ᠤᠷᠳᠤ ᠴᠠᠭᠠᠨ ᠬᠡᠷᠡᠮ ᠤᠨ ︽ᠬᠠᠮᠤᠭ︾ ᠨᠢ ᠪᠤᠭᠤᠲᠤ ᠳᠤ ᠪᠤᠢ
ᠨᠡᠶᠢᠲᠡᠯᠡᠭᠰᠡᠨ ᠴᠠᠭ᠄
2024/8/15
        ︽ᠤᠷᠳᠤ ᠴᠠᠭᠠᠨ ᠬᠡᠷᠡᠮ᠂ ᠤᠷᠳᠤ ᠴᠠᠭᠠᠨ ᠬᠡᠷᠡᠮ ᠤᠨ ᠬᠤᠶᠠᠷ ᠲᠠᠯ᠎ᠠ ᠪᠠᠷ ᠡᠬᠡ ᠨᠤᠲᠤᠭ ᠪᠣᠯᠣᠨ᠎ᠠ︾  ᠤᠷᠳᠤ ᠴᠠᠭᠠᠨ ᠬᠡᠷᠡᠮ ᠪᠣᠯ ᠳᠤᠮᠳᠠᠳᠤ ᠶᠢᠨ ᠦᠨᠳᠦᠰᠦᠲᠡᠨ ᠤ ᠤᠶᠤᠨ ᠰᠠᠨᠠᠭ᠎ᠠ ᠰᠣᠶᠣᠯ ᠤᠨ ᠪᠡᠯᠭᠡ ᠲᠡᠮᠳᠡᠭ  ᠪᠣᠯᠣᠨ᠎ᠠ᠃ ᠪᠤᠭᠤᠲᠤ ᠳᠤ ᠪᠠᠶᠢᠯᠳᠤᠭᠠᠨᠲᠤ ᠤᠯᠤᠰ᠂ ᠴᠢᠨ ᠤᠯᠤᠰ᠂ ᠬᠠᠨ ᠤᠯᠤᠰ᠂ ᠤᠮᠠᠷᠠᠲᠤ ᠸᠧᠢ ᠤᠯᠤᠰ᠂  ᠠᠯᠲᠠᠨ ᠤᠯᠤᠰ ᠵᠡᠷᠭᠡ 5 ᠲᠡᠦᠬᠡᠨ ᠠᠴᠠ ᠦᠯᠡᠳᠡᠭᠳᠡᠵᠦ ᠢᠷᠡᠭᠰᠡᠨ 8 ᠣᠷᠳᠣ ᠴᠠᠭᠠᠨ ᠬᠡᠷᠡᠮ ᠲᠠᠢ᠂ ᠪᠦᠬᠦ  ᠣᠷᠳᠣ ᠨᠢ ᠪᠠᠷᠤᠭ 720 ᠺᠢᠯᠣᠮᠧᠲᠷ ᠪᠠᠶᠢᠳᠠᠭ᠃ ᠣᠷᠳᠣ ᠴᠠᠭᠠᠨ ᠬᠡᠷᠡᠮ ᠨᠢ ᠬᠤᠶᠠᠷ ᠮᠢᠩᠭ᠎ᠠ ᠭᠠᠷᠤᠢ ᠵᠢᠯ ᠤᠨ  ᠬᠢᠯᠢ ᠶᠢᠨ ᠪᠣᠭᠤᠮᠲᠠ ᠶᠢᠨ ᠬᠦᠢᠲᠡᠨ ᠰᠠᠷ᠎ᠠ᠂ ᠲᠡᠮᠦᠷ ᠮᠣᠷᠢ ᠨᠠᠮᠤᠷ ᠤᠨ ᠰᠠᠯᠬᠢᠨ᠂ ᠣᠷᠳᠣ ᠴᠠᠭᠠᠨ ᠬᠡᠷᠡᠮ ᠤᠨ  ᠬᠤᠶᠠᠷ ᠲᠠᠯ᠎ᠠ ᠶᠢᠨ ᠡᠷᠡᠰ ᠶᠡᠭᠡ ᠬᠤᠪᠢᠷᠠᠯᠲᠠ ᠨᠢ ᠪᠤᠭᠤᠲᠤ ᠶᠢᠨ ᠡᠬᠡ ᠭᠠᠵᠠᠷ ᠳᠡᠭᠡᠷᠡᠬᠢ ᠦᠨᠳᠦᠰᠦᠲᠡᠨ  ᠠᠭᠤᠰᠤᠯᠴᠠᠨ ᠬᠠᠮᠲᠤ ᠣᠷᠣᠰᠢᠬᠤ ᠲᠡᠦᠬᠡ ᠶᠢᠨ ᠥᠩᠭᠡᠷᠡᠯᠲᠡ ᠶᠢ ᠭᠡᠷᠡᠴᠢᠯᠡᠵᠦ᠂ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ ᠢᠷᠡᠭᠡᠳᠦᠢ ᠶᠢ ᠲᠠᠰᠤᠷᠠᠯᠲᠠ ᠦᠭᠡᠢ ᠪᠢᠴᠢᠭᠯᠡᠵᠦ ᠪᠠᠶᠢᠨ᠎ᠠ᠃     
微信图片_20240815094329.jpg
        ᠳᠤᠮᠳᠠᠳᠤ ᠤᠯᠤᠰ ᠤᠨ ᠲᠡᠦᠬᠡᠨ ᠳᠡᠭᠡᠷᠡᠬᠢ ᠬᠠᠮᠤᠭ ᠤᠨ ᠡᠷᠲᠡᠨ ᠤ ᠤᠷᠲᠤ ᠴᠠᠭᠠᠨ ᠬᠡᠷᠡᠮ ᠪᠤᠭᠤᠲᠤ ᠳᠤ  ᠪᠠᠶᠢᠨ᠎ᠠ             2023 ᠣᠨ ᠳᠤ᠂ ᠰᠢᠭᠤᠶᠢᠲᠤ ᠲᠣᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ  ᠭᠠᠵᠠᠷ ᠤᠨ ︽ᠶᠡᠷᠡᠭᠡᠳ ᠣᠨ ᠳᠤ ᠲᠥᠷᠥᠭᠰᠡᠨ︾ ᠲᠡᠦᠬᠡ ᠶᠢᠨ ᠳᠤᠷᠠᠰᠬᠠᠯᠲᠤ ᠵᠦᠢᠯᠡᠰ ᠪᠣᠯᠣᠨ ᠮᠦᠽᠧᠢ ᠶᠢᠨ ᠤᠬᠠᠭᠠᠨ ᠤ ᠮᠠᠰᠲ᠋ᠧᠷ ᠭᠦᠸᠧ ᠪᠦᠦ ᠬᠤᠸᠠ ᠬᠠᠮᠲᠤ ᠠᠵᠢᠯᠯᠠᠭᠰᠠᠳ ᠲᠠᠢ ᠪᠠᠨ ᠨᠢᠭᠡ ᠶᠡᠭᠡ ᠶᠠᠪᠤᠳᠠᠯ ᠬᠢᠪᠡ᠃  ᠲᠡᠳᠡᠨ ᠤ ᠴᠢᠷᠮᠠᠶᠢᠯᠭ᠎ᠠ ᠳᠣᠣᠷ᠎ᠠ᠂ ᠳᠤᠮᠳᠠᠳᠤ ᠤᠯᠤᠰ ᠤᠨ ᠲᠡᠦᠬᠡᠨ ᠳᠡᠭᠡᠷᠡᠬᠢ ᠬᠠᠮᠤᠭ ᠤᠨ ᠡᠷᠲᠡᠨ ᠤ ᠣᠷᠳᠣ  ᠴᠠᠭᠠᠨ ᠬᠡᠷᠡᠮ ᠪᠣᠯᠬᠤ ᠰᠢᠭᠤᠶᠢᠲᠤ ᠣᠷᠣᠨ ᠤ ᠵᠤᠤ ᠪᠧᠢ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠲᠥᠷᠥᠯ  ᠵᠦᠢᠯ ᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠰᠣᠶᠣᠯ ᠤᠨ ᠬᠠᠮᠠᠭᠠᠯᠠᠯᠲᠠ ᠤᠯᠠᠮᠵᠢᠯᠠᠨ ᠠᠰᠢᠭᠯᠠᠬᠤ ᠢᠨᠵᠧᠨᠧᠷᠢᠩ ᠤᠨ ᠲᠥᠷᠥᠯ  ᠵᠦᠢᠯ ᠤᠨ ᠬᠥᠮᠥᠷᠭᠡ ᠳᠤ ᠠᠮᠵᠢᠯᠲᠠ ᠲᠠᠢ ᠣᠷᠣᠭᠤᠯᠪᠠ᠃         2023 ᠣᠨ ᠤ 5 ᠳ᠋ᠤᠭᠠᠷ ᠰᠠᠷ᠎ᠠ ᠳᠤ᠂ ᠲᠦᠷᠦᠯ ᠵᠦᠢᠯ ᠨᠢ 2000 ᠲᠦᠮᠡᠨ ᠲᠥᠭᠦᠷᠢᠭ ᠤᠨ ᠲᠤᠰᠬᠠᠢ  ᠵᠠᠷᠤᠳᠠᠯ ᠢᠶᠠᠷ ᠵᠥᠪᠰᠢᠶᠡᠷᠡᠭᠳᠡᠵᠦ᠂ ᠢᠷᠡᠬᠦ ᠬᠡᠳᠦᠨ ᠵᠢᠯ ᠳᠤ ᠠᠳᠡ  ᠵᠤᠤ ᠪᠧᠢ ᠶᠢᠨ ᠤᠷᠳᠤ ᠴᠠᠭᠠᠨ ᠬᠡᠷᠡᠮ ᠤᠨ  ᠤᠯᠤᠰ ᠤᠨ ᠰᠣᠶᠣᠯ ᠤᠨ ᠦᠵᠡᠭᠦᠯᠭᠡ ᠶᠢᠨ ᠲᠣᠭᠤᠷᠢᠭ ᠤᠨ ᠲᠦᠷᠦᠯ ᠵᠦᠢᠯ ᠢ ᠪᠠᠶᠢᠭᠤᠯᠵᠤ᠂ ᠰᠢᠭᠤᠶᠢᠲᠤ ᠣᠷᠣᠨ  ᠴᠢᠨᠠᠭᠰᠢᠯᠠᠪᠠᠯ ᠪᠤᠭᠤᠲᠤ ᠬᠤᠳᠠ ᠳᠤ ᠴᠣ᠋ ᠰᠢᠨ᠎ᠡ ᠰᠣᠶᠣᠯ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠶᠢ  ᠴᠣᠭᠴᠠᠯᠠᠨ᠎ᠠ᠃             ᠴᠠᠭ ᠬᠤᠭᠤᠴᠠᠭ᠎ᠠ ᠶᠢ 62 ᠵᠢᠯ ᠤᠨ ᠡᠮᠦᠨᠡᠬᠢ ᠵᠤᠨ ᠪᠣᠯᠲᠠᠯ᠎ᠠ ᠡᠷᠭᠢᠴᠡᠭᠦᠯᠪᠡᠯ᠂ ᠲᠡᠦᠬᠡᠴᠢᠨ ᠵᠢᠶᠠᠨ ᠪᠥᠸᠧ  ᠽᠠᠨ᠂ ᠹᠠᠨ ᠸᠧᠨ ᠯᠠᠨ᠂ ᠯᠢᠦᠢ ᠵᠧᠨ ᠢᠦᠢ ᠨᠠᠷ ᠤᠯᠠᠭᠠᠨᠬᠦᠦ ᠶᠢᠨ ᠤᠷᠢᠯᠭ᠎ᠠ ᠪᠠᠷ ᠥᠪᠥᠷ ᠮᠣᠩᠭᠤᠯ ᠳᠤ  ᠠᠶᠢᠯᠴᠢᠯᠠᠪᠠ᠃ ᠬᠤᠶᠠᠷ ᠰᠠᠷ᠎ᠠ ᠰᠢᠬᠠᠮ ᠠᠶᠢᠯᠴᠢᠯᠠᠭᠠᠳ᠂ ᠲᠤᠯᠤᠭ᠎ᠠ ᠨᠠᠢᠮᠠᠨ ᠮᠢᠩᠭᠠᠨ ᠺᠢᠯᠣᠮᠧᠲᠷ ᠠᠶᠠᠯᠠᠵᠤ᠂  ᠵᠢᠶᠠᠨ ᠪᠥᠸᠧ ᠽᠠᠨ ᠦᠵᠡᠵᠦ ᠰᠣᠨᠣᠰᠤᠭᠰᠠᠨ ᠢᠶᠠᠨ ᠪᠢᠷ ᠪᠡᠬᠡᠰ ᠢᠶᠠᠷ ᠢᠯᠡᠳᠬᠡᠵᠦ᠂ ᠦᠶ᠎ᠡ ᠤᠯᠠᠮᠵᠢᠯᠠᠭᠳᠠᠭᠰᠠᠨ ︽ᠥᠪᠥᠷ ᠮᠣᠩᠭᠤᠯ ᠤᠨ ᠠᠶᠢᠯᠴᠢᠯᠠᠯᠲᠠ︾ ᠭᠡᠬᠦ ᠵᠣᠬᠢᠶᠠᠯ ᠢᠶᠠᠨ ᠦᠯᠡᠳᠡᠭᠡᠵᠡᠢ᠂ ᠲᠡᠭᠦᠨ ᠤ ᠳᠣᠲᠣᠷᠠᠬᠢ ᠠᠯᠳᠠᠷᠲᠤ  ᠵᠣᠬᠢᠶᠠᠯ ︽ᠬᠠᠮᠤᠭ ᠡᠷᠲᠡᠨ ᠤ ᠴᠠᠭᠠᠨ ᠬᠡᠷᠡᠮ︾ ᠨᠢ ᠳᠠᠷᠤᠢ ᠰᠢᠭᠤᠶᠢᠲᠤ ᠲᠣᠭᠤᠷᠢᠭ ᠤᠨ ᠵᠤᠤ ᠪᠧᠢ ᠶᠢᠨ ᠴᠠᠭᠠᠨ ᠬᠡᠷᠡᠮ  ᠪᠣᠯᠣᠨ᠎ᠠ᠃             ᠪᠤᠭᠤᠲᠤ - ᠰᠢᠭᠤᠶᠢᠲᠤ ᠵᠠᠰᠠᠮᠠᠯ ᠵᠠᠮ ᠤᠨ ᠡᠮᠦᠨ᠎ᠡ ᠲᠠᠯ᠎ᠠ ᠳᠤ ᠬᠢᠷᠮᠠ ᠭᠤᠤ ᠪᠠᠷ ᠶᠠᠪᠤᠪᠠᠯ ᠳᠠᠷᠤᠢ ᠮᠤᠷᠤᠢ  ᠰᠠᠷᠤᠢ᠂ ᠰᠦᠷᠯᠢᠭ ᠰᠠᠶᠢᠬᠠᠨ ᠵᠤᠤ ᠪᠧᠢ ᠶᠢᠨ ᠣᠷᠳᠣ ᠴᠠᠭᠠᠨ ᠬᠡᠷᠡᠮ ᠤᠨ ᠪᠠᠭᠤᠷᠢ ᠶᠢ ᠣᠯᠵᠤ ᠬᠠᠷᠠᠨ᠎ᠠ᠃             ᠵᠤᠤ ᠪᠧᠢ ᠶᠢᠨ ᠣᠷᠳᠣ ᠴᠠᠭᠠᠨ ᠬᠡᠷᠡᠮ ᠤᠨ ᠰᠢᠭᠤᠶᠢᠲᠤ ᠲᠣᠭᠤᠷᠢᠭ ᠤᠨ ᠬᠡᠰᠡᠭ ᠤᠨ ᠪᠥᠬᠦ ᠣᠷᠳᠣ ᠨᠢ ᠪᠠᠷᠤᠭ 20 ᠺᠢᠯᠣᠮᠧᠲᠷ ᠪᠠᠶᠢᠵᠤ᠂ ᠠᠭᠤᠯᠠᠨ ᠬᠤᠷᠮᠣᠢ᠂ ᠪᠣᠭᠤᠨᠢ ᠬᠥᠨᠳᠡᠢ ᠪᠠ ᠪᠡᠷᠬᠡ ᠪᠠᠷᠲᠠᠭᠠᠲᠤ ᠮᠤᠨᠢ ᠠᠭᠤᠯᠠ ᠶᠢᠨ ᠨᠢᠷᠤᠭᠤ ᠳᠡᠭᠡᠷ᠎ᠡ ᠪᠠᠶᠢᠭᠤᠯᠤᠭᠰᠠᠨ ᠶᠤᠮ᠃ ᠬᠤᠶᠠᠷ ᠮᠢᠩᠭ᠎ᠠ ᠭᠠᠷᠤᠢ ᠵᠢᠯ ᠤᠨ ᠰᠠᠯᠬᠢ ᠪᠣᠷᠣᠭᠠᠨ ᠴᠠᠰᠤ ᠪᠣᠷᠣᠭᠠᠨ ᠢ  ᠥᠩᠭᠡᠷᠡᠭᠡᠭᠡᠳ᠂ ᠵᠤᠤ ᠪᠧᠢ ᠶᠢᠨ ᠤᠷᠳᠤ ᠴᠠᠭᠠᠨ ᠬᠡᠷᠡᠮ ᠤᠨ ᠰᠢᠭᠤᠶᠢᠲᠤ ᠲᠣᠭᠤᠷᠢᠭ ᠤᠨ ᠬᠡᠰᠡᠭ ᠤᠨ ᠶᠡᠷᠦᠩᠬᠡᠢ ᠬᠠᠨᠳᠤᠰᠢ ᠮᠥᠨ ᠬᠦ ᠲᠣᠳᠣᠷᠬᠠᠢ ᠬᠠᠷᠠᠭᠳᠠᠨ᠎ᠠ᠂ ᠡᠨᠡ ᠪᠣᠯ ᠵᠤᠤ ᠪᠧᠢ ᠶᠢᠨ ᠤᠷᠳᠤ ᠴᠠᠭᠠᠨ ᠬᠡᠷᠡᠮ ᠤᠨ ᠪᠦᠬᠦ  ᠱᠤᠭᠤᠮ ᠳᠤ ᠬᠠᠳᠠᠭᠠᠯᠠᠭᠳᠠᠵᠤ ᠪᠠᠶᠢᠭ᠎ᠠ ᠬᠠᠮᠤᠭ ᠤᠨ ᠰᠠᠶᠢᠨ ᠤᠷᠳᠤ ᠴᠠᠭᠠᠨ ᠬᠡᠷᠡᠮ ᠤᠨ ᠦᠯᠡᠳᠡᠭᠳᠡᠯ ᠪᠣᠯᠣᠨ᠎ᠠ᠃             ᠪᠤᠭᠤᠲᠤ ᠬᠤᠲᠠ ᠶᠢᠨ ᠰᠢᠭᠤᠶᠢᠲᠤ ᠵᠠᠰᠠᠮᠠᠯ ᠵᠠᠮ ᠤᠨ 10 ᠺᠢᠯᠣᠮᠧᠲᠷ ᠤᠨ ᠭᠠᠵᠠᠷ ᠲᠤ᠂ ᠬᠠᠩᠳᠠᠭᠰᠠᠨ ᠰᠢᠷᠣᠢ ᠪᠠᠷ ᠪᠠᠷᠢᠭᠰᠠᠨ ᠣᠷᠳᠣ ᠴᠠᠭᠠᠨ ᠬᠡᠷᠡᠮ ᠤᠨ ᠪᠠᠭᠤᠷᠢ ᠶᠢᠨ ᠰᠠᠭᠤᠷᠢ ᠨᠢ ᠪᠠᠷᠤᠭ 4 ᠮᠧᠲᠷ᠂ ᠥᠨᠳᠥᠷ ᠨᠢ 5  ᠮᠧᠲᠷ ᠪᠠᠶᠢᠵᠤ᠂ ᠬᠠᠩᠳᠠᠭᠰᠠᠨ ᠳᠠᠪᠬᠤᠷᠭ᠎ᠠ ᠨᠢ ᠲᠣᠳᠣᠷᠬᠠᠢ᠂ ᠡᠷᠲᠡᠨ ᠤ ᠬᠥᠮᠥᠰ ᠤᠨ ᠣᠶᠤᠨ ᠤᠬᠠᠭᠠᠨ ᠢ  ᠪᠢᠰᠢᠷᠡᠬᠦ ᠦᠭᠡᠢ ᠪᠠᠶᠢᠬᠤ ᠶᠢᠨ ᠠᠷᠭ᠎ᠠ ᠦᠭᠡᠢ ᠶᠤᠮ᠃ ᠪᠠᠭᠤᠷᠢ ᠶᠢᠨ ᠬᠠᠵᠠᠭᠤ ᠳᠤ ︽ᠪᠠᠶᠢᠯᠳᠤᠭᠠᠨᠲᠤ ᠤᠯᠤᠰ ᠤᠨ  ᠵᠤᠤ ᠤᠯᠤᠰ ᠤᠨ ᠤᠷᠳᠤ ᠴᠠᠭᠠᠨ ᠬᠡᠷᠡᠮ ᠤᠨ ᠦᠯᠡᠳᠡᠭᠳᠡᠯ︾ ᠭᠡᠬᠦ ᠬᠥᠰᠢᠶ᠎ᠡ ᠶᠢᠨ ᠡᠰᠡᠷᠭᠦ ᠲᠠᠯ᠎ᠠ ᠳᠤ ︽ᠬᠤ᠋ ᠶᠢᠨ ᠬᠤᠪᠴᠠᠰᠤ ᠬᠠᠷᠪᠤᠵᠤ ᠨᠠᠮᠨᠠᠬᠤ︾ ᠠᠭᠤᠳᠠᠮ ᠲᠠᠯᠠᠪᠠᠢ ᠪᠠᠶᠢᠭᠤᠯᠵᠤ᠂ ᠬᠠᠵᠠᠭᠤ ᠲᠠᠯ᠎ᠠ ᠶᠢᠨ ᠳᠣᠪᠣᠴᠠᠭ ᠳᠡᠭᠡᠷ᠎ᠡ  ᠵᠤᠤ ᠦ᠋ ᠶᠢᠨ ᠯᠢᠩ ᠸᠠᠩ ᠤᠨ ᠮᠣᠷᠢ ᠴᠡᠴᠡᠷᠭᠡᠨᠡᠭᠰᠡᠨ ᠱᠤᠭᠤᠮᠠᠯ ᠬᠦᠷᠦᠭ ᠰᠦᠨᠳᠡᠷᠯᠡᠵᠦ᠂ ᠳᠣᠣᠷᠠᠬᠢ ᠬᠥᠰᠢᠶᠡᠨ ᠤ  ᠲᠢᠩᠰᠡ ᠳᠡᠭᠡᠷ᠎ᠡ ᠵᠢᠶᠠᠨ ᠪᠥᠸᠧ ᠽᠠᠨ ᠤ ᠠᠶᠢᠯᠴᠢᠯᠠᠬᠤ ᠪᠠᠷ ᠢᠷᠡᠭᠰᠡᠨ ᠦᠶ᠎ᠡ ᠶᠢᠨ ᠰᠡᠭᠦᠷᠡᠰᠦᠯᠡᠯ ᠢ ᠲᠡᠮᠳᠡᠭᠯᠡᠵᠡᠢ  -   
微信图片_20240815094328.jpg  
        ︽ᠬᠤ᠋ ᠶᠢᠨ ᠬᠤᠪᠴᠠᠰᠤ ᠪᠠᠷ ᠤᠮᠠᠷᠠᠲᠤ ᠬᠢᠯᠢ ᠪᠠᠨ ᠬᠠᠮᠠᠭᠠᠯᠠᠵᠤ᠂ ᠪᠠᠭᠠᠲᠤᠷ ᠡᠷ᠎ᠡ ᠶᠢᠨ ᠨᠡᠷ᠎ᠡ ᠳᠡᠭᠡᠨ  ᠣᠰᠣᠯᠳᠠᠭᠰᠠᠨ ᠦᠭᠡᠢ᠃ ᠬᠠᠨᠳᠠᠨ ᠤ ᠳᠠᠭᠤᠤ ᠪᠥᠵᠢᠭ ᠡᠴᠦᠰ ᠲᠡᠭᠡᠨ ᠠᠷᠢᠯᠵᠤ᠂ ᠭᠤᠣᠯ ᠤᠨ ᠠᠶᠠᠰ ᠤᠨ ᠥᠩᠭᠡ  ᠦᠵᠡᠮᠵᠢ ᠨᠡᠯᠦᠭᠡᠷ ᠠᠭᠤᠳᠠᠮ᠃ ᠡᠭᠦᠯᠡ ᠲᠠᠰᠤᠷᠠᠬᠤ ᠠᠴᠠ ᠠᠶᠤᠬᠤ ᠦᠭᠡᠢ᠂ ᠲᠡᠭᠷᠢ ᠨᠤᠷᠠᠬᠤ ᠠᠴᠠ ᠠᠶᠤᠬᠤ ᠦᠭᠡᠢ᠃ ᠬᠤᠶᠠᠷ ᠮᠢᠩᠭ᠎ᠠ ᠬᠡᠳᠦᠨ ᠵᠠᠭᠤᠨ ᠵᠢᠯ ᠤᠨ ᠬᠤᠭᠤᠷᠣᠨᠳᠤ᠂ ᠵᠥᠪᠬᠡᠨ ᠬᠠᠮᠬᠤᠤᠯ ᠰᠢᠷᠣᠢ ᠶᠢᠨ ᠬᠡᠷᠡᠮ  ᠦᠯᠡᠳᠡᠪᠡ︾᠃              ᠵᠢᠶᠠᠨ ᠪᠥᠸᠧ ᠽᠠᠨ ᠡᠨᠡ ᠬᠦ ︽ᠲᠠᠯᠠᠨ ᠬᠠᠷ᠎ᠠ ᠠᠭᠤᠯᠠᠨ ᠳᠤ ᠭᠠᠷᠴᠤ ᠵᠤᠤ ᠤᠯᠤᠰ ᠤᠨ ᠴᠠᠭᠠᠨ  ᠬᠡᠷᠡᠮ ᠤᠨ ᠪᠠᠭᠤᠷᠢ ᠳᠤ ᠠᠶᠢᠯᠴᠢᠯᠠᠭᠰᠠᠨ ᠨᠢ︾ ᠭᠡᠬᠦ ᠳᠠᠭᠤᠤ ᠨᠢ ᠭᠠᠰᠠᠯᠠᠩ ᠵᠤᠪᠠᠯᠠᠩ ᠪᠣᠯᠵᠤ᠂ ᠪᠠᠭᠠᠲᠤᠷ ᠢᠳᠡᠲᠡᠨ ᠤ ᠮᠥᠨ ᠴᠢᠨᠠᠷ ᠢ ᠬᠠᠷᠠᠭᠤᠯᠤᠭᠰᠠᠨ ᠪᠥᠭᠡᠳ ᠪᠠᠰᠠ ᠡᠨᠡ ᠬᠦ ᠳᠤᠮᠳᠠᠳᠤ ᠤᠯᠤᠰ ᠤᠨ ︽ᠬᠠᠮᠤᠭ ᠤᠨ ᠡᠷᠲᠡᠨ ᠤ ᠴᠠᠭᠠᠨ ᠬᠡᠷᠡᠮ︾ ᠪᠣᠯᠣᠨ ᠵᠤᠤ ᠤᠯᠤᠰ ᠤᠨ ᠦ᠋ ᠯᠢᠩ ᠸᠠᠩ ᠤᠨ ᠭᠠᠷᠤᠯ ᠡᠭᠦᠰᠦᠯ ᠢ ᠶᠠᠷᠢᠭᠰᠠᠨ ᠪᠠᠶᠢᠨ᠎ᠠ  ᠃       ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 325 ᠣᠨ ᠳᠤ᠂ ᠵᠣᠣ ᠤᠯᠤᠰ ᠤᠨ ᠦ᠋ ᠯᠢᠩ ᠸᠠᠩ ᠣᠯᠠᠨ ᠤ ᠰᠠᠨᠠᠯ ᠢ ᠦᠭᠡᠶᠢᠰᠬᠡᠵᠦ᠂ ︽ᠬᠤ᠋ ᠶᠢᠨ ᠬᠤᠪᠴᠠᠰᠤ ᠬᠠᠷᠪᠤᠵᠤ ᠨᠠᠮᠨᠠᠬᠤ︾ ᠶᠢᠨ ᠥᠭᠡᠷᠡᠴᠢᠯᠡᠯᠲᠡ ᠶᠠᠪᠤᠭᠤᠯᠵᠤ᠂ ᠵᠣᠣ ᠤᠯᠤᠰ ᠤᠨ ᠴᠡᠷᠢᠭ ᠳᠥᠷᠪᠡᠨ ᠵᠦᠭ ᠠᠴᠠ ᠳᠠᠭᠠᠷᠢᠯᠲᠠ ᠬᠢᠵᠦ᠂ ᠬᠤᠲᠠ ᠶᠢ ᠳᠣᠪᠲᠤᠯᠤᠨ ᠭᠠᠵᠠᠷ ᠢ ᠡᠵᠡᠯᠡᠵᠦ᠂ ᠵᠢᠦᠶᠤᠸᠠᠨ᠂ ᠶᠦᠨ ᠵᠥᠩ ᠵᠡᠷᠭᠡ ᠴᠢᠬᠤᠯᠠ ᠭᠠᠵᠠᠷ ᠢ ᠵᠣᠣ ᠤᠯᠤᠰ ᠤᠨ ᠨᠤᠲᠤᠭ ᠳᠡᠪᠢᠰᠬᠡᠷ ᠲᠤ ᠣᠷᠣᠭᠤᠯᠵᠤ᠂  ᠵᠣᠣ ᠤᠯᠤᠰ ᠤᠨ ᠤᠮᠠᠷᠠᠲᠤ ᠬᠢᠵᠠᠭᠠᠷ ᠢ ᠮᠤᠨᠢ ᠠᠭᠤᠯᠠ ᠨᠢᠷᠤᠭᠤ ᠶᠢᠨ ᠪᠦᠬᠦ ᠱᠤᠭᠤᠮ ᠳᠤ ᠬᠦᠷᠲᠡᠯ᠎ᠡ  ᠥᠷᠭᠡᠳᠬᠡᠭᠰᠡᠨ ᠪᠠᠶᠢᠨ᠎ᠠ᠃ ᠤᠮᠠᠷᠠᠲᠤ ᠬᠢᠯᠢ ᠬᠢᠵᠠᠭᠠᠷ ᠢᠶᠠᠨ ᠪᠠᠬᠢᠵᠢᠭᠦᠯᠬᠦ ᠶᠢᠨ ᠲᠥᠯᠥᠭᠡ᠂ ᠵᠣᠣ ᠤᠯᠤᠰ ᠤᠨ ᠦ᠋ ᠯᠢᠩ ᠸᠠᠩ ᠵᠠᠷᠯᠢᠭ ᠪᠠᠭᠤᠯᠭᠠᠨ ᠵᠣᠣ ᠤᠯᠤᠰ ᠤᠨ ᠤᠮᠠᠷᠠᠲᠤ ᠬᠡᠰᠡᠭ ᠤᠨ ᠣᠷᠳᠣ ᠴᠠᠭᠠᠨ ᠬᠡᠷᠡᠮ ᠢ ᠪᠠᠶᠢᠭᠤᠯᠤᠭᠰᠠᠨ  ᠪᠥᠭᠡᠳ ᠳ᠋ᠠᠢ ᠵᠢᠶᠦ᠋ᠨ᠂ ᠶᠠᠨ ᠮᠧᠨ᠂ ᠶᠦᠨ ᠵᠥᠩ ᠵᠢᠶᠦ᠋ᠨ ᠪᠠᠶᠢᠭᠤᠯᠵᠤ᠂ ᠾᠦᠩᠨᠦ ᠶᠢᠨ ᠡᠮᠦᠨᠡᠰᠢ ᠣᠷᠣᠵᠤ  ᠪᠤᠯᠢᠶᠠᠨ ᠳᠡᠭᠡᠷᠡᠮᠳᠡᠬᠦ ᠶᠢ ᠰᠡᠷᠭᠡᠶᠢᠯᠡᠪᠡ᠃ ︽ᠬᠤ᠋ ᠶᠢᠨ ᠬᠤᠪᠴᠠᠰᠤ ᠬᠠᠷᠪᠤᠵᠤ ᠨᠠᠮᠨᠠᠬᠤ︾ ᠥᠭᠡᠷᠡᠴᠢᠯᠡᠯᠲᠡ ᠨᠢ  ᠵᠦᠩᠶᠤᠸᠠᠨ ᠣᠷᠣᠨ ᠤ ᠳᠤᠮᠳᠠᠳᠤ ᠶᠢᠨ ᠦᠨᠳᠦᠰᠦᠲᠡᠨ ᠪᠣᠯᠣᠨ ᠤᠮᠠᠷᠠᠲᠤ ᠶᠢᠨ ᠨᠡᠭᠦᠳᠡᠯ ᠮᠠᠯᠵᠢᠯ ᠤᠨ  ᠦᠨᠳᠦᠰᠦᠲᠡᠨ ᠤ ᠬᠤᠪᠴᠠᠰᠤ ᠵᠠᠰᠠᠯ ᠢ ᠠᠭᠤᠰᠤᠯᠴᠠᠭᠤᠯᠤᠭᠰᠠᠨ ᠢᠶᠠᠷ ᠪᠠᠷᠠᠬᠤ ᠦᠭᠡᠢ ᠨᠡᠩ ᠴᠤ ᠦᠨᠳᠦᠰᠦᠲᠡᠨ ᠤ  ᠠᠭᠤᠰᠤᠯᠴᠠᠯ ᠤᠨ ᠰᠠᠭᠤᠷᠢ ᠶᠢ ᠲᠠᠯᠪᠢᠵᠤ᠂ ᠴᠢᠨ ᠬᠠᠨ ᠤᠯᠤᠰ ᠤᠨ ᠦᠶ᠎ᠡ ᠶᠢᠨ ᠪᠦᠬᠦ ᠤᠯᠤᠰ ᠤᠨ  ᠦᠨᠳᠦᠰᠦᠲᠡᠨ ᠨᠦᠭᠦᠳ ᠤᠨ ᠶᠡᠭᠡ ᠨᠢᠭᠡᠳᠦᠯ ᠤᠨ ᠪᠠᠶᠢᠳᠠᠯ ᠢ ᠪᠦᠷᠢᠯᠳᠦᠭᠦᠯᠬᠦ ᠶᠢ ᠠᠬᠢᠭᠤᠯᠪᠠ᠃             ᠭᠦᠸᠧ ᠪᠦᠦ ᠬᠤᠸᠠ ᠰᠤᠷᠪᠤᠯᠵᠢᠯᠠᠭᠴᠢ ᠳᠤ᠄ ︽ᠵᠤᠤ ᠪᠧᠢ ᠶᠢᠨ ᠤᠷᠳᠤ ᠴᠠᠭᠠᠨ ᠬᠡᠷᠡᠮ ᠪᠣᠯ ᠵᠤᠤ ᠦ᠋  ᠯᠢᠩ ᠸᠠᠩ ᠤᠨ ︿ᠬᠤ᠋ ᠶᠢᠨ ᠬᠤᠪᠴᠠᠰᠤ ᠬᠠᠷᠪᠤᠵᠤ ᠨᠠᠮᠨᠠᠬᠤ﹀᠂ ᠵᠣᠷᠢᠭᠲᠠᠢ ᠪᠠᠷ ᠥᠭᠡᠷᠡᠴᠢᠯᠡᠯᠲᠡ ᠬᠢᠭᠰᠡᠨ  ᠲᠡᠦᠬᠡ ᠶᠢᠨ ᠭᠡᠷᠡᠴᠢ ᠮᠥᠨ᠂ ᠪᠠᠰᠠ ᠴᠤ ᠳᠤᠮᠳᠠᠳᠤ ᠶᠢᠨ ᠡᠬᠡ ᠭᠠᠵᠠᠷ ᠤᠨ ᠬᠠᠮᠤᠭ ᠤᠨ ᠥᠨᠢ ᠤᠳᠠᠭᠠᠨ  ᠲᠡᠦᠬᠡ ᠶᠢᠨ ᠪᠣᠳᠠᠲᠤ ᠪᠣᠳᠠᠰ ᠤᠨ ᠦᠯᠡᠳᠡᠭᠳᠡᠯ ᠤᠨ ᠨᠢᠭᠡ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ  ᠴᠣᠭᠴᠠ ᠶᠢᠨ ᠴᠢᠬᠤᠯᠠ ᠭᠡᠷᠡᠴᠢ ᠮᠥᠨ᠂ ᠡᠨᠡ ᠪᠣᠯ ᠵᠤᠤ ᠪᠧᠢ ᠶᠢᠨ ᠤᠷᠳᠤ ᠴᠠᠭᠠᠨ ᠬᠡᠷᠡᠮ ᠤᠨ ᠬᠠᠮᠤᠭ ᠤᠨ ᠶᠡᠭᠡ  ᠬᠢᠯᠠᠰ ᠴᠡᠭ ᠮᠥᠨ︾᠃             ᠡᠨᠡᠬᠦ ᠴᠢᠬᠤᠯᠠ ᠲᠡᠦᠬᠡ ᠶᠢ ᠰᠠᠶᠢᠲᠤᠷ ᠳᠡᠯᠭᠡᠨ ᠦᠵᠡᠭᠦᠯᠬᠦ ᠶᠢᠨ ᠲᠥᠯᠥᠭᠡ᠂ ᠵᠤᠤ ᠪᠧᠢ ᠴᠠᠩ ᠴᠧᠩ ᠰᠣᠶᠣᠯ ᠤᠨ ᠦᠵᠡᠭᠦᠯᠭᠡ ᠶᠢᠨ ᠲᠣᠭᠤᠷᠢᠭ ᠲᠤ 8000 ᠲᠡᠭᠰᠢ ᠳᠥᠷᠪᠡᠯᠵᠢᠨ ᠮᠧᠲᠷ ᠤᠨ ᠰᠣᠶᠣᠯ  ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ 5400 ᠲᠡᠭᠰᠢ ᠳᠥᠷᠪᠡᠯᠵᠢᠨ ᠮᠧᠲᠷ ᠤᠨ ᠵᠤᠤ  ᠪᠧᠢ ᠶᠢᠨ ᠤᠷᠲᠤ ᠴᠠᠭᠠᠨ ᠬᠡᠷᠡᠮ ᠭᠤᠣᠯ ᠰᠡᠳᠦᠪᠲᠦ ᠰᠣᠶᠣᠯ ᠤᠨ ᠲᠠᠯᠠᠪᠠᠶ ᠵᠢᠴᠢ ᠵᠢᠭᠤᠯᠴᠢᠯᠠᠯ ᠤᠨ ᠶᠠᠪᠠᠭᠠᠨ ᠵᠠᠮ᠂  ᠳᠤᠭᠤᠢ ᠲᠡᠷᠭᠡᠨ ᠤ ᠵᠠᠮ᠂ ᠠᠮᠢ ᠠᠬᠤᠢ ᠶᠢᠨ ᠲᠡᠷᠭᠡᠨ ᠵᠣᠭᠰᠣᠭᠠᠯ ᠵᠡᠷᠭᠡ ᠰᠠᠭᠤᠷᠢ ᠲᠥᠬᠦᠭᠡᠷᠦᠮᠵᠢ ᠶᠢ ᠪᠦᠲᠦᠭᠡᠨ  ᠪᠠᠶᠢᠭᠤᠯᠤᠨ᠎ᠠ᠃ ᠲᠤᠰ ᠲᠦᠷᠦᠯ ᠵᠦᠢᠯ ᠢ ᠵᠢᠱᠢᠯᠲᠡ ᠪᠠᠷ 2025 ᠣᠨ ᠤ ᠰᠡᠭᠦᠯᠴᠢ ᠪᠠᠷ ᠠᠰᠢᠭᠯᠠᠯᠲᠠ ᠳᠤ  ᠣᠷᠣᠭᠤᠯᠵᠤ᠂ ᠲᠤᠬᠠᠢ ᠶᠢᠨ ᠦᠶ᠎ᠡ ᠳᠤ ᠵᠢᠶᠠᠨ ᠪᠥᠸᠧ ᠽᠠᠨ ᠤ ᠰᠢᠯᠦᠭ ᠲᠠᠬᠢ ︽ᠬᠠᠮᠬᠤᠤᠯ ᠰᠢᠷᠣᠢ ᠶᠢᠨ ᠬᠡᠷᠡᠮ︾ ᠨᠢ ᠴᠣ᠋ ᠰᠢᠨ᠎ᠡ ᠳᠦᠷᠰᠦ ᠪᠠᠶᠢᠳᠠᠯ ᠢᠶᠠᠷ ᠬᠥᠮᠥᠰ ᠤᠨ ᠡᠮᠦᠨ᠎ᠡ ᠢᠯᠡᠷᠡᠵᠦ᠂ ᠡᠨᠡ ᠬᠦ ︽ᠬᠠᠮᠤᠭ ᠤᠨ ᠡᠷᠲᠡᠨ ᠤ  ᠤᠷᠳᠤ ᠴᠠᠭᠠᠨ ᠬᠡᠷᠡᠮ︾ ᠢ ᠲᠠᠬᠢᠨ ᠠᠮᠢᠯᠠᠭᠤᠯᠬᠤ ᠪᠣᠯᠣᠨ᠎ᠠ᠃             ᠶᠠᠭᠠᠷᠠᠯᠲᠠᠢ ᠪᠠᠶᠢᠭᠤᠯᠤᠭᠰᠠᠨ ᠦᠵᠡᠭᠦᠯᠭᠡ ᠶᠢᠨ ᠲᠣᠭᠤᠷᠢᠭ ᠤᠨ ᠭᠠᠳᠠᠨ᠎ᠠ᠂ ᠭᠦᠸᠧ ᠪᠦᠦ ᠬᠤᠸᠠ ᠪᠣᠯᠣᠨ  ᠵᠤᠤ ᠪᠧᠢ ᠶᠢᠨ ᠤᠷᠳᠤ ᠴᠠᠭᠠᠨ ᠬᠡᠷᠡᠮ ᠤᠨ ᠦᠯᠢᠭᠡᠷ ᠦᠷᠭᠦᠯᠵᠢᠯᠡᠨ᠎ᠡ᠃ ︽ᠲᠡᠦᠬᠡ ᠶᠢᠨ ᠳᠤᠷᠠᠰᠬᠠᠯᠲᠤ ᠵᠦᠢᠯᠡᠰ  ᠪᠣᠯ ᠲᠡᠦᠬᠡ ᠠᠴᠠ ᠦᠯᠡᠳᠡᠭᠡᠭᠰᠡᠨ ᠤᠯᠠ ᠮᠥᠷ ᠮᠥᠨ᠂ ᠥᠩᠭᠡᠷᠡᠭᠰᠡᠨ ᠳᠤ ᠡᠨᠡ ᠡᠳᠦᠷ ᠪᠠ ᠢᠷᠡᠭᠡᠳᠦᠢ ᠳᠤ  ᠪᠢᠴᠢᠭᠰᠡᠨ ︿ᠵᠠᠬᠢᠳᠠᠯ﹀ ᠮᠥᠨ᠃ ᠭᠦᠸᠧ ᠪᠦᠦ ᠬᠤᠸᠠ᠄ ︽ᠮᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ  ᠠᠵᠢᠯᠲᠠᠳ ᠲᠤ ᠠᠪᠴᠤ ᠬᠡᠯᠡᠪᠡᠯ᠂ ᠣᠷᠳᠣ ᠴᠠᠭᠠᠨ ᠬᠡᠷᠡᠮ ᠢ ᠬᠠᠮᠠᠭᠠᠯᠠᠬᠤ᠂ ᠰᠣᠶᠣᠯ ᠤᠨ ᠥᠪ ᠬᠥᠷᠥᠩᠭᠡ ᠶᠢ  ᠬᠠᠮᠠᠭᠠᠯᠠᠬᠤ ᠪᠣᠯ ᠦᠨᠳᠦᠰᠦᠨ ᠵᠦᠢᠯ ᠮᠥᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠰᠤᠳᠤᠯᠭᠠᠨ ᠢ ᠰᠠᠶᠢᠲᠤᠷ  ᠬᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠥᠷᠲᠡᠭ ᠢ ᠠᠭᠤᠳᠠᠯᠵᠤ᠂ ᠲᠡᠦᠬᠡ ᠶᠢᠨ ᠳᠤᠷᠠᠰᠬᠠᠯᠲᠤ  ᠵᠦᠢᠯᠡᠰ ᠢᠶᠠᠷ ᠪᠤᠭᠤᠲᠤ ᠶᠢᠨ ᠥᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠰᠣᠶᠣᠯ ᠤᠨ ᠰᠤᠳᠠᠰᠤ ᠶᠢ  ᠪᠤᠭᠤᠲᠤ ᠳᠤ ᠦᠷᠭᠦᠯᠵᠢᠯᠡᠨ ᠤᠯᠠᠮᠵᠢᠯᠠᠬᠤ ᠪᠣᠯ ᠪᠢᠳᠡᠨ ᠤ ᠨᠠᠩ ᠬᠠᠲᠠᠭᠤ ᠪᠡᠷᠬᠡ ᠡᠭᠦᠷᠭᠡ ᠮᠥᠨ︾ ᠭᠡᠵᠡᠢ᠃        ︽ᠴᠢᠨ ᠤᠯᠤᠰ ᠤᠨ ᠤᠷᠳᠤ ᠴᠠᠭᠠᠨ ᠬᠡᠷᠡᠮ ᠤᠨ ᠮᠦᠽᠧᠢ︾ ᠪᠤᠭᠤᠲᠤ ᠳᠤ ᠪᠤᠢ      ᠲᠡᠭᠷᠢ ᠴᠡᠯᠮᠡᠭ ᠲᠤᠩᠭᠠᠯᠠᠭ᠂ ᠠᠭᠤᠯᠠᠰ ᠮᠤᠷᠤᠢ ᠰᠠᠷᠤᠢ᠂ ᠳᠠᠯᠠᠨ ᠬᠠᠷ᠎ᠠ ᠠᠭᠤᠯᠠ ᠶᠢᠨ ᠭᠦᠨ ᠳᠤ᠂ ᠴᠢᠨ ᠤᠯᠤᠰ ᠤᠨ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠨᠢᠭᠡᠨᠲᠡ ᠠᠩᠬ᠎ᠠ ᠠᠯᠬᠤᠮ  ᠬᠡᠪᠴᠢᠶᠡᠵᠢᠪᠡ᠃ ᠴᠡᠴᠡᠷᠯᠢᠭ ᠤᠨ ᠳᠣᠲᠣᠷᠠᠬᠢ ᠰᠣᠶᠣᠯ ᠤᠨ ᠦᠵᠡᠭᠦᠯᠭᠡ ᠶᠢᠨ ᠲᠢᠩᠬᠢᠮ ᠤᠨ ᠪᠦᠬᠦᠯᠢ ᠴᠣᠭᠴᠠ ᠶᠢᠨ  ᠪᠦᠲᠦᠴᠡ ᠨᠢᠭᠡᠨᠲᠡ ᠳᠠᠭᠤᠰᠴᠤ᠂ ᠥᠷᠭᠡᠨ ᠠᠭᠤᠳᠠᠮ ᠲᠡᠷᠭᠡᠨ ᠵᠣᠭᠰᠣᠭᠠᠯ ᠪᠣᠯᠣᠨ ᠪᠠᠴᠢᠮ ᠶᠠᠭᠠᠷᠠᠯᠲᠠᠢ  ᠶᠠᠪᠤᠭᠳᠠᠵᠤ ᠪᠠᠶᠢᠭ᠎ᠠ ᠳᠣᠲᠣᠭᠠᠳᠤ ᠴᠢᠮᠡᠭᠯᠡᠯ᠂ ᠦᠵᠡᠭᠦᠯᠭᠡ ᠨᠢ ᠨᠢᠭᠡᠨᠲᠡ ᠨᠠᠢᠮᠠᠨ ᠵᠣᠪᠬᠢᠰ ᠤᠨ ᠵᠤᠭᠠᠴᠠᠭᠰᠠᠳ ᠢ  ᠤᠭᠲᠤᠬᠤ ᠪᠠᠷ ᠪᠡᠯᠡᠬᠡᠨ ᠪᠣᠯᠪᠠ᠃    
微信图片_202408150943271.jpg 
        ᠭᠦᠶᠠᠩ ᠤᠨ ᠴᠢᠨ ᠤᠯᠤᠰ ᠤᠨ ᠣᠷᠳᠣ ᠴᠠᠭᠠᠨ ᠬᠡᠷᠡᠮ ᠢ ᠨᠡᠶᠢᠲᠡ ᠶᠢᠨ ᠣᠨ ᠲᠣᠭᠠᠯᠠᠯ ᠠᠴᠠ ᠡᠮᠦᠨ᠎ᠡ  214 ᠣᠨ ᠳᠤ ᠡᠬᠢᠯᠡᠨ ᠪᠠᠶᠢᠭᠤᠯᠵᠤ᠂ ᠴᠢᠨ ᠱᠢ ᠬᠤᠸᠠᠩ ᠶᠡᠭᠡ ᠵᠠᠩᠵᠤᠨ ᠮᠧᠩ ᠲᠢᠶᠠᠨ ᠢᠶᠠᠨ ᠳᠠᠭᠠᠭᠤᠯᠤᠨ ᠤᠮᠠᠷᠠᠰᠢ ᠾᠦᠩᠨᠦ ᠶᠢ ᠴᠣᠬᠢᠭᠰᠠᠨ ᠤ ᠳᠠᠷᠠᠭ᠎ᠠ ᠪᠠᠶᠢᠭᠤᠯᠤᠭᠰᠠᠨ ᠶᠤᠮ᠂ ᠣᠳᠣ ᠠᠴᠠ 2200 ᠭᠠᠷᠤᠢ ᠵᠢᠯ ᠤᠨ  ᠲᠡᠦᠬᠡ ᠲᠠᠢ ᠪᠣᠯᠵᠠᠢ᠃ ᠭᠦᠶᠠᠩ ᠤᠨ ᠴᠢᠨ ᠤᠯᠤᠰ ᠤᠨ ᠣᠷᠳᠣ ᠴᠠᠭᠠᠨ ᠬᠡᠷᠡᠮ ᠤᠨ ᠪᠠᠭᠤᠷᠢ ᠶᠢᠨ ᠪᠥᠬᠦ ᠣᠷᠳᠣ ᠨᠢ  ᠪᠠᠷᠤᠭ 95.6 ᠺᠢᠯᠣᠮᠧᠲᠷ ᠪᠠᠶᠢᠵᠤ᠂ ᠲᠠᠪᠤ ᠵᠢᠷᠭᠤᠭᠠᠨ ᠵᠠᠭᠤᠨ ᠮᠧᠲᠷ ᠠᠯᠤᠰᠯᠠᠬᠤ ᠪᠦᠷᠢ ᠳᠤᠬᠢᠶᠠᠨ ᠲᠦᠳᠡᠭ  ᠲᠣᠬᠢᠷᠠᠭᠤᠯᠵᠤ᠂ ᠳᠤᠬᠢᠶᠠᠨ ᠲᠦᠳᠡᠭ ᠢ ᠣᠯᠠᠩᠬᠢ ᠳᠠᠭᠠᠨ ᠣᠷᠳᠣ ᠴᠠᠭᠠᠨ ᠬᠡᠷᠡᠮ ᠤᠨ ᠡᠮᠦᠨ᠎ᠡ ᠲᠠᠯ᠎ᠠ ᠶᠢᠨ  ᠭᠠᠵᠠᠷ ᠤᠨ ᠪᠠᠶᠢᠴᠠ ᠨᠡᠯᠢᠶᠡᠳ ᠥᠨᠳᠥᠷ ᠭᠠᠵᠠᠷ ᠲᠤ ᠪᠠᠶᠢᠭᠤᠯᠵᠤ᠂ ᠣᠶᠢᠷ᠎ᠠ ᠬᠠᠪᠢ ᠳᠤ ᠨᠢ ᠪᠠᠰᠠ ᠲᠦᠢᠮᠡᠷ ᠤᠨ  ᠲᠠᠶᠢᠰᠠ ᠪᠠ ᠵᠣᠭᠰᠣᠭᠠᠯ ᠵᠡᠷᠭᠡ ᠳᠠᠭᠠᠯᠲᠠ ᠲᠥᠬᠦᠭᠡᠷᠦᠮᠵᠢ ᠪᠠᠶᠢᠳᠠᠭ᠃             ᠰᠢᠷᠣᠢ ᠪᠠᠷ ᠬᠠᠩᠳᠠᠵᠤ ᠪᠦᠲᠦᠭᠰᠡᠨ ᠪᠠᠶᠢᠯᠳᠤᠭᠠᠨᠲᠤ ᠤᠯᠤᠰ ᠤᠨ ᠵᠤᠤ ᠪᠧᠢ ᠶᠢᠨ ᠣᠷᠳᠣ ᠴᠠᠭᠠᠨ ᠬᠡᠷᠡᠮ ᠲᠠᠢ  ᠠᠳᠠᠯᠢ ᠦᠭᠡᠢ ᠨᠢ ᠭᠡᠪᠡᠯ᠂ ᠴᠢᠨ ᠤᠯᠤᠰ ᠤᠨ ᠣᠷᠳᠣ ᠴᠠᠭᠠᠨ ᠬᠡᠷᠡᠮ ᠢ ᠲᠤᠬᠠᠢ ᠶᠢᠨ ᠭᠠᠵᠠᠷ ᠠᠴᠠ ᠨᠢ ᠮᠠᠲ᠋ᠧᠷᠢᠶᠠᠯ  ᠴᠤᠭᠯᠠᠭᠤᠯᠬᠤ ᠪᠠᠷ ᠭᠤᠣᠯ ᠪᠣᠯᠭᠠᠵᠤ᠂ ᠣᠯᠠᠩᠬᠢ ᠶᠢ ᠨᠢ ᠪᠦᠷ ᠰᠧ ᠡᠯ ᠲᠧᠩ ᠱᠠᠨ ᠠᠭᠤᠯᠠᠨ ᠳᠤ ᠪᠠᠶᠢᠭᠤᠯᠤᠭᠰᠠᠨ  ᠪᠣᠯᠬᠤᠷ᠂ ᠵᠥᠷᠢᠭᠦᠦ ᠵᠠᠢ ᠪᠠᠷ ᠬᠡᠷᠡᠮ ᠪᠠᠷᠢᠳᠠᠭ᠃ ᠬᠡᠷᠡᠮ ᠤᠨ ᠣᠭᠲᠣᠯᠣᠭᠠᠰᠤ ᠨᠢ ᠶᠡᠭᠡ ᠲᠥᠯᠥᠪ ᠱᠠᠲᠤᠯᠵᠢᠨ  ᠬᠡᠯᠪᠡᠷᠢ ᠲᠠᠢ᠂ ᠢᠷᠤᠭᠠᠷ ᠤᠨ ᠥᠷᠭᠡᠨ ᠨᠢ ᠪᠠᠷᠤᠭ 4 ᠮᠧᠲᠷ᠂ ᠣᠷᠣᠢ ᠶᠢᠨ ᠥᠷᠭᠡᠨ ᠨᠢ 1.5 ᠮᠧᠲᠷ - 2 ᠮᠧᠲᠷ  ᠪᠠᠶᠢᠳᠠᠭ᠂ ᠲᠡᠭᠦᠨ ᠢ ᠪᠦᠷ ᠠᠭᠤᠯᠠᠨ ᠪᠡᠶ᠎ᠡ ᠶᠢᠨ ᠠᠷᠤ ᠬᠠᠵᠠᠭᠤ ᠶᠢᠨ ᠳᠡᠭᠡᠷ᠎ᠡ ᠢᠷᠮᠡᠭ ᠲᠤ ᠪᠠᠶᠢᠭᠤᠯᠤᠭᠰᠠᠨ ᠪᠣᠯᠬᠤᠷ  ᠬᠡᠷᠡᠮ ᠤᠨ ᠪᠡᠶ᠎ᠡ ᠨᠢ ᠤᠮᠠᠷᠠᠲᠤ ᠥᠨᠳᠥᠷ ᠡᠮᠦᠨ᠎ᠡ ᠪᠠᠨ ᠳᠣᠣᠷ᠎ᠠ ᠪᠠᠶᠢᠳᠠᠯ ᠲᠠᠢ᠂ ᠬᠡᠰᠡᠭ ᠪᠠᠶᠢᠷᠢ ᠶᠢᠨ ᠥᠨᠳᠥᠷ ᠨᠢ  3.8 ᠮᠧᠲᠷ ᠲᠤ ᠬᠦᠷᠳᠡᠭ᠃ ᠬᠡᠷᠡᠮ ᠨᠢ ᠠᠭᠤᠯᠠ ᠶᠢ ᠲᠦᠰᠢᠪᠡᠯ ᠪᠠᠷᠲᠠᠭ᠎ᠠ ᠲᠠᠢ᠂ ᠬᠥᠲᠥᠯ ᠨᠢ ᠬᠠᠨᠳᠤᠰᠢ᠂ ᠪᠠᠲᠤ  ᠪᠠᠬᠢ ᠱᠠᠲᠤᠯᠵᠢᠨ ᠪᠦᠲᠦᠴᠡ ᠨᠢ ᠭᠦᠶᠠᠩ ᠤᠨ ᠴᠢᠨ ᠤᠯᠤᠰ ᠤᠨ ᠣᠷᠳᠣ ᠴᠠᠭᠠᠨ ᠬᠡᠷᠡᠮ ᠢ ᠬᠤᠶᠠᠷ ᠮᠢᠩᠭ᠎ᠠ ᠬᠤᠶᠠᠷ  ᠵᠠᠭᠤ ᠭᠠᠷᠤᠢ ᠵᠢᠯ ᠤᠨ ᠰᠠᠯᠬᠢ ᠪᠣᠷᠣᠭᠠᠨ ᠳᠤ ᠢᠳᠡᠭᠳᠡᠭᠦᠯᠦᠭᠰᠡᠨ ᠴᠦ ᠮᠥᠨ ᠯᠡ ᠰᠡᠬᠦᠶᠢᠨ ᠰᠦᠨᠳᠡᠷᠯᠡᠭᠰᠡᠭᠡᠷ  ᠪᠠᠶᠢᠨ᠎ᠠ᠃     
微信图片_20240815094327.jpg
        ᠨᠠᠰᠤ ᠪᠠᠷᠠᠭᠰᠠᠨ ᠣᠷᠳᠣ ᠴᠠᠭᠠᠨ ᠬᠡᠷᠡᠮ ᠤᠨ ᠲᠤᠰᠬᠠᠢ ᠮᠡᠷᠭᠡᠵᠢᠯᠲᠡᠨ ᠯᠥᠸᠧ ᠵᠧ ᠸᠧᠨ ᠠᠪᠤᠭᠠᠢ 2004  ᠣᠨ ᠳᠤ ᠭᠦᠶᠠᠩ ᠰᠢᠶᠠᠨ ᠤ ᠵᠠᠰᠠᠭ ᠤᠨ ᠣᠷᠳᠣᠨ ᠳᠤ ᠵᠠᠬᠢᠳᠠᠯ ᠢᠯᠡᠭᠡᠵᠦ᠂ ︽ᠭᠦᠶᠠᠩ ᠤᠨ ᠴᠢᠨ ᠤᠯᠤᠰ ᠤᠨ  ᠣᠷᠳᠣ ᠴᠠᠭᠠᠨ ᠬᠡᠷᠡᠮ ᠪᠣᠯ ᠮᠠᠨ ᠤ ᠤᠯᠤᠰ ᠤᠨ ᠡᠷᠲᠡ ᠦᠶ᠎ᠡ ᠶᠢᠨ ᠣᠷᠳᠣ ᠴᠠᠭᠠᠨ ᠬᠡᠷᠡᠮ ᠤᠨ ᠨᠡᠶᠢᠲᠡᠯᠢᠭ  ᠲᠥᠯᠥᠭᠡᠯᠡᠭᠴᠢ ᠮᠥᠨ᠂ ᠳᠤᠮᠳᠠᠳᠤ ᠶᠢᠨ ᠦᠨᠳᠦᠰᠦᠲᠡᠨ ᠤ ᠬᠡᠷᠡᠯ ᠰᠠᠴᠤᠷᠠᠩᠭᠤᠢ ᠰᠣᠶᠣᠯ ᠤᠨ ᠨᠢᠭᠡᠨ ᠬᠢᠯᠠᠰ ᠴᠡᠭ  ᠮᠥᠨ︾ ᠭᠡᠵᠡᠢ᠃             ᠳᠤᠮᠳᠠᠳᠤ ᠤᠯᠤᠰ ᠤᠨ ᠣᠷᠳᠣ ᠴᠠᠭᠠᠨ ᠬᠡᠷᠡᠮ ᠤᠨ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ᠂  ᠠᠯᠳᠠᠷᠲᠤ ᠣᠷᠳᠣ ᠴᠠᠭᠠᠨ ᠬᠡᠷᠡᠮ ᠤᠨ ᠲᠤᠰᠬᠠᠢ ᠮᠡᠷᠭᠡᠵᠢᠯᠲᠡᠨ ᠳ᠋ᠦᠩ ᠶᠣᠣ ᠬᠤᠶ ᠶᠢᠨ ᠦᠵᠡᠬᠦ ᠪᠠᠷ᠂ ᠭᠦᠶᠠᠩ ᠤᠨ  ᠴᠢᠨ ᠤᠯᠤᠰ ᠤᠨ ᠣᠷᠳᠣ ᠴᠠᠭᠠᠨ ᠬᠡᠷᠡᠮ ᠨᠢ ᠦᠨᠳᠦᠰᠦᠨ ᠳᠡᠭᠡᠨ ᠴᠢᠨ ᠤᠯᠤᠰ ᠤᠨ ᠣᠷᠳᠣ ᠴᠠᠭᠠᠨ ᠬᠡᠷᠡᠮ ᠤᠨ  ᠪᠣᠶ ᠪᠦᠬᠦᠢ ᠪᠠᠷᠢᠯᠭ᠎ᠠ ᠶᠢᠨ ᠲᠥᠷᠥᠯ ᠬᠡᠯᠪᠡᠷᠢ ᠶᠢ ᠪᠠᠭᠲᠠᠭᠠᠵᠤ᠂ ᠴᠢᠨ ᠤᠯᠤᠰ ᠤᠨ ᠱᠢ ᠬᠤᠸᠠᠩ ᠤᠨ ᠲᠦᠮᠡᠨ  ᠭᠠᠵᠠᠷ ᠤᠨ ᠣᠷᠳᠣ ᠴᠠᠭᠠᠨ ᠬᠡᠷᠡᠮ ᠤᠨ ᠣᠬᠢ ᠰᠢᠯᠢᠳᠡᠭ ᠬᠡᠰᠡᠭ ᠪᠠᠶᠢᠵᠤ᠂ ᠲᠡᠦᠬᠡᠨ ᠳᠡᠭᠡᠷ᠎ᠡ ᠲᠤᠶᠢᠯ ᠤᠨ ᠴᠢᠬᠤᠯᠠ  ᠪᠠᠶᠢᠷᠢ ᠰᠠᠭᠤᠷᠢ ᠲᠠᠢ᠂ ᠮᠠᠰᠢ ᠴᠢᠩᠭ᠎ᠠ ᠲᠥᠯᠥᠭᠡᠯᠡᠬᠦ ᠴᠢᠨᠠᠷᠲᠠᠢ ᠪᠠᠶᠢᠳᠠᠭ ᠪᠣᠯᠬᠤᠷ ︽ᠴᠢᠨ ᠤᠯᠤᠰ ᠤᠨ ᠣᠷᠳᠣ  ᠴᠠᠭᠠᠨ ᠬᠡᠷᠡᠮ ᠤᠨ ᠮᠦᠽᠧᠢ︾ ᠭᠡᠵᠦ ᠬᠡᠯᠡᠵᠦ ᠪᠣᠯᠣᠨ᠎ᠠ᠃             ᠳᠠᠶᠢᠨ ᠤ ᠲᠦᠳᠡᠭ ᠭᠠᠯ ᠤᠨᠲᠠᠷᠠᠵᠤ᠂ ᠥᠩᠭᠡᠷᠡᠭᠰᠡᠨ ᠤ ᠪᠠᠭᠠᠲᠤᠷᠴᠤᠳ ᠨᠢᠭᠡᠨᠲᠡ ᠲᠡᠦᠬᠡᠨ  ᠬᠠᠭᠤᠳᠠᠰᠤᠨ ᠳᠤ ᠲᠡᠮᠳᠡᠭᠯᠡᠭᠳᠡᠭᠰᠡᠨ ᠪᠣᠯᠪᠠᠴᠤ ᠰᠢᠨ᠎ᠡ ᠴᠠᠭ ᠦᠶ᠎ᠡ ᠶᠢᠨ ︽ᠪᠣᠭᠤᠮᠲᠠ ᠰᠠᠬᠢᠭᠴᠢ︾ ︽ᠬᠠᠮᠠᠭᠠᠯᠠᠭᠴᠢ︾ ᠦᠷᠭᠦᠯᠵᠢᠯᠡᠨ ᠲᠡᠮᠡᠴᠡᠵᠦ ᠪᠠᠶᠢᠨ᠎ᠠ᠃ ᠲᠡᠳᠡ ᠴᠢᠨ ᠤᠯᠤᠰ ᠤᠨ ᠤᠷᠳᠤ ᠴᠠᠭᠠᠨ ᠬᠡᠷᠡᠮ ᠢ  ᠬᠠᠮᠠᠭᠠᠯᠠᠭᠰᠠᠨ ᠢᠶᠠᠷ ᠪᠠᠷᠠᠬᠤ ᠦᠭᠡᠢ ᠨᠡᠩ ᠴᠤ ᠤᠷᠳᠤ ᠴᠠᠭᠠᠨ ᠬᠡᠷᠡᠮ ᠤᠨ ᠠᠴᠢᠶᠠᠯᠠᠭᠰᠠᠨ ᠦᠨᠳᠦᠰᠦᠲᠡᠨ ᠤ  ᠵᠣᠷᠢᠭ ᠰᠠᠨᠠᠭ᠎ᠠ ᠪᠣᠯᠣᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠬᠠᠮᠠᠭᠠᠯᠠᠪᠠ᠃              ︽ᠮᠢᠨᠤ ᠴᠢᠨ ᠤᠯᠤᠰ ᠤᠨ ᠤᠷᠳᠤ ᠴᠠᠭᠠᠨ ᠬᠡᠷᠡᠮ ᠳᠠᠬᠢ ᠬᠠᠶᠢᠷ᠎ᠠ ᠰᠡᠳᠬᠢᠯᠭᠡ ᠠᠮᠢ ᠨᠠᠰᠤ ᠪᠠᠨ ᠰᠢᠭ᠋  ᠨᠠᠨᠳᠢᠩᠨᠠᠨ᠎ᠠ︾ ᠭᠦᠶᠠᠩ ᠰᠢᠶᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ  ᠡᠷᠬᠢᠯᠡᠭᠴᠢ ᠯᠥᠸᠧ ᠾᠧ ᠫᠢᠩ ᠥᠪᠡᠷ ᠤᠨ ᠴᠢᠨ ᠤᠯᠤᠰ ᠤᠨ ᠣᠷᠳᠣ ᠴᠠᠭᠠᠨ ᠬᠡᠷᠡᠮ ᠳᠠᠬᠢ ᠬᠠᠶᠢᠷ᠎ᠠ  ᠰᠡᠳᠬᠢᠯᠭᠡ ᠪᠠᠨ ᠢᠩᠭᠢᠵᠦ ᠳᠦᠷᠰᠦᠯᠡᠵᠡᠢ᠃   
微信图片_20240815094325.jpg  
        2004 ᠣᠨ ᠳᠤ ᠲᠦᠷ ᠴᠠᠭ ᠤᠨ ᠵᠢᠯᠣᠭᠤᠴᠢ ᠪᠣᠯᠤᠭᠰᠠᠨ ᠤ ᠬᠤᠪᠢ ᠳᠤ ᠣᠷᠳᠣ ᠴᠠᠭᠠᠨ ᠬᠡᠷᠡᠮ ᠢ  ᠰᠡᠯᠪᠢᠨ ᠵᠠᠰᠠᠬᠤ ᠠᠵᠢᠯᠯᠠᠬᠤ ᠠᠩᠭᠢ ᠶᠢᠨ ᠣᠷᠳᠣ ᠴᠠᠭᠠᠨ ᠬᠡᠷᠡᠮ ᠢ ᠰᠡᠯᠪᠢᠨ ᠵᠠᠰᠠᠬᠤ᠂ ᠡᠩᠬᠡ ᠲᠠᠶᠢᠪᠤᠩ  ᠪᠠᠶᠢᠬᠤ ᠶᠢ ᠬᠠᠷᠠᠭᠠᠳ ᠣᠷᠳᠣ ᠴᠠᠭᠠᠨ ᠬᠡᠷᠡᠮ ᠲᠠᠢ ᠰᠠᠯᠤᠰᠢ ᠦᠭᠡᠢ ᠬᠤᠪᠢ ᠪᠠᠷᠢᠯᠳᠤᠯᠭ᠎ᠠ ᠲᠠᠢ ᠪᠣᠯᠵᠠᠢ᠃ ︽ᠲᠦᠷ  ᠴᠠᠭ ᠤᠨ ᠠᠵᠢᠯᠴᠢᠨ︾ ᠠᠴᠠ ︽ᠲᠤᠰᠬᠠᠢ ᠮᠡᠷᠭᠡᠵᠢᠯᠲᠡᠨ︾ ᠬᠦᠷᠲᠡᠯ᠎ᠡ᠂ ᠡᠩᠬᠡ ᠲᠠᠶᠢᠪᠤᠩ ᠢᠶᠠᠷ ᠡᠩ ᠤᠨ  ᠬᠥᠮᠥᠰ ᠤᠨ ᠣᠶᠢᠯᠠᠭᠠᠬᠤᠶ᠎ᠠ ᠪᠡᠷᠬᠡ ᠬᠠᠶᠢᠷ᠎ᠠ ᠰᠡᠳᠬᠢᠯᠭᠡ ᠪᠣᠯᠣᠨ ᠡᠷᠴᠢ ᠵᠣᠷᠢᠭ ᠢᠶᠠᠷ ᠭᠦᠶᠠᠩ ᠰᠢᠶᠠᠨ ᠤ ᠤᠷᠳᠤ  ᠴᠠᠭᠠᠨ ᠬᠡᠷᠡᠮ ᠪᠣᠯᠭᠠᠨ ᠢᠶᠠᠷ ᠶᠠᠪᠤᠵᠤ᠂ ᠴᠢᠨ ᠤᠯᠤᠰ ᠤᠨ ᠤᠷᠳᠤ ᠴᠠᠭᠠᠨ ᠬᠡᠷᠡᠮ ᠤᠨ ᠲᠤᠬᠠᠢ ᠠᠯᠢᠪᠠ ᠪᠦᠬᠦᠨ  ᠲᠡᠭᠦᠨ ᠤ ᠰᠡᠳᠬᠢᠯ ᠳᠤ ᠭᠦᠨ ᠬᠠᠳᠠᠩᠰᠢᠵᠠᠢ᠃ 2007 ᠣᠨ ᠳᠤ᠂ ᠡᠩᠬᠡ ᠲᠠᠶᠢᠪᠤᠩ ᠢᠶᠠᠷ ᠪᠥᠬᠦ ᠤᠯᠤᠰ ᠤᠨ ᠰᠢᠯᠢᠳᠡᠭ ᠣᠷᠳᠣ ᠴᠠᠭᠠᠨ ᠬᠡᠷᠡᠮ ᠤᠨ ᠬᠠᠮᠠᠭᠠᠯᠠᠭᠴᠢ ᠶᠢᠨ ︽ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠣᠨᠴᠠᠭᠠᠶ ᠱᠠᠩᠨᠠᠯ︾ ᠢ ᠭᠥᠷᠳᠡᠪᠡ︔ 2015 ᠣᠨ ᠳᠤ᠂ ᠯᠥᠸᠧ ᠾᠧ ᠫᠢᠩ ᠭᠦᠶᠠᠩ  ᠰᠢᠶᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠪᠠᠷ ᠲᠣᠮᠢᠯᠠᠭᠳᠠᠪᠠ᠃              ︽ᠮᠤᠨᠢ ᠠᠭᠤᠯᠠ ᠶᠢᠨ ᠠᠶᠠᠯᠠᠭᠴᠢ︾ ᠹᠠᠩ ᠶᠢᠨ ᠯᠢᠶᠠᠩ᠂ ᠤᠯᠠ ᠮᠥᠷ ᠪᠤᠭᠤᠲᠤ ᠶᠢᠨ ᠬᠢᠯᠢ ᠳᠣᠲᠣᠷᠠᠬᠢ  ᠤᠷᠳᠤ ᠴᠠᠭᠠᠨ ᠬᠡᠷᠡᠮ ᠢᠶᠠᠷ ᠳᠦᠭᠦᠷᠴᠦ᠂ ᠤᠷᠢᠳ ᠬᠤᠵᠢᠳ ︽ᠯᠣᠣ ᠹᠠᠩ ᠲᠠᠨ ᠢ ᠳᠠᠭᠠᠭᠤᠯᠤᠨ ᠪᠤᠭᠤᠲᠤ ᠪᠠᠷ  ᠵᠤᠭᠠᠴᠠᠪᠠᠢ︾᠂ ︽ᠪᠤᠭᠤᠲᠤ ᠪᠠᠷ ᠠᠶᠠᠯᠠᠪᠠᠢ︾᠂ ︽ᠡᠷᠲᠡᠨ ᠤ ᠬᠡᠷᠡᠮ᠂ ᠡᠷᠲᠡᠨ ᠤ ᠬᠤᠳᠠ᠂ ᠡᠷᠲᠡᠨ ᠤ ᠵᠠᠮ︾᠂  ︽ᠮᠤᠨᠢ ᠠᠭᠤᠯᠠ ᠶᠢᠨ ᠮᠥᠷᠳᠡᠯᠲᠡ︾ ᠵᠡᠷᠭᠡ ᠤᠯᠠᠨ ᠪᠦᠲᠦᠭᠡᠯ ᠢ ᠬᠡᠪᠯᠡᠭᠦᠯᠵᠡᠢ᠃ ᠤᠷᠳᠤ ᠴᠠᠭᠠᠨ ᠬᠡᠷᠡᠮ ᠳᠤ  ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠷ᠂ ᠲᠡᠷᠡ ᠤᠷᠳᠤ ᠴᠠᠭᠠᠨ ᠬᠡᠷᠡᠮ ᠤᠨ ᠬᠠᠪᠤᠷ ᠵᠤᠨ ᠨᠠᠮᠤᠷ ᠡᠪᠦᠯ ᠢ  ᠲᠤᠭᠤᠯᠵᠥ᠂ ᠤᠷᠳᠤ ᠴᠠᠭᠠᠨ ᠬᠡᠷᠡᠮ ᠢᠶᠠᠷ ᠠᠶᠠᠯᠠᠬᠤ ᠠᠵᠢᠯᠯᠠᠭ᠎ᠠ ᠪᠣᠯᠣᠨ ᠡᠯ᠎ᠡ ᠵᠦᠢᠯ ᠤᠨ ᠤᠷᠳᠤ ᠴᠠᠭᠠᠨ  ᠬᠡᠷᠡᠮ ᠤᠨ ᠶᠠᠷᠢᠶᠠᠨ ᠤ ᠲᠠᠪᠴᠠᠩ ᠳᠤ ᠣᠷᠣᠯᠴᠠᠭᠰᠠᠨ ᠪᠥᠭᠡᠳ ᠡᠷᠳᠡᠮᠲᠡᠨ ᠤ ᠬᠤᠪᠢ ᠪᠠᠷ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠢ ᠪᠣᠯᠣᠨ ᠶᠡᠭᠡ ᠳᠡᠭᠡᠳᠦ ᠰᠤᠷᠭᠠᠭᠤᠯᠢ ᠳᠤ ᠤᠯᠠᠨ ᠤᠳᠠᠭ᠎ᠠ ᠬᠦᠷᠴᠦ ᠤᠷᠳᠤ ᠴᠠᠭᠠᠨ  ᠬᠡᠷᠡᠮ ᠤᠨ ᠰᠣᠶᠣᠯ ᠤᠨ ᠮᠡᠳᠡᠯᠭᠡ ᠶᠢᠨ ᠲᠠᠶᠢᠯᠤᠮᠵᠢ ᠥᠷᠨᠢᠭᠦᠯᠵᠦ᠂ ᠨᠡᠶᠢᠭᠡᠮ ᠨᠡᠶᠢᠲᠡ ᠳᠤ ᠤᠷᠳᠤ ᠴᠠᠭᠠᠨ  ᠬᠡᠷᠡᠮ ᠤᠨ ᠮᠡᠳᠡᠯᠭᠡ ᠪᠣᠯᠣᠨ ᠰᠣᠶᠣᠯ ᠢ ᠲᠦᠭᠡᠮᠡᠯᠵᠢᠭᠦᠯᠵᠡᠢ᠃             ︽ᠵᠢᠶᠠᠨ ᠪᠥᠸᠧ ᠽᠠᠨ ᠳᠤᠮᠳᠠᠳᠤ ᠤᠯᠤᠰ ᠤᠨ ᠤᠮᠠᠷᠠᠲᠤ ᠶᠢᠨ ᠲᠠᠯ᠎ᠠ ᠨᠤᠲᠤᠭ ᠢ ᠲᠡᠦᠬᠡ ᠶᠢᠨ ᠠᠷᠤ  ᠬᠦᠷᠢᠶ᠎ᠡ ᠭᠡᠵᠦ ᠨᠡᠷᠡᠯᠡᠪᠡ᠂ ᠴᠠᠭᠠᠨ ᠬᠡᠷᠡᠮ ᠪᠣᠯ ᠳᠠᠷᠤᠢ ᠦᠨᠳᠦᠰᠦᠲᠡᠨ ᠤ ᠰᠣᠯᠢᠯᠴᠠᠭ᠎ᠠ ᠬᠢᠭᠡᠳ ᠠᠭᠤᠰᠤᠯᠴᠠᠯ ᠤᠨ  ᠬᠦᠷᠢᠶ᠎ᠡ ᠬᠡᠷᠡᠮ ᠪᠣᠯᠣᠨ᠎ᠠ᠃ ᠤᠷᠳᠤ ᠴᠠᠭᠠᠨ ᠬᠡᠷᠡᠮ ᠢᠶᠠᠷ ᠠᠶᠠᠯᠠᠬᠤ ᠶᠠᠪᠤᠴᠠ ᠳᠤ᠂ ᠪᠢ ᠡᠷᠲᠡᠨ ᠤ ᠬᠥᠮᠥᠰ ᠤᠨ  ᠤᠶᠤᠨ ᠤᠬᠠᠭᠠᠨ ᠳᠤ ᠭᠦᠨ ᠪᠢᠰᠢᠷᠡᠭᠳᠡᠵᠦ᠂ ᠪᠤᠭᠤᠲᠤ ᠶᠢᠨ ᠡᠬᠡ ᠭᠠᠵᠠᠷ ᠳᠡᠭᠡᠷᠡᠬᠢ ᠭᠦᠨ ᠵᠤᠵᠠᠭᠠᠨ ᠲᠡᠦᠬᠡ  ᠨᠠᠳᠠ ᠳᠤ ᠰᠢᠮ᠎ᠡ ᠲᠡᠵᠢᠭᠡᠯ ᠪᠠ ᠬᠦᠴᠦᠨ ᠴᠢᠳᠠᠯ ᠣᠯᠭᠤᠵᠤ᠂ ᠨᠠᠮᠠᠶᠢ ᠵᠣᠭᠰᠣᠯ ᠦᠭᠡᠢ ᠤᠷᠤᠭᠰᠢᠯᠠᠭᠤᠯᠵᠤ᠂  ᠵᠣᠭᠰᠣᠯ ᠦᠭᠡᠢ ᠢᠯᠡᠷᠡᠭᠦᠯᠪᠡ︾ ᠭᠡᠵᠦ ᠹᠠᠩ ᠶᠢᠨ ᠯᠢᠶᠠᠩ ᠬᠡᠯᠡᠪᠡ᠃              2004 ᠣᠨ ᠳᠤ ᠭᠦᠶᠠᠩ ᠰᠢᠶᠠᠨ ᠠᠴᠠ ᠵᠣᠬᠢᠶᠠᠨ ᠪᠠᠶᠢᠭᠤᠯᠤᠭᠳᠠᠭᠰᠠᠨ ᠠᠩᠬᠠᠳᠤᠭᠠᠷ ᠬᠤᠭᠤᠴᠠᠭᠠᠨ ᠤ  ᠴᠢᠨ ᠤᠯᠤᠰ ᠤᠨ ᠤᠷᠳᠤ ᠴᠠᠭᠠᠨ ᠬᠡᠷᠡᠮ ᠤᠨ ᠰᠣᠶᠣᠯ ᠵᠢᠭᠤᠯᠴᠢᠯᠠᠯ ᠤᠨ ᠨᠠᠶᠢᠷ᠂ ᠠᠷᠪᠠᠨ ᠵᠢᠯ ᠤᠨ ᠬᠤᠭᠤᠷᠣᠨᠳᠤ᠂  ︽ᠴᠢᠨ ᠤᠯᠤᠰ ᠤᠨ ᠤᠷᠳᠤ ᠴᠠᠭᠠᠨ ᠬᠡᠷᠡᠮ ᠢᠶᠠᠷ ᠠᠯᠬᠤᠯᠠᠬᠤ︾ ᠶᠠᠪᠠᠭᠠᠨ ᠢᠶᠠᠷ ᠰᠢᠨᠵᠢᠯᠡᠨ ᠪᠠᠶᠢᠴᠠᠭᠠᠬᠤ᠂ ᠴᠢᠨ  ᠤᠯᠤᠰ ᠤᠨ ᠤᠷᠳᠤ ᠴᠠᠭᠠᠨ ᠬᠡᠷᠡᠮ ᠤᠨ ᠪᠦᠬᠦ ᠤᠯᠤᠰ ᠤᠨ ᠬᠡᠷᠡᠯ ᠵᠢᠷᠤᠭ ᠤᠨ ᠤᠷᠤᠯᠳᠤᠭᠠᠨ᠂ ᠴᠢᠨ ᠤᠯᠤᠰ ᠤᠨ  ᠤᠷᠳᠤ ᠴᠠᠭᠠᠨ ᠬᠡᠷᠡᠮ ᠤᠨ ᠲᠡᠦᠬᠡ ᠰᠣᠶᠣᠯ ᠢ ᠤᠯᠠᠮᠵᠢᠯᠠᠨ ᠬᠠᠮᠠᠭᠠᠯᠠᠬᠤ ᠰᠤᠳᠤᠯᠤᠨ ᠶᠠᠷᠢᠯᠴᠠᠬᠤ ᠬᠤᠷᠠᠯ᠂ ᠴᠢᠨ  ᠤᠯᠤᠰ ᠤᠨ ᠤᠷᠳᠤ ᠴᠠᠭᠠᠨ ᠬᠡᠷᠡᠮ ᠤᠨ ᠬᠠᠯᠠᠭᠤᠨ ᠬᠡᠶᠢᠲᠦ ᠪᠥᠮᠪᠦᠭᠡ ᠶᠢᠨ ᠨᠠᠶᠢᠷ ᠵᠡᠷᠭᠡ ᠠᠯᠢ ᠤᠯᠠᠨ ᠤᠷᠳᠤ  ᠴᠠᠭᠠᠨ ᠬᠡᠷᠡᠮ ᠤᠨ ᠭᠤᠣᠯ ᠰᠡᠳᠦᠪᠲᠦ ᠰᠣᠶᠣᠯ ᠤᠨ ᠠᠵᠢᠯᠯᠠᠭ᠎ᠠ ᠨᠢ ᠬᠥᠮᠥᠰ ᠲᠤ ᠲᠡᠦᠬᠡ ᠶᠢᠨ ᠤᠷᠳᠤ ᠴᠠᠭᠠᠨ  ᠬᠡᠷᠡᠮ ᠢ ᠣᠶᠢᠯᠠᠭᠠᠭᠤᠯᠵᠤ᠂ 2200 ᠭᠠᠷᠤᠢ ᠵᠢᠯ ᠤᠨ ᠤᠷᠳᠤ ᠴᠠᠭᠠᠨ ᠬᠡᠷᠡᠮ ᠢ ᠲᠠᠬᠢᠨ ᠣᠶᠢᠯᠠᠭᠠᠭᠤᠯᠵᠤ᠂  ᠳᠤᠮᠳᠠᠳᠤ ᠤᠯᠤᠰ ᠢ ᠣᠶᠢᠯᠠᠭᠠᠭᠤᠯᠪᠠ᠃              2023 ᠣᠨ ᠤ 8 ᠳ᠋ᠤᠭᠠᠷ ᠰᠠᠷ᠎ᠠ ᠶᠢᠨ 6 ᠤ ᠡᠳᠦᠷ ᠠᠴᠠ 7 ᠤ ᠡᠳᠦᠷ ᠪᠣᠯᠲᠠᠯ᠎ᠠ᠂ ᠪᠥᠬᠦ ᠤᠯᠤᠰ ᠤᠨ  60 ᠭᠠᠷᠤᠢ ᠣᠷᠳᠣ ᠴᠠᠭᠠᠨ ᠬᠡᠷᠡᠮ ᠤᠨ ᠲᠤᠰᠬᠠᠢ ᠮᠡᠷᠭᠡᠵᠢᠯᠲᠡᠨ ᠡᠷᠳᠡᠮᠲᠡᠨ ᠳᠠᠬᠢᠨᠲᠠ ᠭᠦᠶᠠᠩ ᠬᠤᠲᠠ ᠳᠤ  ᠴᠤᠭᠯᠠᠷᠠᠵᠤ᠂ ︽ᠴᠢᠨ ᠤᠯᠤᠰ ᠤᠨ ᠣᠷᠳᠣ ᠴᠠᠭᠠᠨ ᠬᠡᠷᠡᠮ ᠢᠶᠠᠷ ᠠᠯᠬᠤᠬᠤ︾ ᠶᠠᠪᠠᠭᠠᠨ ᠢᠶᠠᠷ ᠰᠢᠨᠵᠢᠯᠡᠨ  ᠪᠠᠶᠢᠴᠠᠭᠠᠬᠤ᠂ ︽2023 ᠣᠨ ᠤ ᠣᠷᠳᠣ ᠴᠠᠭᠠᠨ ᠬᠡᠷᠡᠮ ᠤᠨ ᠰᠣᠶᠣᠯ ︵ᠪᠤᠭᠤᠲᠤ︶ ᠤᠨ ᠰᠤᠳᠤᠯᠤᠨ  ᠰᠤᠷᠤᠯᠴᠠᠬᠤ ᠶᠠᠷᠢᠶᠠᠨ ᠤ ᠲᠠᠪᠴᠠᠩ︾ ᠵᠡᠷᠭᠡ ᠠᠵᠢᠯᠯᠠᠭ᠎ᠠ ᠪᠠᠷ ᠳᠡᠮᠵᠢᠨ ᠴᠢᠨ ᠤᠯᠤᠰ ᠤᠨ ᠣᠷᠳᠣ ᠴᠠᠭᠠᠨ  ᠬᠡᠷᠡᠮ ᠤᠨ ᠷᠢᠳᠢ ᠰᠢᠳᠢ ᠪᠣᠯᠣᠨ ᠵᠠᠮ ᠳᠠᠭᠠᠤ ᠶᠢᠨ ᠥᠩᠭᠡ ᠦᠵᠡᠮᠵᠢ ᠶᠢ ᠰᠣᠨᠢᠷᠬᠠᠵᠤ᠂ ᠪᠦᠲᠦᠭᠡᠨ ᠪᠠᠶᠢᠭᠤᠯᠵᠤ  ᠪᠠᠶᠢᠭ᠎ᠠ ᠴᠢᠨ ᠤᠯᠤᠰ ᠤᠨ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠲᠤ ᠰᠠᠨᠠᠯ  ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠪᠠ᠃             ︽ᠣᠷᠳᠣ ᠴᠠᠭᠠᠨ ᠬᠡᠷᠡᠮ ᠤᠨ ᠰᠣᠶᠣᠯ ᠢ ᠠᠮᠢᠯᠠᠭᠤᠯᠵᠤ᠂ ᠨᠠᠩ ᠣᠯᠠᠨ ᠬᠥᠮᠥᠰ ᠤᠨ ᠣᠶᠢᠯᠠᠭᠠᠯᠲᠠ ᠶᠢ  ᠲᠠᠲᠠᠪᠠᠯ ᠰᠠᠶ᠋ᠢ ᠰᠣᠶᠣᠯ ᠢ ᠤᠯᠠᠮᠵᠢᠯᠠᠨ ᠳᠡᠯᠭᠡᠷᠡᠭᠦᠯᠵᠦ ᠴᠢᠳᠠᠨ᠎ᠠ᠃ ᠡᠭᠦᠨ ᠠᠴᠠ ᠭᠠᠳᠠᠨ᠎ᠠ᠂ ᠤᠷᠳᠤ ᠴᠠᠭᠠᠨ  ᠬᠡᠷᠡᠮ ᠤᠨ ᠰᠣᠶᠣᠯ ᠢ ᠤᠯᠠᠮᠵᠢᠯᠠᠬᠤ ᠠᠵᠢᠯ ᠢ ᠰᠠᠶᠢᠲᠤᠷ ᠬᠢᠵᠦ᠂ ᠤᠷᠳᠤ ᠴᠠᠭᠠᠨ ᠬᠡᠷᠡᠮ ᠤᠨ ᠦᠯᠢᠭᠡᠷ ᠢ ᠰᠠᠶᠢᠲᠤᠷ  ᠶᠠᠷᠢᠬᠤ ᠳᠤ ᠪᠠᠰᠠ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠵᠤᠭᠠᠴᠠᠭᠰᠠᠳ ᠲᠤ ᠤᠷᠳᠤ ᠴᠠᠭᠠᠨ  ᠬᠡᠷᠡᠮ ᠤᠨ ᠰᠣᠶᠣᠯ ᠢ ᠮᠡᠳᠡᠷᠡᠭᠦᠯᠵᠦ᠂ ᠤᠷᠳᠤ ᠴᠠᠭᠠᠨ ᠬᠡᠷᠡᠮ ᠢ ᠨᠡᠩ ᠬᠠᠶᠢᠷᠠᠯᠠᠵᠤ᠂ ᠳᠤᠮᠳᠠᠳᠤ ᠶᠢᠨ  ᠦᠨᠳᠦᠰᠦᠲᠡᠨ ᠢ ᠨᠡᠩ ᠬᠠᠶᠢᠷᠠᠯᠠᠬᠤ ᠬᠡᠷᠡᠭᠲᠡᠢ︾ ᠭᠡᠵᠦ ᠳ᠋ᠦᠩ ᠶᠣᠣ ᠬᠤᠢ ᠬᠡᠯᠡᠨ᠎ᠡ᠃             ᠬᠥᠬᠡᠮᠳᠦᠭ ᠠᠭᠤᠯᠠ ᠬᠥᠬᠡᠷᠡᠵᠦ᠂ ᠬᠠᠲᠤᠨ ᠭᠤᠣᠯ ᠨᠡᠯᠦᠶᠢᠨ᠎ᠡ᠃ ᠤᠷᠲᠤ ᠴᠠᠭᠠᠨ ᠬᠡᠷᠡᠮ ᠮᠤᠷᠤᠢ ᠰᠠᠷᠤᠢ᠂  ᠭᠠᠯ ᠳᠦᠷᠡᠯᠵᠡᠨ᠎ᠡ᠃ 2023 ᠣᠨ ᠤ ᠵᠤᠨ᠂ ᠥᠪᠥᠷ ᠮᠣᠩᠭᠤᠯ ᠤᠨ ᠤᠷᠳᠤ ᠴᠠᠭᠠᠨ ᠬᠡᠷᠡᠮ ᠤᠨ ᠰᠣᠶᠣᠯ  ᠵᠢᠭᠤᠯᠴᠢᠯᠠᠯ ᠤᠨ ᠨᠠᠶᠢᠷ ᠵᠢᠴᠢ ᠭᠦᠶᠠᠩ ᠰᠢᠶᠠᠨ ᠤ ᠬᠤᠷᠢᠳᠤᠭᠠᠷ ᠬᠤᠭᠤᠴᠠᠭᠠᠨ ᠤ ᠴᠢᠨ ᠤᠯᠤᠰ ᠤᠨ ᠤᠷᠳᠤ  ᠴᠠᠭᠠᠨ ᠬᠡᠷᠡᠮ ᠤᠨ ᠰᠣᠶᠣᠯ ᠵᠢᠭᠤᠯᠴᠢᠯᠠᠯ ᠤᠨ ᠨᠠᠶᠢᠷ ᠶᠠᠪᠤᠭᠳᠠᠪᠠ᠃ 11 ᠳ᠋ᠦ᠋ᠭᠡᠷ ᠰᠠᠷ᠎ᠠ ᠶᠢᠨ 20 ᠤ ᠡᠳᠦᠷ᠂  ᠪᠤᠭᠤᠲᠤ ᠶᠢᠨ ᠴᠢᠨ ᠤ ᠤᠷᠲᠤ ᠴᠠᠭᠠᠨ ᠬᠡᠷᠡᠮ ᠤᠨ ᠰᠣᠶᠣᠯ ᠵᠢᠭᠤᠯᠴᠢᠯᠠᠯ ᠤᠨ ᠨᠠᠶᠢᠷ ︽ᠳᠤᠮᠳᠠᠳᠤ ᠤᠯᠤᠰ ᠤᠨ  ᠪᠠᠶᠠᠷ ᠤᠨ ᠶᠠᠪᠤᠳᠠᠯ ᠤᠨ ᠭᠠᠷᠮᠠᠭᠠᠢ ᠲᠥᠷᠥᠯ ᠲᠡᠮᠳᠡᠭ︾ ᠢ ᠭᠥᠷᠳᠡᠪᠡ᠃ ᠵᠢᠱᠢᠯᠲᠡ ᠪᠠᠷ 2024 ᠣᠨ ᠤ 5  ᠳ᠋ᠤᠭᠠᠷ ᠰᠠᠷ᠎ᠠ ᠳᠤ᠂ ᠴᠢᠨ ᠤᠯᠤᠰ ᠤᠨ ᠤᠷᠳᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ  ᠡᠭᠦᠳᠡ ᠪᠠᠨ ᠨᠡᠭᠡᠭᠡᠵᠦ ᠵᠣᠴᠢᠨ ᠤᠭᠲᠤᠬᠤ ᠪᠣᠯᠣᠨ᠎ᠠ︔ 2025 ᠣᠨ ᠤ ᠰᠡᠭᠦᠯᠴᠢ ᠪᠠᠷ ᠵᠤᠤ ᠪᠧᠢ ᠤᠷᠳᠤ  ᠴᠠᠭᠠᠨ ᠬᠡᠷᠡᠮ ᠤᠨ ᠰᠣᠶᠣᠯ ᠤᠨ ᠦᠵᠡᠭᠦᠯᠭᠡ ᠶᠢᠨ ᠲᠣᠭᠤᠷᠢᠭ ᠪᠠᠶᠢᠭᠤᠯᠤᠭᠳᠠᠵᠤ ᠤᠷᠳᠤ ᠴᠠᠭᠠᠨ ᠬᠡᠷᠡᠮ ᠳᠤ  ᠠᠭᠤᠯᠤᠭᠳᠠᠵᠤ ᠪᠠᠶᠢᠭ᠎ᠠ ᠨᠤᠭᠤᠷᠠᠰᠢ ᠦᠭᠡᠢ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠦᠨᠳᠦᠰᠦᠲᠡᠨ ᠤ  ᠵᠣᠷᠢᠭ ᠰᠠᠨᠠᠭ᠎ᠠ ᠪᠤᠭᠤᠲᠤ ᠳᠤ ᠤᠯᠠᠮ ᠴᠢᠨᠠᠭᠰᠢᠳᠠ ᠪᠠᠳᠠᠷᠠᠨ ᠳᠡᠯᠭᠡᠷᠡᠵᠦ᠂ ᠪᠤᠭᠤᠲᠤ ᠶᠢᠨ ᠤᠷᠳᠤ ᠴᠠᠭᠠᠨ ᠬᠡᠷᠡᠮ ᠴᠦ ᠤᠮᠠᠷᠠᠲᠤ ᠬᠢᠯᠢ ᠶᠢᠨ ᠰᠣᠶᠣᠯ ᠤᠨ ᠭᠡᠷᠡᠯ ᠰᠠᠴᠤᠷᠠᠩᠭᠤᠢ ᠨᠡᠷ᠎ᠡ ᠶᠢᠨ ᠬᠠᠭᠤᠳᠠᠰᠤ ᠪᠣᠯᠬᠤ ᠪᠣᠯᠣᠨ᠎ᠠ᠃
 
ᠢᠷᠡᠯᠲᠡ᠄ ᠪᠣᠭᠤᠳᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号