ᠵᠢᠪᠬᠤᠯᠠᠩᠲᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ︽ᠳᠡᠯᠡᠬᠡᠢ ᠶᠢᠨ ᠡᠯᠢᠭᠡᠨ ᠦᠷᠪᠢᠰᠦᠯ ᠤᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/13
        2024 ᠣᠨ ᠤ 7 ᠰᠠᠷ᠎ᠠ ᠶᠢᠨ 28 ᠤ ᠡᠳᠦᠷ ᠪᠣᠯ ︽ᠳᠡᠯᠡᠬᠡᠢ ᠶᠢᠨ ᠡᠯᠢᠭᠡᠨ ᠦᠷᠪᠢᠰᠦᠯ ᠤᠨ ᠡᠳᠦᠷ︾ ᠮᠥᠨ᠂ ᠡᠨᠡ ᠵᠢᠯ ᠤᠨ ᠮᠠᠨ ᠤ ᠤᠯᠤᠰ ᠤᠨ ︽ᠳᠡᠯᠡᠬᠡᠢ ᠶᠢᠨ ᠡᠯᠢᠭᠡᠨ ᠦᠷᠪᠢᠰᠦᠯ ᠤᠨ ᠡᠳᠦᠷ︾ ᠤᠨ ᠤᠬᠠᠭᠤᠯᠭ᠎ᠠ ᠶᠢᠨ ᠭᠤᠣᠯ ᠰᠡᠳᠦᠪ ᠪᠣᠯ ︽ᠡᠯᠢᠭᠡᠨ ᠦᠷᠪᠢᠰᠦᠯ ᠢ ᠠᠷᠢᠯᠭᠠᠬᠤ ᠢᠳᠡᠪᠬᠢᠲᠡᠢ ᠠᠵᠢᠯᠯᠠᠭ᠎ᠠ︾ ᠪᠣᠯᠣᠨ᠎ᠠ᠃ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︽ᠡᠯᠢᠭᠡᠨ ᠦᠷᠪᠢᠰᠦᠯ ᠢ ᠠᠷᠢᠯᠭᠠᠬᠤ ᠢᠳᠡᠪᠬᠢᠲᠡᠢ ᠠᠵᠢᠯᠯᠠᠬᠤ︾ ᠤᠬᠠᠭᠤᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠡᠮᠨᠡᠯᠭᠡ ᠶᠢᠨ ᠠᠵᠢᠯᠲᠠᠳ ᠢ ᠵᠣᠬᠢᠶᠠᠨ ᠪᠠᠶᠢᠭᠤᠯᠤᠨ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠡᠯᠢᠭᠡᠨ ᠦᠷᠪᠢᠰᠦᠯ ᠢ ᠰᠡᠷᠭᠡᠶᠢᠯᠡᠨ ᠵᠠᠰᠠᠬᠤ ᠶᠡᠷᠦ ᠶᠢᠨ ᠮᠡᠳᠡᠯᠭᠡ ᠶᠢ ᠤᠬᠠᠭᠤᠯᠵᠤ᠂ ᠡᠯᠢᠭᠡᠨ ᠦᠷᠪᠢᠰᠦᠯ ᠢ ᠰᠡᠷᠭᠡᠶᠢᠯᠡᠨ ᠵᠠᠰᠠᠬᠤ ᠮᠡᠳᠡᠯᠭᠡ ᠶᠢᠨ ᠲᠤᠬᠠᠢ ᠰᠠᠭᠤᠭᠠᠯᠢ ᠠᠷᠠᠳ ᠤᠨ ᠲᠠᠨᠢᠯᠲᠠ ᠶᠢ ᠳᠡᠭᠡᠭᠰᠢᠯᠡᠭᠦᠯᠦᠨ᠂ ᠬᠠᠯᠳᠠᠪᠤᠷᠢᠲᠤ ᠡᠪᠡᠳᠴᠢᠨ ᠡᠭᠦᠰᠬᠦ ᠶᠢ ᠰᠡᠷᠭᠡᠶᠢᠯᠡᠨ ᠪᠠᠭᠠᠰᠬᠠᠨ᠎ᠠ᠃
3.jpg
        ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠬᠤ᠂ ᠴᠢᠰᠤᠨ ᠳᠠᠷᠤᠯᠲᠠ ᠶᠢ ᠬᠡᠮᠵᠢᠬᠦ᠂ ᠲᠤᠬᠠᠢ ᠶᠢᠨ ᠲᠠᠯᠠᠪᠤᠷ ᠲᠤ ᠲᠠᠶᠢᠯᠪᠤᠷᠢᠯᠠᠨ ᠬᠥᠮᠥᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠯᠢᠭᠡᠨ ᠦᠷᠪᠢᠰᠦᠯ ᠤᠨ ᠬᠠᠮᠢᠶ᠎ᠠ ᠪᠦᠬᠦᠢ ᠮᠡᠳᠡᠯᠭᠡ ᠶᠢ ᠤᠬᠠᠭᠤᠯᠵᠤ᠂ ᠰᠠᠭᠤᠭᠠᠯᠢ ᠠᠷᠠᠳ ᠲᠤ ᠡᠯᠢᠭᠡᠨ ᠦᠷᠪᠢᠰᠦᠯ ᠤᠨ ᠲᠠᠷᠬᠠᠯᠲᠠ ᠶᠢᠨ ᠪᠠᠶᠢᠳᠠᠯ ᠵᠢᠴᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠭᠦᠨᠵᠡᠭᠡᠢ ᠣᠶᠢᠯᠠᠭᠠᠭᠤᠯᠵᠤ᠂ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠬᠤ ᠵᠢᠴᠢ ᠡᠯᠢᠭᠡᠨ ᠦᠷᠪᠢᠰᠦᠯ ᠳᠤ ᠬᠠᠨᠳᠤᠬᠤ ᠢᠳᠡᠪᠬᠢᠲᠡᠢ ᠣᠪᠣᠷ ᠢ ᠴᠢᠩᠭᠠᠳᠬᠠᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号