ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/14
        ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ  ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠤᠯᠠᠮ ᠴᠢᠨᠡᠭᠰᠢᠳᠠ ᠠᠬᠢᠭᠤᠯᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 31 ᠤ ᠦᠳᠡ ᠶᠢᠨ ᠬᠤᠶᠢᠨ᠎ᠠ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠᠶᠢᠭᠤᠯᠭ᠎ᠠ ᠶᠢᠨ ᠨᠠᠮ ᠤᠨ ᠡᠭᠦᠷ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠪᠠ᠃ ᠪᠦᠬᠦ ᠨᠠᠮ ᠤᠨ ᠭᠡᠰᠢᠭᠦᠨ᠂ ᠭᠤᠣᠯᠳᠠᠯᠭ᠎ᠠ ᠲᠠᠢ ᠬᠥᠭᠵᠢᠭᠦᠯᠬᠦ ᠡᠲᠡᠭᠡᠳ᠂ ᠨᠠᠮ ᠳᠤ ᠣᠷᠣᠬᠤ ᠢᠳᠡᠪᠬᠢᠲᠡᠨ ᠲᠤᠰ ᠤᠳᠠᠭᠠᠨ ᠤ ᠬᠤᠷᠠᠯ ᠳᠤ ᠣᠷᠣᠯᠴᠠᠪᠠ᠃
1.jpg
        ᠬᠤᠷᠠᠯ ᠠᠴᠠ ︽ᠨᠢᠭᠡᠳᠦᠭᠡᠷ ᠵᠥᠪᠯᠡᠬᠦ ᠰᠡᠳᠦᠪ︾ ᠤᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠡᠩ ᠲᠡᠷᠢᠭᠦᠨ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠠᠷᠠᠭ᠎ᠠ ᠨᠢ ᠪᠦᠬᠦ ᠨᠠᠮ ᠤᠨ ᠭᠡᠰᠢᠭᠦᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾ ᠢ ᠦᠭᠡ ᠦᠰᠦᠭ ᠳᠠᠷᠠᠭᠠᠯᠠᠨ ᠰᠤᠷᠤᠯᠴᠠᠭᠰᠠᠨ ᠪᠥᠭᠡᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽︿ᠰᠦᠯᠵᠢᠶᠡᠨ ᠤ ᠴᠡᠭᠡᠷᠯᠡᠯ ᠢ ᠮᠡᠳᠡᠬᠦ ᠬᠡᠷᠡᠭᠲᠡᠢ﹀ ᠰᠢᠷᠢᠰ ᠪᠢᠴᠢᠯ ᠺᠠᠷᠲ᠋ᠣᠨ ᠺᠢᠨᠣ᠋︾ ᠶᠢ ᠬᠠᠮᠲᠤ ᠪᠠᠷ ᠰᠣᠨᠢᠷᠬᠠᠪᠠ᠃
2.jpg
        ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠪᠦᠬᠦᠳᠡ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠲᠤᠰ ᠪᠡᠶ᠎ᠡ ᠶᠢᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠵᠠᠮ ᠨᠡᠭᠡᠭᠡᠨ ᠰᠢᠨ᠎ᠡ ᠶᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾ ᠢ ᠭᠦᠨᠵᠡᠭᠡᠶ ᠰᠤᠷᠤᠯᠴᠠᠬᠤ ᠪᠠᠷ ᠳᠠᠮᠵᠢᠭᠤᠯᠤᠨ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠦᠨ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠭᠡᠷ ᠪᠠᠷᠢᠬᠤ ᠭᠡᠪᠡᠯ ᠤᠷᠢᠳᠠᠪᠠᠷ ᠰᠠᠭᠤᠷᠢ ᠶᠢ ᠨᠢ ᠵᠠᠰᠠᠨ᠎ᠠ᠃ ᠨᠠᠮ ᠤᠨ ᠭᠡᠰᠢᠭᠦᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠴᠢᠳᠠᠮᠠᠭᠠᠢ ᠪᠠᠷ ᠠᠵᠢᠯᠯᠠᠵᠤ᠂ ᠬᠤᠶᠢᠰᠢᠳᠠ ᠶᠢᠨ ᠠᠵᠢᠯ ᠠᠮᠢᠳᠤᠷᠠᠯ ᠤᠨ ᠳᠤᠮᠳᠠ ᠰᠠᠬᠢᠯᠭ᠎ᠠ ᠪᠠᠲᠤ ᠶᠢ ᠣᠶᠢᠯᠠᠭᠠᠬᠤ᠂ ᠶᠣᠰᠣ ᠲᠦᠷᠢᠮ ᠢ ᠰᠠᠬᠢᠬᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠨᠢᠭᠡ ᠨᠢ ᠪᠣᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠤᠨ᠎ᠠ ᠭᠡᠵᠦ ᠢᠯᠡᠳᠬᠡᠵᠡᠭᠡᠪᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号