ᠰᠢᠭᠤᠶᠢᠲᠤ ᠲᠣᠭᠤᠷᠢᠭ ᠤᠨ ᠰᠢᠭᠤᠶᠢᠲᠤ ᠪᠠᠭ᠎ᠠ ᠰᠤᠷᠭᠠᠭᠤᠯᠢ ᠭᠦᠳᠡᠯᠮᠦᠷᠢ ᠶᠢᠨ ᠦᠢᠯᠡᠳᠦᠯᠭᠡ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠡᠪᠡᠰᠦ ᠬᠠᠳᠤᠵᠤ ᠴᠢᠬᠢ ᠬᠠᠮᠠᠭᠠᠯᠠᠬᠤ ᠬᠥᠳᠡᠯᠭᠡᠭᠡᠨ ᠥᠷᠨᠢᠭᠦᠯᠦᠨ᠎ᠡ
ᠨᠡᠶᠢᠲᠡᠯᠡᠭᠰᠡᠨ ᠴᠠᠭ᠄
2024/8/15
微信图片_20240815101424.jpg
        ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠬᠥᠮᠦᠵᠢᠯ ᠢ ᠵᠡᠷᠭᠡ ᠳᠤᠨᠢ ᠡᠷᠭᠢᠮᠯᠡᠭᠦ︾ ᠶᠢ ᠦᠢᠯᠡᠳᠦᠯᠭᠡᠵᠢᠭᠦᠯᠦᠨ᠂ ᠰᠤᠷᠤᠬᠴᠢᠳ ᠤᠨ ᠭᠦᠳᠡᠯᠮᠦᠷᠢ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠪᠦᠭᠦ ᠲᠠᠯ᠎ᠠ ᠪᠠᠷ ᠬᠥᠭᠵᠢᠭᠰᠡᠨ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠵᠦ᠂ ᠰᠢᠭᠤᠶᠢᠲᠤ ᠪᠠᠭ᠎ᠠ ᠰᠤᠷᠭᠠᠭᠤᠯᠢ ᠶᠢᠨ ᠭᠦᠳᠡᠯᠮᠦᠷᠢ ᠶᠢᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠶᠣᠰᠣ ᠮᠣᠷᠠᠯ ᠤᠨ ᠬᠥᠮᠦᠵᠢᠯ ᠤᠨ ᠴᠢᠳᠠᠮᠵᠢ ᠶᠢ ᠭᠦᠢᠴᠡᠳ ᠪᠠᠳᠠᠷᠠᠭᠤᠯᠵᠤ ᠂ ᠰᠤᠷᠤᠬᠴᠢᠳ ᠤᠨ ᠬᠥᠳᠡᠯᠮᠦᠷᠢᠯᠡᠬᠦ ᠴᠢᠳᠠᠪᠤᠷᠢ ᠪᠠ ᠦᠢᠯᠡᠳᠦᠯᠭᠡ ᠶᠢᠨ ᠬᠢᠷᠢ ᠬᠡᠮᠵᠢᠶ᠎ᠡ ᠶᠢ ᠪᠣᠯᠪᠠᠰᠤᠷᠠᠭᠤᠯᠤᠨ ᠳᠡᠭᠡᠭᠰᠢᠯᠡᠭᠦᠯᠵᠦ᠂ ᠰᠤᠷᠤᠬᠴᠢᠳ ᠤᠨ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠶᠢᠨ ᠪᠦᠭᠦ ᠲᠠᠯ᠎ᠠ ᠪᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ 7 ᠳ᠋ᠤᠭᠠᠷ ᠰᠠᠷ᠎ᠠ ᠶᠢᠨ 31 ᠤ ᠡᠳᠦᠷ᠂ ᠰᠤᠷᠭᠠᠭᠤᠯᠢ ᠠᠴᠠ ᠰᠤᠷᠤᠬᠴᠢᠳ ᠢ ᠵᠣᠬᠢᠶᠠᠨ ᠪᠠᠶᠢᠭᠤᠯᠤᠨ ᠭᠦᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠲᠤ ᠣᠴᠢᠭᠤᠯᠤᠨ᠂ ᠡᠪᠡᠰᠦ ᠬᠠᠳᠤᠵᠤ ᠴᠢᠬᠢ ᠬᠠᠮᠠᠭᠠᠯᠠᠬᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃ 
微信图片_20240815101423.jpg
        ᠰᠤᠷᠭᠠᠭᠤᠯᠢ ᠠᠴᠠ ᠭᠦᠳᠡᠯᠮᠦᠷᠢ ᠶᠢᠨ ᠬᠥᠮᠦᠵᠢᠯ ᠦᠢᠯᠡᠳᠦᠯᠭᠡ ᠶᠢᠨ ᠰᠠᠭᠤᠷᠢᠨ ᠤ ᠲᠤᠬᠠᠢ ᠴᠣᠭᠴᠠᠯᠠᠪᠤᠷᠢ ᠲᠥᠯᠥᠪᠯᠡᠯᠲᠡ ᠪᠠᠷ ᠳᠠᠮᠵᠢᠭᠤᠯᠵᠤ᠂ ᠠᠩᠭᠢ ᠨᠢᠭᠡ ᠪᠦᠷᠢ ᠨᠢ ᠥᠪᠡᠷ ᠤᠨ ᠭᠡᠰᠡᠨ ︽ᠵᠢᠵᠢᠭ ᠨᠣᠭᠤᠭᠠᠨ ᠤ ᠬᠠᠰᠢᠶ᠎ᠠ ︾ ᠲᠠᠢ᠃ ᠭᠠᠵᠠᠷ ᠲᠠᠷᠢᠶᠠᠯᠠᠩ ᠤᠨ ᠪᠠᠭᠰᠢ ᠪᠣᠯᠣᠨ ᠭᠡᠷ ᠤᠨ ᠠᠬᠠᠮᠠᠳ ᠤᠨ ᠤᠳᠤᠷᠢᠳᠤᠯᠭ᠎ᠠ ᠳᠣᠣᠷ᠎ᠠ᠂ ᠰᠤᠷᠤᠬᠴᠢᠳ ᠮᠣᠳᠣ ᠲᠠᠷᠢᠬᠤ᠂ ᠡᠪᠡᠰᠦ ᠠᠷᠢᠯᠭᠠᠬᠤ᠂ ᠦᠵᠦᠭᠦᠷ ᠢᠶᠠᠨ ᠳᠠᠷᠤᠬᠤ᠂ ᠤᠰᠤᠯᠠᠬᠤ ᠪᠠᠷ ᠳᠠᠮᠵᠢᠨ᠂ ᠵᠢᠵᠢᠭ ᠴᠢᠬᠢ ᠶᠢᠨ ᠤᠷᠭᠤᠯᠲᠠ ᠶᠢᠨ ᠦᠷ᠎ᠡ ᠵᠢᠮᠢᠰ ᠨᠢ ᠴᠦ ᠤᠷᠭᠤᠵᠤ ᠭᠠᠷᠴᠤ ᠪᠠᠶᠢᠳᠠᠭ᠃ 
        ᠵᠤᠨ ᠤ ᠠᠮᠠᠷᠠᠯᠲᠠ ᠶᠢᠨ ᠬᠤᠭᠤᠴᠠᠭᠠᠨ ᠳᠤ ︽ᠵᠢᠵᠢᠭ ᠨᠣᠭᠤᠭᠠᠨ ᠤ ᠬᠠᠰᠢᠶ᠎ᠠ︾ ᠪᠠᠰᠠ ᠰᠤᠯᠠ ᠡᠪᠡᠰᠦ ᠤᠷᠭᠤᠨ ᠭᠠᠷᠴᠠᠢ᠂ ᠠᠮᠠᠷᠠᠯᠲᠠ ᠶᠢᠨ ᠬᠤᠭᠤᠴᠠᠭᠠᠨ ᠳᠤ ᠴᠥᠭᠡᠨ ᠪᠤᠰᠤ ᠪᠠᠭᠰᠢ᠂ ᠰᠤᠷᠤᠬᠴᠢ ᠪᠣᠯᠣᠨ ᠭᠡᠷ ᠤᠨ ᠠᠬᠠᠮᠠᠳ ᠰᠠᠨᠠᠭᠠᠴᠢᠯᠠᠭ᠎ᠠ ᠠᠴᠠ ᠪᠠᠨ ᠭᠦᠳᠡᠯᠮᠦᠷᠢ ᠶᠢᠨ ᠰᠠᠭᠤᠷᠢᠨ ᠭᠠᠵᠠᠷ ᠲᠤ ᠢᠷᠡᠵᠦ᠂ ᠡᠪᠡᠰᠦ ᠴᠡᠪᠡᠷᠯᠡᠵᠦ ᠴᠢᠬᠢ ᠬᠠᠮᠠᠭᠠᠯᠠᠬᠤ ᠠᠵᠢᠯᠯᠠᠭ᠎ᠠ ᠳᠤ ᠣᠷᠣᠯᠴᠠᠭᠤᠯᠵᠠᠢ᠃ ᠡᠪᠡᠰᠦ ᠴᠡᠪᠡᠷᠯᠡᠬᠦ ᠶᠠᠪᠤᠴᠠ ᠳᠤ᠂ ᠰᠤᠷᠤᠬᠴᠢᠳ ᠪᠠ ᠭᠡᠷ ᠤᠨ ᠠᠬᠠᠮᠠᠳᠴᠤᠳ ᠠᠵᠢᠯ ᠢᠶᠠᠨ ᠲᠣᠳᠣᠷᠬᠠᠢ ᠬᠤᠪᠢᠶᠠᠷᠢᠯᠠᠨ᠂ ᠡᠷᠴᠢ ᠵᠣᠷᠢᠭ ᠲᠡᠭᠦᠯᠳᠡᠷ ᠪᠠᠶᠢᠵᠤ᠂ ᠡᠪᠡᠰᠦ ᠬᠠᠳᠤᠵᠤ᠂ ᠴᠡᠪᠡᠷᠯᠡᠨ ᠠᠷᠢᠯᠭᠠᠵᠤ᠂ ᠵᠢᠶᠠᠰᠠ ᠪᠣᠰᠬᠠᠬᠤ ᠁ ᠵᠡᠷᠭᠡ ᠨᠢᠭᠡ ᠨᠢᠭᠡ ᠪᠠᠷ ᠨᠢ ᠶᠠᠭᠠᠷᠠᠭᠠᠳ  ᠠᠯᠢᠪᠠ ᠪᠥᠬᠦᠨ ᠳᠤ ᠴᠥᠮ ᠤᠷᠮ᠎ᠠ ᠳᠦᠭᠦᠷᠡᠩ ᠪᠠᠶᠢᠯ᠎ᠠ᠃ ᠬᠠᠮᠤᠭ ᠤᠨ ᠰᠡᠭᠦᠯ ᠳᠤ ᠨᠢ ᠣᠯᠠᠨ ᠢᠶᠠᠷ ᠢᠶᠠᠨ ᠬᠤᠭ ᠡᠪᠡᠰᠦ ᠶᠢ ᠴᠡᠪᠡᠷᠯᠡᠨ ᠲᠢᠭᠯᠡᠵᠦ᠂ ᠭᠦᠳᠡᠯᠮᠦᠷᠢ ᠶᠢᠨ ᠪᠠᠶᠠᠷ ᠴᠡᠩᠭᠡᠯ ᠪᠠ ᠣᠯᠵᠠ ᠶᠢᠨ ᠪᠠᠶᠠᠷ ᠪᠠᠶᠠᠰᠬᠤᠯᠠᠩ ᠢ ᠣᠶᠢᠯᠠᠭᠠᠯ᠎ᠠ᠃         ᠠᠮᠢᠳᠤᠷᠠᠯ ᠪᠣᠯ ᠳᠠᠷᠤᠢ ᠰᠤᠷᠭᠠᠨ ᠬᠥᠮᠦᠵᠢᠯ ᠪᠣᠯᠣᠨ᠎ᠠ᠂ ᠰᠢᠭᠤᠶᠢᠲᠤ ᠪᠠᠭ᠎ᠠ ᠰᠤᠷᠭᠠᠭᠤᠯᠢ ᠶᠢᠨ ᠵᠠᠬᠢᠷᠤᠯ ᠵᠢᠶᠠᠩ ᠭᠤᠸᠠᠩ ᠵᠢᠶᠠᠨ ᠦᠷᠭᠦᠯᠵᠢ᠄ ︽ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠪᠣᠯ  ᠰᠤᠷᠭᠠᠨ ᠬᠥᠮᠦᠵᠢᠯ ᠳᠤ ᠰᠠᠭᠤᠷᠢ  ᠲᠠᠯᠪᠢᠵᠤ᠂ ᠬᠡᠦᠬᠡᠳ ᠤᠨ ᠪᠦᠭᠦ ᠲᠠᠯ᠎ᠠ ᠶᠢᠨ ᠬᠥᠭᠵᠢᠯᠲᠡ ᠶᠢ ᠬᠥᠭᠡᠭᠡᠴᠡᠯᠳᠦᠪᠡᠯ ᠵᠣᠬᠢᠨ᠎ᠠ︾ ᠭᠡᠵᠦ ᠶᠠᠷᠢᠳᠠᠭ᠃ ᠠᠵᠢᠯᠯᠠᠭ᠎ᠠ ᠶᠢ ᠪᠠᠶᠠᠯᠢᠭ ᠪᠠᠶᠢᠯᠭᠠᠶ᠎ᠠ ᠭᠡᠪᠡᠯ ᠵᠥᠪᠭᠡᠨ ᠰᠤᠷᠬᠤ ᠪᠢᠴᠢᠭ ᠢ  ᠯᠠ ᠬᠠᠷᠠᠵᠤ ᠪᠤᠯᠬᠤ ᠦᠭᠡᠢ ︔ ᠣᠷᠣᠨ ᠵᠠᠢ ᠶᠢ ᠨᠡᠭᠡᠭᠡᠬᠦ ᠬᠡᠷᠡᠭᠲᠡᠢ᠂ ᠵᠥᠪᠭᠡᠨ ᠬᠢᠴᠢᠶᠡᠯ ᠤᠨ ᠭᠡᠷ ᠲᠤ ᠪᠠᠶᠢᠵᠤ ᠪᠤᠯᠬᠤ ᠦᠭᠡᠢ︔ ᠣᠶᠢᠯᠠᠭᠠᠯᠲᠠ ᠪᠠᠨ ᠰᠢᠨᠡᠳᠬᠡᠬᠦ ᠳᠤ ᠵᠥᠪᠭᠡᠨ ᠰᠢᠯᠭᠠᠯᠲᠠ ᠲᠡᠳᠦᠢ ᠪᠠᠶᠢᠵᠤ ᠪᠤᠯᠬᠤ ᠦᠭᠡᠢ︾ ᠭᠡᠵᠦ ᠳᠤᠷᠠᠳᠪᠠ᠃ ᠡᠶᠢᠮᠦ ᠠᠴᠠ᠂ ᠰᠤᠷᠭᠠᠭᠤᠯᠢ ᠨᠢ ᠲᠠᠪᠤᠨ ᠬᠥᠮᠦᠵᠢᠯ ᠢ ᠵᠡᠷᠭᠡᠪᠡᠷ ᠬᠥᠭᠵᠢᠭᠦᠯᠬᠦ ᠶᠢ ᠪᠠᠷᠢᠮᠲᠠᠯᠠᠨ᠂ ᠭᠦᠳᠡᠯᠮᠦᠷᠢ ᠶᠢᠨ ᠬᠥᠮᠦᠵᠢᠯ ᠢ ᠴᠢᠩᠭᠠᠳᠬᠠᠵᠤ᠂ ᠭᠦᠳᠡᠯᠮᠦᠷᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠵᠥᠪᠭᠡᠨ ᠪᠡᠶ᠎ᠡ ᠪᠠᠷ ᠢᠶᠠᠨ ᠣᠶᠢᠯᠠᠭᠠᠪᠠᠯ ᠰᠠᠶ᠋ᠢ ᠤᠴᠢᠷ ᠶᠠᠪᠤᠳᠠᠯ  ᠤᠨ ᠬᠦᠴᠢᠷ ᠠᠮᠠᠷ  ᠢ ᠣᠶᠢᠯᠠᠭᠠᠵᠤ᠂ ᠬᠠᠮᠲᠤ ᠰᠤᠷᠤᠬᠴᠢᠳ ᠨᠢᠭᠡ ᠬᠤᠪᠢ ᠲᠠᠷᠢᠶᠠᠯᠠᠬᠤ᠂ ᠨᠢᠭᠡ ᠬᠤᠪᠢ ᠣᠯᠣᠯᠲᠠ ᠶᠢᠨ ᠤᠳᠬ᠎ᠠ ᠶᠢ ᠣᠶᠢᠯᠠᠭᠠᠵᠤ᠂ ᠬᠥᠳᠡᠯᠮᠦᠷᠢᠯᠡᠬᠦ ᠳᠤᠮᠳᠠ ᠲᠠᠰᠤᠷᠠᠯᠲᠠ ᠦᠭᠡᠢ ᠰᠤᠷᠤᠯᠴᠠᠨ᠂ ᠲᠠᠰᠤᠷᠠᠯᠲᠠ ᠦᠭᠡᠢ ᠦᠰᠦᠨ ᠪᠣᠶᠢᠵᠢᠨ᠎ᠠ᠃   
 
ᠢᠷᠡᠯᠲᠡ᠄ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号