ᠰᠤᠷᠪᠤᠯᠵᠢᠯᠠᠨ ᠶᠠᠷᠢᠯᠴᠠᠬᠤ ᠭᠤᠣᠯ ᠰᠡᠳᠦᠪ᠄ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ  ᠲᠤᠰᠢᠶᠠᠨ ᠬᠠᠳᠠᠭᠠᠯᠠᠭᠤᠯᠬᠤ ᠬᠡᠪᠴᠢᠶ᠎ᠡ ᠶᠢ ᠥᠷᠭᠡᠳᠬᠡᠵᠦ᠂ ᠨᠡᠶᠢᠲᠡ ᠶᠢᠨ ᠬᠤᠷᠠᠮᠳᠤᠭᠤᠯᠭ᠎ᠠ ᠶᠢᠨ  ᠮᠥᠩᠭᠦ ᠪᠠᠷ ᠨᠠᠩ ᠣᠯᠠᠨ ᠣᠯᠠᠨ ᠲᠦᠮᠡᠨ ᠳᠤ ᠠᠰᠢᠭ ᠬᠦᠷᠲᠡᠭᠡᠨ᠎ᠡ
ᠨᠡᠶᠢᠲᠡᠯᠡᠭᠰᠡᠨ ᠴᠠᠭ᠄
2024/8/15
        ᠰᠤᠷᠪᠤᠯᠵᠢᠯᠠᠨ ᠶᠠᠷᠢᠯᠴᠠᠬᠤ ᠴᠠᠭ᠄ 2024 ᠣᠨ ᠤ 7 ᠳ᠋ᠤᠭᠠᠷ ᠰᠠᠷ᠎ᠠ ᠶᠢᠨ 3 ᠤ ᠡᠳᠦᠷ           ᠤᠷᠢᠭᠳᠠᠭᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ  ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠶᠠᠩ ᠭᠤᠸᠠᠩ           ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠳᠡᠳ᠋ ᠡᠷᠬᠢᠯᠡᠭᠴᠢ ᠰᠦᠬᠡ           ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠲᠤᠬᠠᠶᠢᠯᠠᠭᠰᠠᠨ ᠠᠵᠢᠯ ᠤᠨ  ᠬᠥᠭᠵᠢᠯᠲᠡ ᠶᠢᠨ ᠰᠠᠯᠠᠭᠠᠨ ᠤ ᠳᠠᠷᠤᠭ᠎ᠠ ᠵᠠᠩ ᡁᠢ ᠭᠦᠸᠧ           ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠴᠤᠭᠯᠠᠭᠤᠯᠬᠤ ᠪᠠ ᠬᠠᠤᠯᠢ ᠶᠢᠨ  ᠶᠠᠪᠤᠳᠠᠯ ᠤᠨ ᠰᠠᠯᠠᠭᠠᠨ ᠤ ᠳᠠᠷᠤᠭ᠎ᠠ ᠵᠢᠩ ᠰᠢᠶᠣᠣ ᠴᠢᠨ           ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠶᠡᠷᠦᠩᠬᠡᠶᠢᠯᠡᠭᠰᠡᠨ  ᠦᠢᠯᠡᠴᠢᠯᠡᠭᠡᠨ ᠤ ᠲᠣᠬᠢᠷᠠᠭᠤᠯᠤᠯᠲᠠ ᠶᠢᠨ ᠲᠥᠪ ᠤᠨ ᠰᠠᠯᠠᠭᠠᠨ ᠳᠠᠷᠤᠭ᠎ᠠ ᠷᠧᠨ ᠫᠢᠩ           ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠵᠠᠰᠠᠭ ᠤᠨ ᠶᠠᠪᠤᠳᠠᠯ ᠤᠨ ᠶᠡᠭᠡ  ᠲᠢᠩᠬᠢᠮ ᠤᠨ ᠰᠦᠯᠵᠢᠶᠡᠨ ᠴᠡᠭ ᠤᠨ ᠬᠠᠷᠢᠭᠤᠴᠠᠯᠭᠠᠲᠠᠨ ᠸᠠᠩ ᠯᠧ    ᠰᠤᠷᠪᠤᠯᠵᠢᠯᠠᠨ ᠶᠠᠷᠢᠯᠴᠠᠬᠤ ᠠᠭᠤᠯᠭ᠎ᠠ ᠶᠢᠨ ᠲᠤᠬᠠᠢ ᠲᠣᠪᠴᠢ ᠲᠠᠨᠢᠯᠴᠠᠭᠤᠯᠭ᠎ᠠ᠄ ᠮᠠᠨ ᠤ ᠬᠤᠲᠠ ᠶᠢᠨ  ᠠᠮᠢᠳᠤᠯᠢᠭ ᠢᠶᠠᠷ ᠠᠵᠢᠯ ᠣᠯᠣᠭᠰᠠᠳ ᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ  ᠥᠷᠭᠡᠳᠬᠡᠬᠦ ᠠᠵᠢᠯ ᠳᠤ ᠣᠷᠣᠯᠴᠠᠬᠤ ᠶᠢ ᠠᠬᠢᠭᠤᠯᠤᠭᠰᠠᠨ ᠪᠠᠶᠢᠳᠠᠯ᠃           ᠬᠥᠲᠥᠯᠥᠭᠴᠢ᠄ ︽ᠠᠮᠢᠳᠤᠯᠢᠭ ᠢᠶᠠᠷ ᠠᠵᠢᠯ ᠣᠯᠣᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ  ᠬᠤᠷᠠᠮᠳᠤᠭᠤᠯᠭ᠎ᠠ ᠶᠢᠨ ᠮᠥᠩᠭᠦ ᠶᠢᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠵᠤ᠂ ᠴᠤᠭᠯᠠᠭᠤᠯᠬᠤ ᠬᠥᠮᠥᠨ ᠤ ᠲᠤᠭ᠎ᠠ ᠶᠢ 3 ᠲᠦᠮᠡ ᠳᠤ ᠬᠦᠷᠭᠡᠨ᠎ᠡ᠃ ᠡᠨᠡ ᠨᠢ ᠡᠨᠡ ᠵᠢᠯ ᠤᠨ ︽ᠠᠷᠠᠳ ᠤᠨ ᠠᠮᠢᠳᠤᠷᠠᠯ ᠤᠨ ᠲᠦᠷᠦᠯ  ᠵᠦᠢᠯ ᠤᠨ 40 ᠵᠦᠢᠯ︾ ᠤᠨ ᠳᠣᠲᠣᠷᠠᠬᠢ ᠵᠢᠷᠭᠤᠳᠤᠭᠠᠷ ᠵᠦᠢᠯ ᠪᠣᠯᠣᠨ᠎ᠠ᠂ ᠣᠳᠣᠬᠠᠨ ᠳᠤ ᠪᠣᠯᠲᠠᠯ᠎ᠠ ᠮᠠᠨ ᠤ ᠡᠨᠡ  ᠬᠦ ᠠᠵᠢᠯ ᠤᠨ ᠠᠬᠢᠯᠲᠠ ᠶᠢᠨ ᠪᠠᠶᠢᠳᠠᠯ ᠶᠠᠮᠠᠷ ᠪᠠᠶᠢᠬᠤ ᠪᠣᠢ︖           ᠰᠤᠷᠪᠤᠯᠵᠢᠯᠠᠭᠳᠠᠭᠴᠢ ᠶᠠᠩ ᠭᠤᠸᠠᠩ᠄ ᠴᠢᠷᠮᠠᠶᠢᠯᠭ᠎ᠠ ᠪᠠᠷ ᠳᠡᠮᠵᠢᠨ᠂ 2023 ᠣᠨ ᠤ 4 ᠳ᠋ᠦ᠋ᠭᠡᠷ ᠰᠠᠷ᠎ᠠ ᠶᠢᠨ  6 ᠤ ᠡᠳᠦᠷ ᠪᠤᠭᠤᠲᠤ ᠬᠤᠲᠠ ᠪᠥᠬᠦ ᠤᠯᠤᠰ ᠤᠨ ᠬᠤᠶᠠᠳᠤᠭᠠᠷ ᠪᠦᠯᠦᠭ ᠠᠮᠢᠳᠤᠯᠢᠭ ᠢᠶᠠᠷ ᠠᠵᠢᠯ ᠣᠯᠣᠭᠰᠠᠳ ᠤᠨ  ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠲᠤᠷᠰᠢᠯᠲᠠ ᠶᠢᠨ ᠴᠡᠭ ᠲᠤ  ᠣᠷᠣᠯᠴᠠᠬᠤ ᠪᠠᠷ ᠵᠢᠩᠬᠢᠨᠢ ᠪᠠᠷ ᠵᠥᠪᠰᠢᠶᠡᠷᠡᠭᠳᠡᠵᠦ᠂ ᠪᠥᠬᠦ ᠤᠯᠤᠰ ᠤᠨ 13 ᠲᠤᠷᠰᠢᠯᠲᠠ ᠶᠢᠨ ᠴᠡᠭ ᠤᠨ ᠨᠢᠭᠡ  ᠪᠣᠯᠵᠤ᠂ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠲᠤᠷᠰᠢᠯᠲᠠ ᠶᠢᠨ ᠴᠡᠭ ᠤᠨ ᠬᠤᠲᠠ ᠪᠣᠯᠤᠭᠰᠠᠨ  ᠪᠠᠶᠢᠨ᠎ᠠ᠃ ᠠᠮᠢᠳᠤᠯᠢᠭ ᠢᠶᠠᠷ ᠠᠵᠢᠯ ᠣᠯᠣᠭᠰᠠᠳ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ  ᠮᠥᠩᠭᠦ ᠶᠢᠨ ᠳᠦᠷᠢᠮ ᠤᠨ ᠠᠷᠠᠳ ᠲᠤ ᠠᠰᠢᠭ ᠬᠦᠷᠲᠡᠭᠡᠬᠦ ᠡᠨᠡ ᠬᠦ ᠲᠥᠷᠥ ᠶᠢᠨ ᠪᠣᠳᠣᠯᠭ᠎ᠠ ᠳᠤ ᠣᠷᠣᠯᠴᠠᠵᠤ᠂ ᠮᠠᠨ ᠤ ᠬᠤᠲᠠ ᠶᠢᠨ ᠠᠷᠠᠳ ᠤᠨ ᠠᠮᠢᠳᠤᠷᠠᠯ ᠤᠨ ᠲᠦᠷᠦᠯ ᠵᠦᠢᠯ ᠤᠨ 40 ᠲᠥᠷᠥᠯ ᠵᠦᠢᠯ ᠤᠨ ᠨᠢᠭᠡ ᠪᠠᠷ  ᠵᠢᠭᠰᠠᠭᠠᠭᠳᠠᠭᠰᠠᠨ ᠪᠠᠶᠢᠨ᠎ᠠ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ ᠠᠮᠢᠳᠤᠯᠢᠭ ᠢᠶᠠᠷ ᠠᠵᠢᠯ ᠣᠯᠣᠭᠰᠠᠳ ᠤᠨ ᠥᠷᠭᠡᠨ ᠳᠡᠯᠭᠡᠷ ᠠᠩᠬᠠᠷᠤᠯ ᠪᠠ ᠢᠳᠡᠪᠬᠢᠲᠡᠢ ᠣᠷᠤᠯᠴᠠᠯᠭ᠎ᠠ ᠶᠢ ᠣᠯᠵᠤ᠂ ᠰᠠᠶᠢᠨ  ᠰᠠᠶᠢᠬᠠᠨ ᠨᠡᠶᠢᠭᠡᠮ ᠤᠨ ᠲᠤᠰᠬᠠᠯ ᠢ ᠣᠯᠪᠠ᠃           ᠳᠣᠣᠷ᠎ᠠ ᠪᠢ ᠠᠮᠢᠳᠤᠯᠢᠭ ᠢᠶᠠᠷ ᠠᠵᠢᠯ ᠣᠯᠣᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ  ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠠᠵᠢᠯ ᠳᠤ ᠣᠷᠣᠯᠴᠠᠭᠰᠠᠨ ᠠᠬᠢᠴᠠ ᠶᠢᠨ ᠪᠠᠶᠢᠳᠠᠯ ᠢ ᠲᠣᠪᠴᠢ  ᠲᠠᠨᠢᠯᠴᠠᠭᠤᠯᠤᠶ᠎ᠠ᠃           2023 ᠣᠨ ᠤ 9 ᠳ᠋ᠦ᠋ᠭᠡᠷ ᠰᠠᠷ᠎ᠠ ᠳᠤ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠪᠤᠭᠤᠲᠤ ᠬᠤᠲᠠ ᠶᠢᠨ ᠠᠮᠢᠳᠤᠯᠢᠭ ᠢᠶᠠᠷ ᠠᠵᠢᠯ ᠣᠯᠣᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ  ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠲᠤᠷᠰᠢᠯᠲᠠ ᠶᠢᠨ ᠴᠡᠭ ᠤᠨ ᠠᠵᠢᠯ ᠳᠤ ᠣᠷᠣᠯᠴᠠᠬᠤ  ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠪᠤᠭᠤᠲᠤ ᠬᠤᠲᠠ ᠶᠢᠨ ᠣᠷᠣᠨ ᠰᠠᠭᠤᠴᠠ ᠶᠢᠨ  ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠵᠥᠪᠯᠡᠯ ᠠᠴᠠ ︽ᠪᠤᠭᠤᠲᠤ ᠬᠤᠲᠠ ᠶᠢᠨ  ᠠᠮᠢᠳᠤᠯᠢᠭ ᠢᠶᠠᠷ ᠠᠵᠢᠯ ᠣᠯᠣᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ  ᠮᠥᠩᠭᠦ ᠶᠢᠨ ᠳᠦᠷᠢᠮ ᠤᠨ ᠲᠤᠷᠰᠢᠯᠲᠠ ᠶᠢᠨ ᠴᠡᠭ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ  ᠲᠠᠷᠬᠠᠭᠠᠬᠤ ᠶᠢᠨ ᠬᠠᠮᠲᠤ ︽ᠪᠤᠭᠤᠲᠤ ᠬᠤᠲᠠ ᠶᠢᠨ ᠠᠮᠢᠳᠤᠯᠢᠭ ᠢᠶᠠᠷ ᠠᠵᠢᠯ ᠣᠯᠣᠭᠰᠠᠳ ᠤᠨ ᠣᠷᠣᠨ  ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠲᠤᠷᠰᠢᠯᠲᠠ ᠶᠢᠨ ᠴᠡᠭ ᠤᠨ  ᠬᠡᠷᠡᠭᠵᠢᠭᠦᠯᠬᠦ ᠨᠠᠷᠢᠨ ᠳᠦᠷᠢᠮ︾ ᠢ ᠢᠵᠢ ᠪᠦᠷᠢᠳᠦᠭᠦᠯᠦᠨ ᠲᠣᠭᠲᠠᠭᠠᠵᠤ᠂ ᠲᠤᠷᠰᠢᠯᠲᠠ ᠶᠢᠨ ᠴᠡᠭ ᠤᠨ ᠠᠵᠢᠯ ᠢ  2023 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠵᠢᠩᠬᠢᠨᠢ ᠪᠠᠷ ᠬᠡᠷᠡᠭᠵᠢᠭᠦᠯᠬᠦ ᠪᠠᠷ ᠲᠣᠭᠲᠠᠭᠠᠪᠠ᠃ 2024  ᠣᠨ ᠤ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠠᠮᠢᠳᠤᠯᠢᠭ ᠢᠶᠠᠷ ᠠᠵᠢᠯ ᠣᠯᠣᠭᠰᠠᠳ ᠨᠡᠶᠢᠲᠡ 37371  ᠬᠥᠮᠥᠨ᠂ ᠪᠣᠳᠠᠲᠠᠢ ᠲᠤᠰᠢᠶᠠᠭᠰᠠᠨ ᠲᠠᠩᠰᠠᠨ ᠡᠷᠦᠬᠡ ᠨᠡᠶᠢᠲᠡ 22851 ᠬᠥᠮᠥᠨ᠂ ᠲᠠᠩᠰᠠ ᠡᠷᠦᠬᠡ ᠶᠢᠨ ᠪᠣᠳᠠᠲᠠᠢ  ᠲᠤᠰᠢᠶᠠᠭᠰᠠᠨ ᠨᠣᠷᠮ᠎ᠠ ᠨᠡᠶᠢᠲᠡ 61.1% ᠪᠠᠶᠢᠪᠠ᠃ ᠲᠤᠰᠢᠶᠠᠨ ᠬᠠᠳᠠᠭᠠᠯᠠᠭᠰᠠᠨ ᠵᠣᠭᠤᠰ ᠤᠨ ᠲᠤᠭ᠎ᠠ ᠨᠡᠶᠢᠲᠡ  1.14 ᠳ᠋ᠦᠩᠰᠢᠭᠤᠷ ᠲᠥᠭᠦᠷᠢᠭ ᠲᠤ ᠬᠦᠷᠴᠦ᠂ ᠲᠤᠰᠢᠶᠠᠨ ᠬᠠᠳᠠᠭᠠᠯᠠᠭᠰᠠᠨ ᠦᠯᠡᠳᠡᠪᠦᠷᠢ ᠲᠤᠭ᠎ᠠ 9326  ᠲᠦᠮᠡᠨ ᠲᠥᠭᠦᠷᠢᠭ ᠲᠤ ᠬᠦᠷᠴᠡᠢ᠃ ᠠᠮᠢᠳᠤᠯᠢᠭ ᠢᠶᠠᠷ ᠠᠵᠢᠯ ᠣᠯᠣᠭᠰᠠᠳ ᠤᠨ ᠲᠤᠭ᠎ᠠ ᠨᠡᠶᠢᠲᠡ 2147 ᠲᠦᠮᠡᠨ  ᠲᠥᠭᠦᠷᠢᠭ ᠲᠤ ᠬᠦᠷᠴᠦ᠂ ᠭᠠᠷᠭᠠᠨ ᠠᠪᠤᠭᠰᠠᠨ ᠨᠤᠷᠮ᠎ᠠ 18.8% ᠪᠠᠶᠢᠪᠠ᠃ ᠠᠮᠢᠳᠤᠯᠢᠭ ᠢᠶᠠᠷ ᠠᠵᠢᠯ  ᠣᠯᠣᠭᠰᠠᠳ ᠨᠡᠶᠢᠲᠡ 178 ᠬᠤᠪᠢ᠂ ᠵᠢᠭᠡᠯᠡᠯᠭᠡ ᠶᠢᠨ ᠮᠥᠩᠭᠦ 6855.9 ᠲᠦᠮᠡᠨ ᠲᠥᠭᠦᠷᠢᠭ ᠲᠠᠯᠪᠢᠵᠤ᠂  ᠵᠢᠭᠡᠯᠡᠯᠭᠡ ᠶᠢᠨ ᠦᠯᠡᠳᠡᠪᠦᠷᠢ 6773.3 ᠲᠦᠮᠡᠨ ᠲᠥᠭᠦᠷᠢᠭ ᠲᠤ ᠬᠦᠷᠴᠦ᠂ ᠬᠤᠪᠢ ᠶᠢᠨ ᠵᠢᠭᠡᠯᠡᠯᠭᠡ ᠶᠢᠨ ᠨᠤᠷᠮ᠎ᠠ  72.6% ᠪᠠᠶᠢᠪᠠ᠃ ᠡᠭᠦᠨ ᠳᠤ᠄ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠨᠢᠭᠡᠨᠲᠡ ᠭᠦᠢᠴᠡᠳᠬᠡᠬᠦ ᠳᠤ  ᠠᠮᠢᠳᠤᠯᠢᠭ ᠢᠶᠠᠷ ᠠᠵᠢᠯ ᠣᠯᠣᠭᠰᠠᠳ ᠤᠨ ᠳᠣᠲᠣᠷ᠎ᠠ᠂ ᠨᠢᠭᠡᠳᠦᠭᠡᠷ ᠢᠵᠢ ᠣᠷᠣᠨ ᠰᠠᠭᠤᠴᠠ ᠶᠢ ᠰᠠᠶ᠋ᠢᠬᠠᠨ  ᠬᠤᠳᠠᠯᠳᠤᠨ ᠠᠪᠬᠤ ᠳᠤ ᠬᠡᠷᠡᠭᠰᠡᠬᠦ ᠵᠣᠭᠤᠰ ᠤᠨ ᠲᠤᠭ᠎ᠠ ᠨᠢ 81.7%᠎ ᠶᠢ ᠡᠵᠡᠯᠡᠪᠡ᠃ ᠳᠤᠮᠳᠠᠴᠢ ᠵᠢᠭᠡᠯᠡᠯᠭᠡ ᠶᠢᠨ  ᠲᠤᠭ᠎ᠠ ᠨᠢ 38.5 ᠲᠦᠮᠡᠨ ᠲᠥᠭᠦᠷᠢᠭ᠂ ᠳᠤᠮᠳᠠᠴᠢ ᠵᠢᠭᠡᠯᠡᠯᠭᠡ ᠶᠢᠨ ᠬᠤᠭᠤᠴᠠᠭ᠎ᠠ ᠨᠢ 13.9 ᠵᠢᠯ᠂ 19390. 49 ᠺᠦᠸᠠᠳ᠋ ᠮᠧᠲᠷ ᠲᠠᠯᠠᠪᠠᠢ ᠶᠢᠨ ᠣᠷᠣᠨ ᠰᠠᠭᠤᠴᠠ ᠬᠤᠳᠠᠯᠳᠤᠨ ᠠᠪᠬᠤ ᠶᠢ ᠳᠡᠮᠵᠢᠪᠡ᠃ ᠨᠢᠭᠡᠨᠲᠡ ᠵᠢᠭᠡᠯᠡᠯᠭᠡ  ᠲᠠᠯᠪᠢᠭᠰᠠᠨ ᠤ ︽ᠬᠤᠳᠠᠯᠳᠤᠭ᠎ᠠ ᠠᠴᠠ ᠠᠯᠪᠠᠨ ᠳᠤ ᠰᠢᠯᠵᠢᠭᠦᠯᠦᠭᠰᠡᠨ︾ ᠨᠢ 157 ᠬᠤᠪᠢ᠂ 5926 ᠲᠦᠮᠡᠨ  ᠲᠥᠭᠦᠷᠢᠭ᠂ ᠲᠠᠸᠠᠷ ᠤᠨ ᠭᠡᠷ 7 ᠬᠤᠪᠢ᠂ 315 ᠲᠦᠮᠡᠨ ᠲᠥᠭᠦᠷᠢᠭ ᠪᠠᠶᠢᠪᠠ᠂ ᠭᠠᠷ ᠳᠠᠮᠵᠢᠭᠰᠠᠨ ᠭᠡᠷ  ᠪᠠᠶᠢᠰᠢᠩ 14 ᠬᠤᠪᠢ᠂ 614.9 ᠲᠦᠮᠡᠨ ᠲᠥᠭᠦᠷᠢᠭ ᠪᠠᠶᠢᠪᠠ᠃           ᠬᠥᠲᠥᠯᠥᠭᠴᠢ᠄ ᠲᠤᠷᠰᠢᠯᠲᠠ ᠶᠢᠨ ᠴᠡᠭ ᠤᠨ ᠲᠥᠷᠥ ᠶᠢᠨ ᠪᠣᠳᠣᠯᠭ᠎ᠠ ᠨᠢ ᠠᠮᠢᠳᠤᠯᠢᠭ ᠢᠶᠠᠷ ᠠᠵᠢᠯ  ᠣᠯᠣᠭᠰᠠᠳ ᠲᠤ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠠᠰᠢᠭ ᠠᠪᠴᠢᠷᠠᠵᠤ ᠥᠭᠬᠦ ᠪᠣᠶ︖           ᠰᠦᠬᠡ᠄ ᠨᠢᠭᠡ ᠳᠤ᠂ ᠳᠣᠣᠷ᠎ᠠ ᠲᠤᠰᠢᠶᠠᠨ ᠬᠠᠳᠠᠭᠠᠯᠠᠭᠤᠯᠬᠤ᠂ ᠠᠭᠤᠵᠢᠭᠤ ᠲᠠᠯᠪᠢᠬᠤ ᠶᠢ ᠵᠥᠪᠰᠢᠶᠡᠷᠡᠨ  ᠣᠷᠣᠭᠤᠯᠤᠨ᠎ᠠ᠃ ᠪᠦᠬᠦᠯᠢ 16 ᠨᠠᠰᠤ ᠬᠦᠷᠦᠭᠰᠡᠨ᠂ ᠤᠯᠤᠰ ᠤᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ  ᠰᠠᠯᠵᠤ ᠪᠠᠭᠤᠵᠤ ᠠᠮᠠᠷᠠᠬᠤ ᠨᠠᠰᠤᠨ ᠳᠤ ᠬᠦᠷᠦᠭᠡᠳᠦᠢ ᠪᠠᠶᠢᠪᠠᠯ᠂ ᠪᠦᠬᠦᠯᠢ ᠡᠳᠦᠷ ᠤᠨ ᠳᠦᠷᠢᠮ᠂ ᠰᠢᠨ᠎ᠡ  ᠡᠵᠡᠩᠨᠡᠯᠲᠡ ᠶᠢᠨ ᠬᠡᠯᠪᠡᠷᠢ ᠵᠡᠷᠭᠡ ᠠᠷᠭ᠎ᠠ ᠬᠡᠯᠪᠡᠷᠢ ᠪᠠᠷ ᠠᠵᠢᠯ ᠣᠯᠣᠭᠰᠠᠨ ᠪᠥᠭᠡᠳ ᠢᠷᠭᠡᠨ ᠤ ᠬᠡᠷᠡᠭ ᠤᠨ  ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠠᠮᠢᠳᠤᠯᠢᠭ ᠢᠶᠠᠷ ᠠᠵᠢᠯ ᠣᠯᠣᠭᠰᠠᠳ ᠴᠥᠮ ᠰᠠᠶᠢᠨ ᠳᠤᠷ᠎ᠠ ᠠᠴᠠ ᠪᠠᠨ  ᠮᠠᠨ ᠤ ᠬᠤᠲᠠ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠳᠤ  ᠣᠷᠣᠯᠴᠠᠵᠤ ᠪᠣᠯᠣᠨ᠎ᠠ᠂ ᠡᠷᠦᠬᠡ ᠠᠮᠠ ᠶᠢᠨ ᠬᠢᠵᠠᠭᠠᠷᠯᠠᠯ ᠦᠭᠡᠢ᠃ ᠬᠤᠶᠠᠷ ᠲᠤ᠂ ᠬᠦᠦ ᠮᠥᠩᠭᠦ ᠶᠢᠨ ᠨᠤᠷᠮ᠎ᠠ  ᠳᠣᠣᠷ᠎ᠠ᠂ ᠳᠠᠷᠤᠯᠲᠠ ᠶᠢ ᠪᠠᠭᠠᠰᠬᠠᠨ᠎ᠠ᠃ ᠠᠮᠢᠳᠤᠯᠢᠭ ᠢᠶᠠᠷ ᠠᠵᠢᠯ ᠣᠯᠣᠭᠰᠠᠨ ᠲᠤᠰᠢᠶᠠᠨ ᠬᠠᠳᠠᠭᠠᠯᠠᠭᠤᠯᠤᠭᠴᠢ  ᠵᠢᠭᠡᠯᠡᠯᠭᠡ ᠶᠢᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠨᠢᠭᠡ ᠬᠥᠮᠥᠨ ᠬᠠᠮᠤᠭ ᠤᠨ ᠥᠨᠳᠥᠷ ᠲᠤ ᠪᠠᠨ 60  ᠲᠦᠮᠡᠨ ᠲᠥᠭᠦᠷᠢᠭ ᠤᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠵᠤ ᠪᠣᠯᠣᠨ᠎ᠠ᠂  ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠬᠠᠮᠤᠭ ᠤᠨ ᠥᠨᠳᠥᠷ ᠲᠤ ᠪᠠᠨ 100 ᠲᠦᠮᠡᠨ ᠲᠥᠭᠦᠷᠢᠭ ᠤᠨ ᠨᠡᠶᠢᠲᠡ ᠶᠢᠨ  ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠵᠤ ᠪᠣᠯᠣᠨ᠎ᠠ᠃ ᠭᠤᠷᠪᠠ ᠳᠤ᠂ ᠲᠤᠰᠢᠶᠠᠨ ᠬᠠᠳᠠᠭᠠᠯᠠᠬᠤ  ᠵᠣᠬᠢᠴᠠᠮᠵᠢ ᠶᠢ ᠠᠮᠢᠳᠤᠯᠢᠭ ᠪᠠᠶᠢᠯᠭᠠᠨ᠎ᠠ᠃ ᠠᠮᠢᠳᠤᠯᠢᠭ ᠢᠶᠠᠷ ᠠᠵᠢᠯ ᠣᠯᠣᠭᠰᠠᠳ ᠤᠨ ᠠᠵᠢᠯ ᠮᠡᠷᠭᠡᠵᠢᠯ ᠪᠠ  ᠣᠷᠣᠯᠭ᠎ᠠ ᠶᠢᠨ ᠣᠨᠴᠠᠯᠢᠭ ᠲᠠᠢ ᠤᠶᠠᠯᠳᠤᠭᠤᠯᠤᠨ᠂ ᠲᠤᠷᠰᠢᠯᠲᠠ ᠶᠢᠨ ᠴᠡᠭ ᠤᠨ ᠲᠥᠷᠥ ᠶᠢᠨ ᠪᠣᠳᠣᠯᠭ᠎ᠠ ᠳᠤ  ᠲᠤᠰᠢᠶᠠᠨ ᠬᠠᠳᠠᠭᠠᠯᠠᠭᠤᠯᠬᠤ ᠠᠷᠭ᠎ᠠ ᠬᠡᠯᠪᠡᠷᠢ ᠶᠢ ᠵᠢᠷᠤᠵᠤ ᠲᠥᠯᠥᠪᠯᠡᠨ ᠠᠮᠢᠳᠤᠯᠢᠭ ᠢᠶᠠᠷ ᠠᠵᠢᠯ ᠣᠯᠣᠭᠰᠠᠳ ᠤᠨ  ᠰᠣᠩᠭᠤᠯᠲᠠ ᠶᠢ ᠬᠠᠩᠭᠠᠨ᠎ᠠ᠂ ᠪᠣᠳᠠᠲᠠᠢ ᠳᠤ ᠰᠠᠷ᠎ᠠ᠂ ᠤᠯᠠᠷᠢᠯ᠂ ᠵᠢᠯ ᠤᠨ ᠲᠣᠭᠲᠠᠮᠠᠯ ᠲᠤᠰᠢᠶᠠᠨ ᠬᠠᠳᠠᠭᠠᠯᠠᠬᠤ  ᠵᠢᠴᠢ ᠠᠮᠢᠳᠤᠯᠢᠭ ᠢᠶᠠᠷ ᠲᠤᠰᠢᠶᠠᠨ ᠬᠠᠳᠠᠭᠠᠯᠠᠭᠤᠯᠬᠤ ᠶᠢ ᠪᠠᠭᠲᠠᠭᠠᠨ᠎ᠠ᠃ ᠳᠥᠷᠪᠡ ᠳᠤ᠂ ᠲᠤᠰᠢᠶᠠᠬᠤ ᠬᠥᠮᠥᠰ ᠤᠨ  ︽ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ︾ ᠬᠡᠷᠡᠭᠴᠡᠭᠡ ᠱᠠᠭᠠᠷᠳᠠᠯᠭ᠎ᠠ ᠶᠢ  ᠬᠠᠩᠭᠠᠨ᠎ᠠ᠃ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢ ᠦᠨᠳᠦᠰᠦᠯᠡᠪᠡᠯ᠂ ᠠᠮᠢᠳᠤᠯᠢᠭ ᠢᠶᠠᠷ ᠠᠵᠢᠯ  ᠣᠯᠣᠭᠰᠠᠨ ᠬᠥᠮᠥᠰ ᠤᠨ ᠳᠣᠲᠣᠷ᠎ᠠ᠂ 61%᠎ ᠶᠢᠨ ᠬᠥᠮᠥᠰ ᠠᠵᠢᠯᠯᠠᠵᠤ ᠪᠠᠶᠢᠭ᠎ᠠ ᠭᠠᠵᠠᠷ ᠲᠤ ᠪᠠᠨ ᠭᠡᠷ ᠦᠭᠡᠢ᠂  41%᠎ ᠶᠢᠨ ᠬᠥᠮᠥᠰ ᠶᠠᠭ ᠭᠡᠷ ᠬᠤᠳᠠᠯᠳᠤᠨ ᠠᠪᠴᠤ ᠪᠣᠶ᠂ ᠣᠷᠣᠨ ᠰᠠᠭᠤᠴᠠ ᠶᠢᠨ ᠨᠡᠶᠢᠲᠡ ᠶᠢᠨ  ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠳᠤ ᠣᠷᠣᠯᠴᠠᠬᠤ ᠪᠠᠷ ᠳᠠᠮᠵᠢᠭᠤᠯᠤᠨ᠂ ᠭᠡᠷ ᠦᠭᠡᠢ ᠠᠮᠢᠳᠤᠯᠢᠭ ᠢᠶᠠᠷ  ᠠᠵᠢᠯ ᠣᠯᠣᠭᠰᠠᠳ ᠤᠨ ︽ᠤᠷᠢᠳ ᠢᠶᠠᠷ ᠲᠦᠷᠢᠶᠡᠰᠦᠯᠡᠵᠦ ᠳᠠᠷᠠᠭ᠎ᠠ ᠨᠢ ᠬᠤᠳᠠᠯᠳᠤᠨ ᠠᠪᠬᠤ︾ ᠶᠢ ᠳᠡᠮᠵᠢᠵᠦ᠂  ᠠᠳᠠᠯᠢ ᠪᠤᠰᠤ ᠱᠠᠲᠤ ᠦᠶ᠎ᠡ ᠶᠢᠨ ᠭᠡᠷ ᠪᠠᠶᠢᠰᠢᠩ ᠲᠦᠷᠢᠶᠡᠰᠦᠯᠡᠬᠦ᠂ ᠭᠡᠷ ᠪᠠᠶᠢᠰᠢᠩ ᠬᠤᠳᠠᠯᠳᠤᠨ ᠠᠪᠬᠤ  ᠬᠡᠷᠡᠭᠴᠡᠭᠡ ᠶᠢ ᠬᠠᠩᠭᠠᠪᠠ᠃ ᠲᠠᠪᠤ ᠳᠤ᠂ ᠨᠥᠬᠦᠪᠦᠷᠢ ᠠᠪᠴᠤ᠂ ᠬᠤᠪᠢ ᠬᠥᠮᠥᠨ ᠤ ᠠᠰᠢᠭ ᠣᠷᠣᠯᠭ᠎ᠠ ᠶᠢᠨ  ᠭᠠᠶᠢᠯᠢ ᠶᠢ ᠲᠤᠯᠭᠠᠨ ᠪᠣᠳᠣᠨ᠎ᠠ᠃ ᠠᠮᠢᠳᠤᠯᠢᠭ ᠢᠶᠠᠷ ᠠᠵᠢᠯ ᠣᠯᠣᠭᠠᠳ ᠲᠤᠰᠢᠶᠠᠨ ᠬᠠᠳᠠᠭᠠᠯᠠᠭᠤᠯᠤᠭᠴᠢ  ᠨᠥᠬᠦᠴᠡᠯ ᠳᠤ ᠨᠡᠶᠢᠴᠡᠪᠡᠯ ᠲᠤᠰᠢᠶᠠᠨ ᠬᠠᠳᠠᠭᠠᠯᠠᠭᠤᠯᠬᠤ ᠨᠥᠬᠦᠪᠦᠷᠢ ᠣᠯᠵᠤ ᠪᠣᠯᠣᠨ᠎ᠠ᠂ ᠪᠣᠳᠠᠲᠠᠢ ᠲᠣᠭᠲᠠᠭᠠᠯ ᠨᠢ  ᠲᠤᠰᠢᠶᠠᠨ ᠬᠠᠳᠠᠭᠠᠯᠠᠭᠤᠯᠤᠭᠴᠢ ᠠᠮᠢᠳᠤᠯᠢᠭ ᠢᠶᠠᠷ ᠠᠵᠢᠯ ᠣᠯᠣᠭᠰᠠᠳ ᠤᠨ ᠪᠡᠶ᠎ᠡ ᠭᠠᠷᠤᠯ ᠢᠶᠠᠷ ᠬᠤᠪᠢ ᠬᠥᠮᠥᠨ ᠤ  ᠲᠠᠩᠰᠠᠨ ᠡᠷᠦᠬᠡ ᠪᠠᠶᠢᠭᠤᠯᠬᠤ ᠶᠢᠨ ᠬᠠᠮᠲᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ  ᠮᠥᠩᠭᠦ ᠪᠠᠨ ᠲᠤᠰᠢᠶᠠᠨ ᠬᠠᠳᠠᠭᠠᠯᠠᠭᠤᠯᠬᠤ ᠨᠢ ᠨᠢᠭᠡ ᠵᠢᠯ ︵ᠪᠠᠭᠲᠠᠨ᠎ᠠ︶ ᠠᠴᠠ ᠳᠡᠭᠡᠭᠰᠢ ᠪᠠᠶᠢᠵᠤ ᠪᠣᠯᠣᠨ᠎ᠠ᠂ ᠡᠨᠡ  ᠬᠤᠭᠤᠴᠠᠭᠠᠨ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠡᠷᠡᠭᠯᠡᠭᠰᠡᠨ ᠦᠭᠡᠢ ᠪᠣᠯ ᠣᠷᠣᠨ  ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠳᠠᠩᠰᠠᠨ ᠠᠴᠠ ᠭᠠᠷᠭᠠᠬᠤ ᠦᠶ᠎ᠡ ᠳᠤ ᠲᠤᠰᠢᠶᠠᠨ  ᠬᠠᠳᠠᠭᠠᠯᠠᠭᠤᠯᠤᠭᠰᠠᠨ ᠨᠥᠬᠦᠪᠦᠷᠢ ᠣᠯᠭᠤᠨ᠎ᠠ᠃ ᠵᠢᠷᠭᠤᠭ᠎ᠠ ᠳᠤ᠂ ᠰᠦᠯᠵᠢᠶᠡᠨ ᠳᠡᠭᠡᠷ᠎ᠡ ︽ᠨᠢᠭᠤᠷ ᠵᠣᠯᠭᠠᠬᠤ  ᠦᠭᠡᠢ ᠪᠠᠷ ᠭᠦᠢᠴᠡᠳᠬᠡᠬᠦ︾ ᠶᠢ ᠬᠡᠷᠡᠭᠵᠢᠭᠦᠯᠦᠨ᠎ᠡ᠃ ᠠᠮᠢᠳᠤᠯᠢᠭ ᠢᠶᠠᠷ ᠠᠵᠢᠯ ᠣᠯᠣᠭᠰᠠᠳ ︽ᠭᠠᠷ ᠤᠲᠠᠰᠤᠨ ᠤ  ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ︾ ᠶᠢᠨ APP ᠪᠠ ︽ᠪᠤᠭᠤᠲᠤ ᠶᠢᠨ ᠣᠷᠣᠨ ᠰᠠᠭᠤᠴᠠ ᠶᠢᠨ  ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ︾ ᠶᠢᠨ ᠠᠯᠪᠠᠨ ᠤ ᠵᠢᠷᠭᠢᠶ᠎ᠡ ᠶᠢᠨ ᠰᠦᠯᠵᠢᠶᠡᠨ ᠳᠡᠭᠡᠷ᠎ᠡ ᠲᠤᠰᠢᠶᠠᠨ  ᠬᠠᠳᠠᠭᠠᠯᠠᠭᠤᠯᠬᠤ ᠲᠥᠷᠥᠯ᠂ ᠭᠠᠷᠭᠠᠨ ᠠᠪᠬᠤ ᠲᠥᠷᠥᠯ ᠵᠢᠴᠢ ᠵᠢᠭᠡᠯᠡᠯᠭᠡ ᠭᠤᠶᠤᠴᠢᠯᠠᠬᠤ ᠵᠡᠷᠭᠡ ᠲᠤᠬᠠᠶᠢᠯᠠᠭᠰᠠᠨ  ᠠᠵᠢᠯ ᠢ ᠭᠦᠢᠴᠡᠳᠬᠡᠵᠦ᠂ ︽ᠠᠯᠠᠭᠠᠨ ᠳᠡᠭᠡᠷ᠎ᠡ  ᠪᠠᠨ  ᠭᠦᠢᠴᠡᠳᠬᠡᠬᠦ︾᠂ ︽ᠰᠦᠯᠵᠢᠶᠡᠨ  ᠳᠡᠭᠡᠷ᠎ᠡ   ᠭᠦᠢᠴᠡᠳᠬᠡᠬᠦ︾᠂ ︽ᠨᠢᠭᠡ ᠯᠡ ᠤᠳᠠᠭ᠎ᠠ ᠳᠤ ᠭᠦᠢᠴᠡᠳᠬᠡᠬᠦ︾ ᠪᠠᠷ ᠳᠠᠮᠵᠢᠭᠤᠯᠤᠨ ᠠᠮᠢᠳᠤᠯᠢᠭ ᠢᠶᠠᠷ ᠠᠵᠢᠯ  ᠣᠯᠣᠭᠰᠠᠳ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠨᠡᠩ ᠰᠠᠶᠢᠨ᠂ ᠭᠦᠢᠴᠡᠳᠬᠡᠬᠦ ᠳᠤ ᠬᠢᠯᠪᠠᠷ᠂  ᠲᠦᠷᠭᠡᠨ ᠭᠦᠢᠴᠡᠳᠬᠡᠵᠦ ᠪᠣᠯᠣᠨ᠎ᠠ᠃           ᠬᠥᠲᠥᠯᠥᠭᠴᠢ᠄ ᠣᠶᠢᠷ᠎ᠠ ᠶᠢᠨ ᠬᠤᠭᠤᠴᠠᠭᠠᠨ ᠳᠤ ᠠᠷᠠᠳ ᠲᠤ ᠠᠰᠢᠭ ᠬᠦᠷᠲᠡᠭᠡᠬᠦ ᠶᠠᠮᠠᠷ ᠶᠠᠮᠠᠷ ᠲᠥᠷᠥ ᠶᠢᠨ  ᠪᠣᠳᠣᠯᠭ᠎ᠠ ᠪᠠᠶᠢᠬᠤ ᠪᠣᠶ︖           ᠰᠦᠬᠡ᠄ 2024 ᠣᠨ ᠳᠤ ᠪᠤᠭᠤᠲᠤ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ  ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠵᠥᠪᠯᠡᠯ ᠠᠴᠠ ᠬᠢᠨᠠᠨ ᠵᠥᠪᠯᠡᠵᠦ ᠪᠠᠲᠤᠯᠠᠭᠠᠳ᠂  ᠣᠲᠣ ᠶᠢᠨ ᠬᠡᠷᠡᠭᠵᠢᠭᠦᠯᠵᠦ ᠪᠠᠶᠢᠭ᠎ᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ  ᠬᠡᠷᠡᠭᠯᠡᠬᠦ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠪᠡ᠃ ᠨᠢᠭᠡ ᠳᠤ᠂ ᠵᠢᠭᠡᠯᠡᠯᠭᠡ ᠶᠢᠨ ᠬᠠᠮᠤᠭ ᠤᠨ ᠶᠡᠭᠡ  ᠬᠡᠮᠵᠢᠶᠡᠨ ᠤ ᠪᠣᠳᠠᠲᠠᠢ ᠬᠡᠷᠡᠭᠵᠢᠭᠦᠯᠬᠦ ᠬᠤᠭᠤᠴᠠᠭ᠎ᠠ ᠶᠢ ᠤᠷᠲᠤᠳᠬᠠᠪᠠ᠃ ᠬᠤᠶᠠᠷ ᠲᠤ᠂ ᠳᠡᠭᠡᠳᠦ ᠲᠠᠰ ᠤᠨ  ᠴᠢᠳᠠᠪᠤᠷᠢᠲᠠᠨ ᠤ ᠵᠢᠭᠡᠯᠡᠯᠭᠡ ᠶᠢᠨ ᠲᠤᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠪᠡ᠃ ᠭᠤᠷᠪᠠ ᠳᠤ᠂ ᠲᠦᠷᠢᠶᠡᠰᠦᠯᠡᠬᠦ  ᠭᠡᠷ ᠤᠨ ᠲᠥᠯᠥᠪᠦᠷᠢ ᠶᠢᠨ ᠭᠠᠷᠭᠠᠨ ᠠᠪᠬᠤ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠣᠰ  ᠤᠳᠠᠭᠠᠨ ᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ 5 ᠳ᠋ᠤᠭᠠᠷ ᠰᠠᠷ᠎ᠠ ᠶᠢᠨ 15 ᠤ ᠡᠳᠦᠷ ᠠᠴᠠ  ᠡᠬᠢᠯᠡᠵᠦ ᠬᠡᠷᠡᠭᠵᠢᠭᠦᠯᠦᠨ᠎ᠡ᠃ ᠳᠥᠷᠪᠡ ᠳᠤ᠂ ᠭᠡᠷ ᠪᠦᠯᠢ ᠣᠨᠴᠠ ᠬᠦᠴᠢᠷᠲᠡᠢ ᠭᠠᠷᠭᠠᠨ ᠠᠪᠬᠤ ᠲᠤᠬᠠᠶᠢᠯᠠᠭᠰᠠᠨ  ᠠᠵᠢᠯ ᠵᠡᠷᠭᠡ ᠶᠢ ᠨᠡᠭᠡᠭᠡᠨ᠎ᠡ᠃           ᠬᠥᠲᠥᠯᠥᠭᠴᠢ᠄ ᠪᠢᠳᠡ ᠪᠠᠰᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠰᠢᠨ᠎ᠡ ᠲᠥᠷᠥ ᠶᠢᠨ  ᠪᠣᠳᠣᠯᠭ᠎ᠠ ᠶᠢ ᠦᠷᠭᠦᠯᠵᠢᠯᠡᠨ ᠥᠷᠭᠡᠨ ᠣᠯᠠᠨ ᠠᠮᠢᠳᠤᠯᠢᠭ  ᠢᠶᠠᠷ  ᠠᠵᠢᠯ  ᠣᠯᠣᠭᠰᠠᠳ᠂ ᠰᠢᠨ᠎ᠡ  ᠬᠤᠲᠠ ᠶᠢᠨ ᠠᠷᠠᠳ᠂ ᠵᠠᠯᠠᠭᠤᠴᠤᠳ ᠲᠤ ᠦᠷᠭᠦᠯᠵᠢᠯᠡᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂  ᠲᠡᠳᠡᠨ ᠤ ᠪᠤᠭᠤᠲᠤ ᠳᠤ ᠰᠠᠨᠠᠭ᠎ᠠ ᠠᠮᠤᠷ ᠰᠠᠭᠤᠬᠤ ᠬᠦᠰᠡᠯ ᠢ ᠨᠢ ᠲᠡᠷᠭᠡᠯᠰᠢᠭᠦᠯᠬᠦ ᠶᠢ ᠬᠦᠰᠡᠵᠦ ᠪᠠᠶᠢᠨ᠎ᠠ᠃ ᠬᠠᠮᠤᠭ  ᠰᠡᠭᠦᠯ ᠳᠤ ᠳᠡᠳ᠋ ᠲᠣᠪᠴᠢᠶᠠᠨ ᠳᠠᠷᠤᠭ᠎ᠠ ᠶᠠᠩ ᠭᠤᠸᠠᠩ ᠲᠠᠨ ᠤ ᠬᠢᠨᠠᠯᠲᠠ ᠲᠠᠯᠪᠢᠬᠤ ᠠᠰᠠᠭᠤᠨ ᠯᠠᠪᠯᠠᠬᠤ  ᠤᠲᠠᠰᠤ ᠪᠠᠨ ᠮᠡᠳᠡᠭᠳᠡᠬᠦ ᠪᠣᠯᠪᠠᠤ᠃           ᠶᠠᠩ ᠭᠤᠸᠠᠩ᠄ ᠪᠢᠳᠡᠨ ᠤ ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ 0472 - 12329᠂ ᠬᠢᠨᠠᠯᠲᠠ ᠲᠠᠯᠪᠢᠵᠤ ᠵᠠᠭᠠᠯᠳᠤᠬᠤ ᠤᠲᠠᠰᠤ 3310259 ᠪᠣᠯᠣᠨ᠎ᠠ᠃
 
ᠢᠷᠡᠯᠲᠡ᠄ ᠪᠣᠭᠤᠳᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号