯᠡᠯ ᠳᠡᠭᠡᠨ ᠲᠡᠮᠳᠡᠭᠯᠡᠨ ᠣᠷᠣᠭᠤᠯᠵᠤ᠂ ᠬᠠᠤᠯᠢ ᠲᠣᠭᠲᠠᠭᠠᠯ ᠶᠣᠰᠣᠭᠠᠷ ᠢᠲᠡᠭᠡᠯ ᠠᠯᠳᠠᠭᠰᠠᠨ | ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠯᠡᠭᠦᠯᠦᠨ᠎ᠡ᠃ | 3. ᠣᠨᠳᠣᠣ ᠭᠠᠵᠠᠷ ᠤᠨ ᠵᠦᠢᠯᠡᠰ ᠢ ᠣᠷᠣᠨ ᠪᠦᠰᠡ ᠠᠯᠤᠰᠯᠠᠨ ᠭᠦᠢᠴᠡᠳᠬᠡᠬᠦ ᠶᠢ ᠠᠬᠢᠭᠤᠯᠤᠨ᠎ᠠ᠃ | ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠡᠵᠡᠩᠨᠡᠬᠦ ᠪᠠ ᠣᠯᠠᠨ ᠲᠦᠮᠡᠨ ᠤ ᠣᠨᠳᠣᠣ ᠭᠠᠵᠠᠷ ᠠᠵᠢᠯ | ᠡᠷᠭᠢᠯᠡᠭᠦ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠩ ᠣᠯᠠᠨ | ᠵᠦᠢᠯᠡᠰ ᠢ ᠪᠦᠭᠦ ᠣᠷᠣᠨ ᠳᠤ ᠨᠡᠶᠢᠳᠡᠮ ᠭᠦᠢᠴᠡᠳᠬᠡᠬᠦ᠂ ᠮᠤᠵᠢ ᠠᠯᠤᠰᠯᠠᠨ ᠨᠡᠶᠢᠳᠡᠮ ᠡᠷᠭᠢᠯᠡᠭᠦ ᠶᠢ ᠦᠷᠭᠦᠯᠵᠢᠯᠡᠨ | ᠠᠬᠢᠭᠤᠯᠵᠤ᠂ ᠣᠶᠢᠷ᠎ᠠ ᠬᠠᠪᠢ ᠳᠤᠨᠢ ᠡᠷᠭᠢᠯᠡᠭᠦ᠂ ᠣᠨᠳᠣᠣ ᠭᠠᠵᠠᠷ ᠡᠷᠭᠢᠯᠡᠭᠦ ᠶᠢ ᠪᠡᠶᠡᠯᠡᠭᠦᠯᠦᠨ᠎ᠡ᠃ 2024 | ᠣᠨ ᠤ ᠰᠡᠭᠦᠯᠴᠢ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ︽ᠪᠦᠭᠦ ᠣᠷᠣᠨ ᠳᠤ ᠨᠡᠶᠢᠳᠡᠮ ᠭᠦᠢᠴᠡᠳᠬᠡᠬᠦ︾ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠮᠠᠨ ᠤ | ᠣᠷᠣᠨ ᠤ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠵᠦᠢᠯᠡᠰ ᠢ ᠡᠮᠬᠢᠯᠡᠨ ᠲᠢᠭᠯᠡᠵᠦ᠂ ᠲᠡᠷᠢᠭᠦᠨ ᠤ ᠭᠠᠵᠠᠷ | ᠣᠷᠣᠨ ᠤ ᠲᠤᠷᠰᠢᠯᠭ᠎ᠠ ᠶᠢ ᠢᠳᠡᠪᠬᠢᠲᠡᠢ ᠰᠤᠷᠤᠯᠴᠠᠨ᠂ ᠣᠨᠳᠣᠣ ᠭᠠᠵᠠᠷ ᠣᠷᠣᠯᠠᠨ ᠬᠤᠷᠢᠶᠠᠵᠤ ᠣᠷᠣᠯᠠᠨ | ᠭᠦᠢᠴᠡᠳᠬᠡᠬᠦ᠂ ᠣᠯᠠᠨ ᠭᠠᠵᠠᠷ ᠬᠠᠮᠲᠤᠷᠠᠨ ᠭᠦᠢᠴᠡᠳᠬᠡᠬᠦ ᠠᠵᠢᠯ ᠢ ᠲᠦᠯᠬᠢᠨ ᠠᠬᠢᠭᠤᠯᠵᠤ᠂ ︽ᠮᠤᠵᠢ ᠠᠯᠤᠰᠯᠠᠨ | ᠨᠡᠶᠢᠳᠡᠮ ᠭᠦᠢᠴᠡᠳᠬᠡᠬᠦ︾ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠢ ᠠᠬᠢᠭᠤᠯᠤᠨ᠂ | ᠱᠠᠲᠤ ᠳᠡᠰ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ | ᠠᠯᠤᠰᠯᠠᠭᠰᠠᠨ᠂ ᠲᠤᠬᠠᠶᠢᠯᠠᠭᠰᠠᠨ ᠠᠵᠢᠯ ᠤᠨ ᠬᠠᠮᠵᠢᠯᠴᠠᠨ ᠬᠠᠮᠢᠶᠠᠷᠬᠤ ᠪᠠ ᠦᠢᠯᠡᠴᠢᠯᠡᠭᠡ ᠶᠢ ᠪᠡᠶᠡᠯᠡᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮ ᠳᠥᠲᠡ ᠬᠡᠮᠵᠢᠶ᠎ᠡ ᠪᠠ ᠣᠯᠠᠨ ᠲᠦᠮᠡᠨ ᠤ ᠬᠦᠷᠲᠡᠮᠵᠢ ᠶᠢᠨ | ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠣᠷᠣᠯᠠᠨ ᠬᠤᠷᠢᠶᠠᠵᠤ ᠣᠷᠣᠯᠠᠨ ᠭᠦᠢᠴᠡᠳᠬᠡᠬᠦ | ᠦᠢᠯᠡᠴᠢᠯᠡᠭᠡᠨ ᠤ ᠵᠠᠭᠪᠤᠷ ᠢ ᠰᠢᠯᠢᠳᠡᠭᠵᠢᠭᠦᠯᠵᠦ᠂ ᠭᠥᠯᠢᠶᠡᠨ ᠠᠪᠴᠤ ᠰᠢᠢᠳᠪᠦᠷᠢᠯᠡᠬᠦ ᠪᠠ ᠬᠤᠶᠠᠷ ᠭᠠᠵᠠᠷ ᠤᠨ | ᠴᠣᠩᠬᠤᠪᠴᠢ ᠬᠠᠮᠵᠢᠯᠴᠠᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠣᠷᠣᠯᠠᠨ | ᠬᠤᠷᠢᠶᠠᠵᠤ ᠣᠷᠣᠯᠠᠨ ᠭᠦᠢᠴᠡᠳᠬᠡᠬᠦ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢ ᠲᠣᠳᠣᠷᠬᠠᠶᠢᠯᠠᠨ᠎ᠠ᠃ | 4. ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢᠨ ᠭᠤᠶᠤᠴᠢᠯᠠᠯ ᠠᠴᠠ ᠬᠡᠯᠲᠦᠷᠢᠭᠦᠯᠬᠦ ᠶᠢ | ᠠᠬᠢᠭᠤᠯᠤᠨ᠎ᠠ᠃ ᠵᠠᠰᠠᠭ ᠵᠠᠬᠢᠷᠭᠠᠨ ᠤ ᠣᠯᠭᠤᠯᠲᠠ᠂ ᠪᠡᠯᠡ ᠮᠥᠩᠭᠦ ᠶᠢᠨ ᠨᠥᠬᠦᠪᠦᠷᠢ ᠶᠢᠨ ᠳᠡᠮᠵᠢᠯᠭᠡ᠂ ᠭᠠᠶᠢᠯᠢ | ᠲᠠᠲᠠᠪᠤᠷᠢ ᠶᠢᠨ ᠬᠠᠷᠠᠭᠠᠯᠵᠠᠯ ᠵᠡᠷᠭᠡ ᠲᠥᠷᠥ ᠶᠢᠨ ᠪᠣᠳᠣᠯᠭ᠎ᠠ ᠶᠢᠨ ᠨᠥᠬᠦᠴᠡᠯ ᠪᠠ ᠬᠡᠷᠡᠭᠯᠡᠬᠦ ᠳᠦᠷᠢᠮ ᠢ | ᠦᠷᠭᠦᠯᠵᠢᠯᠡᠨ ᠡᠮᠬᠢᠯᠡᠵᠦ᠂ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠠ ᠣᠯᠠᠨ | ᠲᠦᠮᠡᠨ ᠢ ︽ᠭᠤᠶᠤᠴᠢᠯᠠᠬᠤ ᠦᠭᠡᠢ ᠪᠠᠷ ᠭᠦᠷᠲᠡᠭᠦ︾ ᠶᠢ ᠣᠨᠣᠪᠴᠢᠲᠠᠢ ᠲᠣᠬᠢᠷᠠᠭᠤᠯᠤᠨ᠎ᠠ᠃ ᠬᠠᠤᠯᠢ ᠴᠠᠭᠠᠵᠠ | ᠬᠠᠤᠯᠢ ᠲᠣᠭᠲᠠᠭᠠᠯ ᠳᠤ ᠭᠤᠶᠤᠴᠢᠯᠠᠯ ᠶᠣᠰᠣᠭᠠᠷ ᠭᠦᠢᠴᠡᠳᠬᠡᠬᠦ ᠶᠢ ᠲᠣᠳᠣᠷᠬᠠᠢ ᠱᠠᠭᠠᠷᠳᠠᠭᠰᠠᠨ ᠪᠠᠶᠢᠪᠠᠯ᠂ | ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠪᠠ ᠣᠯᠠᠨ ᠲᠦᠮᠡᠨ ᠳᠤ ᠥᠪᠡᠰᠦᠪᠡᠨ ᠭᠤᠶᠤᠴᠢᠯᠠᠯ ᠤᠨ | ᠬᠦᠰᠦᠨᠦᠭᠲᠦ ᠡᠭᠦᠰᠦᠨ᠂ ᠭᠤᠶᠤᠴᠢᠯᠠᠯ ᠤᠨ ᠮᠠᠲ᠋ᠧᠷᠢᠶᠠᠯ ᠢ ᠰᠢᠯᠵᠢᠭᠦᠯᠦᠨ ᠬᠡᠷᠡᠭᠯᠡᠬᠦ ᠶᠢᠨ ᠬᠠᠮᠲᠤ᠂ ᠠᠶᠠᠨᠳᠠᠭᠠᠨ | ᠣᠨᠣᠪᠴᠢᠲᠠᠢ ᠲᠠᠨᠢᠯᠴᠠᠭᠤᠯᠤᠨ ᠬᠦᠷᠭᠡᠵᠦ᠂ ᠰᠠᠶᠢᠨ ᠳᠤᠷ᠎ᠠ ᠠᠴᠠ ᠪᠠᠨ ᠭᠤᠶᠤᠴᠢᠯᠠᠯ ᠭᠠᠷᠭᠠᠬᠤ ᠳᠤ ᠳᠥᠭᠦᠮ | ᠦᠵᠡᠭᠦᠯᠦᠨ᠎ᠡ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠣᠯᠣᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠦᠯᠵᠢᠶ᠎ᠡ ᠶᠢ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠬᠥᠮᠥᠷᠭᠡ ᠶᠢ | ᠪᠠᠶᠠᠯᠢᠭᠵᠢᠭᠤᠯᠤᠨ᠂ ᠠᠵᠤ ᠠᠬᠤᠶᠢᠯᠠᠯ ᠳᠤ ᠳᠥᠭᠦᠮ ᠦᠵᠡᠭᠦᠯᠭᠦ ᠲᠥᠷᠥ ᠶᠢᠨ ᠪᠣᠳᠣᠯᠭ᠎ᠠ ᠪᠠ ᠦᠢᠯᠡᠴᠢᠯᠡᠭᠡ ᠶᠢ | ᠲᠤᠶᠢᠯ ᠤᠨ ᠣᠨᠣᠪᠴᠢᠲᠠᠢ ᠪᠥᠭᠡᠳ ᠰᠢᠭᠤᠳ ᠬᠦᠷᠦᠭᠦᠯᠬᠦ ᠶᠢ ᠪᠡᠶᠡᠯᠡᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠡᠮᠬᠢᠯᠡᠨ ᠵᠢᠷᠤᠮᠵᠢᠭᠤᠯᠵᠤ᠂ | ᠪᠣᠳᠠᠲᠤ ᠪᠠᠶᠢᠳᠠᠯ ᠳᠤ ᠨᠡᠶᠢᠴᠡᠭᠰᠡᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠪᠤᠢ | ᠪᠤᠯᠭᠠᠵᠤ᠂ ᠰᠢᠭᠤᠶᠢᠲᠤ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠳᠤ ︽ᠠᠵᠤ | ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ︾ ᠶᠢᠨ ᠲᠤᠰᠬᠠᠢ ᠪᠤᠯᠤᠩ ᠨᠡᠭᠡᠭᠡᠵᠦ᠂ ᠵᠢᠯ ᠪᠦᠷᠢ | ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ 20 ᠵᠦᠢᠯ ᠠᠴᠠ ᠳᠤᠲᠠᠭᠤ ᠦᠭᠡᠢ | ᠨᠡᠶᠢᠲᠡᠯᠡᠵᠦ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠣᠯᠣᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠣᠷ ᠰᠦᠯᠵᠢᠶ᠎ᠡ ᠶᠢ ᠰᠢᠯᠢᠳᠡᠭᠵᠢᠭᠦᠯᠦᠨ᠂ ᠲᠥᠷᠥ ᠶᠢᠨ ᠪᠣᠳᠣᠯᠭ᠎ᠠ ᠶᠢᠨ ᠬᠥᠮᠥᠷᠭᠡ ᠶᠢ ᠪᠠᠶᠠᠯᠢᠭᠵᠢᠭᠤᠯᠵᠤ᠂ ᠠᠵᠤ | ᠠᠬᠤᠶᠢᠯᠠᠯ ᠳᠤ ᠳᠥᠭᠦᠮ ᠦᠵᠡᠭᠦᠯᠵᠦ ᠠᠷᠠᠳ ᠲᠤ ᠳᠥᠭᠦᠮ ᠦᠵᠡᠭᠦᠯᠭᠦ ᠲᠥᠷᠥ ᠶᠢᠨ ᠪᠣᠳᠣᠯᠭ᠎ᠠ ᠪᠠ | ᠦᠢᠯᠡᠴᠢᠯᠡᠭᠡᠨ ᠢ ᠲᠤᠶᠢᠯ ᠤᠨ ᠣᠨᠣᠪᠴᠢᠲᠠᠢ ᠪᠥᠭᠡᠳ ᠰᠢᠭᠤᠳ ᠬᠦᠷᠦᠭᠦᠯᠬᠦ ᠶᠢ ᠪᠡᠶᠡᠯᠡᠭᠦᠯᠦᠨ᠎ᠡ᠃ | 5. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠶᠢᠯᠠᠭᠠᠯᠲᠠ ᠶᠢᠨ ᠠᠯᠪᠠᠨ ᠭᠡᠷ ᠢ ᠠᠬᠢᠭᠤᠯᠤᠨ᠎ᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ︽ᠪᠢ ᠣᠯᠠᠨ ᠲᠦᠮᠡᠨ ᠳᠤ ᠪᠠᠷ᠎ᠠ ᠪᠣᠯᠵᠤ ᠴᠤᠪᠤᠷᠠᠯ ᠶᠠᠪᠤᠬᠤ | ︾᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠶᠢᠯᠭᠠᠭᠴᠢ︾ ᠵᠡᠷᠭᠡ ᠠᠵᠢᠯ ᠢ ᠥᠷᠨᠢᠭᠦᠯᠦᠨ᠎ᠡ᠃ ᠡᠯ᠎ᠡ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠵᠢᠭᠦᠯᠬᠦ ᠰᠠᠯᠠᠭ᠎ᠠ ᠮᠥᠴᠢᠷ ᠤᠨ ᠭᠤᠣᠯ | ᠤᠳᠤᠷᠢᠳᠤᠯᠭ᠎ᠠ ᠪᠤᠶᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢ ᠤᠷᠢᠵᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠳᠤ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠪᠡᠶᠡᠴᠢᠯᠡᠨ | ᠣᠶᠢᠯᠠᠭᠠᠭᠤᠯᠬᠤ ᠶᠢᠨ ᠬᠠᠮᠲᠤ᠂ ᠠᠵᠤ ᠠᠬᠤᠶᠢᠯᠠᠯ ᠤᠨ ᠣᠯᠠᠨ ᠲᠦᠮᠡᠨ ᠪᠠ ᠡᠯ᠎ᠡ ᠠᠵᠢᠯ ᠲᠥᠷᠥᠯ ᠤᠨ ᠲᠤᠰᠬᠠᠢ | ᠮᠡᠷᠭᠡᠵᠢᠯᠲᠡᠨ ᠡᠷᠳᠡᠮᠲᠡᠨ ᠵᠡᠷᠭᠡ ᠶᠢ ᠤᠷᠢᠵᠤ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠷᠰᠢᠭᠴᠢ︾ | ᠪᠤᠯᠭᠠᠵᠤ᠂ ᠰᠠᠷ᠎ᠠ ᠪᠦᠷᠢ ᠠᠳᠠᠭ ᠲᠠᠭᠠᠨ ᠨᠢᠭᠡ ᠬᠤᠭᠤᠴᠠᠭᠠᠨ ᠤ ᠣᠶᠢᠯᠠᠭᠠᠬᠤ ᠠᠵᠢᠯᠯᠠᠭ᠎ᠠ ᠥᠷᠨᠢᠭᠦᠯᠵᠦ᠂ | ᠲᠥᠷᠥ ᠶᠢᠨ ᠪᠣᠳᠣᠯᠭ᠎ᠠ ᠶᠢ ︽ᠣᠶᠢᠯᠠᠭᠠᠬᠤ ᠡᠰᠡᠬᠦ︾᠂ ᠴᠤᠪᠤᠷᠠᠯ ︽ᠨᠡᠪᠲᠡᠷᠡᠬᠦ ᠡᠰᠡᠬᠦ︾᠂ ᠦᠢᠯᠡᠴᠢᠯᠡᠭᠡ ︽ | ᠰᠢᠯᠢᠳᠡᠭ ᠡᠰᠡᠬᠦ︾᠂ ᠲᠤᠷᠰᠢᠯᠲᠠ︽ᠰᠠᠶᠢᠨ ᠡᠰᠡᠬᠦ︾ ᠭᠡᠳᠡᠭ ᠢ ᠰᠢᠭᠤᠳ ᠣᠶᠢᠯᠠᠭᠠᠵᠤ᠂ ᠨᠠᠷᠢᠨ ᠬᠠᠭᠤᠳᠠᠰᠤ ᠶᠢ | ᠨᠡᠶᠢᠲᠡᠯᠡᠬᠦ᠂ ᠬᠡᠷᠡᠭᠯᠡᠬᠦ᠂ ᠬᠠᠷᠢᠭᠤ ᠲᠤᠰᠬᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠪᠢᠲᠡᠭᠦᠦ ᠭᠤᠭᠴᠤᠭ᠎ᠠ ᠶᠢ ᠪᠤᠢ | ᠪᠣᠯᠭᠠᠨ᠎ᠠ᠃ | 6. ᠵᠠᠰᠠᠭ ᠠᠵᠤ ᠠᠬᠤᠶᠢᠯᠠᠯ ︽ᠰᠡᠳᠬᠢᠯ ᠢᠶᠠᠨ ᠬᠤᠯᠪᠣᠬᠤ ᠬᠥᠭᠦᠷᠭᠡ︾ ᠪᠠᠷ ᠲᠣᠭᠢᠶᠠᠯ ᠪᠣᠯᠭᠠᠨ᠂ | ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ᠎ᠡ᠃ ᠵᠠᠰᠠᠭ ᠪᠠ ᠠᠵᠤ ᠠᠬᠤᠶᠢᠯᠠᠯ ᠤᠨ ᠦᠨᠡᠨᠴᠢ ᠪᠠᠷ | ᠶᠠᠷᠢᠯᠴᠠᠬᠤ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ | ︽ᠡᠮᠦᠨᠡᠬᠢ ᠬᠤᠭᠤᠴᠠᠭᠠᠨ ᠤ ᠪᠡᠯᠡᠳᠬᠡᠯ - ᠠᠰᠠᠭᠤᠳᠠᠯ ᠢ ᠭᠦᠢᠴᠡᠳᠬᠡᠬᠦ - ᠬᠠᠷᠢᠭᠤ ᠰᠣᠷᠪᠤᠯᠵᠢᠯᠠᠭ᠎ᠠ ᠮᠥᠷᠳᠡᠯᠲᠡ︾ | ᠶᠢᠨ ᠲᠦᠭᠵᠢᠮᠡᠯ ᠡᠷᠭᠢᠯᠲᠡ ᠶᠢᠨ ᠠᠵᠢᠯ ᠤᠨ ᠲᠣᠭᠲᠠᠴᠠ ᠶᠣᠰᠣᠭᠠᠷ᠂ ᠡᠯ᠎ᠡ ᠰᠠᠯᠠᠭ᠎ᠠ ᠮᠥᠴᠢᠷ ᠲᠤᠰ ᠲᠤᠰ ᠤᠨ | ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠠᠬᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ | ᠲᠤᠰᠢᠶᠠᠵᠤ ᠭᠦᠢᠴᠡᠳᠬᠡᠬᠦ ᠱᠠᠭᠠᠷᠳᠠᠯᠭ᠎ᠠ᠂ ᠭᠦᠢᠴᠡᠳᠬᠡᠬᠦ ᠬᠤᠭᠤᠴᠠᠭ᠎ᠠ ᠬᠢᠵᠠᠭᠠᠷ ᠢ ᠴᠢᠩᠭ᠎ᠠ ᠵᠢᠷᠤᠮᠯᠠᠨ ᠳᠠᠭᠠᠵᠤ | ᠨᠠᠶᠢᠳᠠᠪᠤᠷᠢᠵᠢᠭᠤᠯᠬᠤ ᠶᠢ ᠥᠷᠨᠢᠭᠦᠯᠵᠦ᠂ ︽ᠨᠢᠭᠡ ᠶᠠᠪᠤᠳᠠᠯ ᠢ ᠪᠡᠶᠡᠯᠡᠭᠦᠯᠪᠡᠯ᠂ ᠨᠢᠭᠡ ᠶᠠᠪᠤᠳᠠᠯ ᠢ ᠬᠠᠰᠠᠬᠤ︾ ᠶᠢ | ᠴᠢᠷᠮᠠᠶᠢᠨ ᠪᠡᠶᠡᠯᠡᠭᠦᠯᠬᠦ ᠬᠡᠷᠡᠭᠲᠡᠢ᠃ ᠬᠤᠷᠠᠯ ᠬᠤᠷᠠᠯᠳᠤᠭᠤᠯᠤᠨ᠂ ᠲᠤᠬᠠᠢ ᠶᠢᠨ ᠭᠠᠵᠠᠷ ᠲᠤᠨᠢ ᠪᠠᠶᠢᠴᠠᠭᠠᠨ | ᠰᠤᠳᠤᠯᠤᠯᠲᠠ ᠬᠢᠬᠦ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠭᠡᠯᠪᠡᠷᠢ ᠪᠠᠷ ᠳᠠᠮᠵᠢᠭᠤᠯᠤᠨ᠂ | ᠵᠠᠰᠠᠭ ᠪᠠ ᠠᠵᠤ ᠠᠬᠤᠶᠢᠯᠠᠯ ᠤᠨ ᠬᠠᠷᠢᠯᠴᠠᠨ ᠨᠡᠪᠲᠡᠷᠡᠯᠴᠡᠬᠦ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ | ᠨᠠᠪᠲᠠᠷᠡᠭᠦᠯᠵᠦ᠂ ᠠᠵᠤ ᠠᠬᠤᠶᠢᠯᠠᠯ ᠤᠨ ᠣᠯᠵᠠ ᠠᠰᠢᠭ ᠤᠨ ᠲᠥᠷᠥᠭᠳᠡᠯ ᠢ ᠦᠨᠡᠨᠬᠦ ᠨᠡᠮᠡᠭᠳᠡᠭᠦᠯᠵᠦ᠂ | ᠬᠥᠭᠵᠢᠯᠲᠡ ᠶᠢᠨ ᠢᠲᠡᠭᠡᠯ ᠵᠣᠷᠢᠭ ᠢ ᠳᠡᠭᠡᠭᠰᠢᠯᠡᠭᠦᠯᠦᠨ᠂ ᠬᠤᠳᠠᠯᠳᠤᠭ᠎ᠠ ᠶᠢ ᠴᠢᠬᠤᠯᠠᠴᠢᠯᠠᠨ ᠬᠤᠳᠠᠯᠳᠤᠭᠠᠴᠢᠨ ᠢ | ᠳᠣᠲᠣᠨᠣᠴᠢᠯᠠᠬᠤ ᠠᠭᠤᠷ ᠠᠮᠢᠰᠬᠤᠯ ᠢ ᠪᠤᠢ ᠪᠣᠯᠭᠠᠨ᠎ᠠ᠃ | 7. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠪᠰᠤᠷᠤᠨ ᠭᠦᠢᠴᠡᠳᠬᠡᠬᠦ ᠶᠢ ᠲᠦᠯᠬᠢᠨ ᠠᠬᠢᠭᠤᠯᠤᠨ᠎ᠠ᠃ | ︽ᠲᠢᠩᠬᠢᠮ ᠤᠨ ᠳᠣᠲᠣᠷ᠎ᠠ ᠬᠠᠪᠰᠤᠷᠤᠨ ᠡᠷᠭᠢᠯᠡᠭᠦ ᠦᠢᠯᠡᠴᠢᠯᠡᠭᠡ + ᠲᠢᠩᠬᠢᠮ ᠤᠨ ᠭᠠᠳᠠᠨᠠᠬᠢ ᠨᠡᠭᠦᠳᠡᠯ | ᠦᠢᠯᠡᠴᠢᠯᠡᠭᠡ︾ ᠶᠢᠨ ᠠᠵᠢᠯ ᠤᠨ ᠵᠠᠭᠪᠤᠷ ᠢ ᠲᠡᠭᠦᠯᠳᠡᠷᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠤ | ᠭᠠᠳᠠᠨᠠᠬᠢ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠰᠢᠰᠲ᠋ᠧᠮ ᠢ ᠪᠦᠷᠢᠨᠰᠢᠭᠦᠯᠦᠨ᠎ᠡ᠃ ᠰᠢᠶᠠᠨ ᠰᠢᠶᠠᠩ | ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠵᠠᠷ ᠲᠠᠯᠠᠪᠤᠷ ᠤᠨ ᠬᠠᠪᠰᠤᠷᠤᠨ | ᠭᠦᠢᠴᠡᠳᠬᠡᠬᠦ ᠠᠵᠢᠯᠲᠠᠨ ᠤ ᠲᠣᠬᠢᠷᠠᠭᠤᠯᠤᠯᠲᠠ᠂ ᠠᠵᠢᠯ ᠤᠨ ᠡᠭᠦᠷᠭᠡ ᠬᠠᠷᠢᠭᠤᠴᠠᠯᠭ᠎ᠠ᠂ ᠬᠠᠷᠢᠭᠤᠴᠠᠯᠭ᠎ᠠ ᠶᠢᠨ | ᠵᠠᠭᠠᠭ᠂ ᠦᠢᠯᠡᠴᠢᠯᠡᠭᠡᠨ ᠤ ᠠᠭᠤᠯᠭ᠎ᠠ ᠶᠢ ᠲᠣᠳᠣᠷᠬᠠᠶᠢᠯᠠᠵᠤ᠂ ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ ᠶᠢᠨ ᠳᠠᠭᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ ᠪᠠ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠶᠢ | ᠳᠡᠭᠡᠭᠰᠢᠭᠦᠯᠦᠨ᠎ᠡ᠃ ᠰᠦᠯᠵᠢᠶᠡᠨ ᠭᠠᠳᠠᠨ᠎ᠠ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠠᠵᠢᠯ ᠤᠨ | ᠲᠣᠭᠲᠠᠴᠠ ᠶᠢ ᠰᠢᠯᠢᠳᠡᠭᠵᠢᠭᠦᠯᠵᠦ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠢ ᠬᠥᠮᠥᠰ ᠲᠤ ᠪᠠᠷ᠎ᠠ ᠪᠣᠯᠵᠤ | ᠭᠦᠢᠴᠡᠳᠬᠡᠬᠦ᠂ ᠣᠷᠣᠯᠠᠨ ᠭᠦᠢᠴᠡᠳᠬᠡᠬᠦ᠂ ᠤᠷᠢᠳᠠᠪᠠᠷ ᠭᠦᠢᠴᠡᠳᠬᠡᠬᠦ ᠵᠡᠷᠭᠡ ᠦᠢᠯᠡᠴᠢᠯᠡᠭᠡ ᠬᠠᠩᠭᠠᠨ᠎ᠠ᠃ | ᠬᠦᠷᠢᠶᠡᠯᠡᠩ ᠲᠣᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠢ ᠬᠢᠨᠠᠨ ᠵᠥᠪᠰᠢᠶᠡᠷᠡᠬᠦ ︽ᠭᠤᠷᠪᠠ ᠶᠢ | ᠳᠠᠭᠠᠭᠠᠴᠢᠯᠠᠬᠤ ᠨᠢᠭᠡ︾ ᠶᠢ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠡᠷᠴᠢᠮ ᠢ ᠴᠢᠩᠭᠠᠷᠠᠭᠤᠯᠤᠨ᠂ ︽ | ᠲᠦᠷᠦᠭᠦᠦ ᠣᠷᠣᠯᠠᠨ ᠭᠦᠢᠴᠡᠳᠬᠡᠬᠦ︾ ᠲᠤᠰᠬᠠᠢ ᠠᠵᠢᠯᠲᠠᠨ ᠤ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠤᠷᠢᠳᠴᠢᠯᠠᠨ ᠪᠣᠯᠵᠣᠵᠤ ᠭᠡᠷ ᠲᠤᠨᠢ ᠭᠠᠷᠬᠤ᠂ ᠲᠥᠷᠥᠯ ᠵᠦᠢᠯ ᠤᠨ ᠨᠢᠭᠡᠳᠦᠭᠡᠷ | ᠹᠷᠣᠨᠲ ᠲᠤ ᠭᠦᠨᠵᠡᠭᠡᠶᠢᠷᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 2024 ᠣᠨ ᠤ ᠭᠤᠣᠯᠳᠠᠯᠭ᠎ᠠ ᠲᠠᠢ | ᠲᠥᠷᠥᠯ ᠵᠦᠢᠯ ᠢ ᠬᠢᠨᠠᠨ ᠵᠥᠪᠰᠢᠶᠡᠷᠡᠬᠦ ᠭᠠᠷᠳᠠᠮ ᠢ ᠪᠦᠭᠦ ᠬᠡᠮᠵᠢᠶ᠎ᠡ ᠪᠠᠷ ᠬᠠᠪᠰᠤᠷᠤᠨ ᠭᠦᠢᠴᠡᠳᠬᠡᠵᠦ ᠣᠷᠣᠯᠠᠨ | ᠭᠦᠢᠴᠡᠳᠬᠡᠬᠦ ᠶᠠᠪᠤᠳᠠᠯ ᠢ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠠᠬᠢᠭᠤᠯᠬᠤ ᠬᠤᠷᠠᠯ | ᠬᠤᠷᠠᠯᠳᠤᠭᠤᠯᠵᠤ᠂ ᠬᠢᠨᠠᠨ ᠵᠥᠪᠰᠢᠶᠡᠷᠡᠵᠦ ᠲᠦᠪᠡᠭᠲᠡᠢ ᠠᠰᠠᠭᠤᠳᠠᠯ ᠢ ᠴᠠᠭ ᠲᠤᠬᠠᠢ ᠳᠤᠨᠢ ᠨᠡᠪᠲᠡᠷᠡᠭᠦᠯᠦᠨ᠂ | ᠭᠠᠷᠳᠠᠮ ᠭᠦᠢᠴᠡᠳᠬᠡᠬᠦ ᠨᠣᠷᠮ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠬᠦᠷᠢᠶᠡᠯᠡᠩ | ᠲᠣᠭᠤᠷᠢᠭ ᠤᠨ ᠠᠵᠤ ᠠᠬᠤᠶᠢᠯᠠᠯ ᠪᠣᠯᠣᠨ ᠠᠵᠢᠯᠲᠠᠨ ᠠᠵᠢᠯᠴᠢᠳ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠯᠠᠨ ᠶᠠᠩᠵᠤᠴᠢᠯᠠᠭᠰᠠᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | | ( ᠳᠥᠷᠪᠡ ) ᠠᠰᠠᠭᠤᠳᠠᠯ ᠤᠨ ᠲᠦᠭᠵᠢᠷᠡᠯ ᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ | 1. ᠠᠵᠢᠯ ᠶᠠᠪᠤᠳᠠᠯ ᠭᠦᠢᠴᠡᠳᠬᠡᠬᠦ ᠲᠦᠭᠵᠢᠷᠡᠯ ᠢ ᠰᠠᠨᠠᠭᠠᠴᠢᠯᠠᠭ᠎ᠠ ᠠᠴᠠ ᠪᠠᠨ ᠣᠯᠵᠤ ᠮᠡᠳᠡᠬᠦ | ᠲᠣᠭᠲᠠᠴᠠ ᠶᠢ ᠪᠦᠷᠢᠨᠰᠢᠭᠦᠯᠦᠨ᠎ᠡ᠃ ᠰᠦᠯᠵᠢᠶᠡᠨᠭᠠᠳᠠᠨᠠᠬᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠡᠷᠡᠭ ᠡᠷᠭᠢᠯᠡᠭᠦ ᠲᠢᠩᠬᠢᠮ᠂ ᠰᠦᠯᠵᠢᠶᠡᠨ ᠳᠡᠭᠡᠷᠡᠬᠢ ︽ᠰᠦᠯᠵᠢᠶᠡᠨ ᠳᠡᠭᠡᠷᠡᠬᠢ ᠬᠡᠷᠡᠭ ᠡᠷᠭᠢᠯᠡᠭᠦ | ᠲᠢᠩᠬᠢᠮ︾᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ᠂ ᠭᠡᠷ ᠲᠤᠨᠢ ᠬᠦᠷᠴᠦ | ᠦᠢᠯᠡᠴᠢᠯᠡᠬᠦ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ | ᠬᠠᠨᠤᠮᠵᠢ ᠶᠢᠨ ᠬᠡᠮᠵᠢᠶ᠎ᠡ ᠶᠢ ᠬᠡᠮᠵᠢᠨ ᠲᠣᠭᠲᠠᠭᠠᠬᠤ᠂ ᠡᠭᠦᠳᠡ ᠪᠠᠨ ᠨᠡᠭᠡᠭᠡᠵᠦ ᠬᠡᠷᠡᠭᠴᠡᠭᠡ ᠱᠠᠭᠠᠷᠳᠠᠯᠭ᠎ᠠ ᠲᠠᠯᠪᠢᠬᠤ | ᠵᠡᠷᠭᠡ ᠣᠯᠠᠨ ᠵᠦᠢᠯ ᠤᠨ ᠠᠷᠭ᠎ᠠ ᠵᠠᠮ ᠢ ᠠᠪᠴᠤ᠂ ᠠᠵᠤ ᠠᠬᠤᠶᠢᠯᠠᠯ ᠪᠠ ᠣᠯᠠᠨ ᠲᠦᠮᠡᠨ ᠯᠦᠭᠡ | ᠪᠠᠶ᠋ᠢᠩᠭᠤᠵᠢᠭᠤᠯᠤᠨ ᠨᠡᠪᠲᠡᠷᠡᠯᠴᠡᠬᠦ ᠲᠣᠭᠲᠠᠴᠠ ᠶᠢ ᠴᠢᠩᠭᠠᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ | ᠠᠵᠢᠯ ᠶᠠᠪᠤᠳᠠᠯ ᠭᠦᠢᠴᠡᠳᠬᠡᠬᠦ ᠳᠤ ︽ᠪᠠᠴᠢᠮ ᠬᠦᠴᠢᠷᠳᠡᠯᠲᠡᠢ ᠬᠦᠰᠡᠯ︾ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ | ᠣᠯᠵᠤ ᠮᠡᠳᠡᠬᠦ ᠪᠠ ᠴᠠᠭ ᠲᠤᠬᠠᠢ ᠳᠤᠨᠢ ᠡᠵᠡᠮᠰᠢᠨ᠎ᠡ᠃ | 2. ᠠᠵᠢᠯ ᠶᠠᠪᠤᠳᠠᠯ ᠡᠷᠭᠢᠯᠡᠨ ᠭᠦᠢᠴᠡᠳᠬᠡᠬᠦ ᠴᠢᠭ ᠠᠴᠠ ᠲᠦᠭᠵᠢᠵᠦ ᠥᠨᠳᠥᠷ ᠦᠷ᠎ᠡ ᠪᠦᠲᠦᠮᠵᠢᠲᠡᠢ | ᠰᠢᠢᠳᠪᠦᠷᠢᠯᠡᠬᠦ ᠲᠣᠭᠲᠠᠴᠠ ᠶᠢ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠪᠣᠯᠣᠨ ᠣᠯᠠᠨ ᠲᠦᠮᠡᠨ ᠤ ᠲᠤᠰᠬᠠᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠬᠡᠬᠦ ᠲᠦᠭᠳᠡᠷᠡᠯ ᠴᠢᠭᠯᠡᠯ ᠳᠤ ᠴᠢᠭᠯᠡᠭᠦᠯᠦᠨ᠂ | ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠦᠷᠭᠡᠨ | ᠳᠠᠭᠠᠬᠤ᠂ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ᠂ ᠬᠢᠨᠠᠯᠲᠠ ᠲᠠᠯᠪᠢᠵᠤ ᠬᠠᠷᠢᠭᠤ ᠲᠤᠰᠬᠠᠬᠤ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠥᠯᠢᠶᠡᠨ ᠠᠪᠴᠤ ᠰᠢᠢᠳᠪᠦᠷᠢᠯᠡᠬᠦ᠂ | ᠰᠢᠯᠵᠢᠭᠦᠯᠦᠨ ᠭᠦᠢᠴᠡᠳᠬᠡᠬᠦ᠂ ᠰᠢᠢᠳᠪᠦᠷᠢᠯᠡᠬᠦ᠂ ᠬᠠᠷᠢᠭᠤ ᠲᠤᠰᠬᠠᠬᠤ᠂ ᠭᠦᠢᠴᠡᠳᠬᠡᠵᠦ ᠳᠠᠭᠤᠰᠬᠠᠬᠤ ᠵᠡᠷᠭᠡ ᠪᠦᠭᠦ | ᠴᠤᠪᠤᠷᠠᠯ ᠤᠨ ᠴᠠᠭᠠᠷᠢᠭ ᠬᠠᠭᠠᠵᠤ ᠬᠠᠮᠢᠶᠠᠷᠬᠤ ᠰᠢᠨ᠎ᠡ ᠬᠡᠪ ᠵᠠᠭᠪᠤᠷ ᠢ ᠪᠤᠢ ᠪᠤᠯᠭᠠᠵᠤ᠂ ᠵᠠᠷᠭᠤ ᠶᠢ ᠭᠥᠯᠢᠶᠡᠨ | ᠠᠪᠤᠮᠠᠭᠴᠠ ᠪᠠᠨ ᠭᠦᠢᠴᠡᠳᠬᠡᠬᠦ᠂ ᠵᠠᠭᠠᠯᠳᠤᠯᠭ᠎ᠠ ᠲᠦᠷᠭᠡᠨ ᠭᠦᠢᠴᠡᠳᠬᠡᠬᠦ᠂ ᠲᠦᠷᠭᠡᠨ ᠵᠠᠭᠠᠯᠳᠤᠯᠭ᠎ᠠ ᠲᠦᠷᠭᠡᠨ | ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠪᠣᠯᠣᠨ ᠣᠯᠠᠨ ᠲᠦᠮᠡᠨ ᠤ ᠨᠡᠶᠢᠳᠡᠮ | ᠠᠩᠬᠠᠷᠴᠤ ᠪᠠᠶᠢᠭ᠎ᠠ᠂ ᠲᠤᠰᠬᠠᠯ ᠴᠢᠩᠭ᠎ᠠ᠂ ᠳᠠᠭᠢᠨ ᠳᠠᠪᠲᠠᠨ ᠭᠠᠷᠴᠤ ᠪᠠᠶᠢᠭ᠎ᠠ᠂ ᠬᠤᠯᠪᠣᠭᠳᠠᠬᠤ ᠬᠠᠷᠢᠭᠤᠴᠠᠯᠭ᠎ᠠ ᠨᠢ | ᠲᠣᠳᠣᠷᠬᠠᠢ ᠦᠭᠡᠢ ᠪᠤᠶᠤ ᠡᠭᠦᠷᠭᠡ ᠬᠠᠷᠢᠭᠤᠴᠠᠯᠭ᠎ᠠ ᠨᠢ ᠰᠣᠯᠪᠢᠴᠠᠭᠰᠠᠨ᠂ ᠭᠦᠢᠴᠡᠳᠬᠡᠬᠦ ᠳᠤ ᠨᠡᠯᠢᠶᠡᠳ ᠶᠡᠭᠡ | ᠬᠦᠴᠢᠷ ᠲᠠᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠢ ᠬᠡᠷᠡᠭᠵᠢᠭᠦᠯᠬᠦ ᠰᠠᠯᠠᠭ᠎ᠠ ᠮᠥᠴᠢᠷ ᠤᠳ ᠭᠤᠣᠯ ᠤᠳᠤᠷᠢᠳᠤᠯᠭ᠎ᠠ ᠨᠢ ᠡᠷᠭᠢᠯᠡᠭᠦ᠂ ᠲᠤᠰᠬᠠᠢ ᠡᠬᠡ | ᠳᠠᠩᠰᠠ ᠪᠠᠶᠢᠭᠤᠯᠬᠤ᠂ ᠲᠤᠰᠬᠠᠢ ᠠᠩᠭᠢ ᠨᠢ ᠬᠠᠷᠢᠭᠤᠴᠠᠬᠤ᠂ ᠬᠠᠮᠲᠤᠷᠠᠭᠰᠠᠨ ᠬᠤᠷᠠᠯ ᠬᠢᠬᠦ ᠵᠡᠷᠭᠡ ᠠᠷᠭ᠎ᠠ | ᠮᠠᠶ᠋ᠢᠭ ᠢ ᠠᠪᠴᠤ᠂ ᠰᠠᠯᠠᠭ᠎ᠠ ᠮᠥᠴᠢᠷ ᠠᠯᠤᠰᠯᠠᠭᠰᠠᠨ᠂ ᠱᠠᠲᠤ ᠠᠯᠤᠰᠯᠠᠨ ᠲᠥᠪᠯᠡᠷᠡᠭᠦᠯᠦᠨ ᠵᠥᠪᠳᠡᠯᠴᠡᠬᠦ᠂ | ᠬᠠᠮᠵᠢᠯᠴᠠᠨ ᠭᠦᠢᠴᠡᠳᠬᠡᠬᠦ ᠶᠢ ᠴᠢᠩᠭᠠᠷᠠᠭᠤᠯᠤᠨ᠎ᠠ᠃ | 3. ᠲᠦᠭᠵᠢᠷᠡᠯ ᠤᠨ ᠴᠢᠭ ᠤᠨ ᠲᠤᠭ᠎ᠠ ᠪᠠᠷᠢᠮᠲᠠ ᠶᠢ ᠵᠠᠳᠠᠯᠤᠨ ᠬᠡᠷᠡᠭᠯᠡᠬᠦ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠢ᠃ ᠠᠵᠢᠯ ᠶᠠᠪᠤᠳᠠᠯ ᠭᠦᠢᠴᠡᠳᠬᠡᠬᠦ ᠲᠦᠭᠵᠢᠷᠡᠯ ᠤᠨ ᠴᠢᠭ ᠲᠤ ᠴᠢᠭᠯᠡᠭᠦᠯᠦᠭᠰᠡᠨ ᠲᠤᠭ᠎ᠠ | ᠪᠠᠷᠢᠮᠲᠠ ᠶᠢᠨ ᠵᠠᠳᠠᠯᠤᠯᠲᠠ ᠰᠤᠳᠤᠯᠤᠯᠲᠠ ᠶᠢ ᠴᠢᠩᠭᠠᠳᠬᠠᠵᠤ᠂ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠭᠦ ᠬᠠᠯᠠᠮᠰᠢᠯ ᠤᠲᠠᠰᠤᠨ ᠤ ᠲᠠᠪᠴᠠᠩ ᠤᠨ ᠲᠤᠭ᠎ᠠ ᠪᠠᠷᠢᠮᠲᠠ ᠶᠢᠨ | ᠲᠥᠪᠯᠡᠷᠡᠯ ᠳᠠᠪᠠᠭᠤᠯᠢᠭ ᠢ ᠪᠠᠳᠠᠷᠠᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠭ᠎ᠠ ᠪᠠᠷᠢᠮᠲᠠ ᠶᠢᠨ | ᠵᠠᠳᠠᠯᠤᠯᠲᠠ ᠰᠤᠳᠤᠯᠭᠠᠨ ᠤ ᠮᠡᠳᠡᠭᠦᠯᠦᠯᠲᠡ ᠪᠤᠯᠭᠠᠵᠤ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠤ ᠴᠢᠬᠤᠯᠠ ᠯᠠᠪᠯᠠᠯᠲᠠ ᠬᠠᠩᠭᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ | ᠨᠢᠭᠡᠴᠡ ᠨᠦᠭᠦᠳ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠯ ᠴᠢᠩᠭ᠎ᠠ᠂ ᠴᠤᠬᠤᠶᠢᠯᠲᠠ ᠶᠢᠨ ᠴᠢᠨᠠᠷᠲᠠᠢ᠂ | ᠨᠡᠶᠢᠲᠡᠯᠢᠭ ᠴᠢᠨᠠᠷᠲᠠᠢ᠂ ᠲᠥᠪᠯᠡᠷᠡᠩᠭᠦᠢ ᠴᠢᠨᠠᠷᠲᠠᠢ ᠠᠰᠠᠭᠤᠳᠠᠯ ᠢ ᠤᠷᠢᠳᠴᠢᠯᠠᠨ ᠰᠤᠳᠤᠯᠤᠨ ᠮᠠᠭᠠᠳᠯᠠᠵᠤ᠂ | ᠠᠰᠠᠭᠤᠳᠠᠯ ᠢ ᠤᠷᠢᠳᠠᠪᠠᠷ ᠰᠢᠢᠳᠪᠦᠷᠢᠯᠡᠨ ᠰᠢᠢᠳᠪᠦᠷᠢᠯᠡᠵᠦ᠂ ᠰᠢᠯᠢᠳᠡᠭᠵᠢᠭᠦᠯᠬᠦ ᠴᠤᠪᠤᠷᠠᠯ᠂ ᠰᠢᠨ᠎ᠡ ᠶᠢ ᠡᠭᠦᠳᠬᠦ | ᠦᠢᠯᠡᠴᠢᠯᠡᠭᠡᠨ ᠢ ᠦᠨᠡᠨ ᠪᠣᠳᠠᠲᠤ ᠴᠢᠨᠠᠷᠲᠠᠢ ᠠᠬᠢᠴᠠ ᠲᠠᠢ ᠪᠤᠯᠭᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ | ︽ᠪᠠᠭ᠎ᠠ ᠵᠠᠩᠭᠢᠯᠠᠭᠠᠲᠤ︾ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ︽ᠶᠡᠬᠡᠪᠡᠷ | ᠳᠡᠭᠡᠭᠰᠢᠯᠡᠭᠦᠯᠭᠦ︾ ᠶᠢ ᠠᠬᠢᠭᠤᠯᠤᠨ᠎ᠠ᠃ | ( ᠲᠠᠪᠤ ) ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠦᠨ᠎ᠡ | 1. ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠢ ᠪᠠᠭᠤᠯᠭᠠᠨ ᠳᠡᠯᠭᠡᠷᠡᠭᠦᠯᠦᠨ᠎ᠡ᠃ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠳᠥᠭᠦᠮ | ᠦᠵᠡᠭᠦᠯᠭᠦ ᠦᠢᠯᠡᠴᠢᠯᠡᠭᠡᠨ ᠤ ᠲᠥᠪ ᠪᠣᠯᠣᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤᠨ ᠠᠷᠠᠳ ᠲᠤ | ᠳᠥᠭᠦᠮ ᠦᠵᠡᠭᠦᠯᠭᠦ ᠦᠢᠯᠡᠴᠢᠯᠡᠭᠡᠨ ᠤ ᠥᠷᠲᠡᠭᠡ ᠶᠢᠨ 100 % ᠶᠢ ᠠᠬᠢᠭᠤᠯᠵᠤ᠂ ᠵᠥᠭᠡᠯᠡᠨ ᠬᠠᠲᠠᠭᠤ | ᠲᠣᠨᠤᠭ ᠤᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠪᠡᠶᠡᠯᠡᠭᠦᠯᠦᠨ᠂ ᠡᠨᠡ ᠵᠢᠯ ᠳ᠋ᠠ ᠹᠠ ᠵᠡᠭᠡᠯᠢ ᠭᠤᠳᠤᠮᠵᠢ ᠶᠢᠨ | ᠠᠷᠠᠳ ᠲᠤ ᠳᠥᠭᠦᠮ ᠦᠵᠡᠭᠦᠯᠭᠦ ᠦᠢᠯᠡᠴᠢᠯᠡᠭᠡᠨ ᠤ ᠲᠥᠪ ᠢ ᠥᠪᠡᠷᠲᠡᠭᠡᠨ ᠵᠠᠰᠠᠬᠤ ᠣᠷᠣᠨ ᠤ ᠳᠡᠰ ᠤᠨ ᠬᠡᠪ | ᠳᠠᠭᠤᠷᠢᠶᠠᠯ ᠤᠨ ᠭᠡᠯᠪᠡᠷᠢ ᠲᠠᠢ ᠪᠤᠯᠭᠠᠬᠤ ᠪᠠᠷ ᠲᠥᠯᠥᠪᠯᠡᠵᠦ᠂ ᠰᠢᠭᠤᠶᠢᠲᠤ ᠵᠡᠭᠡᠯᠢ ᠭᠤᠳᠤᠮᠵᠢ᠂ ᠳ᠋ᠠ ᠳ᠋ᠧ ᠾᠧᠩ | ᠵᠡᠭᠡᠯᠢ ᠭᠤᠳᠤᠮᠵᠢ ᠶᠢᠨ ᠠᠷᠠᠳ ᠲᠤ ᠳᠥᠭᠦᠮ ᠦᠵᠡᠭᠦᠯᠭᠦ ᠦᠢᠯᠡᠴᠢᠯᠡᠭᠡᠨ ᠤ ᠲᠥᠪ 2 ᠬᠤᠲᠠ ᠶᠢᠨ ᠳᠡᠰ ᠤᠨ ᠬᠡᠪ | ᠳᠠᠭᠤᠷᠢᠶᠠᠯᠲᠤ ᠠᠷᠠᠳ ᠲᠤ ᠳᠥᠭᠦᠮ ᠦᠵᠡᠭᠦᠯᠭᠦ ᠦᠢᠯᠡᠴᠢᠯᠡᠭᠡᠨ ᠤ ᠲᠥᠪ ᠪᠠᠶᠢᠭᠤᠯᠬᠤ ᠪᠠᠷ ᠪᠠᠶᠢᠨ᠎ᠠ︔ ᠰᠠᠨ ᠴᠠ | ᠺᠧᠦ ᠭᠠᠴᠠᠭ᠎ᠠ᠂ ᠣᠪᠣᠭᠤᠨ ᠭᠸᠦ ᠲᠣᠰᠬᠤᠨ ᠤ ᠠᠷᠠᠳ ᠲᠤ ᠳᠥᠭᠦᠮ ᠦᠵᠡᠭᠦᠯᠭᠦ ᠦᠢᠯᠡᠴᠢᠯᠡᠭᠡᠨ ᠤ ᠥᠷᠲᠡᠭᠡ 2 | ᠬᠤᠲᠠ ᠶᠢᠨ ᠳᠡᠰ ᠤᠨ ᠬᠡᠪ ᠳᠠᠭᠤᠷᠢᠶᠠᠯᠲᠤ ᠠᠷᠠᠳ ᠲᠤ ᠳᠥᠭᠦᠮ ᠦᠵᠡᠭᠦᠯᠭᠦ ᠦᠢᠯᠡᠴᠢᠯᠡᠭᠡᠨ ᠤ ᠥᠷᠲᠡᠭᠡ᠃ | 2. ᠰᠢᠭᠤᠳ ᠨᠡᠪᠲᠡᠷᠡᠭᠦᠯᠭᠡ ᠶᠢᠨ ᠦᠢᠯᠡᠴᠢᠯᠡᠭᠡᠨ ᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ | ᠬᠤᠲᠠ ᠰᠢᠶᠠᠨ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠰᠢᠭᠤᠳ ᠨᠡᠪᠲᠡᠷᠡᠭᠦᠯᠭᠡ ᠶᠢᠨ ᠬᠠᠮᠵᠢᠯᠴᠠᠭᠤᠯᠤᠨ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠰᠢᠭᠤᠳ ᠨᠡᠪᠲᠡᠷᠡᠭᠦᠯᠭᠡ ᠶᠢᠨ ᠠᠭᠤᠯᠭ᠎ᠠ ᠶᠢ ᠥᠷᠭᠡᠳᠬᠡᠨ᠎ᠡ︔ | ᠰᠦᠯᠵᠢᠶᠡᠨ ᠳᠡᠭᠡᠷ᠎ᠡ ᠠᠰᠠᠭᠤᠨ ᠯᠠᠪᠯᠠᠬᠤ᠂ ᠤᠷᠢᠳᠴᠢᠯᠠᠨ ᠪᠣᠯᠵᠣᠵᠤ ᠭᠦᠢᠴᠡᠳᠬᠡᠬᠦ ᠵᠡᠷᠭᠡ ᠦᠢᠯᠡᠴᠢᠯᠡᠭᠡ ᠶᠢ | ᠭᠠᠷᠭᠠᠵᠤ᠂ ᠬᠡᠷᠡᠭᠯᠡᠭᠴᠢᠳ ᠤᠨ ᠬᠡᠷᠡᠭᠯᠡᠬᠦ ᠥᠩᠭᠡᠷᠡᠯᠲᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ︔ ᠰᠠᠷ᠎ᠠ | ᠪᠦᠷᠢ ᠠᠳᠠᠭ ᠲᠠᠭᠠᠨ ᠨᠢᠭᠡ ᠤᠳᠠᠭ᠎ᠠ ᠬᠤᠰᠢᠭᠤ ᠰᠢᠶᠠᠨ ᠲᠣᠭᠤᠷᠢᠭ ᠤᠨ ᠰᠢᠭᠤᠳ ᠨᠡᠪᠲᠡᠷᠡᠭᠦᠯᠭᠡ ᠶᠢᠨ | ᠠᠵᠢᠯᠯᠠᠭ᠎ᠠ ᠶᠢ ᠥᠷᠨᠢᠭᠦᠯᠬᠦ ᠶᠢ ᠦᠨᠡᠨᠬᠦ ᠪᠠᠲᠤᠯᠠᠵᠤ᠂ ᠳ᠋ᠸᠤ ᠶᠢᠨ ᠲᠠᠪᠴᠠᠩ ᠤᠨ ᠣᠯᠠᠨ ᠲᠦᠮᠡᠨ ᠤ | ᠦᠢᠯᠡᠴᠢᠯᠡᠭᠡᠨ ᠤ ᠴᠢᠳᠠᠮᠵᠢ ᠶᠢ ᠭᠦᠢᠴᠡᠳ ᠠᠰᠢᠭᠯᠠᠨ᠂ ︽ᠲᠠᠨ ᠳᠤ ᠲᠠᠭᠠᠰᠢᠶᠠᠭᠳᠠᠬᠤ︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢᠨ ᠣᠶᠢᠯᠠᠭᠠᠬᠤ ᠨᠣᠷᠮ᠎ᠠ ᠪᠠ ᠠᠩᠬᠠᠷᠬᠤ | ᠬᠡᠮᠵᠢᠶ᠎ᠡ ᠶᠢ ᠳᠡᠭᠡᠭᠰᠢᠯᠡᠭᠦᠯᠦᠨ᠎ᠡ᠃ | ( ᠵᠢᠷᠭᠤᠭ᠎ᠠ ) ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠨ ᠦᠷ᠎ᠡ | ᠠᠰᠢᠭ ᠢᠶᠠᠨ ᠨᠡᠮᠡᠭᠳᠡᠭᠦᠯᠬᠦ ᠶᠢ ᠪᠦᠭᠦ ᠲᠠᠯ᠎ᠠ ᠪᠠᠷ ᠠᠬᠢᠭᠤᠯᠤᠨ᠎ᠠ | ︽ᠨᠢᠭᠡ ᠲᠢᠩᠬᠢᠮ ᠬᠤᠶᠠᠷ ᠴᠣᠩᠬᠤ ᠳᠥᠷᠪᠡᠨ ᠲᠠᠯ᠎ᠠ ᠶᠢᠨ ᠲᠠᠪᠴᠠᠩ︾ ᠢᠶᠠᠷ ᠠᠵᠤ ᠠᠬᠤᠶᠢᠯᠠᠯ ᠳᠤ | ᠬᠤᠯᠪᠣᠭᠳᠠᠬᠤ ᠦᠢᠯᠡᠴᠢᠯᠡᠭᠡᠨ ᠤ ︽ᠨᠢᠭᠡ ᠥᠷᠲᠡᠭᠡ ᠲᠠᠢ ᠨᠡᠶᠢᠯᠡᠭᠦᠯᠬᠦ︾ ᠶᠢ ᠭᠦᠢᠴᠡᠳᠬᠡᠬᠦ ᠶᠢ ᠠᠬᠢᠭᠤᠯᠤᠨ᠎ᠠ᠂ | ᠳᠠᠷᠤᠢ ᠵᠠᠰᠠᠭ ᠠᠵᠤ ᠠᠬᠤᠶᠢᠯᠠᠯ ᠬᠤᠷᠠᠯ ᠤᠨ ᠵᠣᠴᠢᠯᠠᠬᠤ ᠲᠢᠩᠬᠢᠮ᠂ ᠠᠵᠤ ᠠᠬᠤᠶᠢᠯᠠᠯ ᠦᠢᠯᠡᠴᠢᠯᠡᠭᠡᠨ ᠤ ᠲᠤᠰᠬᠠᠢ | ᠲᠣᠭᠤᠷᠢᠭ ᠨᠡᠭᠡᠭᠡᠨ ᠡᠷᠭᠢᠯᠡᠭᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠥᠪᠡᠰᠦᠪᠡᠨ | ᠦᠢᠯᠡᠴᠢᠯᠡᠵᠦ ᠮᠡᠳᠡᠭᠦᠯᠬᠦ ᠦᠢᠯᠡᠴᠢᠯᠡᠭᠡᠨ ᠤ ᠲᠤᠰᠬᠠᠢ ᠲᠣᠭᠤᠷᠢᠭ᠂ ᠠᠵᠤ ᠠᠬᠤᠶᠢᠯᠠᠯ ᠤᠨ ᠦᠢᠯᠡᠴᠢᠯᠡᠭᠡᠨ ᠢ | ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤ᠂ ᠦᠢᠯᠡᠴᠢᠯᠡᠭᠡᠨ ᠤ ᠠᠵᠤ ᠠᠬᠤᠶᠢᠯᠠᠯ ᠤᠨ | ᠬᠥᠭᠵᠢᠯᠲᠡ ᠶᠢᠨ ︽ᠰᠠᠭᠠᠳ ᠦᠭᠡᠢ ᠨᠡᠪᠲᠡᠷᠡᠬᠦ ᠵᠠᠮ︾ ᠤᠨ ᠴᠣᠩᠬᠤᠪᠴᠢ ᠶᠢ ᠪᠠᠶᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠣᠷ ᠰᠦᠯᠵᠢᠶ᠎ᠡ᠂ ᠮᠦᠩᠬᠡ ᠰᠤᠪᠠᠭAPP᠂ 24 ᠴᠠᠭ ᠤᠨ ᠥᠪᠡᠰᠦᠪᠡᠨ | ᠦᠢᠯᠡᠴᠢᠯᠡᠬᠦ ᠦᠢᠯᠡᠴᠢᠯᠡᠭᠡᠨ ᠤ ᠲᠣᠭᠤᠷᠢᠭ᠂ ᠪᠣᠳᠠᠲᠤ ᠴᠣᠭᠴᠠ ᠶᠢᠨ ᠲᠢᠩᠬᠢᠮ ᠤᠨ ︽ᠳᠥᠷᠪᠡᠨ ᠲᠠᠯ᠎ᠠ ᠶᠢᠨ ᠬᠢᠨ | ᠬᠠᠮᠵᠢᠯᠴᠠᠬᠤ︾ ᠦᠢᠯᠡᠴᠢᠯᠡᠭᠡ ᠶᠢ ᠪᠡᠶᠡᠯᠡᠭᠦᠯᠵᠦ᠂ ᠠᠵᠤ ᠠᠬᠤᠶᠢᠯᠠᠯ ᠳᠤ ᠦᠢᠯᠡᠴᠢᠯᠡᠭᠡᠨ ᠤ ᠯᠠᠪᠯᠠᠯᠭ᠎ᠠ᠂ ᠬᠡᠷᠡᠭ | ᠶᠠᠪᠤᠳᠠᠯ ᠢ ᠬᠢᠨᠠᠨ ᠵᠥᠪᠰᠢᠶᠡᠷᠡᠬᠦ ᠵᠡᠷᠭᠡ ᠪᠦᠭᠦ ᠶᠠᠪᠤᠴᠠ ᠳᠤ ᠦᠢᠯᠡᠴᠢᠯᠡᠨ᠎ᠡ︔ ︽ᠬᠠᠪᠰᠤᠷᠤᠨ ᠡᠷᠭᠢᠯᠡᠭᠴᠢ | ᠭᠡᠰᠢᠭᠦᠨ + ᠴᠣᠩᠬᠤᠪᠴᠢ ᠲᠦᠷᠦᠭᠦᠦ ᠲᠥᠯᠥᠭᠡᠯᠡᠭᠴᠢ + ᠦᠢᠯᠡᠴᠢᠯᠡᠭᠡᠨ ᠤ ᠠᠵᠤ ᠠᠬᠤᠶᠢᠯᠠᠯ ᠤᠨ ᠬᠠᠤᠯᠢ | ᠴᠠᠭᠠᠵᠠ ᠶᠢᠨ ᠲᠤᠰᠬᠠᠢ ᠠᠵᠢᠯᠲᠠᠨ + ᠨᠡᠶᠢᠭᠡᠮ ᠤᠨ ᠬᠢᠨᠠᠯᠲᠠ ᠲᠠᠯᠪᠢᠭᠴᠢ︾ ᠪᠠᠷ ᠪᠦᠷᠢᠯᠳᠦᠭᠰᠡᠨ ᠠᠵᠤ | ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠠᠵᠢᠯᠲᠠᠨ ᠤ ᠡᠩᠨᠡᠭᠡ ᠶᠢ ᠪᠠᠶᠢᠭᠤᠯᠵᠤ᠂ ︽ᠢᠨᠲ᠋ᠧᠷ ᠰᠦᠯᠵᠢᠶ᠎ᠡ + | ᠴᠣᠩᠬᠤᠪᠴᠢ ᠦᠢᠯᠡᠴᠢᠯᠡᠭᠡ︾ ᠪᠠᠷ ᠲᠦᠰᠢᠭ ᠪᠣᠯᠭᠠᠨ᠂ ᠠᠵᠤ ᠠᠬᠤᠶᠢᠯᠠᠯ ᠤᠨ ᠣᠯᠠᠨ ᠲᠦᠮᠡᠨ ᠤ ᠠᠩᠬᠠᠷᠤᠯ | ᠲᠠᠯᠪᠢᠵᠤ ᠪᠠᠶᠢᠭ᠎ᠠ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ᠂ ︽ᠰᠦᠯᠵᠢᠶᠡᠨ ᠳᠡᠭᠡᠷ᠎ᠡ + ᠰᠦᠯᠵᠢᠶᠡᠨ | ᠳᠣᠣᠷ᠎ᠠ︾ ᠬᠠᠪᠰᠤᠷᠤᠨ ᠭᠦᠢᠴᠡᠳᠬᠡᠬᠦ ᠠᠵᠢᠯ ᠢ ᠪᠦᠭᠦ ᠲᠠᠯ᠎ᠠ ᠪᠠᠷ ᠠᠬᠢᠭᠤᠯᠤᠨ᠎ᠠ︔ ᠠᠵᠢᠯ ᠲᠥᠷᠥᠯ ᠤᠨ | ᠨᠡᠶᠢᠭᠡᠮᠯᠢᠭ ᠬᠤᠳᠠᠯᠳᠤᠭᠠᠴᠢᠨ ᠤ ᠡᠪᠯᠡᠯ᠂ ᠵᠠᠬ᠎ᠠ ᠳᠡᠯᠭᠡᠭᠦᠷᠴᠢᠯᠡᠯᠲᠡ ᠶᠢᠨ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ | ᠪᠣᠯᠣᠨ ᠠᠵᠤ ᠦᠢᠯᠡᠳᠪᠦᠷᠢ ᠮᠡᠳᠡᠭᠡ᠂ ᠬᠠᠤᠯᠢ ᠴᠠᠭᠠᠵᠠ᠂ ᠮᠥᠩᠭᠦᠨ ᠭᠦᠢᠯᠭᠡᠭᠡᠨ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠬᠤᠳᠠᠯᠳᠤᠭᠠᠨ ᠤ ᠶᠠᠪᠤᠳᠠᠯ ᠵᠡᠷᠭᠡ | ᠰᠠᠯᠠᠭ᠎ᠠ ᠮᠥᠴᠢᠷ ᠤᠨ ᠠᠵᠤ ᠠᠬᠤᠶᠢᠯᠠᠯ ᠳᠤ ᠬᠤᠯᠪᠣᠭᠳᠠᠭᠰᠠᠨ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ | ᠲᠥᠯᠥᠪᠯᠡᠬᠦ ᠶᠢ ᠰᠦᠪᠡᠭᠴᠢᠯᠡᠵᠦ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠮᠥᠩᠭᠦᠨ | ᠭᠦᠢᠯᠭᠡᠭᠡᠨ᠂ ᠴᠢᠳᠠᠪᠤᠷᠢᠲᠠᠨ᠂ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ᠂ ᠣᠯᠠᠨ ᠤᠯᠤᠰ ᠤᠨ ᠠᠷᠠᠯᠵᠢᠶ᠎ᠠ᠂ | ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠲᠣᠬᠲᠠᠭᠠᠬᠰᠠᠨᠴᠢᠯᠠᠬᠤ᠂ ᠢᠵᠢ ᠪᠦᠷᠢᠳᠦᠭᠰᠡᠨ | ᠬᠤᠭᠤᠯᠠ ᠢᠳᠡᠬᠦ ᠮᠠᠶ᠋ᠢᠭ ᠤᠨ ᠦᠢᠯᠡᠴᠢᠯᠡᠭᠡᠨ ᠢ ᠬᠠᠩᠭᠠᠨ᠎ᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ( ᠨᠢᠭᠡ ) ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠲᠣᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠨ ᠪᠦᠭᠦ ᠲᠣᠭᠤᠷᠢᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠭᠦ ᠠᠵᠢᠯ ᠤᠨ ᠦᠵᠦ ᠲᠥᠯᠥᠪᠯᠡᠭᠡ ᠬᠢᠬᠦ᠂ | ᠨᠢᠭᠡᠳᠦᠯᠲᠡᠢ ᠲᠥᠯᠥᠪᠯᠡᠨ ᠠᠬᠢᠭᠤᠯᠬᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠢᠨᠠᠯᠲᠠ ᠲᠠᠯᠪᠢᠨ ᠪᠠᠶᠢᠴᠠᠭᠠᠬᠤ᠂ | ᠲᠠᠪᠴᠠᠩ ᠢ ᠪᠦᠲᠦᠭᠡᠨ ᠪᠠᠶᠢᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠲᠣᠭᠤᠷᠢᠭ ᠤᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠷᠠᠭᠤᠯᠤᠨ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠂ ︽ᠨᠢᠭᠡ ᠬᠥᠯᠭᠡ ᠰᠢᠲᠠᠷ᠎ᠠ︾ ᠶᠢᠨ ᠦᠵᠡᠯ | ᠰᠠᠨᠠᠭ᠎ᠠ ᠶᠢ ᠪᠠᠲᠤ ᠪᠠᠬᠢ ᠪᠤᠢ ᠪᠤᠯᠭᠠᠵᠤ᠂ ᠲᠤᠬᠠᠶᠢᠯᠠᠭᠰᠠᠨ ᠠᠵᠢᠯ ᠢᠶᠠᠨ ᠨᠢᠭᠡᠳᠦᠯᠲᠡᠢ ᠲᠥᠯᠥᠪᠯᠡᠨ ᠰᠠᠶᠢᠲᠤᠷ | ᠠᠳᠬᠤᠬᠤ ᠶᠢᠨ ᠬᠠᠮᠲᠤ ᠰᠠᠯᠠᠭ᠎ᠠ ᠮᠥᠴᠢᠷ ᠤᠨ ᠬᠤᠭᠤᠷᠣᠨᠳᠣᠭᠢ ᠬᠠᠮᠵᠢᠯᠴᠠᠭ᠎ᠠ ᠶᠢ ᠴᠢᠩᠭᠠᠷᠠᠭᠤᠯᠤᠨ᠂ ᠴᠤᠭ ᠢᠶᠠᠷ | ᠠᠳᠬᠤᠨ ᠬᠠᠮᠲᠤ ᠪᠠᠷ ᠬᠠᠮᠢᠶᠠᠷᠬᠤ᠂ ᠬᠠᠮᠵᠢᠯᠴᠠᠨ ᠠᠬᠢᠭᠤᠯᠬᠤ ᠰᠠᠶᠢᠨ ᠰᠠᠶᠢᠬᠠᠨ ᠪᠠᠶᠢᠷᠢᠰᠢᠯ ᠢ ᠬᠦᠴᠦᠯᠡᠨ | ᠪᠠᠶᠢᠭᠤᠯᠵᠤ᠂ ᠡᠯ᠎ᠡ ᠵᠦᠢᠯ ᠤᠨ ᠠᠵᠢᠯ ᠤᠨ ᠥᠨᠳᠥᠷ ᠦᠷ᠎ᠡ ᠪᠦᠲᠦᠮᠵᠢᠲᠡᠢ ᠠᠵᠢᠯᠯᠠᠬᠤ ᠶᠢ ᠦᠨᠡᠨᠬᠦ ᠪᠠᠲᠤᠯᠠᠨ᠎ᠠ᠃ | | ( ᠬᠤᠶᠠᠷ ) ᠨᠠᠶᠢᠳᠠᠪᠤᠷᠢᠵᠢᠭᠤᠯᠬᠤ ᠠᠷᠭ᠎ᠠ ᠪᠠᠷᠢᠯ ᠢ ᠨᠠᠷᠢᠯᠢᠭᠵᠢᠭᠤᠯᠤᠨ᠎ᠠ᠃ ᠲᠣᠭᠤᠷᠢᠭ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠰᠢᠭᠤᠶᠢᠲᠤ ᠲᠣᠭᠤᠷᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ | ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ ︽ | ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠳᠦᠭᠡᠬᠦ ︾ ᠠᠵᠢᠯ ᠤᠨ ᠬᠤᠪᠢᠶᠠᠷᠢᠯᠠᠯ ᠤᠨ ᠡᠬᠡ ᠳᠠᠩᠰᠠ︾ ᠶᠢᠨ | ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠣᠰᠣᠭᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ ᠲᠦᠯᠬᠢᠨ ᠠᠬᠢᠭᠤᠯᠬᠤ ᠠᠷᠭ᠎ᠠ ᠬᠡᠮᠵᠢᠶ᠎ᠡ᠂ ᠪᠠᠲᠤᠯᠠᠭ᠎ᠠ ᠶᠢᠨ | ᠲᠣᠭᠲᠠᠴᠠ᠂ ᠤᠬᠠᠭᠤᠯᠭ᠎ᠠ ᠪᠣᠯᠪᠠᠰᠤᠷᠠᠭᠤᠯᠤᠯ ᠵᠡᠷᠭᠡ ᠪᠣᠳᠠᠲᠠᠢ ᠠᠭᠤᠯᠭ᠎ᠠ ᠶᠢ ᠲᠣᠳᠣᠷᠬᠠᠶᠢᠯᠠᠨ᠂ ᠡᠭᠦᠷᠭᠡ ᠪᠠ | ᠪᠡᠶᠡᠯᠡᠭᠦᠯᠬᠦ ᠴᠠᠭ ᠬᠤᠭᠤᠴᠠᠭ᠎ᠠ ᠶᠢ ᠲᠣᠳᠣᠷᠬᠠᠶᠢᠯᠠᠵᠤ᠂ ᠨᠠᠷᠢᠨ ᠬᠠᠭᠤᠳᠠᠰᠤ ᠪᠠᠷ ᠬᠠᠮᠢᠶᠠᠷᠬᠤ ᠶᠢ ᠬᠡᠷᠡᠭᠵᠢᠭᠦᠯᠦᠨ᠎ᠡ᠃ | ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ᠪᠣᠯᠣᠨ ᠲᠤᠰ ᠰᠠᠯᠠᠭ᠎ᠠ ᠮᠥᠴᠢᠷ ᠤᠨ ᠪᠤᠰᠤᠳ ᠭᠤᠣᠯᠳᠠᠯᠭ᠎ᠠ ᠲᠠᠢ | ᠠᠵᠢᠯ ᠢ ᠬᠠᠮᠲᠤ ᠳᠤᠨᠢ ᠲᠣᠬᠢᠷᠠᠭᠤᠯᠵᠤ᠂ ᠬᠠᠮᠲᠤ ᠳᠤᠨᠢ ᠪᠠᠶᠢᠷᠢᠯᠠᠭᠤᠯᠤᠨ᠂ ᠵᠠᠰᠠᠭ ᠵᠠᠬᠢᠷᠭᠠᠨ ᠤ ᠬᠦᠴᠦᠨ | ᠴᠢᠳᠠᠪᠤᠷᠢ ᠶᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ᠨᠢ ᠪᠣᠳᠠᠲᠤ ᠦᠷ᠎ᠡ ᠪᠦᠲᠦᠮᠵᠢ | ᠣᠯᠬᠤ ᠶᠢ ᠦᠨᠡᠨᠬᠦ ᠪᠠᠲᠤᠯᠠᠨ᠎ᠠ᠃ | ( ᠭᠤᠷᠪᠠ ) ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠲᠣᠭᠤᠷᠢᠭ ᠤᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠣᠯᠠᠨ ᠵᠦᠢᠯ ᠤᠨ ᠭᠡᠯᠪᠡᠷᠢ ᠮᠠᠶ᠋ᠢᠭ ᠢ ᠠᠪᠴᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠭᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠶᠠᠷᠢᠶ᠎ᠠ | ᠬᠡᠯᠡᠯᠴᠡᠭᠡᠨ ᠤ ᠤᠳᠤᠷᠢᠳᠤᠮᠵᠢ ᠶᠢ ᠰᠠᠶᠢᠲᠤᠷ ᠬᠢᠨ᠎ᠡ᠃ ᠪᠣᠳᠠᠲᠤ ᠪᠠᠶᠢᠳᠠᠯ ᠠᠴᠠ ᠡᠭᠦᠰᠴᠦ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠴᠦ᠂ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ᠂ | ᠭᠤᠣᠯᠳᠠᠯᠭ᠎ᠠ ᠲᠠᠢ ᠵᠦᠢᠯᠡᠰ ᠲᠤ ᠨᠡᠩ ᠶᠡᠭᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠶᠠᠪᠤᠭᠳᠠᠭᠤᠰᠢᠲᠠᠢ | ᠲᠤᠷᠰᠢᠯᠭ᠎ᠠ ᠪᠠ ᠠᠷᠭ᠎ᠠ ᠬᠢᠳᠡᠯ ᠢᠶᠠᠨ ᠴᠠᠭ ᠲᠤᠬᠠᠢ ᠳᠤᠨᠢ ᠳ᠋ᠦᠩᠨᠡᠵᠦ᠂ ᠪᠦᠭᠦ ᠲᠣᠭᠤᠷᠢᠭ ᠤᠨ ᠬᠡᠪᠴᠢᠶᠡᠨ ᠳᠤ | ᠪᠠᠭᠤᠯᠭᠠᠨ ᠳᠡᠯᠭᠡᠷᠡᠭᠦᠯᠵᠦ᠂ ︽ᠨᠢᠭᠡ ᠭᠠᠵᠠᠷ ᠣᠷᠣᠨ ᠤ ᠰᠢᠨ᠎ᠡ ᠶᠢ ᠡᠭᠦᠳᠬᠦ᠂ ᠣᠯᠠᠨ ᠭᠠᠵᠠᠷ ᠳᠠᠭᠢᠨ ᠬᠡᠷᠡᠭᠯᠡᠬᠦ︾ | ᠶᠢ ᠲᠦᠯᠬᠢᠨ ᠠᠬᠢᠭᠤᠯᠤᠨ᠎ᠠ᠃ | ᠳᠠᠭᠠᠯᠳᠤᠭᠤᠯᠤᠯ᠄ ᠰᠢᠭᠤᠶᠢᠲᠤ ᠲᠣᠭᠤᠷᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠷ᠎ᠡ ᠴᠢᠳᠠᠮᠵᠢ ᠶᠢ ᠳᠡᠭᠡᠭᠰᠢᠯᠡᠭᠦᠯᠦᠨ ︽ᠥᠨᠳᠥᠷ ᠪᠦᠲᠦᠮᠵᠢᠲᠡᠶ ᠪᠠᠷ ᠨᠢᠭᠡ | ᠶᠠᠪᠤᠳᠠᠯ ᠢ ᠪᠦᠳᠦᠭᠡᠬᠦ︾ ᠠᠵᠢᠯ ᠤᠨ ᠬᠤᠪᠢᠶᠠᠷᠢᠯᠠᠯ ᠤᠨ ᠡᠬᠡ ᠳᠠᠩᠰᠠ | | | ᠳᠠᠭᠠᠯᠳᠤᠭᠤᠯᠤᠯ᠄ | ᠰᠢᠭᠤᠶᠢᠲᠤ ᠲᠣᠭᠤᠷᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ | ᠵᠠᠰᠠᠭ ᠵᠠᠬᠢᠷᠭᠠᠨ ᠤ ᠦᠷ᠎ᠡ ᠴᠢᠳᠠᠮᠵᠢ ᠶᠢ ᠳᠡᠭᠡᠭᠰᠢᠯᠡᠭᠦᠯᠦᠨ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ | ᠪᠦᠳᠦᠭᠡᠬᠦ︾ ᠠᠵᠢᠯ ᠤᠨ ᠬᠤᠪᠢᠶᠠᠷᠢᠯᠠᠯ ᠤᠨ ᠡᠬᠡ ᠳᠠᠩᠰᠠ | | |