︽ᠳᠤᠮᠳᠠᠳᠤ ᠤᠯᠤᠰ ᠤᠨ ᠤᠭ ᠦᠨᠳᠦᠰᠦ ᠡᠷᠢᠯᠬᠢᠯᠡᠬᠦ ᠠᠶᠠᠯᠠᠯ︾ ᠵᠤᠰᠠᠯᠠᠩ ᠤᠨ ᠠᠶᠠᠯᠠᠯ ᠪᠤᠭᠤᠲᠤ ᠶᠢᠨ ᠡᠷᠲᠡᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/15
        ᠣᠶᠢᠷ᠎ᠠ ᠶᠢᠨ ᠬᠤᠭᠤᠴᠠᠭᠠᠨ ᠳᠤ᠂ 2024 ︽ᠳᠤᠮᠳᠠᠳᠤ ᠤᠯᠤᠰ ᠤᠨ ᠤᠭ ᠦᠨᠳᠦᠰᠦ ᠡᠷᠢᠯᠬᠢᠯᠡᠬᠦ ᠠᠶᠠᠯᠠᠯ︾  ᠵᠤᠰᠠᠯᠠᠩ ᠤᠨ ᠠᠶᠠᠯᠠᠯ ᠥᠪᠥᠷ ᠮᠣᠩᠭᠤᠯ ᠤᠨ ᠠᠶᠠᠯᠠᠯ ᠨᠢ ᠪᠤᠭᠤᠲᠤ ᠥᠷᠲᠡᠭᠡ ᠶᠢᠨ ᠠᠵᠢᠯᠯᠠᠭ᠎ᠠ ᠠᠮᠵᠢᠯᠲᠠ ᠲᠠᠢ ᠶᠠᠪᠤᠭᠳᠠᠵᠤ᠂ ᠲᠤᠰ ᠤᠳᠠᠭ᠎ᠠ ᠶᠢᠨ ᠵᠤᠨ ᠤ ᠤᠯᠠᠷᠢᠯ ᠤᠨ ᠵᠤᠰᠠᠯᠠᠩ ᠤᠨ ᠠᠵᠢᠯᠯᠠᠭ᠎ᠠ ᠶᠢ ᠳᠤᠮᠳᠠᠳᠤ ᠤᠯᠤᠰ ᠤᠨ ᠬᠠᠷᠢᠶᠠᠲᠤ ᠨᠠᠷ ᠤᠨ  ᠬᠤᠯᠪᠣᠭ᠎ᠠ ᠭᠤᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠬᠠᠷᠢᠶᠠᠲᠤ ᠨᠠᠷ ᠤᠨ ᠬᠤᠯᠪᠤᠭ᠎ᠠ ᠳᠠᠭᠠᠭᠠᠴᠢᠯᠠᠨ ᠡᠷᠭᠢᠯᠡᠵᠦ᠂ ᠪᠤᠭᠤᠲᠤ ᠬᠤᠲᠠ ᠶᠢᠨ ᠬᠠᠷᠢᠶᠠᠲᠤ ᠨᠠᠷ ᠤᠨ ᠬᠤᠯᠪᠤᠭ᠎ᠠ ᠵᠡᠷᠭᠡ ᠪᠠᠶᠢᠭᠤᠯᠤᠯᠭ᠎ᠠ ᠬᠠᠪᠰᠤᠷᠤᠨ ᠡᠷᠭᠢᠯᠡᠪᠡ᠃ ᠠᠮᠧᠷᠢᠺᠠ᠂ ᠺᠠᠨᠠᠳᠠ᠂ ᠭᠧᠷᠮᠠᠨ᠂ ᠫᠤᠯᠠᠨᠳ᠋ ᠵᠡᠷᠭᠡ ᠤᠯᠤᠰ ᠠᠴᠠ ᠢᠷᠡᠭᠰᠡᠨ 41 ᠳᠤᠮᠳᠠᠳᠤ ᠶᠢᠨ ᠤᠳᠤᠮᠲᠤ ᠵᠠᠯᠠᠭᠤᠴᠤᠳ ᠪᠠᠭᠠᠴᠤᠳ ᠵᠤᠰᠠᠯᠠᠩ ᠤᠨ ᠠᠵᠢᠯᠯᠠᠭ᠎ᠠ ᠳᠤ ᠣᠷᠣᠯᠴᠠᠵᠠᠢ᠃ 
图片1.png
        ᠲᠤᠰ ᠤᠳᠠᠭ᠎ᠠ ᠶᠢᠨ ᠵᠤᠰᠠᠯᠠᠩ ᠤᠨ ᠠᠵᠢᠯᠯᠠᠭ᠎ᠠ ᠨᠢ ᠰᠣᠶᠣᠯ ᠤᠨ ᠴᠢᠨᠠᠷᠲᠠᠢ᠂ ᠮᠡᠳᠡᠯᠭᠡᠲᠦ ᠴᠢᠨᠠᠷᠲᠠᠢ᠂ ᠰᠣᠨᠢᠷᠬᠠᠯᠳᠤ ᠴᠢᠨᠠᠷ ᠢ ᠨᠢᠭᠡ ᠴᠣᠭᠴᠠ ᠪᠤᠯᠭᠠᠵᠤ᠂ ᠬᠠᠭᠤᠴᠢᠨ ᠪᠤᠭᠤᠲᠤ ᠶᠢᠨ ᠤᠯᠠᠮᠵᠢᠯᠠᠯᠲᠤ ᠰᠣᠶᠣᠯ ᠢ ᠣᠶᠢᠯᠠᠭᠠᠬᠤ ᠪᠠᠷ ᠭᠤᠣᠯ ᠱᠤᠭᠤᠮ ᠪᠤᠯᠭᠠᠵᠤ᠂ ᠭᠡᠰᠢᠭᠦᠳ ᠢ ᠲᠣᠬᠢᠷᠠᠭᠤᠯᠤᠨ ᠬᠠᠭᠤᠴᠢᠨ ᠪᠤᠭᠤᠲᠤ ᠶᠢᠨ ᠨᠢᠭᠡ ᠵᠡᠭᠡᠯᠢ᠂ ᠬᠥᠳᠡᠭᠡ ᠲᠣᠰᠬᠤᠨ ᠤ ᠶᠡᠭᠡ ᠪᠥᠵᠢᠭ ᠤᠨ ᠲᠠᠶᠢᠰᠠ᠂ ᠯᠦᠩ ᠮᠧᠨ ᠪᠠᠭᠤᠳᠠᠯ᠂ ᠲᠢᠶᠠᠨ ᡂᠢ᠂ ᠬᠤᠪᠢᠰᠬᠠᠯᠲᠤ ᠨᠦᠭᠡᠨ ᠭᠡᠷ᠂ ᠲᠠᠷᠢᠶᠠᠯᠠᠩ ᠤᠨ ᠮᠦᠽᠧᠢ᠂ ᠵᠢᠷᠠ ᠳᠠᠯᠠᠭᠠᠳ ᠣᠨ ᠤ ᠦᠶ᠎ᠡ ᠶᠢᠨ ᠰᠡᠬᠡᠭᠡᠲᠡᠨ ᠵᠠᠯᠠᠭᠤᠴᠤᠳ ᠤᠨ ᠶᠡᠭᠡ ᠬᠦᠷᠢᠶᠡᠯᠡᠩ᠂ ᠨᠠᠶᠠᠭᠠᠳ ᠣᠨ ᠤ ᠦᠶ᠎ᠡ ᠶᠢᠨ ᠠᠷᠠᠳ ᠤᠨ ᠵᠠᠩ ᠦᠢᠯᠡ ᠶᠢᠨ ᠲᠣᠮᠣ ᠬᠦᠷᠢᠶᠡᠯᠡᠩ᠂ ᠬᠠᠭᠤᠴᠢᠨ ᠪᠤᠭᠤᠲᠤ ᠶᠢᠨ ᠬᠤᠳᠠᠯᠳᠤᠭ᠎ᠠ ᠶᠢᠨ ᠳᠡᠯᠭᠡᠭᠦᠷ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠵᠡᠭᠡᠯᠢ ᠭᠤᠳᠤᠮᠵᠢ ᠶᠢᠨ ᠦᠵᠡᠮᠵᠢ ᠶᠢ ᠲᠣᠭᠤᠷᠢᠨ ᠦᠵᠡᠵᠦ᠂ ︽ᠤᠭ ᠦᠨᠦᠷ ᠠᠮᠲᠠ︾ ᠶᠢᠨ ᠰᠢᠷ᠎ᠠ ᠨᠤᠲᠤᠭ ᠤᠨ ᠠᠷᠠᠳ ᠤᠨ ᠵᠠᠩ ᠦᠢᠯᠡ ᠶᠢᠨ ᠰᠣᠶᠣᠯ ᠢ ᠣᠶᠢᠯᠠᠭᠠᠵᠤ᠂ ᠪᠠᠷᠠᠭᠤᠨ ᠬᠤᠶᠢᠲᠤ ᠶᠢᠨ ᠠᠷᠠᠳ ᠤᠨ ᠵᠠᠩ ᠵᠠᠩᠰᠢᠯ ᠢ ᠣᠶᠢᠯᠠᠭᠠᠵᠤ᠂ ᠲᠡᠭᠦᠨ ᠤ ᠣᠷᠴᠢᠨ ᠲᠣᠭᠤᠷᠢᠨ ᠲᠠᠢ ᠲᠠᠨᠢᠯᠴᠠᠨ᠂ ᠪᠤᠭᠤᠲᠤ ᠶᠢᠨ ᠰᠣᠶᠣᠯ᠂ ᠮᠣᠩᠭᠤᠯ ᠶᠤᠸᠠᠨ ᠤ ᠰᠣᠶᠣᠯ᠂ ᠲᠠᠷᠢᠶᠠᠯᠠᠬᠤ ᠰᠣᠶᠣᠯ ᠤᠨ ᠰᠣᠶᠣᠯ ᠪᠠ ᠴᠡᠷᠢᠭ ᠤᠨ ᠶᠠᠪᠤᠳᠠᠯ ᠤᠨ ᠪᠤᠰᠤ ᠰᠣᠶᠣᠯ ᠤᠨ ᠠᠳᠠ ᠪᠠᠶᠢᠬᠤ ᠶᠢ ᠣᠷᠭᠠᠨᠢᠭ ᠢᠶᠠᠷ ᠠᠭᠤᠰᠤᠯᠴᠠᠭᠤᠯᠵᠠᠢ᠃ ᠦᠳᠡᠰᠢ ᠶᠢᠨ ᠦᠶ᠎ᠡ ᠪᠠᠷ᠂ ᠭᠡᠰᠢᠭᠦᠳ ᠮᠥᠨ ᠪᠤᠭᠤᠳᠤ ᠬᠤᠲᠠ ᠶᠢᠨ ᠡᠷᠲᠡᠨ ᠤ  ᠬᠤᠲᠠ ᠳᠤ ᠲᠤᠬᠠᠢ ᠶᠢᠨ ᠨᠤᠲᠤᠭ ᠤᠨ ᠥᠪᠡᠷᠮᠢᠴᠡ ᠠᠮᠲᠠᠲᠤ ᠬᠤᠭᠤᠯᠠ ᠶᠢ ᠠᠮᠵᠢᠭᠤᠯᠵᠤ ᠂ ᠥᠪᠥᠷ ᠮᠣᠩᠭᠤᠯ ᠤᠨ ᠠᠳᠠᠯᠢ ᠪᠤᠰᠤ ᠰᠢᠷᠠᠮᠠᠯ ᠤᠨ ᠰᠣᠶᠣᠯ ᠢ ᠣᠶᠢᠯᠠᠭᠠᠵᠤ ᠪᠢᠯᠡ᠃         ᠲᠤᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠪᠣᠯ ᠭᠠᠳᠠᠭᠠᠳᠤ ᠶᠢᠨ ᠳᠤᠮᠳᠠᠳᠤ ᠶᠢᠨ ᠤᠳᠤᠮᠲᠤ ᠵᠠᠯᠠᠭᠤᠴᠤᠳ ᠪᠠᠭᠠᠴᠤᠳ ᠢ ᠤᠷᠢᠵᠤ ᠡᠬᠡ ᠣᠷᠣᠨ ᠳᠠᠭᠠᠨ ᠡᠪᠦᠭᠡ ᠳᠡᠭᠡᠳᠦᠰ ᠢᠶᠠᠨ ᠰᠤᠷᠠᠭᠯᠠᠭᠤᠯᠬᠤ᠂ ᠰᠤᠷᠤᠯᠴᠠᠨ ᠰᠣᠯᠢᠯᠴᠠᠬᠤ᠂ ᠲᠣᠭᠤᠷᠢᠨ ᠦᠵᠡᠵᠦ ᠠᠶᠢᠯᠴᠢᠯᠠᠭᠤᠯᠬᠤ ᠪᠠᠷ ᠳᠠᠮᠵᠢᠨ᠂ ᠭᠠᠳᠠᠭᠠᠳᠤ ᠳᠤ ᠪᠠᠶᠢᠭ᠎ᠠ ᠳᠤᠮᠳᠠᠳᠤ ᠶᠢᠨ ᠬᠠᠷᠢᠶᠠᠲᠤ ᠰᠢᠨ᠎ᠡ ᠨᠢᠭᠡ ᠦᠶ᠎ᠡ ᠶᠢᠨ ᠬᠢᠨ ᠤ ᠡᠬᠡ ᠨᠤᠲᠤᠭ ᠢᠶᠠᠨ ᠮᠡᠳᠡᠷᠡᠬᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠶᠢ ᠨᠢ ᠨᠡᠮᠡᠭᠳᠡᠭᠦᠯᠵᠦ᠂ ᠲᠥᠷᠥᠯ ᠰᠠᠳᠤᠨ ᠤ ᠤᠬᠠᠮᠰᠠᠷ ᠢ ᠨᠢ ᠬᠥᠮᠥᠵᠢᠭᠦᠯᠵᠦ᠂ ᠳᠤᠮᠳᠠᠳᠤ ᠶᠢᠨ ᠰᠣᠶᠣᠯ ᠢ ᠰᠤᠷᠤᠯᠴᠠᠬᠤ ᠳᠤᠷ᠎ᠠ ᠪᠠᠬ᠎ᠠ ᠶᠢ ᠨᠢ ᠬᠥᠭᠵᠢᠭᠡᠵᠦ᠂ ᠳᠤᠮᠳᠠᠳᠤ ᠶᠢᠨ ᠰᠣᠶᠣᠯ ᠪᠠ ᠳᠤᠮᠳᠠᠳᠤ ᠶᠢᠨ ᠦᠨᠳᠦᠰᠦᠲᠡᠨ ᠤ ᠲᠤᠬᠠᠢ ᠲᠠᠨᠢᠯᠲᠠ ᠶᠢ ᠨᠢ ᠨᠡᠮᠡᠭᠳᠡᠭᠦᠯᠦᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠳᠤᠮᠳᠠᠳᠤ ᠭᠠᠳᠠᠭᠠᠳᠤ ᠶᠢᠨ ᠰᠣᠶᠣᠯ ᠤᠨ ᠰᠣᠯᠢᠯᠴᠠᠭᠠᠨ ᠤ ᠢᠳᠡᠪᠬᠢᠲᠡᠢ ᠠᠬᠢᠭᠤᠯᠤᠭᠴᠢ᠂ ᠳᠤᠮᠳᠠᠳᠤ ᠭᠠᠳᠠᠭᠠᠳᠤ ᠶᠢᠨ ᠨᠥᠭᠦᠷᠰᠡᠭ ᠬᠠᠷᠢᠯᠴᠠᠭᠠᠨ ᠤ ᠲᠤᠰ ᠪᠡᠶ᠎ᠡ ᠶᠢᠨ ᠥᠩᠭᠡᠷᠡᠭᠴᠢ ᠪᠣᠯᠣᠨ᠎ᠠ᠃    
 
ᠢᠷᠡᠯᠲᠡ᠄ ᠰᠣᠶᠣᠯ ᠵᠢᠭᠤᠯᠴᠢᠯᠠᠯ ᠤᠨ ᠰᠢᠭᠤᠶᠢᠲᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号