ᠰᠢᠭᠤᠶᠢᠲᠦ ᠠᠯᠪᠠᠨ ᠲᠠᠷᠬᠠᠭᠠᠭᠰᠠᠨ ﹇2024﹈ 10 ᠳ᠋ᠤᠭᠠᠷ ᠲᠣᠭᠠᠲᠤ | | ᠵᠢᠪᠬᠤᠯᠠᠩᠲᠤ ᠰᠤᠮᠤ᠂ ᠪᠡᠳᠬᠡᠷ ᠵᠣᠣ ᠪᠠᠯᠭᠠᠰᠤ᠂ ᠡᠯ᠎ᠡ ᠬᠦᠷᠢᠶᠡᠯᠡᠩ ᠲᠣᠭᠤᠷᠢᠭ ︵ᠦᠵᠡᠮᠵᠢ ᠶᠢᠨ ᠣᠷᠣᠨ︶ ᠤᠨ | ᠬᠠᠮᠢᠶᠠᠷᠤᠯᠲᠠ ᠶᠢᠨ ᠵᠥᠪᠯᠡᠯ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ | ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ | ᠰᠠᠯᠠᠭ᠎ᠠ ᠮᠥᠴᠢᠷ ᠨᠢᠭᠡᠴᠢ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠳᠤ᠄ | ᠰᠢᠭᠤᠶᠢᠲᠦ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠦᠢᠯᠡ | ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠥᠷᠭᠡᠨ ᠣᠯᠠᠨ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠮᠠᠨ ᠤ | ᠣᠷᠣᠨ ᠤ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ | ᠲᠤᠰᠠᠳᠠ᠂ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ | ᠳᠦᠷᠢᠮ︾᠂ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠠᠳᠠᠯ | ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠷᠢᠮᠵᠢᠶ᠎ᠠ︾ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ | ᠮᠠᠨ ᠤ ᠣᠷᠣᠨ ᠤ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠠᠳᠠᠯ ᠠᠬᠤᠢ ᠶᠢᠨ ᠭᠡᠷ᠎ᠡ ᠪᠠᠨ | ᠦᠨᠡᠨ ᠬᠦ ᠭᠦᠢᠴᠡᠳᠭᠡᠬᠦ ᠶᠢ ᠠᠬᠢᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠨᠠᠶᠢᠳᠠᠪᠣᠷᠢᠵᠢᠭᠤᠯᠤᠨ᠂ ᠥᠷᠭᠡᠨ ᠣᠯᠠᠨ ᠥᠮᠴᠢᠲᠡᠨ ᠳᠤ ᠨᠡᠩ ᠴᠢᠨᠠᠷ ᠰᠠᠶᠢᠲᠠᠢ ᠪᠥᠭᠡᠳ ᠪᠦᠷᠢᠨ ᠲᠡᠭᠦᠯᠳᠡᠷ | ᠦᠢᠯᠡᠴᠢᠯᠡᠭᠡ ᠬᠠᠩᠭᠠᠵᠤ᠂ ᠡᠳᠦᠭᠡ ︽ᠰᠢᠭᠤᠶᠢᠲᠦ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ | ᠰᠢᠯᠭᠠᠨ ᠬᠢᠨᠠᠬᠤ ᠲᠥᠰᠦᠯ︾ ᠢ ᠳᠠᠷᠤᠮᠠᠯᠯᠠᠨ ᠲᠠᠷᠬᠠᠭᠠᠵᠤ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | | ᠳᠠᠭᠠᠯᠳᠤᠭᠤᠯᠤᠯ᠄ ᠰᠢᠭᠤᠶᠢᠲᠤ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠰᠢᠯᠭᠠᠨ ᠬᠢᠨᠠᠬᠤ | ᠲᠥᠰᠦᠯ | | ᠰᠢᠭᠤᠶᠢᠲᠦ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 3 ᠳ᠋ᠤᠭᠠᠷ ᠰᠠᠷ᠎ᠠ ᠶᠢᠨ 11 ᠤ ᠡᠳᠦᠷ | | ᠳᠠᠭᠠᠯᠳᠤᠭᠤᠯᠤᠯ᠄ | ᠰᠢᠭᠤᠶᠢᠲᠤ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠰᠢᠯᠭᠠᠨ ᠬᠢᠨᠠᠬᠤ ᠲᠥᠰᠦᠯ | | ᠨᠢᠭᠡ᠂ ᠰᠢᠯᠭᠠᠨ ᠬᠢᠨᠠᠬᠤ ᠬᠡᠪᠴᠢᠶ᠎ᠡ | ᠪᠦᠬᠦ ᠲᠣᠭᠤᠷᠢᠭ ᠤᠨ ᠪᠤᠶ ᠪᠦᠬᠦᠢ ᠣᠷᠣᠨ ᠰᠠᠭᠤᠴᠠ ᠶᠢᠨ ᠲᠥᠷᠥᠯ ᠤᠨ ᠠᠳᠠᠯ ᠠᠬᠤᠶ ᠶᠢᠨ | ᠦᠢᠯᠡᠴᠢᠯᠡᠭᠡᠨ ᠤ ᠲᠦᠰᠦᠯ᠃ | ᠬᠤᠶᠠᠷ᠂ ᠰᠢᠯᠭᠠᠨ ᠬᠢᠨᠠᠬᠤ ᠵᠠᠷᠴᠢᠮ | ᠡᠷᠬᠡ ᠲᠡᠭᠰᠢ᠂ ᠢᠯᠡ᠂ ᠲᠥᠪ ᠭᠤᠣᠯᠴᠢ ᠪᠠᠶᠢᠬᠤ ᠵᠠᠷᠴᠢᠮ ᠶᠣᠰᠣᠭᠠᠷ᠂ ᠠᠳᠠᠯ ᠠᠬᠤᠢ ᠶᠢᠨ ᠬᠠᠮᠢᠶᠠᠷᠤᠯᠲᠠ ᠶᠢ | ᠪᠠᠷᠢᠮᠵᠢᠶᠠᠵᠢᠭᠤᠯᠬᠤ᠂ ᠪᠠᠶᠢᠩᠭᠤᠵᠢᠭᠤᠯᠬᠤ ᠶᠢ ᠰᠢᠯᠭᠠᠨ ᠦᠨᠡᠯᠡᠬᠦ᠂ ᠱᠠᠩᠨᠠᠵᠤ ᠲᠣᠷᠭᠠᠬᠤ ᠶᠢ ᠤᠶᠠᠯᠳᠤᠭᠤᠯᠬᠤ ᠪᠠᠷ | ᠳᠠᠮᠵᠢᠭᠤᠯᠤᠨ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠢᠳᠡᠪᠬᠢᠵᠢᠯ ᠢ ᠭᠦᠢᠴᠡᠳ | ᠳᠠᠶᠢᠴᠢᠯᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠲᠠᠰᠤᠷᠠᠯᠲᠠ | ᠦᠭᠡᠢ ᠳᠡᠭᠡᠭᠰᠢᠯᠡᠭᠦᠯᠬᠦ ᠶᠢᠨ ᠬᠠᠮᠲᠤ ᠦᠷᠭᠦᠯᠵᠢᠯᠡᠨ ᠬᠥᠭᠵᠢᠭᠦᠯᠬᠦ ᠶᠢ ᠠᠬᠢᠭᠤᠯᠤᠨ᠂ ᠠᠳᠠᠯ ᠠᠬᠤᠢ ᠶᠢᠨ | ᠦᠢᠯᠡᠴᠢᠯᠡᠭᠡᠨ ᠤ ᠵᠠᠭᠠᠯᠳᠤᠬᠤ ᠨᠤᠷᠮ᠎ᠠ ᠶᠢ ᠪᠠᠭᠤᠷᠠᠭᠤᠯᠵᠤ᠂ ᠥᠮᠴᠢᠲᠡᠨ ᠤ ᠬᠠᠨᠤᠮᠵᠢ ᠶᠢᠨ ᠨᠤᠷᠮ᠎ᠠ ᠶᠢ | ᠳᠡᠭᠡᠭᠰᠢᠯᠡᠭᠦᠯᠦᠨ᠂ ᠬᠤᠳᠠ ᠶᠢᠨ ᠪᠣᠯᠪᠠᠰᠤᠨ ᠤ ᠪᠠᠶᠢᠭᠤᠯᠤᠯᠲᠠ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ | ᠪᠠᠶᠢᠬᠤ ᠶᠢ ᠠᠬᠢᠭᠤᠯᠤᠨ᠎ᠠ᠃ | ᠭᠤᠷᠪᠠ᠂ ᠰᠢᠯᠭᠠᠨ ᠬᠢᠨᠠᠬᠤ ᠳᠤᠭᠤᠶᠢᠯᠠᠩ ᠤᠨ ᠭᠡᠰᠢᠭᠦᠨ | ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠬᠠᠷᠢᠶ᠎ᠠ ᠭᠠᠵᠠᠷ ᠤᠨ ᠠᠵᠢᠯ ᠶᠠᠪᠤᠳᠠᠯ ︵ᠨᠡᠶᠢᠭᠡᠮ ᠲᠣᠭᠤᠷᠢᠭ︶᠂ ᠣᠶᠤᠨ ᠤ ᠪᠣᠯᠪᠠᠰᠤᠨ ᠤ ᠠᠯᠪᠠᠨ ᠬᠡᠷ᠂ ᠭᠠᠯ | ᠤᠨᠲᠠᠷᠠᠭᠠᠬᠤ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠠᠳᠠᠯ | ᠠᠬᠤᠶ ᠶᠢᠨ ᠬᠠᠮᠢᠶᠠᠷᠤᠯᠲᠠ ᠶᠢᠨ ᠠᠵᠢᠯᠯᠠᠭ᠎ᠠ ᠶᠢᠨ ᠬᠤᠯᠪᠣᠭᠳᠠᠯ ᠪᠥᠬᠦᠶ ᠬᠢᠨᠠᠯᠲᠠ ᠬᠠᠮᠢᠶᠠᠷᠤᠯᠲᠠ ᠪᠠ ᠵᠢᠯᠣᠭᠤᠳᠬᠤ | ᠠᠵᠢᠯ ᠢ ᠬᠠᠷᠢᠭᠤᠴᠠᠬᠤ ᠶᠢᠨ ᠬᠠᠮᠲᠤ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠠᠵᠢᠯᠲᠠᠨ ᠢ ᠳᠣᠭᠢᠷᠠᠭᠤᠯᠤᠨ | ᠰᠢᠯᠭᠠᠨ ᠬᠢᠨᠠᠬᠤ ᠳᠤ ᠣᠷᠣᠯᠴᠠᠭᠤᠯᠤᠨ᠎ᠠ᠃ ᠡᠭᠦᠨ ᠤ ᠬᠠᠮᠲᠤ ᠥᠮᠴᠢᠲᠡᠨ ᠤ ᠵᠥᠪᠯᠡᠯ᠂ ᠰᠠᠭᠤᠭᠠᠯᠢ ᠠᠷᠠᠳ ᠤᠨ | ᠲᠥᠯᠥᠭᠡᠯᠡᠭᠴᠢ ᠶᠢ ᠵᠣᠬᠢᠶᠠᠨ ᠪᠠᠶᠢᠭᠤᠯᠬᠤ ᠶᠢᠨ ᠬᠠᠮᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠤᠷᠢᠵᠤ ᠬᠠᠮᠲᠤ ᠪᠠᠷ ᠰᠢᠯᠭᠠᠨ ᠬᠢᠨᠠᠬᠤ ᠳᠤ | ᠣᠷᠣᠯᠴᠠᠭᠤᠯᠵᠤ ᠪᠣᠯᠤᠨ᠎ᠠ᠃ | ᠳᠥᠷᠪᠡ᠂ ᠰᠢᠯᠭᠠᠨ ᠬᠢᠨᠠᠬᠤ ᠠᠭᠤᠯᠭ᠎ᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠠᠳᠠᠯ ᠠᠬᠤᠶ ᠶᠢᠨ | ᠬᠠᠮᠢᠶᠠᠷᠤᠯᠲᠠ ᠶᠢᠨ ᠦᠢᠯᠡᠴᠢᠯᠡᠭᠡᠨ ᠤ ᠪᠠᠷᠢᠮᠵᠢᠶ᠎ᠠ︾ ᠪᠠᠷ ᠯᠠᠪᠯᠠᠯᠲᠠ ᠪᠣᠯᠭᠠᠵᠤ᠂ ᠣᠷᠣᠨ ᠰᠠᠭᠤᠴᠠ ᠶᠢᠨ | ᠲᠥᠷᠥᠯ ᠤᠨ ᠠᠳᠠᠯ ᠠᠬᠤᠶ ᠶᠢᠨ ᠦᠢᠯᠡᠴᠢᠯᠡᠭᠡᠨ ᠤ ᠲᠦᠰᠦᠯ ᠤᠨ ᠰᠢᠯᠭᠠᠨ ᠬᠢᠨᠠᠬᠤ ᠳᠤ ᠭᠤᠤᠯᠳᠠᠭᠤ ᠨᠡᠶᠢᠲᠡ | ᠬᠡᠷᠡᠭᠯᠡᠬᠦ ᠬᠡᠰᠡᠭ ᠵᠢᠴᠢ ᠬᠠᠮᠲᠤ ᠪᠠᠷ ᠬᠡᠷᠡᠭᠯᠡᠬᠦ ᠪᠡᠯᠡᠳᠬᠡᠮᠵᠢ ᠲᠥᠬᠦᠭᠡᠷᠦᠮᠵᠢ ᠶᠢ ᠰᠡᠯᠪᠢᠨ ᠵᠠᠰᠠᠵᠤ ᠠᠷᠠᠴᠢᠯᠠᠨ | ᠬᠠᠮᠠᠭᠠᠯᠠᠬᠤ᠂ ᠠᠷᠢᠭᠤᠨ ᠴᠡᠪᠡᠷ ᠤᠨ ᠦᠢᠯᠡᠴᠢᠯᠡᠭᠡ᠂ ᠨᠣᠭᠤᠭᠠᠷᠠᠭᠤᠯᠤᠯᠲᠠ ᠶᠢᠨ ᠦᠢᠯᠡᠴᠢᠯᠡᠭᠡ ᠵᠡᠷᠭᠡ ᠠᠷᠪᠠᠨ ᠶᠡᠭᠡ | ᠲᠥᠷᠥᠯ᠂ 34 ᠵᠢᠵᠢᠭ ᠲᠥᠷᠥᠯ᠂ 47 ᠬᠤᠪᠢᠶᠠᠷᠢ ᠵᠦᠢᠯ ᠤᠨ ᠠᠭᠤᠯᠭ᠎ᠠ ︵ᠪᠣᠳᠠᠲᠠᠶ ᠪᠠᠷᠢᠮᠵᠢᠶ᠎ᠠ ᠶᠢ | ᠳᠠᠭᠠᠯᠳᠤᠭᠤᠯᠤᠯ 1 ᠰᠢᠯᠭᠠᠨ ᠦᠨᠡᠯᠡᠬᠦ ᠬᠦᠰᠦᠨᠦᠭᠲᠦ ᠪᠠᠷ ᠪᠠᠷᠢᠮᠵᠢᠶ᠎ᠠ ᠪᠣᠯᠭᠠᠨ᠎ᠠ︶ ᠶᠢ ᠪᠠᠭᠲᠠᠭᠠᠨ᠎ᠠ᠃ | ᠲᠠᠪᠤ᠂ ᠰᠢᠯᠭᠠᠨ ᠬᠢᠨᠠᠬᠤ ᠠᠷᠭ᠎ᠠ | ᠣᠷᠣᠨ ᠰᠠᠭᠤᠴᠠ ᠶᠢᠨ ᠲᠥᠷᠥᠯ ᠤᠨ ᠠᠳᠠᠯ ᠠᠬᠤᠶ ᠶᠢᠨ ᠦᠢᠯᠡᠴᠢᠯᠡᠭᠡᠨ ᠤ ᠲᠦᠰᠦᠯ ᠳᠤ ᠲᠣᠭᠲᠠᠮᠠᠯ | ᠬᠤᠭᠤᠴᠠᠭ᠎ᠠ ᠲᠠᠢ ᠪᠠᠷ ᠬᠢᠨᠠᠯᠲᠠ ᠲᠠᠯᠪᠢᠨ ᠰᠢᠯᠭᠠᠨ ᠬᠢᠨᠠᠬᠤ ᠪᠠ ᠲᠤᠰᠬᠠᠶ ᠵᠦᠢᠯ ᠢᠶᠠᠷ ᠬᠢᠨᠠᠨ ᠪᠠᠶᠢᠴᠠᠭᠠᠵᠤ ᠰᠢᠯᠭᠠᠨ | ᠬᠢᠨᠠᠬᠤ ᠶᠢ ᠬᠡᠷᠡᠭᠵᠢᠭᠦᠯᠬᠦ ᠬᠡᠷᠡᠭᠲᠡᠶ᠃ | ︵ᠨᠢᠭᠡ︶ ᠠᠳᠠᠯ ᠠᠬᠤᠢ ᠶᠢᠨ ᠦᠢᠯᠡᠴᠢᠯᠡᠭᠡᠨ ᠤ ᠲᠦᠰᠦᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ | ᠬᠢᠨᠠᠨ᠎ᠠ᠃ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠬᠠᠷᠢᠶ᠎ᠠ ᠭᠠᠵᠠᠷ ᠤᠨ ᠬᠡᠷᠡᠭ ᠡᠷᠬᠢᠯᠡᠬᠦ ᠭᠠᠵᠠᠷ ︵ᠨᠡᠶᠢᠭᠡᠮ ᠲᠣᠭᠤᠷᠢᠭ︶᠂ ᠣᠶᠤᠨ ᠤ ᠪᠣᠯᠪᠠᠰᠤᠨ ᠤ | ᠠᠯᠪᠠᠨ ᠬᠡᠷ᠂ ᠭᠠᠯ ᠤᠨᠲᠠᠷᠠᠭᠠᠬᠤ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠠᠤᠯᠢ | ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠬᠠᠭᠠᠰ ᠵᠢᠯ ᠪᠦᠷᠢ ᠨᠢᠭᠡ ᠤᠳᠠᠭ᠎ᠠ ᠰᠢᠯᠭᠠᠨ ᠬᠢᠨᠠᠵᠤ᠂ ︽ᠰᠢᠭᠤᠶᠢᠲᠤ | ᠲᠣᠭᠤᠷᠢᠭ ᠤᠨ ᠣᠷᠣᠨ ᠰᠠᠭᠤᠴᠠ ᠶᠢᠨ ᠲᠥᠷᠥᠯ ᠤᠨ ᠠᠳᠠᠯ ᠠᠬᠤᠶ ᠶᠢᠨ ᠦᠢᠯᠡᠴᠢᠯᠡᠭᠡᠨ ᠤ ᠲᠦᠰᠦᠯ ᠳᠤ | ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ ᠰᠢᠯᠭᠠᠨ ᠬᠢᠨᠠᠵᠤ ᠬᠤᠪᠢ ᠲᠣᠭᠲᠠᠭᠠᠬᠤ︾ ᠠᠭᠤᠯᠭ᠎ᠠ ︵ | ᠳᠠᠭᠠᠯᠳᠤᠭᠤᠯᠤᠯ 1︶ ᠶᠣᠰᠣᠭᠠᠷ ᠠᠳᠠᠯ ᠠᠬᠤᠶ ᠶᠢᠨ ᠦᠢᠯᠡᠴᠢᠯᠡᠭᠡᠨ ᠤ ᠲᠦᠰᠦᠯ ᠳᠤ ᠰᠢᠯᠭᠠᠨ ᠬᠢᠨᠠᠵᠤ ᠬᠤᠪᠢ | ᠣᠯᠭᠤᠨ᠎ᠠ᠃ ᠰᠢᠯᠭᠠᠨ ᠬᠢᠨᠠᠬᠤ ᠳᠤᠮᠳᠠ ᠣᠯᠵᠤ ᠮᠡᠳᠡᠭᠰᠡᠨ ᠴᠢᠬᠤᠯᠠ ᠶᠡᠭᠡ ᠬᠤᠪᠢ ᠬᠠᠰᠤᠬᠤ ᠵᠦᠢᠯᠡᠰ ᠪᠠ | ᠣᠷᠣᠰᠢᠵᠤ ᠪᠠᠶᠢᠭ᠎ᠠ ᠠᠰᠠᠭᠤᠳᠠᠯ ᠢ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠠᠴᠠ ︽ᠴᠡᠭᠴᠡᠯᠡᠨ ᠰᠠᠶᠢᠵᠢᠷᠠᠭᠤᠯᠬᠤ ᠮᠡᠳᠡᠭᠳᠡᠯ︾ ︵ᠳᠠᠭᠠᠯᠳᠤᠭᠤᠯᠤᠯ 6︶ | ᠲᠡᠭᠦᠨ ᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠎ᠠ᠂ ᠱᠠᠭᠠᠷᠳᠠᠯᠭ᠎ᠠ ᠶᠣᠰᠣᠭᠠᠷ | ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠤᠶᠤ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠤᠭᠰᠠᠨ ᠦᠭᠡᠢ | ᠪᠠᠶᠢᠪᠠᠯ᠂ ᠲᠡᠭᠦᠨ ᠤ ᠲᠦᠰᠦᠯ ᠢ ᠰᠢᠯᠭᠠᠨ ᠬᠢᠨᠠᠬᠤ ᠳᠤ ᠬᠢᠷᠢ ᠲᠡᠩᠴᠡᠭᠰᠡᠨ ᠦᠭᠡᠢ ᠭᠡᠵᠦ ᠦᠨᠡᠯᠡᠵᠤ ᠪᠣᠯᠤᠨ᠎ᠠ᠃ | ︵ᠬᠤᠶᠠᠷ︶ ᠠᠳᠠᠯ ᠠᠬᠤᠶ ᠶᠢᠨ ᠦᠢᠯᠡᠴᠢᠯᠡᠭᠡᠨ ᠤ ᠲᠤᠰᠬᠠᠶ ᠬᠢᠨᠠᠨ ᠪᠠᠶᠢᠴᠠᠭᠠᠵᠤ ᠰᠢᠯᠭᠠᠨ ᠬᠢᠨᠠᠬᠤ | ᠬᠡᠷᠡᠭᠲᠡᠢ᠃ ᠴᠢᠬᠤᠯᠠ ᠠᠵᠢᠯ ᠤᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠳᠤ ᠴᠢᠭᠯᠡᠭᠦᠯᠦᠨ ︵ᠬᠤᠲᠠ ᠶᠢ | ᠴᠣᠭᠴᠠᠯᠠᠬᠤ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠪᠣᠯᠤᠨ᠎ᠠ︶᠂ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ︵ᠲᠦᠰᠦᠯ︶ ᠤᠨ ᠴᠢᠬᠤᠯᠠ ᠵᠠᠬᠢᠳᠠᠯ ᠰᠤᠷᠪᠤᠯᠵᠢᠯᠠᠯ ᠤᠨ ᠵᠠᠭᠠᠯᠳᠤᠯᠭ᠎ᠠ ᠪᠤᠶᠤ | ᠵᠠᠭᠤᠴᠢᠯᠠᠭᠤᠷ ᠲᠤ ᠢᠯᠡᠴᠢᠯᠡᠭᠳᠡᠵᠦ᠂ ᠵᠢᠴᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ | ᠬᠠᠷᠢᠭᠤᠴᠠᠯᠭ᠎ᠠ ᠠᠴᠠ ᠪᠣᠯᠵᠤ ᠥᠮᠴᠢᠲᠡᠨ ᠤ ᠠᠮᠢᠳᠤᠷᠠᠯ ᠳᠤ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠵᠡᠷᠭᠡ | ᠪᠠᠶᠢᠳᠠᠯ ᠠᠴᠠ ᠪᠣᠯᠵᠤ ᠵᠠᠷᠯᠠᠭᠰᠠᠨ ᠵᠦᠢᠯᠡᠰ ᠲᠤ ᠲᠤᠰᠬᠠᠢ ᠬᠢᠨᠠᠯᠲᠠ ᠲᠠᠯᠪᠢᠵᠤ᠂ ᠪᠠᠶᠢᠴᠠᠭᠠᠨ ᠲᠣᠳᠣᠯᠠᠭᠰᠠᠨ ᠤ | ᠳᠠᠷᠠᠭ᠎ᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ︽ᠬᠢᠨᠠᠨ ᠪᠠᠶᠢᠴᠠᠭᠠᠵᠤ ᠬᠢᠨᠠᠨ ᠰᠢᠢᠳᠪᠦᠷᠢᠯᠡᠬᠦ | ᠬᠠᠭᠤᠳᠠᠰᠤ︾ ︵ᠳᠠᠭᠠᠯᠳᠤᠭᠤᠯᠤᠯ 4︶ ᠪᠠᠭᠤᠯᠭᠠᠵᠤ᠂ ᠣᠨ ᠤ ᠰᠢᠯᠭᠠᠨ ᠬᠢᠨᠠᠭᠰᠠᠨ ᠶᠡᠷᠦᠩᠬᠡᠢ ᠬᠤᠪᠢ ᠶᠢᠨ | ᠬᠡᠮᠵᠢᠭᠳᠡᠯ ᠠᠴᠠ 2 ᠬᠤᠪᠢ ᠰᠢᠭᠤᠳ ᠬᠠᠰᠤᠨ᠎ᠠ ︵ᠨᠢᠭᠡ ᠯᠡ ᠤᠳᠠᠭ᠎ᠠ ᠳᠤ ︽ᠬᠢᠨᠠᠨ ᠪᠠᠶᠢᠴᠠᠭᠠᠵᠤ ᠬᠢᠨᠠᠨ | ᠰᠢᠢᠳᠪᠦᠷᠢᠯᠡᠬᠦ ᠬᠠᠭᠤᠳᠠᠰᠤ︾ ᠲᠠᠷᠬᠠᠭᠠᠵᠤ 2 ᠬᠤᠪᠢ ᠬᠠᠰᠤᠨ᠎ᠠ︶︔ ᠲᠣᠭᠲᠠᠭᠰᠠᠨ ᠬᠤᠭᠤᠴᠠᠭᠠᠨ ᠳᠤ | ᠴᠡᠭᠴᠡᠯᠡᠨ ᠰᠠᠶᠢᠵᠢᠷᠠᠭᠤᠯᠬᠤ ᠪᠠᠨ ᠪᠣᠲᠠᠲᠠᠶᠢᠵᠢᠭᠤᠯᠤᠭᠰᠠᠨ ᠦᠭᠡᠢ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠢ ᠨᠡᠪᠲᠡᠷᠡᠭᠦᠯᠦᠨ ᠰᠢᠭᠦᠮᠵᠢᠯᠡᠵᠦ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠠᠶᠢᠪᠠᠯ ᠨᠢᠭᠡ | ᠪᠢᠯᠧᠲ ᠢᠶᠠᠷ ᠦᠭᠡᠶᠢᠰᠬᠡᠬᠦ ᠵᠦᠢᠯᠡᠰ ᠢᠶᠠᠷ ᠬᠡᠷᠡᠭᠵᠢᠭᠦᠯᠵᠦ ᠪᠣᠯᠣᠨ᠎ᠠ᠃ | ᠵᠢᠷᠭᠤᠭ᠎ᠠ᠂ ᠬᠤᠪᠢ ᠣᠯᠭᠤᠬᠤ ᠠᠷᠭ᠎ᠠ | ᠠᠳᠠᠯ ᠠᠬᠤᠶ ᠶᠢᠨ ᠦᠢᠯᠡᠴᠢᠯᠡᠭᠡᠨ ᠤ ᠲᠦᠰᠦᠯ ᠢᠶᠠᠷ ᠰᠢᠯᠭᠠᠨ ᠬᠢᠨᠠᠬᠤ ᠨᠢᠭᠡᠴᠢ ᠪᠣᠯᠭᠠᠨ ᠵᠠᠭᠤᠨ ᠤ | ᠬᠤᠪᠢ ᠶᠢᠨ ᠲᠦᠷᠢᠮ ᠢ ᠬᠡᠷᠡᠭᠵᠢᠭᠦᠯᠵᠦ ᠰᠢᠯᠭᠠᠨ ᠬᠢᠨᠠᠵᠤ ᠬᠤᠪᠢ ᠲᠣᠭᠲᠠᠭᠠᠬᠤ ᠶᠢ ᠬᠡᠷᠡᠭᠵᠢᠭᠦᠯᠵᠦ᠂ ᠰᠢᠯᠭᠠᠨ | ᠬᠢᠨᠠᠬᠤ ᠳᠤᠭᠤᠶᠢᠯᠠᠩ ᠤᠨ ᠭᠡᠰᠢᠭᠦᠨ ᠰᠠᠯᠠᠭ᠎ᠠ ᠮᠥᠴᠢᠷ ᠠᠴᠠ ᠨᠡᠷ᠎ᠡ ᠲᠡᠮᠳᠡᠭᠯᠡᠬᠦ ᠥᠬᠡᠶ ᠠᠷᠭ᠎ᠠ ᠮᠠᠶ᠋ᠢᠭ ᠢᠶᠠᠷ ᠬᠤᠪᠢ | ᠥᠭᠭᠦᠨ᠎ᠡ᠃ | ︵ᠨᠢᠭᠡ︶ ᠠᠳᠠᠯ ᠠᠬᠤᠢ ᠶᠢᠨ ᠦᠢᠯᠡᠴᠢᠯᠡᠭᠡᠨ ᠤ ᠲᠦᠰᠦᠯ ᠳᠤ ᠬᠤᠪᠢ ᠣᠯᠭᠤᠨ᠎ᠠ᠃ ᠨᠢᠭᠡ ᠠᠳᠠᠯ | ᠠᠬᠤᠶ ᠶᠢᠨ ᠦᠢᠯᠡᠴᠢᠯᠡᠭᠡᠨ ᠤ ᠲᠦᠰᠦᠯ ᠤᠨ ᠵᠢᠯ ᠤᠨ ᠳᠤᠮᠳᠠ᠂ ᠵᠢᠯ ᠤᠨ ᠡᠴᠦᠰ ᠤᠨ 2 ᠤᠳᠠᠭᠠᠨ ᠤ ᠰᠢᠯᠭᠠᠨ | ᠬᠢᠨᠠᠬᠤ ᠬᠤᠪᠢ ᠶᠢᠨ ᠳᠤᠮᠳᠠᠴᠢ ᠬᠤᠪᠢ ᠶᠢᠨ ᠥᠷᠲᠡᠭ ᠢ ᠣᠨ ᠤ ᠶᠡᠷᠦᠩᠬᠡᠶᠢᠯᠡᠭᠰᠡᠨ ᠰᠢᠯᠭᠠᠨ ᠬᠢᠨᠠᠬᠤ ᠬᠤᠪᠢ | ᠪᠣᠯᠭᠠᠨ᠎ᠠ᠃ ᠨᠢᠭᠡ ᠳᠤ᠂ ᠬᠡᠷᠡᠭ ᠡᠷᠬᠢᠯᠡᠬᠦ ᠭᠠᠵᠠᠷ ︵ᠨᠡᠶᠢᠭᠡᠮ ᠲᠣᠭᠤᠷᠢᠭ︶ ᠠᠴᠠ ᠰᠢᠯᠭᠠᠨ ᠬᠢᠨᠠᠬᠤ | ᠳᠤᠭᠤᠶᠢᠯᠠᠩ ᠤᠨ ᠭᠡᠰᠢᠭᠦᠨ ᠨᠢᠭᠡᠴᠢ ᠶᠢᠨ ᠰᠢᠯᠭᠠᠨ ᠬᠢᠨᠠᠬᠤ ᠬᠦᠰᠦᠨᠦᠭᠲᠦ ᠶᠢ ᠲᠠᠭᠯᠠᠨ ᠴᠤᠭᠯᠠᠭᠤᠯᠵᠤ | ᠬᠤᠷᠢᠶᠠᠩᠭᠤᠶᠢᠯᠠᠬᠤ ᠶᠢᠨ ᠬᠠᠮᠲᠤ ᠲᠦᠰᠦᠯ ᠨᠢᠭᠡᠪᠦᠷᠢ ᠳᠤ ︽ᠰᠢᠭᠤᠶᠢᠲᠤ ᠲᠣᠭᠤᠷᠢᠭ ᠤᠨ ᠠᠳᠠᠯ ᠠᠬᠤᠢ ᠶᠢᠨ | ᠦᠢᠯᠡᠴᠢᠯᠡᠭᠡᠨ ᠤ ᠲᠦᠰᠦᠯ ᠤᠨ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ ᠰᠢᠯᠭᠠᠨ ᠬᠢᠨᠠᠬᠤ | ᠪᠦᠷᠢᠳᠬᠡᠬᠦ ᠬᠦᠰᠦᠨᠦᠭᠲᠦ︾ ︵ᠳᠠᠭᠠᠯᠳᠤᠭᠤᠯᠤᠯ 2︶ ᠶᠢ ᠲᠠᠭᠯᠠᠵᠤ᠂ ᠬᠠᠷᠢᠶ᠎ᠠ ᠭᠠᠵᠠᠷ ᠤᠨ ᠬᠡᠷᠡᠭ ᠡᠷᠬᠢᠯᠡᠬᠦ | ᠭᠠᠵᠠᠷ ᠤᠨ ᠭᠤᠤᠯ ᠤᠳᠤᠷᠢᠳᠤᠯᠭ᠎ᠠ ᠪᠠᠷ ᠭᠠᠷ ᠤᠨ ᠦᠰᠦᠭ ᠵᠢᠷᠤᠭᠤᠯᠵᠤ᠂ ᠲᠠᠮᠠᠭ᠎ᠠ ᠳᠠᠷᠤᠭᠰᠠᠨ ᠤ ᠳᠠᠷᠠᠭ᠎ᠠ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ | ᠮᠡᠳᠡᠭᠦᠯᠦᠨ ᠳᠠᠩᠰᠠᠯᠠᠭᠤᠯᠤᠨ᠎ᠠ᠃ ᠬᠤᠶᠠᠷ ᠲᠤ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠡᠯ᠎ᠡ ᠬᠠᠷᠢᠶ᠎ᠠ ᠭᠠᠵᠠᠷ ᠤᠨ ᠮᠡᠳᠡᠭᠦᠯᠦᠨ ᠬᠦᠷᠭᠡᠭᠰᠡᠨ ᠵᠢᠯ ᠤᠨ | ᠳᠤᠮᠳᠠ᠂ ᠵᠢᠯ ᠤᠨ ᠡᠴᠦᠰ ᠤᠨ ᠬᠤᠶᠠᠷ ᠤᠳᠠᠭᠠᠨ ᠤ ᠬᠡᠮᠵᠢᠨ ᠲᠣᠭᠲᠠᠭᠠᠬᠤ ᠬᠤᠪᠢ ᠶᠢ ᠬᠤᠷᠢᠶᠠᠩᠭᠤᠶᠢᠯᠠᠬᠤ ᠶᠢᠨ | ᠬᠠᠮᠲᠤ ︽ᠰᠢᠭᠤᠶᠢᠲᠤ ᠲᠤᠭᠤᠷᠢᠭ ᠤᠨ ᠠᠳᠠᠯ ᠠᠬᠤᠢ ᠶᠢᠨ ᠲᠦᠰᠦᠯ ᠤᠨ ᠣᠨ ᠤ ᠶᠡᠷᠦᠩᠬᠡᠶᠢᠯᠡᠭᠰᠡᠨ ᠰᠢᠯᠭᠠᠨ | ᠬᠢᠨᠠᠬᠤ ᠬᠢᠨᠠᠨ ᠪᠣᠳᠣᠬᠤ ᠬᠦᠰᠦᠨᠦᠭᠲᠦ︾ ︵ᠳᠠᠭᠠᠯᠳᠤᠭᠤᠯᠤᠯ 3︶ ᠳᠠᠩᠰᠠ ᠡᠪᠬᠡᠮᠡᠯ ᠳᠤ ᠣᠷᠣᠭᠤᠯᠵᠤ ᠦᠯᠡᠳᠡᠭᠡᠨ | ᠬᠠᠳᠠᠭᠠᠯᠠᠨ᠎ᠠ᠃ | ︵ᠬᠤᠶᠠᠷ︶ ᠬᠤᠪᠢ ᠨᠡᠮᠡᠬᠦ ᠲᠦᠰᠦᠯ ᠳᠤ ᠬᠤᠪᠢ ᠲᠡᠮᠳᠡᠭᠯᠡᠨ᠎ᠡ᠃ ᠬᠤᠪᠢ ᠨᠡᠮᠡᠬᠦ ᠵᠦᠢᠯᠡᠰ ᠭᠡᠳᠡᠭ ᠨᠢ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ︵ᠪᠣᠶᠣ ᠦᠢᠯᠡᠴᠢᠯᠡᠭᠡᠨ ᠤ ᠲᠦᠰᠦᠯ︶ ᠤᠨ ᠲᠤᠰ ᠵᠢᠯ ᠤᠨ | ᠣᠯᠣᠭᠰᠠᠨ ᠬᠥᠬᠢᠭᠦᠯᠦᠯ ᠰᠠᠶᠢᠰᠢᠶᠠᠯ ᠢ ᠵᠢᠭᠠᠵᠤ ᠪᠣᠢ᠃ ᠬᠥᠬᠢᠭᠦᠯᠦᠨ ᠰᠠᠶᠢᠰᠢᠶᠠᠭᠰᠠᠨ ᠨᠢᠭᠡ ᠤᠳᠠᠭ᠎ᠠ ᠶᠢᠨ | ᠴᠢᠨᠠᠷᠲᠠᠶ ᠬᠠᠮᠤᠭ ᠤᠨ ᠠᠷᠪᠢᠨ ᠳᠠᠭᠠᠨ 10 ᠬᠤᠪᠢ ︵ᠬᠤᠲᠠ ᠶᠢᠨ ᠲᠠᠰ ᠤᠨ 3 ᠬᠤᠪᠢ᠂ ᠣᠷᠣᠨ ᠤ ᠲᠠᠰ ᠤᠨ | 2 ᠬᠤᠪᠢ︶ ᠨᠡᠮᠡᠵᠦ᠂ ᠠᠳᠠᠯᠢ ᠨᠢᠭᠡᠨ ᠲᠥᠷᠥᠯ ᠢᠶᠠᠷ ᠬᠥᠬᠢᠭᠦᠯᠦᠯ ᠭᠥᠷᠳᠡᠭᠰᠡᠨ ᠬᠠᠮᠤᠭ ᠤᠨ ᠳᠡᠭᠡᠳᠦ ᠲᠠᠰ ᠤᠨ | ᠬᠤᠪᠢ ᠨᠡᠮᠡᠵᠦ᠂ ᠳᠠᠬᠢᠨ ᠳᠠᠪᠲᠠᠨ ᠬᠤᠪᠢ ᠲᠡᠮᠳᠡᠭᠯᠡᠬᠦ ᠥᠬᠡᠶ᠂ ᠪᠣᠳᠠᠲᠠᠶ ᠬᠤᠪᠢ ᠨᠡᠮᠡᠭᠰᠡᠨ ᠭᠡᠰᠢᠭᠦᠨ ᠨᠢ ᠰᠢᠯᠭᠠᠨ | ᠦᠨᠡᠯᠡᠬᠦ ᠬᠦᠰᠦᠨᠦᠭᠲᠦ ᠶᠢ ᠬᠠᠮᠲᠤ ᠳᠤᠨᠢ ᠰᠢᠯᠭᠠᠨ ᠬᠢᠨᠠᠬᠤ ᠳᠤᠭᠤᠶᠢᠯᠠᠩ ᠤᠨ ᠭᠡᠰᠢᠭᠦᠨ ᠨᠠᠷ ᠠᠴᠠ ᠬᠤᠪᠢ | ᠥᠭᠭᠦᠨ᠎ᠡ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠲᠣᠰ ᠵᠢᠯ ᠤᠨ 12 ᠳ᠋ᠤᠭᠠᠷ ᠰᠠᠷ᠎ᠠ ᠶᠢᠨ | ᠰᠡᠭᠦᠯᠴᠢ ᠪᠠᠷ ᠬᠥᠬᠢᠭᠦᠯᠦᠨ ᠰᠠᠶᠢᠰᠢᠶᠠᠬᠤ ᠮᠠᠲ᠋ᠧᠷᠢᠶᠠᠯ ᠢᠶᠠᠨ ᠳᠡᠭᠡᠭᠰᠢ ᠮᠡᠳᠡᠭᠦᠯᠬᠦ ᠲᠣᠭᠤᠷᠢᠭ ᠤᠨ ᠣᠷᠣᠨ | ᠰᠠᠭᠤᠴᠠ ᠶᠢᠨ ᠪᠠᠲᠤᠯᠠᠭ᠎ᠠ ᠶᠢᠨ ᠲᠥᠪ ᠲᠤ ᠮᠡᠳᠡᠭᠦᠯᠦᠨ ᠳᠠᠩᠰᠠᠯᠠᠭᠤᠯᠤᠨ᠎ᠠ ︵ᠳᠠᠭᠠᠯᠳᠤᠭᠤᠯᠤᠯ 5︶᠃ | ᠳᠣᠯᠤᠭ᠎ᠠ᠂ ᠰᠢᠯᠭᠠᠨ ᠬᠢᠨᠠᠬᠤ ᠦᠷ᠎ᠡ ᠳ᠋ᠦᠩ ᠤᠨ ᠬᠡᠷᠡᠭᠯᠡᠯᠲᠡ | ᠣᠨ ᠤ ᠰᠢᠯᠭᠠᠨ ᠬᠢᠨᠠᠭᠰᠠᠨ ᠪᠠᠶᠢᠳᠠᠯ ᠢᠶᠠᠨ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠨᠡᠶᠢᠭᠡᠮ ᠳᠤ ᠨᠡᠶᠢᠲᠡᠯᠡᠵᠦ᠂ ᠨᠡᠶᠢᠭᠡᠮ ᠤᠨ ᠦᠨᠡᠯᠡᠬᠦ ᠴᠢᠬᠤᠯᠠ | ᠦᠨᠳᠦᠰᠦᠯᠡᠯ ᠪᠣᠯᠭᠠᠨ᠂ ᠥᠮᠴᠢᠲᠡᠨ᠂ ᠥᠮᠴᠢᠲᠡᠨ ᠤ ᠶᠡᠭᠡ ᠬᠤᠷᠠᠯ ᠤᠨ ᠦᠷᠭᠦᠯᠵᠢᠯᠡᠨ ︵ᠲᠠᠶᠢᠯᠬᠤ︶ ᠠᠳᠠᠯ | ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠴᠢᠬᠤᠯᠠ ᠦᠨᠳᠦᠰᠦᠯᠡᠯ ᠪᠣᠯᠭᠠᠬᠤ ᠶᠢᠨ ᠬᠠᠮᠲᠤ ᠪᠤᠭᠤᠲᠤ | ᠬᠤᠲᠠ ᠶᠢᠨ ᠠᠵᠤ ᠠᠬᠤᠶᠢᠯᠠᠯ ᠤᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠳᠤ ᠲᠡᠮᠳᠡᠭᠯᠡᠬᠦ ᠬᠡᠷᠡᠭᠲᠡᠢ᠃ | ︵ᠨᠢᠭᠡ︶ ᠰᠢᠯᠭᠠᠨ ᠦᠨᠡᠯᠡᠬᠦ ᠵᠡᠷᠭᠡ ᠳᠡᠰ ᠢ ᠲᠣᠭᠲᠠᠭᠠᠨ᠎ᠠ᠃ ᠠᠳᠠᠯ ᠠᠬᠤᠶ ᠶᠢᠨ ᠦᠢᠯᠡᠴᠢᠯᠡᠭᠡᠨ ᠤ | ᠠᠵᠤ ᠠᠬᠤᠶᠢᠯᠠᠯ ᠤᠨ ᠣᠨ ᠤ ᠶᠡᠷᠦᠩᠬᠡᠶᠢᠯᠡᠭᠰᠡᠨ ᠰᠢᠯᠭᠠᠨ ᠲᠣᠭᠲᠠᠭᠠᠭᠰᠠᠨ ᠬᠤᠪᠢ ᠶᠢ ᠦᠨᠳᠦᠰᠦᠯᠡᠨ ᠵᠡᠷᠭᠡ ᠳᠡᠰ ᠢ | ᠲᠣᠭᠲᠠᠭᠠᠵᠤ᠂ ᠰᠢᠯᠭᠠᠨ ᠬᠢᠨᠠᠭᠰᠠᠨ 60 ᠬᠤᠪᠢ ᠠᠴᠠ ᠳᠣᠷᠣᠭᠰᠢᠬᠢ ᠠᠳᠠᠯ ᠠᠬᠤᠶ ᠶᠢᠨ ᠦᠢᠯᠡᠴᠢᠯᠡᠭᠡᠨ ᠤ ᠠᠵᠤ | ᠠᠬᠤᠶᠢᠯᠠᠯ ᠢ ᠬᠢᠷᠢ ᠲᠡᠩᠴᠡᠭᠰᠡᠨ ᠦᠭᠡᠶ ᠪᠠᠷ ᠦᠨᠡᠯᠡᠨ ᠲᠣᠭᠲᠠᠭᠠᠵᠤ᠂ 60 — 90 ᠬᠤᠪᠢ ᠶᠢᠨ ᠬᠤᠭᠤᠷᠣᠨᠳᠣ | ᠬᠢᠷᠢ ᠲᠡᠭᠴᠡᠭᠰᠡᠨ ᠢᠶᠠᠷ ᠦᠨᠡᠯᠡᠨ ᠲᠣᠭᠲᠠᠭᠠᠵᠤ᠂ 90 ᠬᠤᠪᠢ ᠠᠴᠠ ᠳᠡᠭᠡᠭᠰᠢ ᠶᠢ ᠰᠢᠯᠢᠳᠡᠭ ᠢᠶᠠᠷ ᠦᠨᠡᠯᠡᠨ᠎ᠡ᠃ | ︵ᠬᠤᠶᠠᠷ︶ ᠰᠢᠯᠭᠠᠨ ᠬᠢᠨᠠᠵᠤ ᠱᠠᠩᠨᠠᠬᠤ ᠠᠷᠭ᠎ᠠ ᠬᠡᠮᠵᠢᠶ᠎ᠡ | ᠵᠢᠯ ᠤᠨ ᠡᠴᠦᠰ ᠤᠨ ᠰᠢᠯᠭᠠᠨ ᠬᠢᠨᠠᠬᠤ ᠳᠤ ᠬᠢᠷᠢ ᠲᠡᠩᠴᠡᠭᠰᠡᠨ ᠠᠴᠠ ᠳᠡᠭᠡᠭᠰᠢ᠂ ᠡᠮᠦᠨ᠎ᠡ ᠭᠤᠷᠪᠠ ᠳᠤ | ᠵᠢᠭᠰᠠᠭᠠᠭᠳᠠᠭᠰᠠᠨ ᠠᠳᠠᠯ ᠠᠬᠤᠶ ᠶᠢᠨ ᠦᠢᠯᠡᠴᠢᠯᠡᠭᠡᠨ ᠤ ᠲᠦᠰᠦᠯ ᠢ ᠱᠠᠩᠨᠠᠵᠤ᠂ ᠨᠢᠭᠡᠳᠦᠭᠡᠷ ᠨᠡᠷᠡᠰ ᠲᠤ 10 | ᠲᠦᠮᠡᠨ ᠲᠥᠭᠦᠷᠢᠭ᠂ ᠬᠤᠶᠠᠳᠤᠭᠠᠷ ᠨᠡᠷᠡᠰ ᠲᠤ 8 ᠲᠦᠮᠡᠨ ᠲᠥᠭᠦᠷᠢᠭ᠂ ᠭᠤᠷᠪᠠᠳᠤᠭᠠᠷ ᠨᠡᠷᠡᠰ ᠲᠤ 5 ᠲᠦᠮᠡᠨ | ᠲᠥᠭᠦᠷᠢᠭ ᠱᠠᠩᠨᠠᠨ᠎ᠠ᠃ ᠡᠭᠦᠨ ᠤ ᠬᠠᠮᠲᠤ᠂ ᠰᠢᠯᠭᠠᠷᠠᠭᠤᠯᠤᠭᠰᠠᠨ ᠦᠷ᠎ᠡ ᠳ᠋ᠦᠩ ᠨᠢ ᠰᠢᠯᠢᠳᠡᠭ᠂ ᠬᠢᠷᠢ ᠲᠡᠩᠴᠡᠭᠰᠡᠨ | ᠠᠳᠠᠯ ᠠᠬᠤᠢ ᠶᠢᠨ ᠦᠢᠯᠡᠴᠢᠯᠡᠭᠡᠨ ᠤ ᠲᠦᠰᠦᠯ ᠤᠨ ᠪᠠᠶᠢᠭ᠎ᠠ ᠠᠵᠤ ᠠᠬᠤᠶᠢᠯᠠᠯ ᠨᠢ ᠰᠢᠭᠤᠶᠢᠲᠤ ᠲᠤᠭᠤᠷᠢᠭ ᠤᠨ | ᠠᠳᠠᠯ ᠠᠬᠤᠢ ᠶᠢᠨ ᠬᠠᠮᠢᠶᠠᠷᠤᠯᠲᠠ ᠶᠢᠨ ᠰᠢᠨ᠎ᠡ ᠲᠦᠰᠦᠯ ᠤᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ | ᠠᠵᠢᠯᠯᠠᠭ᠎ᠠ ᠳᠤ ᠣᠷᠣᠯᠴᠠᠵᠤ ᠪᠣᠯᠤᠨ᠎ᠠ︔ ᠬᠢᠷᠢ ᠲᠡᠩᠴᠡᠬᠦ ᠦᠭᠡᠢ ᠠᠳᠠᠯ ᠠᠬᠤᠢ ᠶᠢᠨ ᠦᠢᠯᠡᠴᠢᠯᠡᠭᠡᠨ ᠤ | ᠲᠦᠰᠦᠯ ᠤᠨ ᠪᠠᠶᠢᠭ᠎ᠠ ᠠᠵᠤ ᠠᠬᠤᠶᠢᠯᠠᠯ ᠨᠢ ᠬᠤᠶᠠᠷ ᠵᠢᠯ ᠤᠨ ᠳᠣᠲᠣᠷ᠎ᠠ ᠰᠢᠭᠤᠶᠢᠲᠤ ᠲᠣᠭᠤᠷᠢᠭ ᠤᠨ ᠠᠳᠠᠯ | ᠠᠬᠤᠢ ᠶᠢᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠵᠤ ᠪᠣᠯᠬᠤ ᠦᠭᠡᠢ᠃ ᠬᠤᠶᠠᠷ ᠵᠢᠯ | ᠳᠠᠷᠠᠭᠠᠯᠠᠨ ᠬᠢᠷᠢ ᠲᠡᠩᠴᠡᠭᠰᠡᠨ ᠦᠭᠡᠢ ᠠᠳᠠᠯ ᠠᠬᠤᠢ ᠶᠢᠨ ᠦᠢᠯᠡᠴᠢᠯᠡᠭᠡᠨ ᠤ ᠲᠦᠰᠦᠯ ᠤᠨ ᠪᠠᠶᠢᠭ᠎ᠠ ᠠᠵᠤ | ᠠᠬᠤᠶᠢᠯᠠᠯ ᠢ ᠬᠠᠷ᠎ᠠ ᠳᠠᠩᠰᠠᠨ ᠳᠤ ᠣᠷᠣᠭᠤᠯᠬᠤ ᠶᠢᠨ ᠬᠠᠮᠲᠤ᠂ ᠪᠤᠭᠤᠲᠤ ᠬᠤᠲᠠ ᠶᠢᠨ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠤᠨ ᠦᠨᠡᠯᠡᠬᠦ ᠰᠢᠰᠲ᠋ᠧᠮ ᠳᠤ ᠲᠡᠮᠳᠡᠭᠯᠡᠵᠦ᠂ ᠬᠠᠷᠢᠶ᠎ᠠ ᠣᠷᠣᠨ ᠤ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠠᠴᠠ ᠥᠮᠴᠢᠲᠡᠨ ᠤ ᠠᠵᠢᠯ ᠤᠨ ᠵᠥᠪᠯᠡᠯ ᠢ | ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ ᠥᠮᠴᠢᠲᠡᠨ ᠤ ᠶᠡᠭᠡ ᠬᠤᠷᠠᠯ ᠬᠤᠷᠠᠯᠳᠤᠭᠤᠯᠵᠤ ᠬᠠᠮᠲᠤ ᠪᠠᠷ ᠬᠠᠤᠯᠢ | ᠶᠣᠰᠣᠭᠠᠷ ᠤᠷᠢᠬᠤ ᠪᠠᠨ ᠪᠤᠯᠢᠵᠤ᠂ ᠮᠠᠨ ᠤ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠵᠠᠬ᠎ᠠ | ᠳᠡᠯᠭᠡᠭᠦᠷ ᠠᠴᠠ ᠭᠠᠷᠭᠠᠬᠤ ᠬᠡᠷᠡᠭᠲᠡᠢ᠃ | ᠨᠠᠢᠮᠠ᠂ ᠨᠢᠭᠡ ᠪᠢᠯᠧᠲ ᠢᠶᠠᠷ ᠦᠭᠡᠶᠢᠰᠬᠡᠬᠦ ᠵᠦᠢᠯᠡᠰ | ᠳᠣᠣᠷᠠᠬᠢ ᠪᠠᠶᠢᠳᠠᠯ ᠭᠠᠷᠤᠭᠰᠠᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ︵ᠪᠢᠴᠢᠭ | ᠮᠠᠲ᠋ᠧᠷᠢᠶᠠᠯ ᠢᠶᠠᠷ ᠦᠨᠳᠦᠰᠦᠯᠡᠯ ᠪᠣᠯᠭᠠᠨ᠎ᠠ︶ ᠢ ᠲᠤᠰ ᠵᠢᠯ ᠤᠨ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠬᠤ | ᠦᠭᠡᠢ᠂ ᠬᠢᠷᠢ ᠲᠡᠩᠴᠡᠬᠦ ᠦᠭᠡᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢᠶᠠᠷ ᠰᠢᠭᠤᠳ ᠦᠨᠡᠯᠡᠨ᠎ᠡ | ᠃ | ︵ᠨᠢᠭᠡ︶ ᠵᠠᠰᠠᠭ ᠵᠠᠬᠢᠷᠭᠠᠨ ᠤ ᠪᠠᠶᠢᠭᠤᠯᠭ᠎ᠠ ᠪᠠᠷ ᠳᠠᠮᠵᠢᠨ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠨ ᠭᠤᠣᠯ ᠬᠠᠷᠢᠭᠤᠴᠠᠯᠭ᠎ᠠ ᠪᠤᠶᠤ ᠪᠦᠬᠦ ᠬᠠᠷᠢᠭᠤᠴᠠᠯᠭ᠎ᠠ ᠠᠴᠠ ᠪᠣᠯᠵᠤ ᠲᠤᠰ ᠵᠢᠯ ᠤᠨ ᠳᠣᠲᠣᠷ᠎ᠠ | ᠬᠦᠨᠳᠦ ᠶᠡᠭᠡ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠳᠡᠯ ᠭᠠᠷᠤᠭᠰᠠᠨ ᠢ ᠨᠤᠲᠠᠯᠠᠭᠰᠠᠨ᠃ | ︵ᠬᠤᠶᠠᠷ︶ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠷᠢᠭᠤᠴᠠᠯᠭ᠎ᠠ ᠠᠴᠠ ᠪᠣᠯᠵᠤ | ᠬᠦᠨᠳᠦ ᠶᠡᠭᠡ ᠪᠦᠯᠦᠭᠵᠢᠯ ᠪᠤᠶᠤ ᠱᠠᠲᠤ ᠠᠯᠤᠰᠯᠠᠨ ᠳᠡᠭᠡᠭᠰᠢ ᠰᠤᠷᠪᠤᠯᠵᠢᠯᠠᠭᠰᠠᠨ ᠬᠡᠷᠡᠭ ᠡᠭᠦᠰᠴᠦ᠂ ᠨᠡᠶᠢᠭᠡᠮ ᠤᠨ | ᠲᠣᠭᠲᠠᠭᠤᠨ ᠪᠠ ᠬᠡᠪ ᠤᠨ ᠨᠡᠶᠢᠭᠡᠮ ᠤᠨ ᠡᠮᠬᠢ ᠳᠢᠭᠯᠢᠮ ᠢ ᠨᠥᠯᠥᠭᠡᠯᠡᠵᠦ᠂ ᠮᠠᠭᠤ ᠨᠥᠯᠥᠭᠡ ᠦᠵᠡᠭᠦᠯᠦᠭᠰᠡᠨ᠃ | ︵ᠭᠤᠷᠪᠠ︶ ᠬᠤᠲᠠ ᠶᠢᠨ ᠱᠠᠲᠤᠨ ᠤ ᠰᠠᠯᠠᠭ᠎ᠠ ᠮᠥᠴᠢᠷ ᠲᠤ ᠨᠢᠭᠡ ᠵᠢᠯ ᠤᠨ ᠳᠣᠲᠣᠷ᠎ᠠ ᠨᠡᠶᠢᠲᠡ 2 | ᠤᠳᠠᠭ᠎ᠠ ᠢᠯᠡ ᠪᠠᠷ ᠵᠠᠷᠯᠠᠨ ᠮᠡᠳᠡᠭᠳᠡᠵᠦ᠂ ᠣᠷᠣᠨ ᠤ ᠱᠠᠲᠤᠨ ᠤ ᠰᠠᠯᠠᠭ᠎ᠠ ᠮᠥᠴᠢᠷ ᠤᠨ ᠤᠯᠠᠷᠢᠯ ᠳᠤ ᠨᠡᠶᠢᠲᠡ 3 | ᠤᠳᠠᠭ᠎ᠠ ᠢᠯᠡ ᠪᠠᠷ ᠵᠠᠷᠯᠠᠨ ᠮᠡᠳᠡᠭᠳᠡᠭᠰᠡᠨ ᠤ ᠳᠠᠷᠠᠭ᠎ᠠ ᠴᠡᠭᠴᠡᠯᠡᠨ ᠰᠠᠶᠢᠵᠢᠷᠠᠭᠤᠯᠬᠤ ᠦᠭᠡᠢ ᠪᠤᠶᠤ ᠴᠡᠭᠴᠡᠯᠡᠨ | ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠦᠭᠡᠢ᠃ | ᠶᠢᠰᠦ᠂ ᠰᠢᠯᠭᠠᠨ ᠬᠢᠨᠠᠬᠤ ᠱᠠᠭᠠᠷᠳᠠᠯᠭ᠎ᠠ | ᠰᠢᠯᠭᠠᠨ ᠦᠨᠡᠯᠡᠬᠦ ᠳᠤᠭᠤᠶᠢᠯᠠᠩ ᠤᠨ ᠭᠡᠰᠢᠭᠦᠨ ᠰᠠᠯᠠᠭ᠎ᠠ ᠮᠥᠴᠢᠷ ᠤᠳ ᠢᠳᠡᠪᠬᠢᠲᠡᠶ ᠪᠠᠷ ᠬᠠᠮᠵᠢᠯᠴᠠᠵᠤ᠂ | ᠰᠢᠯᠭᠠᠨ ᠬᠢᠨᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ︔ ᠰᠢᠯᠭᠠᠨ ᠦᠨᠡᠯᠡᠬᠦ | ᠠᠵᠢᠯᠲᠠᠳ ᠦᠨᠡᠨ ᠠᠴᠠ ᠵᠥᠪ ᠢ ᠡᠷᠢᠬᠦ᠂ ᠡᠷᠬᠡ ᠲᠡᠭᠰᠢ ᠢᠯᠡ ᠪᠣᠯᠭᠠᠬᠤ ᠵᠠᠷᠴᠢᠮ ᠶᠣᠰᠣᠭᠠᠷ ᠬᠢᠨᠠᠮᠠᠭᠠᠶ ᠰᠢᠯᠭᠠᠨ | ᠬᠢᠨᠠᠬᠤ ᠬᠡᠷᠡᠭᠲᠡᠶ︔ ᠰᠢᠯᠭᠠᠨ ᠦᠨᠡᠯᠡᠬᠦ ᠠᠵᠢᠯ ᠤᠨ ᠳᠤᠮᠳᠠ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ | ᠬᠤᠪᠢ ᠶᠢᠨ ᠠᠰᠢᠭ ᠤᠯᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠲᠣᠳᠣᠯᠠᠮᠠᠭᠴᠠ ᠴᠢᠩᠭ᠎ᠠ ᠰᠢᠢᠳᠪᠦᠷᠢᠯᠡᠬᠦ ᠬᠡᠷᠡᠭᠲᠡᠶ᠃ | ᠳᠠᠭᠠᠯᠳᠤᠭᠤᠯᠤᠯ᠄ | 1. ᠰᠢᠭᠤᠶᠢᠲᠤ ᠲᠣᠭᠤᠷᠢᠭ ᠤᠨ ᠣᠷᠣᠨ ᠰᠠᠭᠤᠴᠠ ᠶᠢᠨ ᠲᠥᠷᠥᠯ ᠤᠨ ᠠᠳᠠᠯ ᠠᠬᠤᠶ ᠶᠢᠨ | ᠦᠢᠯᠡᠴᠢᠯᠡᠭᠡᠨ ᠤ ᠲᠦᠰᠦᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠵᠤ ᠬᠤᠪᠢ ᠲᠣᠭᠲᠠᠭᠠᠬᠤ | ᠬᠦᠰᠦᠨᠦᠭᠲᠦ | 2. ᠰᠢᠭᠤᠶᠢᠲᠤ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ᠲᠦᠰᠦᠯ ᠢ ᠲᠣᠭᠲᠠᠮᠠᠯ | ᠬᠤᠭᠤᠴᠠᠭ᠎ᠠ ᠲᠠᠢ ᠪᠠᠷ ᠬᠢᠨᠠᠨ ᠰᠢᠯᠭᠠᠬᠤ ᠲᠤᠭ᠎ᠠ ᠪᠦᠷᠢᠳᠬᠡᠯ ᠤᠨ ᠬᠦᠰᠦᠨᠦᠭᠲᠦ | 3. ᠰᠢᠭᠤᠶᠢᠲᠤ ᠲᠣᠭᠤᠷᠢᠭ ᠤᠨ ᠠᠳᠠᠯ ᠠᠬᠤᠶ ᠶᠢᠨ ᠲᠦᠰᠦᠯ ᠤᠨ ᠣᠨ ᠤ ᠶᠡᠷᠦᠩᠬᠡᠶᠢᠯᠡᠭᠰᠡᠨ ᠰᠢᠯᠭᠠᠨ | ᠬᠢᠨᠠᠬᠤ ᠲᠣᠭᠠᠴᠠᠭ᠎ᠠ ᠬᠢᠬᠦ ᠬᠦᠰᠦᠨᠦᠭᠲᠦ | 4. ᠰᠢᠭᠤᠶᠢᠲᠤ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠲᠦᠰᠦᠯ ᠢ | ᠬᠢᠨᠠᠨ ᠪᠠᠶᠢᠴᠠᠭᠠᠵᠤ ᠬᠢᠨᠠᠨ ᠭᠦᠢᠴᠡᠳᠭᠡᠬᠦ ᠬᠦᠰᠦᠨᠦᠭᠲᠦ | 5. ᠰᠢᠭᠤᠶᠢᠲᠤ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠣᠨ ᠤ | ᠬᠥᠬᠢᠭᠦᠯᠦᠯ ᠢ ᠮᠡᠳᠡᠭᠳᠡᠭᠰᠡᠨ ᠪᠠᠶᠢᠳᠠᠯ ᠤᠨ ᠬᠤᠷᠢᠶᠠᠩᠭᠤᠶ ᠬᠦᠰᠦᠨᠦᠭᠲᠦ | | | | | | | | | | | | | | | | | | | | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠰᠢᠭᠤᠶᠢᠲᠤ ᠲᠣᠭᠤᠷᠢᠭ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠲᠤᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠶᠠᠪᠤᠭᠤᠯᠬᠤ ᠲᠤᠬᠠᠶ ᠮᠡᠳᠡᠭᠳᠡᠯ | | ᠰᠢᠭᠤᠶᠢᠲᠦ ᠠᠯᠪᠠᠨ ᠲᠠᠷᠬᠠᠭᠠᠭᠰᠠᠨ ﹇2024﹈ 11 ᠳ᠋ᠤᠭᠡᠷ ᠲᠣᠭᠠᠲᠤ | | ᠵᠢᠪᠬᠤᠯᠠᠩᠲᠤ ᠰᠤᠮᠤ᠂ ᠪᠡᠳᠬᠡᠷ ᠵᠣᠣ ᠪᠠᠯᠭᠠᠰᠤ᠂ ᠡᠯ᠎ᠡ ᠬᠦᠷᠢᠶᠡᠯᠡᠩ ᠲᠣᠭᠤᠷᠢᠭ ︵ᠦᠵᠡᠮᠵᠢ ᠶᠢᠨ ᠣᠷᠣᠨ︶ ᠤᠨ | ᠬᠠᠮᠢᠶᠠᠷᠤᠯᠲᠠ ᠶᠢᠨ ᠵᠥᠪᠯᠡᠯ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ | ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ | ᠰᠠᠯᠠᠭ᠎ᠠ ᠮᠥᠴᠢᠷ ᠨᠢᠭᠡᠴᠢ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠳᠤ᠄ | ᠴᠢᠳᠠᠪᠤᠷᠢᠲᠠᠨ ᠤ ᠣᠷᠣᠨ ᠰᠠᠭᠤᠴᠠ ᠶᠢᠨ ᠴᠢᠳᠠᠪᠤᠷᠢᠲᠠᠨ ᠢ ᠲᠠᠲᠠᠬᠤ ᠪᠠ ᠲᠥᠪᠯᠡᠷᠡᠭᠦᠯᠬᠦ ᠲᠠᠯ᠎ᠠ ᠪᠠᠷ ᠬᠢ | ᠴᠢᠳᠠᠪᠤᠷᠢᠲᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠣᠷᠣᠨ ᠤ ᠠᠵᠤ ᠠᠬᠤᠶ ᠶᠢᠨ ᠬᠥᠭᠵᠢᠯᠲᠡ ᠪᠠ | ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ︽ᠪᠤᠭᠤᠲᠤ ᠬᠤᠲᠠ ᠶᠢᠨ ᠴᠢᠳᠠᠪᠤᠷᠢᠲᠠᠨ ᠤ ᠣᠷᠣᠨ | ᠰᠠᠭᠤᠴᠠ ᠶᠢᠨ ᠪᠠᠲᠤᠯᠠᠭ᠎ᠠ ᠶᠢᠨ ᠬᠡᠷᠡᠭᠵᠢᠭᠦᠯᠬᠦ ᠨᠠᠷᠢᠨ ᠲᠦᠷᠢᠮ ︵ᠵᠠᠰᠠᠪᠤᠷᠢ ᠣᠷᠣᠭᠤᠯᠤᠭᠰᠠᠨ ᠨᠣᠤᠷᠠᠭ︶︾ ︵ | ᠪᠤᠭᠤᠲᠤ ᠣᠷᠣᠨ ᠰᠠᠭᠤᠴᠠ ᠪᠥᠲᠥᠭᠡᠨ ᠪᠠᠶᠢᠭᠤᠯᠤᠯᠲᠠ ᠪᠠᠲᠤᠯᠠᠭ᠎ᠠ ﹇2022﹈ 18 ᠳ᠋ᠤᠭᠠᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ︽ᠰᠢᠭᠤᠶᠢᠲᠤ ᠲᠤᠭᠤᠷᠢᠭ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠲᠤᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠲᠠᠷᠬᠠᠭᠠᠵᠤ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠦᠭᠡᠷᠡᠢ᠃ | | ᠳᠠᠭᠠᠯᠳᠤᠭᠤᠯᠤᠯ᠄ ︽ᠰᠢᠭᠤᠶᠢᠲᠤ ᠲᠤᠭᠤᠷᠢᠭ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠪᠠᠲᠤᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ︾ | ᠰᠢᠭᠤᠶᠢᠲᠦ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 4 ᠳ᠋ᠦ᠋ᠭᠡᠷ ᠰᠠᠷ᠎ᠠ ᠶᠢᠨ 2 ᠤᠨ ᠡᠳᠦᠷ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠳᠠᠭᠠᠯᠳᠤᠭᠤᠯᠤᠯ᠄ | ᠰᠢᠭᠤᠶᠢᠲᠤ ᠲᠤᠭᠤᠷᠢᠭ ᠤᠨ ᠴᠢᠳᠠᠪᠤᠷᠢᠲᠠᠨ ᠢ ᠤᠷᠤᠭᠤᠯᠬᠤ ᠤᠷᠤᠨ ᠰᠠᠭᠤᠴᠠ ᠶᠢᠨ ᠪᠠᠲᠤᠯᠠᠭ᠎ᠠ ᠶᠢᠨ | ᠠᠵᠢᠯ ᠤᠨ ᠬᠡᠷᠡᠭᠵᠢᠭᠦᠯᠬᠦ ᠲᠥᠰᠦᠯ | ᠮᠠᠨ ᠤ ᠲᠣᠭᠤᠷᠢᠭ ᠤᠨ ᠴᠢᠳᠠᠪᠤᠷᠢᠲᠠᠨ ᠢ ᠤᠷᠤᠭᠤᠯᠬᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ | ᠦᠨᠡᠨ ᠬᠦ ᠪᠠᠲᠤᠯᠠᠬᠤ ᠶᠢᠨ ᠲᠤᠰᠠᠳᠠ᠂ ︽ᠪᠤᠭᠤᠲᠤ ᠬᠤᠲᠠ ᠶᠢᠨ ᠴᠢᠳᠠᠪᠤᠷᠢᠲᠠᠨ ᠢ ᠤᠷᠤᠭᠤᠯᠬᠤ ᠣᠷᠣᠨ | ᠰᠠᠭᠤᠴᠠ ᠶᠢᠨ ᠪᠠᠲᠤᠯᠠᠭ᠎ᠠ ᠶᠢᠨ ᠬᠡᠷᠡᠭᠵᠢᠭᠦᠯᠬᠦ ᠨᠠᠷᠢᠨ ᠲᠦᠷᠢᠮ ︵ᠵᠠᠰᠠᠪᠤᠷᠢ ᠣᠷᠣᠭᠤᠯᠤᠭᠰᠠᠨ ᠨᠣᠤᠷᠠᠭ︶︾ ︵ | ᠪᠤᠭᠤᠲᠤ ᠣᠷᠣᠨ ᠰᠠᠭᠤᠴᠠ ᠪᠥᠲᠥᠭᠡᠨ ᠪᠠᠶᠢᠭᠤᠯᠤᠯᠲᠠ ᠶᠢᠨ ᠪᠠᠲᠤᠯᠠᠭ᠎ᠠ ﹇2022﹈ 18 ᠳ᠋ᠤᠭᠠᠷ ᠲᠣᠭᠠᠲᠤ︶ | ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ | ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠰᠢᠭᠤᠶᠢᠲᠦ | ᠲᠤᠭᠤᠷᠢᠭ ᠤᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠤ ᠣᠷᠣᠨ ᠰᠠᠭᠤᠴᠠ ᠶᠢᠨ ᠴᠢᠳᠠᠪᠤᠷᠢᠲᠠᠨ ᠢ ᠲᠠᠲᠠᠬᠤ ᠪᠠ | ᠴᠤᠭᠯᠠᠭᠤᠯᠬᠤ ᠲᠠᠯ᠎ᠠ ᠪᠠᠷ ᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠲᠤᠭᠤᠷᠢᠭ ᠤᠨ ᠠᠵᠤ ᠠᠬᠤᠶ ᠶᠢᠨ | ᠬᠥᠭᠵᠢᠯᠲᠡ ᠪᠠ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ᠂ ︽ᠪᠤᠭᠤᠲᠤ ᠬᠤᠲᠠ ᠶᠢᠨ ᠴᠢᠳᠠᠪᠤᠷᠢᠲᠠᠨ ᠢ | ᠤᠷᠤᠭᠤᠯᠬᠤ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷᠡᠭᠵᠢᠭᠦᠯᠬᠦ ᠨᠠᠷᠢᠨ ᠲᠦᠷᠢᠮ ︵ᠵᠠᠰᠠᠪᠤᠷᠢ ᠣᠷᠣᠭᠤᠯᠤᠭᠰᠠᠨ | ᠨᠣᠤᠷᠠᠭ︶︾ ︵ᠪᠤᠭᠤᠲᠤ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠪᠠᠲᠤᠯᠠᠭ᠎ᠠ ﹇2022﹈ 18 | ᠳ᠋ᠤᠭᠠᠷ ᠲᠣᠭᠠᠲᠤ︶ ᠢ ᠰᠠᠶᠢᠲᠤᠷ ᠬᠡᠷᠡᠭᠵᠢᠭᠦᠯᠵᠦ᠂ ᠮᠠᠨ ᠤ ᠲᠤᠭᠤᠷᠢᠭ ᠤᠨ ᠴᠢᠳᠠᠪᠤᠷᠢᠲᠠᠨ ᠢ ᠤᠷᠤᠭᠤᠯᠬᠤ ᠳᠤ | ᠣᠷᠣᠨ ᠰᠠᠭᠤᠴᠠ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ | ᠬᠤᠶᠠᠷ᠂ ᠪᠠᠲᠤᠯᠠᠬᠤ ᠬᠡᠪᠴᠢᠶ᠎ᠡ | ︵ᠨᠢᠭᠡ︶ ᠴᠢᠳᠠᠪᠤᠷᠢᠲᠠᠨ ᠢ ᠤᠷᠤᠭᠤᠯᠬᠤ ᠬᠠᠳᠠᠨ ᠴᠢᠨᠠᠷ ᠢᠶᠠᠷ ᠴᠢᠩᠭ᠎ᠠ ᠪᠠᠶᠢᠪᠠᠯ᠂ ᠳᠣᠣᠷᠠᠬᠢ ᠬᠤᠶᠠᠷ | ᠨᠥᠬᠦᠴᠡᠯ ᠳᠤ ᠵᠡᠷᠭᠡᠪᠡᠷ ᠨᠡᠶᠢᠴᠡᠬᠦ ᠬᠡᠷᠡᠭᠲᠡᠶ᠄ | 1. 2021 ᠣᠨ ᠤ 3 ᠳ᠋ᠤᠭᠠᠷ ᠰᠠᠷ᠎ᠠ ᠶᠢᠨ 3 ᠤ ᠡᠳᠦᠷ ᠠᠴᠠ ᠡᠬᠢᠯᠡᠨ᠂ ᠮᠠᠨ ᠤ ᠣᠷᠣᠨ ᠤ | ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠠᠵᠢᠯᠯᠠᠬᠤ ᠶᠢᠨ ᠬᠠᠮᠲᠤ ᠬᠥᠳᠡᠯᠮᠦᠷᠢᠯᠡᠬᠦ ︵ | ᠤᠷᠢᠵᠤ ᠬᠡᠷᠡᠭᠯᠡᠬᠦ︶ ᠭᠡᠷ᠎ᠡ ᠲᠣᠭᠲᠠᠭᠰᠠᠨ ᠮᠥᠷᠲᠡᠭᠡᠨ 3 ᠰᠠᠷ᠎ᠠ ᠵᠢᠴᠢ ᠲᠡᠭᠦᠨ ᠠᠴᠠ ᠳᠡᠭᠡᠭᠰᠢᠬᠢ ᠨᠡᠶᠢᠭᠡᠮ ᠤᠨ | ᠳᠠᠭᠠᠳᠬᠠᠯ ᠤᠨ ᠵᠠᠷᠤᠳᠠᠯ ᠲᠤᠰᠢᠶᠠᠭᠰᠠᠨ ︵ᠠᠮᠢᠳᠤᠯᠢᠭ ᠢᠶᠠᠷ ᠠᠵᠢᠯ ᠣᠯᠤᠭᠰᠠᠳ ᠠᠴᠠ ᠪᠤᠰᠤᠳ︶ ᠳᠤᠮᠳᠠ | ᠵᠡᠷᠭᠡ ᠶᠢᠨ ᠲᠤᠰᠬᠠᠶ ᠮᠡᠷᠭᠡᠵᠢᠯ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠴᠢᠳᠠᠪᠤᠷᠢᠲᠠᠨ︔ | ᠡᠰᠡᠬᠦᠯ᠎ᠡ ᠮᠠᠨ ᠤ ᠣᠷᠣᠨ ᠳᠤ ᠳᠠᠩᠰᠠᠯᠠᠭᠤᠯᠤᠭᠠᠳ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠠᠵᠤ | ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠤᠰᠤ᠂ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ︵ᠬᠤᠪᠢ ᠬᠥᠮᠦᠨ ᠤ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠢ | ᠪᠠᠭᠲᠠᠭᠠᠨ᠎ᠠ︶ ᠶᠢ ᠡᠭᠦᠳᠦᠨ ᠪᠠᠶᠢᠭᠤᠯᠤᠭᠰᠠᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠵᠢᠴᠢ ᠲᠡᠭᠦᠨ ᠠᠴᠠ | ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠬᠠᠤᠯᠢ ᠶᠢᠨ ᠡᠷᠬᠡᠲᠡᠨ ᠤ ᠲᠥᠯᠥᠭᠡᠯᠡᠭᠴᠢ᠃ | 2. ᠭᠤᠶᠤᠴᠢᠯᠠᠭᠴᠢ ᠶᠢᠨ ᠲᠤᠰ ᠪᠡᠶ᠎ᠡ ᠵᠢᠴᠢ ᠬᠠᠨᠢ ᠨᠥᠬᠦᠷ ᠪᠣᠯᠣᠨ ᠡᠴᠢᠭᠡ ᠡᠬᠡ᠂ ᠦᠷ᠎ᠡ ᠬᠡᠦᠬᠡᠳ ᠨᠢ | ᠪᠤᠭᠤᠲᠤ ᠬᠤᠲᠠ ᠶᠢᠨ ᠬᠠᠷᠢᠶ᠎ᠠ ᠲᠣᠭᠤᠷᠢᠭ ᠤᠨ ᠬᠡᠪᠴᠢᠶᠡᠨ ᠳᠤ ᠥᠪᠡᠷ ᠤᠨ ᠣᠷᠣᠨ ᠰᠠᠭᠤᠴᠠ ᠪᠠᠶᠢᠬᠤ ᠦᠭᠡᠢ | ᠮᠥᠷᠲᠡᠭᠡᠨ ᠰᠢᠭᠤᠶᠢᠲᠤ ᠲᠣᠭᠤᠷᠢᠭ᠂ ᠬᠥᠮᠥᠨ ᠬᠡᠷᠡᠭᠯᠡᠬᠦ ᠨᠢᠭᠡᠴᠢ ᠨᠢ ᠣᠷᠣᠨ ᠰᠠᠭᠤᠴᠠ ᠬᠠᠩᠭᠠᠭᠰᠠᠨ ᠦᠭᠡᠢ︔ ︽ | ᠤᠶᠤᠲᠠᠳ ᠢ ᠲᠥᠪᠯᠡᠷᠡᠭᠦᠯᠬᠦ ᠲᠥᠯᠥᠪᠯᠡᠭᠡ︾ ᠶᠢᠨ ᠣᠷᠣᠨ ᠰᠠᠭᠤᠴᠠ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠡᠳ᠋ᠯᠡᠵᠦ ᠥᠩᠭᠡᠷᠡᠭᠰᠡᠨ ᠦᠭᠡᠢ︔ ᠡᠭᠦᠨ ᠤ ᠬᠠᠮᠲᠤ ᠪᠤᠰᠤᠳ ᠣᠷᠣᠨ ᠰᠠᠭᠤᠴᠠ ᠶᠢᠨ | ᠪᠠᠲᠤᠯᠠᠭ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠠᠮᠲᠤ ᠳᠤᠨᠢ ᠬᠦᠷᠲᠡᠵᠦ ᠥᠩᠭᠡᠷᠡᠭᠰᠡᠨ ᠦᠭᠡᠢ᠃ | ᠲᠦᠷᠢᠶᠡᠰᠦᠨ ᠮᠥᠩᠭᠦ ᠶᠢᠨ ᠨᠥᠬᠦᠪᠥᠷᠢ ᠶᠢ ᠭᠤᠶᠤᠴᠢᠯᠠᠬᠤ ᠳᠤ᠂ ᠭᠤᠶᠤᠴᠢᠯᠠᠭᠴᠢ ᠨᠢ ᠰᠢᠭᠤᠶᠢᠲᠦ | ᠲᠤᠭᠤᠷᠢᠭ ᠤᠨ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠳᠣᠲᠣᠷ᠎ᠠ ᠣᠷᠣᠨ ᠰᠠᠭᠤᠴᠠ ᠲᠦᠷᠢᠶᠡᠰᠦᠯᠡᠨ᠂ | ᠪᠠᠷᠢᠮᠵᠢᠶ᠎ᠠ ᠶᠢᠨ ᠵᠢᠱᠢᠶ᠎ᠡ ᠦᠵᠡᠭᠦᠯᠬᠦ ᠪᠢᠴᠢᠭᠯᠡᠭᠰᠡᠨ ᠭᠡᠷ᠎ᠡ ᠶᠢ ᠬᠡᠷᠡᠭᠯᠡᠵᠦ᠂ ᠭᠡᠷ ᠪᠠᠶᠢᠰᠢᠩ ᠲᠦᠷᠢᠶᠡᠰᠦᠯᠡᠭᠰᠡᠨ ᠦᠨᠡᠨ | ᠪᠣᠳᠠᠲᠠᠶ ᠬᠦᠴᠦᠨ ᠪᠦᠬᠦᠢ ᠭᠡᠷ᠎ᠡ ᠲᠣᠭᠲᠠᠭᠠᠬᠤ ᠶᠢᠨ ᠬᠠᠮᠲᠤ᠂ ᠣᠷᠣᠨ ᠰᠠᠭᠤᠴᠠ ᠲᠦᠷᠢᠶᠡᠰᠦᠯᠡᠬᠦ ᠭᠡᠷ᠎ᠡ ᠶᠢᠨ | ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠵᠤ ᠳᠠᠩᠰᠠᠯᠠᠭᠤᠯᠬᠤ ᠬᠡᠷᠡᠭᠲᠡᠶ᠃ | ︵ᠬᠤᠶᠠᠷ ︶ ᠮᠡᠷᠭᠡᠵᠢᠯ ᠤᠨ ᠯᠠᠪᠯᠠᠭ᠎ᠠ᠂ ᠲᠤᠰᠢᠶᠠᠯ ᠬᠠᠪᠰᠤᠷᠭᠠᠭᠰᠠᠨ ᠦᠢᠯᠡᠴᠢᠯᠡᠭᠡ᠂ ᠮᠡᠷᠭᠡᠵᠢᠯ ᠢᠶᠠᠷ | ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ ᠰᠢᠭᠤᠶᠢᠲᠦ ᠲᠤᠭᠤᠷᠢᠭ ᠲᠤ ᠤᠶᠠᠨ ᠬᠠᠳᠠᠨ ᠴᠢᠨᠠᠷᠲᠠᠢ ᠪᠠᠷ | ᠣᠷᠣᠭᠤᠯᠤᠨ ᠠᠪᠴᠢᠷᠠᠬᠤ ᠶᠢᠨ ᠬᠠᠮᠲᠤ ᠬᠥᠳᠡᠯᠮᠦᠷᠢ ᠶᠢᠨ ᠭᠡᠷ᠎ᠡ ︵ᠦᠢᠯᠡᠴᠢᠯᠡᠭᠡᠨ ᠤ ᠵᠥᠪᠯᠡᠯᠴᠡᠭᠡᠷ︶ ᠲᠣᠭᠲᠠᠬᠤ | ︽ᠨᠡᠭᠦᠳᠡᠯ ᠤᠨ ᠰᠢᠪᠠᠭᠤ ᠶᠢᠨ ᠮᠠᠶ᠋ᠢᠭ︾ ᠤᠨ ᠢᠨᠵᠧᠨᠧᠷ ︵ᠠᠵᠢᠯ ᠠᠴᠠ ᠪᠠᠨ ᠠᠮᠠᠷᠠᠭᠰᠠᠨ ᠢᠨᠵᠧᠨᠧᠷ ᠢ | ᠪᠠᠭᠲᠠᠭᠠᠨ᠎ᠠ︶ ᠵᠡᠷᠭᠡ ᠳᠤᠮᠳᠠ ᠳᠡᠭᠡᠳᠦ ᠲᠠᠰ ᠤᠨ ᠴᠢᠳᠠᠪᠤᠷᠢᠲᠠᠨ᠂ ᠰᠢᠭᠤᠶᠢᠲᠦ ᠲᠤᠭᠤᠷᠢᠭ ᠤᠨ ᠠᠵᠢᠯᠯᠠᠬᠤ | ᠬᠤᠭᠤᠴᠠᠭᠠᠨ ᠳᠤ ᠦᠨ᠎ᠡ ᠲᠥᠯᠥᠪᠦᠷᠢ ᠦᠭᠡᠶ ᠪᠠᠷ ᠰᠢᠭᠤᠶᠢᠲᠦ ᠲᠤᠭᠤᠷᠢᠭ ᠤᠨ ᠴᠢᠳᠠᠪᠤᠷᠢᠲᠠᠨ ᠤ ᠪᠠᠶᠢᠷᠢ ᠳᠤ | ᠰᠠᠭᠤᠵᠤ ᠪᠣᠯᠤᠨ᠎ᠠ᠃ | ᠭᠤᠷᠪᠠ᠂ ᠪᠠᠲᠤᠯᠠᠭ᠎ᠠ ᠶᠢᠨ ᠠᠷᠭ᠎ᠠ ᠮᠠᠶ᠋ᠢᠭ ᠪᠠ ᠪᠠᠷᠢᠮᠵᠢᠶ᠎ᠠ | ︵ᠨᠢᠭᠡ︶ ᠪᠠᠲᠤᠯᠠᠭ᠎ᠠ ᠶᠢᠨ ᠠᠷᠭ᠎ᠠ ᠬᠡᠯᠪᠡᠷᠢ᠃ ᠪᠠᠲᠤᠯᠠᠭ᠎ᠠ ᠶᠢᠨ ᠠᠷᠭ᠎ᠠ ᠮᠠᠶ᠋ᠢᠭ ᠨᠢ ᠭᠡᠷ ᠪᠠᠶᠢᠰᠢᠩ | ᠬᠤᠳᠠᠯᠳᠤᠨ ᠠᠪᠬᠤ ᠨᠤᠭᠤᠯᠪᠤᠷᠢ ᠶᠢᠨ ᠨᠥᠬᠦᠪᠥᠷᠢ᠂ ᠲᠦᠷᠢᠶᠡᠰᠦᠨ ᠮᠥᠩᠭᠦ ᠶᠢᠨ ᠨᠥᠬᠦᠪᠥᠷᠢ ᠪᠠ ᠪᠣᠳᠠᠲᠤ ᠶᠠᠭᠤᠮ᠎ᠠ | ᠲᠣᠬᠢᠷᠠᠭᠤᠯᠤᠨ ᠲᠦᠷᠢᠶᠡᠰᠦᠯᠡᠬᠦ ᠭᠡᠵᠦ ᠬᠤᠪᠢᠶᠠᠨ᠎ᠠ᠃ ᠭᠡᠷ ᠪᠠᠶᠢᠰᠢᠩ ᠬᠤᠳᠠᠯᠳᠤᠨ ᠠᠪᠬᠤ ᠪᠤᠰᠤ ᠦᠨ᠎ᠡ ᠶᠢᠨ | ᠨᠥᠬᠦᠪᠥᠷᠢ ᠥᠭᠬᠦ ᠭᠤᠶᠤᠴᠢᠯᠠᠭᠴᠢ ᠨᠢ ᠲᠦᠷᠢᠶᠡᠰᠦᠨ ᠮᠥᠩᠭᠦ ᠶᠢᠨ ᠨᠥᠬᠦᠪᠥᠷᠢ ᠪᠠ ᠪᠣᠳᠠᠲᠤ ᠶᠠᠭᠤᠮ᠎ᠠ ᠪᠠᠷ | ᠲᠦᠷᠢᠶᠡᠰᠦᠯᠡᠭᠦᠯᠬᠦ ᠶᠢ ᠬᠠᠮᠲᠤ ᠳᠤᠨᠢ ᠭᠤᠶᠤᠴᠢᠯᠠᠵᠤ ᠪᠣᠯᠬᠤ ᠦᠭᠡᠶ᠃ ᠡᠷ᠎ᠡ ᠡᠮ᠎ᠡ ᠬᠤᠶᠠᠷ ᠲᠠᠯ᠎ᠠ ᠪᠠᠷ ᠢᠶᠠᠨ | ᠪᠠᠲᠤᠯᠠᠭ᠎ᠠ ᠬᠦᠷᠳᠡᠬᠦ ᠡᠲᠡᠭᠡᠳ ᠪᠠᠶᠢᠪᠠᠯ᠂ ᠠᠮᠤᠷ ᠲᠦᠪᠰᠢᠨ ᠤ ᠪᠠᠲᠤᠯᠠᠭ᠎ᠠ ᠶᠢ ᠳᠠᠪᠬᠤᠷᠳᠠᠭᠤᠯᠤᠨ ᠬᠦᠷᠲᠡᠵᠦ | ᠪᠣᠯᠬᠤ ᠦᠭᠡᠢ᠂ ᠡᠷ᠎ᠡ ᠡᠮ᠎ᠡ ᠬᠤᠶᠠᠭᠤᠯᠠ ᠶᠢᠨ ᠨᠢᠭᠡ ᠲᠠᠯ᠎ᠠ ᠨᠢ ᠰᠠᠶ᠋ᠢ ᠬᠦᠷᠲᠡᠵᠦ ᠪᠣᠯᠬᠤ ᠬᠠᠮᠤᠭ ᠤᠨ ᠥᠨᠳᠥᠷ | ᠪᠠᠷᠢᠮᠵᠢᠶ᠎ᠠ ᠪᠠᠷ ᠬᠡᠷᠡᠭᠵᠢᠭᠦᠯᠦᠨ᠎ᠡ᠃ ︽ᠦᠢᠯᠡᠴᠢᠯᠡᠭᠡᠨ ᠤ ᠺᠠᠷᠲ︾ ᠲᠠᠢ ᠴᠢᠳᠠᠪᠤᠷᠢᠲᠠᠨ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ | ᠰᠦᠯᠵᠢᠶᠡᠨ ᠳᠡᠭᠡᠷ᠎ᠡ ᠪᠣᠯᠵᠣᠬᠤ ᠴᠢᠬᠤᠯᠠ ᠦᠭᠡᠢ᠂ ᠲᠡᠷᠡ ᠳᠠᠷᠤᠢ ᠳᠤᠨᠢ ᠭᠦᠢᠴᠡᠳᠭᠡᠵᠦ ᠪᠤᠯᠤᠨ᠎ᠠ︔ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠭᠡᠯᠡᠯᠭᠡ ᠶᠢ 6 ᠰᠠᠷ᠎ᠠ ᠭᠦᠢᠴᠡᠳ ᠲᠤᠭ᠎ᠠ ᠪᠠᠷ | ᠲᠤᠰᠢᠶᠠᠨ ᠬᠠᠳᠠᠭᠠᠯᠠᠭᠤᠯᠪᠠᠯ ᠳᠠᠷᠤᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ | ᠵᠢᠭᠡᠯᠡᠯᠭᠡ ᠶᠢ ᠭᠦᠢᠴᠡᠳᠬᠡᠵᠦ ᠪᠣᠯᠤᠨ᠎ᠠ︔ ᠭᠠᠭᠴᠠ ᠪᠡᠶ᠎ᠡ ᠪᠤᠶᠤ ᠭᠠᠭᠴᠠ ᠲᠠᠯ᠎ᠠ ᠠᠴᠠ ᠲᠤᠰᠢᠶᠠᠭᠰᠠᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠭᠡᠯᠡᠯᠭᠡ ᠶᠢᠨ ᠬᠠᠮᠤᠭ ᠤᠨ ᠥᠨᠳᠥᠷ | ᠬᠢᠵᠠᠭᠠᠷᠯᠠᠭᠰᠠᠨ ᠲᠤᠭ᠎ᠠ 60 ᠲᠦᠮᠡᠨ ᠲᠥᠭᠦᠷᠢᠭ ᠲᠤ ᠬᠦᠷᠴᠦ᠂ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠭᠡᠯᠡᠯᠭᠡ ᠶᠢᠨ ᠬᠠᠮᠤᠭ ᠤᠨ ᠥᠨᠳᠥᠷ | ᠬᠢᠵᠠᠭᠠᠷᠯᠠᠭᠰᠠᠨ ᠲᠤᠭ᠎ᠠ 100 ᠲᠦᠮᠡᠨ ᠲᠥᠭᠦᠷᠢᠭ ︵ᠡᠨᠡ ᠬᠦ ᠲᠤᠬᠠᠶᠢᠯᠠᠭᠰᠠᠨ ᠠᠵᠢᠯ ᠢ ᠴᠥᠮ ᠬᠤᠲᠠ ᠳᠤ | ᠭᠦᠢᠴᠡᠳᠬᠡᠵᠦ᠂ ᠰᠢᠭᠤᠶᠢᠲᠦ ᠲᠤᠭᠤᠷᠢᠭ ᠲᠣᠰ ᠪᠠᠷᠢᠮᠵᠢᠶ᠎ᠠ ᠶᠢ ᠬᠡᠷᠡᠭᠵᠢᠭᠦᠯᠪᠡ︶ ᠪᠤᠯᠤᠨ᠎ᠠ᠃ | ︵ᠬᠤᠶᠠᠷ︶ ᠪᠠᠲᠤᠯᠠᠭ᠎ᠠ ᠶᠢᠨ ᠪᠠᠷᠢᠮᠵᠢᠶ᠎ᠠ | ᠨᠢᠭᠡ ᠳᠤ᠂ ᠬᠡᠷ ᠬᠤᠳᠠᠯᠳᠤᠨ ᠠᠪᠬᠤ ᠦᠨ᠎ᠡ ᠬᠠᠩᠰᠢ ᠶᠢᠨ ᠨᠥᠬᠦᠪᠥᠷᠢ ᠶᠢᠨ ᠪᠠᠷᠢᠮᠵᠢᠶ᠎ᠠ ︵2021 | ᠣᠨ ᠤ 3 ᠳ᠋ᠤᠭᠠᠷ ᠰᠠᠷ᠎ᠠ ᠶᠢᠨ 3 ᠤ ᠡᠳᠦᠷ ᠠᠴᠠ ᠰᠡᠭᠦᠯᠡᠷ ᠬᠤᠳᠠᠯᠳᠤᠨ ᠠᠪᠤᠨ᠎ᠠ︶ | ︽ᠪᠤᠭᠤᠲᠤ ᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠮᠠᠭᠠᠳᠯᠠᠨ ᠲᠣᠭᠲᠠᠭᠠᠬᠤ | ᠭᠠᠷᠴᠠᠭ ︵2021 ᠣᠨ︶︾ ᠳᠠᠬᠢ ᠳᠥᠷᠪᠡᠳᠦᠭᠡᠷ ᠲᠥᠷᠥᠯ ᠵᠢᠴᠢ ᠲᠡᠭᠦᠨ ᠠᠴᠠ ᠳᠡᠭᠡᠭᠰᠢᠬᠢ ᠲᠠᠰ | ᠳᠠᠪᠬᠤᠷᠭ᠎ᠠ ᠶᠢᠨ ᠴᠢᠳᠠᠪᠤᠷᠢᠲᠠᠨ ᠢ ᠪᠦᠷᠢᠨ ᠲᠤᠰᠢᠶᠠᠯ ᠲᠠᠢ ᠪᠠᠷ ᠣᠷᠣᠭᠤᠯᠤᠨ ᠠᠪᠴᠢᠷᠠᠬᠤ ᠶᠢᠨ ᠬᠠᠮᠲᠤ ᠡᠷᠦᠬᠡ | ᠠᠮᠠ ᠳᠤ ᠣᠷᠣᠭᠤᠯᠤᠭᠰᠠᠨ ᠪᠠᠶᠢᠪᠠᠯ᠂ ᠰᠢᠭᠤᠶᠢᠲᠦ ᠲᠤᠭᠤᠷᠢᠭ ᠤᠨ ᠬᠡᠪᠴᠢᠶᠡᠨ ᠳᠤ ᠬᠠᠮᠤᠭ ᠤᠨ ᠠᠩᠬᠠᠨ ᠤ | ᠥᠪᠡᠰᠦᠪᠡᠨ ᠬᠡᠷᠡᠭᠯᠡᠬᠦ ᠣᠷᠣᠨ ᠰᠠᠭᠤᠴᠠ ᠬᠤᠳᠠᠯᠳᠤᠨ ᠠᠪᠴᠤ᠂ ᠪᠠᠷᠢᠯᠭ᠎ᠠ ᠶᠢᠨ ᠲᠠᠯᠠᠪᠠᠶ ᠶᠢᠨ 150 ᠲᠡᠭᠰᠢ | ᠳᠥᠷᠪᠡᠯᠵᠢᠨ ᠮᠧᠲᠷ ᠤᠨ ᠪᠠᠷᠢᠮᠵᠢᠶ᠎ᠠ ᠪᠠᠷ ᠠᠷᠠᠯᠵᠢᠶ᠎ᠠ ᠪᠦᠲᠦᠭᠰᠡᠨ ᠦᠨ᠎ᠡ ᠶᠢᠨ 60% ᠶᠢᠨ ᠨᠤᠭᠤᠯᠪᠤᠷᠢ | ᠨᠥᠬᠦᠪᠥᠷᠢ ︵ᠬᠤᠲᠠ ᠶᠢᠨ ᠬᠢ ᠲᠠᠢ ᠬᠠᠷᠢᠴᠠᠭᠤᠯᠪᠠᠯ 10% ᠪᠠᠷ ᠪᠠᠭᠤᠷᠠᠭᠤᠯᠤᠨ᠎ᠠ︶ ᠬᠦᠷᠲᠡᠨ᠎ᠡ᠃ | ᠪᠦᠷᠢᠨ ᠲᠤᠰᠢᠶᠠᠯ ᠲᠠᠢ ᠮᠠᠨ ᠤ ᠤᠷᠤᠨ ᠤ ︽ᠬᠤᠤᠰ ᠲᠡᠷᠢᠭᠦᠨ︾ ᠶᠡᠭᠡ ᠳᠡᠭᠡᠳᠦ ᠰᠤᠷᠭᠠᠭᠤᠯᠢ ᠶᠢᠨ | ᠳ᠋ᠤᠺᠲ᠋ᠤᠷ ᠤᠨ ᠰᠤᠳᠤᠯᠬᠤ ᠰᠤᠷᠤᠭᠴᠢ ᠣᠷᠣᠭᠤᠯᠤᠨ ᠠᠪᠴᠢᠷᠠᠬᠤ ᠶᠢᠨ ᠬᠠᠮᠲᠤ ᠨᠤᠲᠤᠭᠰᠢᠭᠤᠯᠵᠤ᠂ ᠰᠢᠭᠤᠶᠢᠲᠦ | ᠲᠤᠭᠤᠷᠢᠭ ᠤᠨ ᠬᠡᠪᠴᠢᠶᠡᠨ ᠳᠤ ᠠᠩᠬᠠᠳᠤᠭᠠᠷ ᠢᠵᠢ ᠥᠪᠡᠷ ᠢᠶᠠᠨ ᠬᠡᠷᠡᠭᠯᠡᠬᠦ ᠣᠷᠣᠨ ᠰᠠᠭᠤᠴᠠ ᠬᠤᠳᠠᠯᠳᠤᠨ | ᠠᠪᠴᠤ᠂ ᠪᠠᠷᠢᠯᠭ᠎ᠠ ᠶᠢᠨ ᠲᠠᠯᠠᠪᠠᠶ ᠶᠢᠨ 120 ᠲᠡᠭᠰᠢ ᠳᠥᠷᠪᠡᠯᠵᠢᠨ ᠮᠧᠲᠷ ᠤᠨ ᠪᠠᠷᠢᠮᠵᠢᠶ᠎ᠠ ᠪᠠᠷ ᠠᠷᠠᠯᠵᠢᠶ᠎ᠠ | ᠪᠦᠲᠦᠭᠰᠡᠨ ᠦᠨ᠎ᠡ ᠶᠢᠨ 8% ᠶᠢᠨ ᠨᠤᠭᠤᠯᠪᠤᠷᠢ ᠨᠥᠬᠦᠪᠥᠷᠢ ᠶᠢ ᠬᠦᠷᠲᠡᠨ᠎ᠡ ︵ᠬᠤᠲᠠ ᠶᠢᠨ ᠬᠢ ᠲᠠᠢ | ᠬᠠᠷᠢᠴᠠᠭᠤᠯᠪᠠᠯ 3% ᠪᠠᠷ ᠪᠠᠭᠤᠷᠠᠭᠤᠯᠤᠨ᠎ᠠ︶᠃ | ᠪᠦᠷᠢᠨ ᠲᠤᠰᠢᠶᠠᠯ ᠲᠠᠢ ᠮᠠᠨ ᠤ ᠣᠷᠣᠨ ᠤ ︽ᠬᠤᠣᠰ ᠲᠡᠷᠢᠭᠦᠨ︾ ᠶᠡᠭᠡ ᠳᠡᠭᠡᠳᠦ ᠰᠤᠷᠭᠠᠭᠤᠯᠢ ᠶᠢᠨ | ᠮᠠᠰᠲ᠋ᠧᠷ ᠤᠨ ᠰᠤᠳᠤᠯᠬᠤ ᠰᠤᠷᠤᠭᠴᠢ ᠢ ᠣᠷᠣᠭᠤᠯᠤᠨ ᠠᠪᠴᠢᠷᠠᠬᠤ ᠶᠢᠨ ᠬᠠᠮᠲᠤ ᠮᠠᠨ ᠤ ᠣᠷᠣᠨ ᠤ ︽ᠰᠢᠭᠤᠶᠢᠲᠤ | ᠲᠣᠭᠤᠷᠢᠭ ᠤᠨ ᠬᠠᠷᠢᠶ᠎ᠠ ᠣᠷᠣᠨ ᠤ ᠬᠡᠪᠴᠢᠶᠡᠨ ᠳᠤ ᠠᠩᠬᠠᠨ ᠤ ᠢᠵᠢ ᠥᠪᠡᠷ ᠢᠶᠠᠨ ᠬᠡᠷᠡᠭᠯᠡᠬᠦ ᠣᠷᠣᠨ ᠰᠠᠭᠤᠴᠠ | ᠬᠤᠳᠠᠯᠳᠤᠨ ᠠᠪᠴᠤ᠂ ᠪᠠᠷᠢᠯᠭ᠎ᠠ ᠶᠢᠨ ᠲᠠᠯᠠᠪᠠᠶ ᠨᠢ 90 ᠲᠡᠭᠰᠢ ᠳᠥᠷᠪᠡᠯᠵᠢᠨ ᠮᠧᠲᠷ ᠤᠨ ᠪᠠᠷᠢᠮᠵᠢᠶ᠎ᠠ ᠪᠠᠷ | ᠠᠷᠠᠯᠵᠢᠶ᠎ᠠ ᠪᠦᠲᠦᠭᠰᠡᠨ ᠦᠨ᠎ᠡ ᠶᠢᠨ 5% ᠶᠢᠨ ᠨᠤᠭᠤᠯᠪᠤᠷᠢ ᠨᠥᠬᠦᠪᠥᠷᠢ ᠶᠢ ᠭᠥᠷᠳᠡᠨ᠎ᠡ ︵ᠬᠤᠲᠠ ᠶᠢᠨ ᠬᠢ ᠲᠠᠢ | ᠬᠠᠷᠢᠴᠠᠭᠤᠯᠪᠠᠯ 2% ᠪᠠᠷ ᠪᠠᠭᠤᠷᠠᠭᠤᠯᠤᠨ᠎ᠠ︶᠃ | ᠬᠤᠳᠠᠯᠳᠤᠨ ᠠᠪᠤᠭᠰᠠᠨ ᠥᠪᠡᠷ ᠢᠶᠠᠨ ᠬᠡᠷᠡᠭᠯᠡᠬᠦ ᠣᠷᠣᠨ ᠰᠠᠭᠤᠴᠠ ᠶᠢᠨ ᠥᠮᠴᠢᠯᠡᠬᠦ ᠡᠷᠬᠡ ᠲᠠᠢ | ᠬᠥᠮᠦᠨ ᠨᠢ ᠭᠤᠶᠤᠴᠢᠯᠠᠭᠴᠢ ᠲᠤᠰ ᠬᠥᠮᠦᠨ ᠪᠤᠶᠤ ᠬᠠᠨᠢ ᠨᠥᠬᠦᠷ ᠨᠢ ᠬᠠᠮᠲᠤ ᠪᠠᠷ ᠥᠮᠴᠢᠯᠡᠬᠦ ᠬᠡᠷᠡᠭᠲᠡᠶ᠃ | ᠬᠤᠶᠠᠷ ᠲᠤ᠂ ᠲᠦᠷᠢᠶᠡᠰᠦᠨ ᠮᠥᠩᠭᠦ ᠶᠢᠨ ᠨᠥᠬᠦᠪᠥᠷᠢ ᠶᠢᠨ ᠪᠠᠷᠢᠮᠵᠢᠶ᠎ᠠ᠃ ᠨᠥᠬᠦᠪᠥᠷᠢ ᠶᠢᠨ | ᠪᠠᠷᠢᠮᠵᠢᠶ᠎ᠠ ᠨᠢ ᠰᠠᠷ᠎ᠠ ᠪᠦᠷᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 20 ᠲᠥᠭᠦᠷᠢᠭ ︵ᠬᠤᠲᠠ ᠶᠢᠨ ᠬᠢ ᠲᠠᠢ | ᠬᠠᠷᠢᠴᠠᠭᠤᠯᠪᠠᠯ ᠨᠥᠬᠦᠪᠥᠷᠢ ᠨᠢ 4 ᠲᠥᠭᠦᠷᠢᠭ ᠨᠡᠮᠡᠭᠳᠡᠪᠡ︔ 2021 ᠣᠨ ᠤ 3 ᠳ᠋ᠤᠭᠠᠷ ᠰᠠᠷ᠎ᠠ ᠶᠢᠨ 3 ᠤ | ᠡᠳᠦᠷ ᠠᠴᠠ ᠰᠡᠭᠦᠯᠡᠷ ᠲᠦᠷᠢᠶᠡᠰᠦᠯᠡᠬᠦ ᠭᠡᠷ᠎ᠡ ᠲᠣᠭᠲᠠᠭᠠᠨ᠎ᠠ︶᠃ | 1. ᠠᠺᠠᠳᠧᠮᠢᠴᠢ ᠶᠢ ᠣᠷᠣᠭᠤᠯᠤᠨ ᠠᠪᠴᠢᠷᠠᠬᠤ ᠪᠤᠶᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ | ᠡᠵᠡᠮᠰᠢᠨ᠂ ᠬᠤᠳᠠᠯᠳᠤᠭᠠᠨ ᠤ ᠬᠡᠪ ᠵᠠᠭᠪᠤᠷ ᠤᠨ ᠰᠢᠨ᠎ᠡ ᠶᠢ ᠡᠭᠦᠳᠬᠦ ᠵᠡᠷᠭᠡ ᠤᠯᠤᠰ ᠤᠨ ᠳᠡᠰ ᠤᠨ ᠠᠵᠤ | ᠦᠢᠯᠡᠰ ᠤᠨ ᠪᠦᠯᠦᠭᠵᠢᠯ ᠢ ᠪᠠᠶᠢᠭᠤᠯᠵᠤ ᠳᠡᠶᠢᠯᠬᠦ ᠣᠷᠦ᠋ᠢᠯᠠᠭᠰᠠᠨ ᠴᠢᠳᠠᠪᠤᠷᠢᠲᠠᠨ᠂ ᠰᠠᠷ᠎ᠠ ᠪᠦᠷᠢ 300 ᠲᠡᠭᠰᠢ | ᠳᠥᠷᠪᠡᠯᠵᠢᠨ ᠮᠧᠲᠷ ᠤᠨ ᠣᠷᠣᠨ ᠰᠠᠭᠤᠴᠠ ᠪᠤᠶᠤ ᠠᠳᠠᠯᠢ ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ | ᠲᠦᠷᠢᠶᠡᠰᠦᠯᠡᠬᠦ ᠨᠥᠬᠦᠪᠥᠷᠢ ᠬᠠᠩᠭᠠᠨ᠎ᠠ᠃ ᠰᠢᠭᠤᠶᠢᠲᠦ ᠲᠤᠭᠤᠷᠢᠭ ᠲᠤ 5 ᠵᠢᠯ ᠠᠵᠢᠯᠯᠠᠭᠠᠳ ᠬᠤᠪᠢ ᠨᠡᠮᠡᠷᠢ ᠨᠢ | ᠳᠤᠪᠤᠶᠢᠮ᠎ᠠ ᠪᠠᠶᠢᠪᠠᠯ᠂ ᠦᠨ᠎ᠡ ᠲᠥᠯᠥᠪᠦᠷᠢ ᠦᠭᠡᠢ ᠪᠠᠷ ᠣᠷᠣᠨ ᠰᠠᠭᠤᠴᠠ ᠥᠭᠴᠦ ᠪᠣᠯᠤᠨ᠎ᠠ᠃ | 2. ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠤᠶᠤ ᠭᠤᠣᠯᠯᠠᠬᠤ | ᠮᠡᠷᠭᠡᠵᠢᠯ ᠲᠠᠢ᠂ ᠠᠵᠤ ᠠᠬᠤᠶᠢᠯᠠᠯ ᠤᠨ ᠤᠯᠤᠰ ᠤᠨ ᠳᠣᠲᠣᠭᠠᠳᠤ ᠶᠢᠨ ᠲᠡᠷᠢᠭᠦᠨ ᠤ ᠮᠡᠷᠭᠡᠵᠢᠯ ᠤᠨ ᠬᠢᠷᠢ ᠲᠦᠪᠰᠢᠨ | ᠪᠦᠬᠦᠢ ᠳᠡᠭᠡᠳᠦ ᠲᠡᠰ ᠤᠨ ᠦᠢᠯᠡᠰ ᠴᠣᠭᠴᠠᠯᠠᠬᠤ ᠴᠢᠳᠠᠪᠤᠷᠢᠲᠠᠨ ᠤ ᠪᠦᠯᠬᠦᠮ ᠢ ᠣᠷᠣᠭᠤᠯᠤᠨ ᠠᠪᠴᠢᠷᠠᠵᠤ᠂ | ᠪᠦᠯᠬᠦᠮ ᠤᠨ ᠳᠠᠭᠠᠭᠤᠯᠤᠭᠴᠢ ᠳᠤ ᠰᠠᠷ᠎ᠠ ᠪᠦᠷᠢ 200 ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠪᠤᠶᠤ | ᠠᠳᠠᠯᠢ ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ ᠲᠦᠷᠢᠶᠡᠰᠦᠯᠡᠬᠦ ᠨᠥᠬᠦᠪᠥᠷᠢ ᠬᠠᠩᠭᠠᠨ᠎ᠠ᠃ ᠰᠢᠭᠤᠶᠢᠲᠦ | ᠲᠤᠭᠤᠷᠢᠭ ᠲᠤ 5 ᠵᠢᠯ ᠠᠵᠢᠯᠯᠠᠭᠰᠠᠨ ᠪᠥᠭᠡᠳ ᠬᠤᠪᠢ ᠨᠡᠮᠡᠷᠢ ᠪᠠᠷ ᠳᠤᠪᠤᠶᠢᠮ᠎ᠠ ᠪᠠᠶᠢᠪᠠᠯ᠂ ᠦᠨ᠎ᠡ ᠲᠥᠯᠥᠪᠦᠷᠢ | ᠦᠭᠡᠢ ᠪᠠᠷ ᠣᠷᠣᠨ ᠰᠠᠭᠤᠴᠠ ᠥᠭᠴᠦ ᠪᠣᠯᠤᠨ᠎ᠠ᠃ | 3. ᠳ᠋ᠣᠺᠲ᠋ᠣᠷ ᠤᠨ ᠰᠤᠳᠤᠯᠬᠤ ᠰᠤᠷᠤᠭᠴᠢ ᠳᠤ ᠰᠠᠷ᠎ᠠ ᠪᠦᠷᠢ 120 ᠲᠡᠭᠰᠢ ᠳᠥᠷᠪᠡᠯᠵᠢᠨ ᠮᠧᠲᠷ ᠤᠨ | ᠣᠷᠣᠨ ᠰᠠᠭᠤᠴᠠ ᠶᠢᠨ ᠪᠠᠷᠢᠮᠵᠢᠶ᠎ᠠ ᠪᠠᠷ ᠣᠯᠭᠤᠨ᠎ᠠ᠃ ᠡᠮᠦᠨ᠎ᠡ ᠬᠤᠶᠠᠷ ᠵᠢᠯ ᠳᠤ ᠪᠦᠬᠦ ᠲᠤᠭ᠎ᠠ ᠪᠠᠷ ᠣᠯᠭᠤᠵᠤ᠂ | ᠬᠤᠶᠢᠨ᠎ᠠ ᠬᠤᠶᠠᠷ ᠵᠢᠯ ᠳᠤ ᠬᠠᠭᠠᠰ ᠢᠶᠠᠷ ᠪᠠᠭᠤᠷᠠᠭᠤᠯᠵᠤ ᠣᠯᠭᠤᠨ᠎ᠠ᠃ | 4. ᠮᠠᠰᠲ᠋ᠧᠷ ᠤᠨ ᠰᠤᠳᠤᠯᠬᠤ ᠰᠤᠷᠤᠭᠴᠢ ᠳᠤ ᠰᠠᠷ᠎ᠠ ᠪᠦᠷᠢ 90 ᠲᠡᠭᠰᠢ ᠳᠥᠷᠪᠡᠯᠵᠢᠨ ᠮᠧᠲᠷ ᠤᠨ | ᠣᠷᠣᠨ ᠰᠠᠭᠤᠴᠠ ᠶᠢᠨ ᠪᠠᠷᠢᠮᠵᠢᠶ᠎ᠠ ᠪᠠᠷ ᠣᠯᠭᠤᠨ᠎ᠠ᠃ ᠡᠮᠦᠨ᠎ᠡ ᠬᠤᠶᠠᠷ ᠵᠢᠯ ᠳᠤ ᠪᠦᠬᠦ ᠲᠤᠭ᠎ᠠ ᠪᠠᠷ ᠣᠯᠭᠤᠵᠤ᠂ | ᠬᠤᠶᠢᠨ᠎ᠠ ᠬᠤᠶᠠᠷ ᠵᠢᠯ ᠳᠤ ᠬᠠᠭᠠᠰ ᠢᠶᠠᠷ ᠪᠠᠭᠤᠷᠠᠭᠤᠯᠵᠤ ᠣᠯᠭᠤᠨ᠎ᠠ᠃ | 5. ︽ᠬᠤᠣᠰ ᠲᠡᠷᠢᠭᠦᠨ︾ ᠪᠦᠲᠦᠭᠡᠨ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ | ᠠᠩᠭᠢ ᠶᠢᠨ ᠰᠤᠷᠤᠭᠴᠢ ᠳᠤ ᠰᠠᠷ᠎ᠠ ᠪᠦᠷᠢ 60 ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠶᠢᠨ | ᠪᠠᠷᠢᠮᠵᠢᠶ᠎ᠠ ᠪᠠᠷ ᠣᠯᠭᠤᠨ᠎ᠠ᠃ ᠨᠢᠭᠡᠳᠦᠭᠡᠷ ᠵᠢᠯ ᠳᠤ ᠪᠦᠬᠦ ᠲᠤᠭ᠎ᠠ ᠪᠠᠷ ᠣᠯᠭᠤᠵᠤ᠂ ᠬᠤᠶᠠᠳᠤᠭᠠᠷ ᠵᠢᠯ ᠳᠤ | ᠬᠠᠭᠠᠰ ᠢᠶᠠᠷ ᠪᠠᠭᠤᠷᠠᠭᠤᠯᠵᠤ ᠣᠯᠭᠤᠨ᠎ᠠ᠃ | 6. ᠪᠤᠰᠤᠳ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠭᠴᠢ ᠳᠤ ᠰᠠᠷ᠎ᠠ ᠪᠦᠷᠢ 30 ᠲᠡᠭᠰᠢ | ᠳᠥᠷᠪᠡᠯᠵᠢᠨ ᠮᠧᠲᠷ ᠤᠨ ᠣᠷᠣᠨ ᠰᠠᠭᠤᠴᠠ ᠶᠢᠨ ᠪᠠᠷᠢᠮᠵᠢᠶ᠎ᠠ ᠪᠠᠷ ᠣᠯᠭᠤᠨ᠎ᠠ᠃ ᠨᠢᠭᠡᠳᠦᠭᠡᠷ ᠵᠢᠯ ᠳᠤ ᠪᠦᠬᠦ | ᠲᠤᠭ᠎ᠠ ᠪᠠᠷ ᠣᠯᠭᠤᠵᠦ᠂ ᠬᠤᠶᠠᠳᠤᠭᠠᠷ ᠵᠢᠯ ᠳᠤ ᠬᠠᠭᠠᠰ ᠢᠶᠠᠷ ᠪᠠᠭᠤᠷᠠᠭᠤᠯᠵᠤ ᠣᠯᠭᠤᠨ᠎ᠠ᠃ | 7. ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠳᠤᠮᠳᠠ ᠵᠡᠷᠭᠡ ᠶᠢᠨ ᠲᠤᠰᠬᠠᠶ | ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠢ ᠰᠠᠷ᠎ᠠ ᠪᠦᠷᠢ 20 ᠲᠡᠭᠰᠢ ᠳᠥᠷᠪᠡᠯᠵᠢᠨ ᠮᠧᠲᠷ ᠤᠨ ᠣᠷᠣᠨ | ᠰᠠᠭᠤᠴᠠ ᠶᠢᠨ ᠪᠠᠷᠢᠮᠵᠢᠶ᠎ᠠ ᠪᠠᠷ ᠣᠯᠭᠤᠨ᠎ᠠ᠃ ᠨᠢᠭᠡᠳᠦᠭᠡᠷ ᠵᠢᠯ ᠳᠤ ᠪᠦᠬᠦ ᠲᠤᠭ᠎ᠠ ᠪᠠᠷ ᠣᠯᠭᠤᠵᠦ᠂ ᠬᠤᠶᠠᠳᠤᠭᠠᠷ | ᠵᠢᠯ ᠳᠤ ᠬᠠᠭᠠᠰ ᠢᠶᠠᠷ ᠪᠠᠭᠤᠷᠠᠭᠤᠯᠵᠤ ᠤᠯᠭᠤᠨ᠎ᠠ᠃ | 8. ᠪᠤᠰᠤᠳ ᠣᠨᠴᠠ ᠬᠡᠷᠡᠭᠴᠡᠭᠡᠲᠦ ᠴᠢᠳᠠᠪᠤᠷᠢᠲᠠᠨ ᠪᠣᠳᠠᠲᠤ ᠪᠠᠶᠢᠳᠠᠯ ᠢᠶᠠᠨ ᠦᠨᠳᠦᠰᠦᠯᠡᠨ ᠪᠤᠲᠠᠳᠠᠢ | ᠤᠴᠢᠷ ᠶᠠᠪᠤᠳᠠᠯ ᠢ ᠪᠤᠳᠠᠳᠠᠢ ᠪᠠᠷ ᠬᠡᠯᠡᠯᠴᠡᠨ᠎ᠡ᠃ | ᠭᠤᠷᠪᠠ ᠳᠤ᠂ ᠪᠣᠳᠠᠲᠤ ᠡᠳ᠋ ᠢᠶᠠᠷ ᠲᠣᠬᠢᠷᠠᠭᠤᠯᠬᠤ ᠬᠡᠪᠴᠢᠶ᠎ᠡ ᠵᠢᠴᠢ ᠲᠦᠷᠢᠶᠡᠰᠦᠨ ᠮᠥᠩᠭᠦ ᠶᠢ ᠬᠠᠰᠤᠵᠤ | ᠬᠡᠯᠲᠦᠷᠢᠭᠦᠯᠬᠦ ᠲᠥᠷᠥ ᠶᠢᠨ ᠪᠣᠳᠣᠯᠭ᠎ᠠ | ᠭᠡᠷ ᠲᠣᠬᠢᠷᠠᠭᠤᠯᠤᠨ ᠥᠭᠴᠦ ᠲᠦᠷᠢᠶᠡᠰᠦᠯᠡᠭᠦᠯᠦᠭᠰᠡᠨ ᠳ᠋ᠣᠺᠲ᠋ᠣᠷ᠂ ᠮᠠᠰᠲ᠋ᠧᠷ ᠵᠡᠷᠭᠡ ᠳᠡᠭᠡᠳᠦ ᠳᠡᠰ | ᠳᠠᠪᠬᠤᠷᠭ᠎ᠠ ᠶᠢᠨ ᠴᠢᠳᠠᠪᠤᠷᠢᠲᠠᠨ ᠢ ᠰᠣᠩᠭᠤᠵᠤ᠂ ᠨᠢᠭᠡᠳᠦᠭᠡᠷ ᠵᠢᠯ ᠤᠨ ᠲᠦᠷᠢᠶᠡᠰᠦᠨ ᠮᠥᠩᠭᠦ ᠶᠢ ᠪᠦᠬᠦᠨ ᠢ | ᠬᠡᠯᠲᠦᠷᠢᠭᠦᠯᠵᠦ᠂ ᠬᠤᠶᠠᠳᠤᠭᠠᠷ ᠬᠤᠶᠠᠷ ᠵᠢᠯ ᠤᠨ ᠲᠦᠷᠢᠶᠡᠰᠦᠨ ᠮᠥᠩᠭᠦ ᠶᠢ ᠬᠠᠭᠠᠰ ᠢᠶᠠᠷ ᠪᠠᠭᠤᠷᠠᠭᠤᠯᠤᠨ᠎ᠠ᠃ | ᠵᠢᠩᠬᠢᠨᠢ ᠠᠩᠭᠢ ᠶᠢᠨ ᠰᠤᠷᠤᠭᠴᠢ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠳᠤᠮᠳᠠ | ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠢ ᠰᠣᠩᠭᠤᠵᠤ᠂ ᠨᠢᠭᠡᠳᠦᠭᠡᠷ ᠵᠢᠯ ᠤᠨ | ᠲᠦᠷᠢᠶᠡᠰᠦᠨ ᠮᠥᠩᠭᠦ ᠶᠢ ᠨᠢ ᠪᠦᠬᠦᠨ ᠢ ᠬᠡᠯᠲᠦᠷᠢᠭᠦᠯᠵᠦ᠂ ᠬᠤᠶᠠᠳᠤᠭᠠᠷ ᠵᠢᠯ ᠤᠨ ᠲᠦᠷᠢᠶᠡᠰᠦᠨ ᠮᠥᠩᠭᠦ ᠶᠢ ᠨᠢ | ᠬᠠᠭᠠᠰ ᠢᠶᠠᠷ ᠪᠠᠭᠤᠷᠠᠭᠤᠯᠤᠨ᠎ᠠ᠃ ᠬᠤᠶᠢᠰᠢᠳᠠ ᠵᠢᠯ ᠪᠦᠷᠢ ᠦᠷᠭᠦᠯᠵᠢᠯᠡᠨ ᠲᠦᠷᠢᠶᠡᠰᠦᠯᠡᠬᠦ ᠨᠥᠬᠦᠴᠡᠯ ᠳᠤ | ᠨᠡᠶᠢᠴᠡᠵᠦ ᠪᠠᠶᠢᠪᠠᠯ᠂ ᠭᠡᠷ᠎ᠡ ᠳᠤ ᠪᠣᠯᠵᠣᠨ ᠲᠣᠭᠲᠠᠭᠰᠠᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠪᠠᠷ ᠪᠦᠬᠦ | ᠲᠤᠭ᠎ᠠ ᠪᠠᠷ ᠬᠤᠷᠢᠶᠠᠨ᠎ᠠ᠃ ᠭᠡᠷ ᠪᠠᠶᠢᠰᠢᠩ ᠤᠨ ᠢᠷᠡᠯᠳᠡ ᠶᠢ ᠲᠣᠭᠤᠷᠢᠭ ᠤᠨ ᠬᠠᠮᠲᠤᠷᠠᠯᠴᠠᠭ᠎ᠠ ᠰᠣᠯᠢᠯᠴᠠᠭᠠᠨ ᠤ | ᠲᠥᠪ ᠤᠨ ᠬᠠᠮᠢᠶᠠᠷᠴᠤ ᠪᠠᠶᠢᠭ᠎ᠠ ᠴᠢᠳᠠᠪᠤᠷᠢᠲᠠᠨ ᠤ ᠨᠡᠶᠢᠲᠡ ᠶᠢᠨ ᠪᠠᠶᠢᠷᠢ ᠠᠴᠠ ᠲᠣᠬᠢᠷᠠᠭᠤᠯᠤᠨ ᠬᠡᠷᠡᠭᠯᠡᠵᠦ᠂ ᠭᠡᠷ | ᠪᠠᠶᠢᠰᠢᠩ ᠤᠨ ᠢᠷᠡᠯᠳᠡ ᠦᠭᠡᠢ ᠪᠣᠯ ᠵᠥᠪᠬᠡᠨ ᠪᠤᠰᠤᠳ ᠪᠠᠲᠤᠯᠠᠭ᠎ᠠ ᠶᠢᠨ ᠠᠷᠭ᠎ᠠ ᠮᠠᠶ᠋ᠢᠭ ᠢ ᠰᠣᠩᠭᠤᠵᠤ ᠪᠣᠯᠤᠨ᠎ᠠ᠃ | ᠳᠥᠷᠪᠡ᠂ ᠭᠤᠶᠤᠴᠢᠯᠠᠬᠤ ᠴᠤᠪᠤᠷᠠᠯ | ︵ᠨᠢᠭᠡ︶ ᠴᠢᠳᠠᠪᠤᠷᠢᠲᠠᠨ ᠤ ᠬᠢᠷᠢ ᠬᠡᠮ ᠢ ᠨᠤᠲᠠᠯᠠᠬᠤ᠃ ᠭᠤᠶᠤᠴᠢᠯᠠᠭᠴᠢ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠱᠠᠭᠠᠷᠳᠠᠯᠭ᠎ᠠ | ᠶᠣᠰᠣᠭᠠᠷ ᠳᠣᠤᠷᠠᠬᠢ ᠮᠠᠲ᠋ᠧᠷᠢᠶᠠᠯ ᠤᠳ ᠢ ᠲᠤᠰᠢᠶᠠᠨ᠎ᠠ᠄ | 1. ᠪᠡᠶ᠎ᠡ ᠶᠢᠨ ᠦᠨᠡᠮᠯᠡᠯ ︵ᠨᠢᠭᠤᠷ ᠲᠠᠯ᠎ᠠ ᠪᠠ ᠡᠰᠡᠷᠭᠦᠦ ᠲᠠᠯ᠎ᠠ︶᠂ ᠲᠡᠭᠦᠰᠬᠦ ᠦᠨᠡᠮᠯᠡᠯ᠂ ᠡᠷᠳᠡᠮ ᠤᠨ | ᠴᠣᠯᠠ ᠶᠢᠨ ᠦᠨᠡᠮᠯᠡᠯ ᠵᠢᠴᠢ ᠬᠦᠴᠦᠨ ᠲᠠᠢ ᠬᠤᠭᠤᠴᠠᠭᠠᠨ ᠳᠤ ᠪᠠᠶᠢᠭ᠎ᠠ ︽ᠰᠤᠷᠭᠠᠨ ᠬᠥᠮᠦᠵᠢᠯ ᠤᠨ ᠶᠠᠮᠤᠨ ᠤ | ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠯ ᠤᠨ ᠬᠦᠰᠦᠨᠦᠭᠲᠦ︾ ︵ᠪᠤᠶᠤ ᠰᠤᠷᠭᠠᠨ | ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠭᠰᠠᠳ ᠤᠨ ᠦᠢᠯᠡᠴᠢᠯᠡᠭᠡᠨ ᠤ ᠲᠥᠪ ᠤᠨ ᠭᠠᠷᠭᠠᠭᠰᠠᠨ ︽ | ᠤᠯᠤᠰ ᠤᠨ ᠭᠠᠳᠠᠭᠠᠳᠤ ᠶᠢᠨ ᠰᠤᠷᠤᠯᠭ᠎ᠠ ᠶᠢᠨ ᠨᠠᠮᠲᠠᠷ ᠤᠨ ᠡᠷᠳᠡᠮ ᠤᠨ ᠴᠣᠯᠠ ᠶᠢ ᠵᠥᠪᠰᠢᠶᠡᠷᠡᠭᠰᠡᠨ ᠦᠨᠡᠮᠯᠡᠯ︾︶ | ᠪᠤᠶᠤ ᠴᠢᠳᠠᠪᠤᠷᠢᠲᠠᠨ ᠤ ᠢᠷᠠᠭᠤ ᠠᠯᠳᠠᠷ ᠤᠨ ᠴᠣᠯᠠ᠂ ᠬᠢᠷᠢ ᠬᠡᠮ ᠤᠨ ᠦᠨᠡᠮᠯᠡᠯ ᠵᠡᠷᠭᠡ ᠮᠠᠲ᠋ᠧᠷᠢᠶᠠᠯ︔ | 2. ᠭᠤᠶᠤᠴᠢᠯᠠᠭᠴᠢ ᠨᠢ ᠬᠥᠮᠥᠨ ᠬᠡᠷᠡᠭᠯᠡᠬᠦ ᠨᠢᠭᠡᠴᠢ ᠲᠠᠢ ᠲᠣᠭᠲᠠᠭᠰᠠᠨ ᠬᠥᠳᠡᠯᠮᠦᠷᠢ ᠶᠢᠨ ᠭᠡᠷ᠎ᠡ ᠪᠤᠶᠤ | ᠤᠷᠢᠵᠤ ᠬᠡᠷᠡᠭᠯᠡᠬᠦ ᠭᠡᠷ᠎ᠡ᠂ ᠠᠯᠪᠠᠲᠠᠨ ᠳᠤ ᠬᠠᠷᠢᠶᠠᠯᠠᠭᠳᠠᠪᠠᠯ᠂ ᠠᠯᠪᠠᠲᠠᠨ ᠡᠯᠰᠡᠬᠦ ᠶᠢ ᠬᠢᠨᠠᠨ ᠵᠥᠪᠰᠢᠶᠡᠷᠡᠬᠦ | ᠬᠦᠰᠦᠨᠦᠭᠲᠦ ᠬᠠᠩᠭᠠᠬᠤ ᠴᠢᠬᠤᠯᠠᠲᠠᠢ︔ ᠰᠢᠭᠤᠶᠢᠲᠦ ᠲᠤᠭᠤᠷᠢᠭ ᠲᠤ ᠢᠷᠡᠵᠦ ᠦᠢᠯᠡᠰ ᠪᠣᠰᠬᠠᠬᠤ ᠳᠤ | ᠬᠠᠷᠢᠶᠠᠯᠠᠭᠳᠠᠪᠠᠯ᠂ ᠠᠵᠤ ᠠᠬᠤᠶᠢᠯᠠᠯ ᠪᠠᠶᠢᠭᠤᠯᠤᠨ ᠡᠷᠬᠢᠯᠡᠬᠦ ᠡᠵᠡᠩᠨᠡᠯᠲᠡ ᠶᠢᠨ ᠦᠨᠡᠮᠯᠡᠯ ᠢ ᠬᠠᠩᠭᠠᠬᠤ ᠴᠢᠬᠤᠯᠠᠲᠠᠢ︔ | | 3. ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | APP ᠬᠤᠪᠢ ᠬᠥᠮᠦᠨ ᠤ ᠳᠠᠭᠠᠳᠬᠠᠯ ᠳᠤ ᠣᠷᠣᠯᠴᠠᠭᠰᠠᠨ ᠤᠭᠲᠤᠭᠤᠯᠤᠭᠰᠠᠨ ᠭᠡᠷᠡᠴᠢ ᠶᠢᠨ ᠵᠢᠷᠤᠭ ︵ | ᠴᠢᠳᠠᠪᠤᠷᠢᠲᠠᠨ ᠤᠷᠤᠭᠤᠯᠬᠤ ᠳᠤ ᠤᠶᠠᠨ ᠬᠠᠳᠠᠨ ᠴᠢᠨᠠᠷ ᠲᠠᠢ ᠪᠠᠶᠢᠪᠠᠯ ᠬᠠᠩᠭᠠᠬᠤ ᠴᠢᠬᠤᠯᠠ ᠦᠭᠡᠢ︶᠃ | ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠤᠳ 3 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠬᠤ ᠶᠢ ᠪᠡᠶᠡᠯᠡᠭᠦᠯᠵᠦ᠂ ᠬᠢᠷᠢ ᠬᠡᠮ ᠤᠨ | ᠨᠥᠬᠦᠴᠡᠯ ᠳᠤ ᠨᠡᠶᠢᠴᠡᠬᠦ ᠶᠢ ᠨᠢ ᠭᠤᠶᠤᠴᠢᠯᠠᠭᠴᠢ ᠳᠤ ᠮᠡᠳᠡᠭᠳᠡᠨ᠎ᠡ︔ ᠬᠢᠷᠢ ᠬᠡᠮ ᠤᠨ ᠨᠥᠬᠦᠴᠡᠯ ᠳᠤ ᠨᠡᠶᠢᠴᠡᠬᠦ | ᠦᠭᠡᠢ ᠪᠣᠯ ᠴᠠᠭ ᠲᠤᠬᠠᠶ ᠳᠤᠨᠢ ᠭᠤᠶᠤᠴᠢᠯᠠᠭᠴᠢ ᠲᠠᠢ ᠬᠠᠷᠢᠯᠴᠠᠬᠤ ᠶᠢᠨ ᠬᠠᠮᠲᠤ ᠰᠢᠯᠲᠠᠭᠠᠨ ᠢ ᠨᠢ ᠮᠡᠳᠡᠭᠳᠡᠨ᠎ᠡ᠃ | ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠭᠠᠷᠠᠭ | ᠪᠦᠷᠢ ᠶᠢᠨ ᠲᠠᠪᠤᠨ ᠳᠤ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠬᠤᠶᠢᠰᠢᠯᠠᠭᠤᠯᠤᠨ᠎ᠠ︶ ᠨᠦᠬᠦᠴᠡᠯ ᠳᠤ | ᠨᠡᠶᠢᠴᠡᠬᠦ ᠬᠦᠮᠦᠰ ᠤᠨ ᠨᠡᠷᠡᠰ ᠢ ᠬᠤᠷᠢᠶᠠᠩᠭᠤᠶᠢᠯᠠᠭᠰᠠᠨ ᠤ ᠳᠠᠷᠠᠭ᠎ᠠ ᠲᠤᠭᠤᠷᠢᠭ ᠤᠨ ᠤᠷᠤᠨ ᠰᠠᠭᠤᠴᠠ ᠪᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠦᠴᠢᠷ ᠲᠤ ᠬᠠᠷᠢᠭᠤ ᠲᠤᠰᠬᠠᠨ᠎ᠠ᠃ | ︵ᠬᠤᠶᠠᠷ︶ ᠣᠷᠣᠨ ᠰᠠᠭᠤᠴᠠ ᠤᠨ ᠬᠢᠷᠢ ᠬᠡᠮ ᠢ ᠪᠠᠲᠤᠯᠠᠬᠤ᠃ ᠰᠢᠭᠤᠶᠢᠲᠦ ᠲᠤᠭᠤᠷᠢᠭ ᠤᠨ ᠬᠥᠮᠦᠨ | ᠬᠡᠷᠡᠭᠯᠡᠬᠦ ᠨᠢᠭᠡᠴᠢ ᠪᠤᠶᠤ ᠭᠤᠶᠤᠴᠢᠯᠠᠭᠴᠢ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠳᠤ ᠳᠣᠤᠷᠠᠬᠢ ᠮᠡᠲᠦ ᠴᠢᠬᠤᠯᠠ ᠨᠥᠬᠦᠴᠡᠯ ᠢ ᠲᠤᠰᠢᠶᠠᠨ᠎ᠠ᠄ | 1. ᠬᠥᠮᠦᠨ ᠬᠡᠷᠡᠭᠯᠡᠬᠦ ᠨᠢᠭᠡᠴᠢ ᠠᠯᠪᠠᠨ ᠲᠠᠮᠠᠭ᠎ᠠ ᠳᠠᠷᠤᠭᠰᠠᠨ ᠤ ᠳᠠᠷᠠᠭᠠᠬᠢ ︽ᠪᠤᠭᠤᠲᠤ ᠬᠤᠲᠠ ᠶᠢᠨ | ᠴᠢᠳᠠᠪᠤᠷᠢᠲᠠᠨ ᠤᠷᠤᠭᠤᠯᠤᠨ ᠬᠡᠷ ᠪᠠᠶᠢᠰᠢᠩ ᠬᠤᠳᠠᠯᠳᠤᠨ ᠠᠪᠬᠤ ᠳᠤ ᠬᠢᠮᠳᠠᠷᠠᠭᠤᠯᠬᠤ᠂ ᠣᠷᠣᠨ ᠰᠠᠭᠤᠴᠠ ᠶᠢᠨ | ᠲᠦᠷᠢᠶᠡᠰᠦᠯᠡᠯ ᠤᠨ ᠨᠥᠬᠦᠪᠥᠷᠢ ᠭᠤᠶᠤᠴᠢᠯᠠᠨ ᠠᠪᠬᠤ ᠬᠦᠰᠦᠨᠦᠭᠲᠦ︾ ᠪᠤᠶᠤ ︽ᠪᠤᠭᠤᠲᠤ ᠬᠤᠲᠠ ᠶᠢᠨ | ᠴᠢᠳᠠᠪᠤᠷᠢᠲᠠᠨ ᠤ ᠣᠷᠣᠨ ᠰᠠᠭᠤᠴᠠ ᠭᠤᠶᠤᠴᠢᠯᠠᠬᠤ ᠬᠢᠨᠠᠨ ᠵᠥᠪᠰᠢᠶᠡᠷᠡᠯ ᠤᠨ ᠬᠦᠰᠦᠨᠦᠭᠲᠦ︾ ︵ᠬᠦᠰᠦᠨᠦᠭᠲᠦ ᠨᠢ | ᠪᠤᠭᠤᠲᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠠᠯᠪᠠᠨ ᠰᠦᠯᠵᠢᠶᠡᠨ ᠠᠴᠠ ᠪᠠᠭᠤᠯᠭᠠᠨ᠎ᠠ︶︔ | 2. ᠭᠤᠶᠤᠴᠢᠯᠠᠭᠴᠢ ᠶᠢᠨ ᠲᠤᠰ ᠬᠥᠮᠦᠨ ᠤ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠬᠢᠭᠡᠳ | ᠬᠠᠭᠤᠯᠪᠤᠷᠢ᠃ ᠨᠢᠭᠡᠨᠲᠡ ᠤᠷᠤᠭᠯᠠᠭᠰᠠᠨ ᠭᠤᠶᠤᠴᠢᠯᠠᠭᠴᠢ ᠠᠴᠠ ᠬᠤᠪᠢ ᠬᠥᠮᠦᠨ ᠵᠢᠴᠢ ᠬᠠᠨᠢ ᠨᠥᠬᠦᠷ᠂ ᠡᠴᠢᠭᠡ | ᠡᠬᠡ᠂ ᠦᠷ᠎ᠡ ᠬᠡᠦᠬᠡᠳ ᠤᠨ ᠡᠷᠦᠬᠡ ᠠᠮᠠ ᠶᠢᠨ ᠳᠡᠪᠲᠡᠷ ᠤᠨ ᠤᠭ ᠮᠠᠲ᠋ᠧᠷᠢᠶᠠᠯ ᠵᠢᠴᠢ ᠬᠠᠭᠤᠯᠪᠤᠷᠢ ᠶᠢ ᠬᠠᠩᠭᠠᠬᠤ | ᠬᠡᠷᠡᠭᠲᠡᠶ᠃ ᠭᠡᠷ ᠪᠠᠶᠢᠰᠢᠩ ᠬᠤᠳᠠᠯᠳᠤᠨ ᠠᠪᠬᠤ ᠨᠤᠭᠤᠯᠬᠤ ᠨᠥᠬᠦᠪᠦᠷᠢ ᠶᠢ ᠭᠤᠶᠤᠴᠢᠯᠠᠭᠴᠢ ᠨᠢ ᠲᠤᠰ ᠬᠥᠮᠥᠨ ᠤ | ᠡᠷᠦᠬᠡ ᠠᠮᠠ ᠶᠢᠨ ᠳᠡᠪᠲᠡᠷ ᠤᠨ ᠤᠭ ᠮᠠᠲ᠋ᠧᠷᠢᠶᠠᠯ ᠵᠢᠴᠢ ᠬᠠᠭᠤᠯᠪᠤᠷᠢ ᠶᠢ ᠬᠠᠩᠭᠠᠨ᠎ᠠ︔ | 3. ᠭᠤᠶᠤᠴᠢᠯᠠᠭᠴᠢ ᠶᠢᠨ ᠤᠷᠤᠭ ᠬᠤᠷᠢᠮ ᠤᠨ ᠪᠠᠶᠢᠳᠠᠯ ᠤᠨ ᠭᠡᠷᠡᠴᠢ ︵ᠨᠢᠭᠡᠨᠲᠡ ᠤᠷᠤᠭᠯᠠᠭᠰᠠᠨ | ᠭᠤᠶᠤᠴᠢᠯᠠᠭᠴᠢ ᠠᠴᠠ ᠤᠷᠤᠭ ᠤᠨ ᠭᠡᠷᠡᠴᠢ ᠪᠠ ᠬᠠᠭᠤᠯᠪᠤᠷᠢ᠂ ᠤᠷᠤᠭᠯᠠᠭᠠᠳᠤᠢ ᠭᠤᠶᠤᠴᠢᠯᠠᠭᠴᠢ ᠭᠠᠭᠴᠠ | ᠪᠡᠶ᠎ᠡ ᠶᠢᠨ ᠢᠯᠡᠷᠬᠡᠶᠢᠯᠡᠯᠲᠡ ᠬᠠᠩᠭᠠᠨ᠎ᠠ︶︔ | 4. ᠭᠤᠶᠤᠴᠢᠯᠠᠭᠴᠢ ᠶᠢᠨ ᠭᠡᠷ ᠬᠥᠷᠥᠩᠭᠡ ᠶᠢᠨ ᠭᠡᠷᠡᠴᠢ ︵ᠭᠡᠷ ᠪᠠᠶᠢᠰᠢᠩ ᠦᠭᠡᠢ ᠭᠤᠶᠤᠴᠢᠯᠠᠭᠴᠢ ᠭᠡᠷ | ᠪᠠᠶᠢᠰᠢᠩ ᠦᠭᠡᠢ ᠢᠯᠡᠷᠬᠡᠶᠢᠯᠡᠯᠲᠡ ᠬᠠᠩᠭᠠᠨ᠎ᠠ︔ ᠣᠷᠣᠨ ᠰᠠᠭᠤᠴᠠ ᠬᠤᠳᠠᠯᠳᠤᠨ ᠠᠪᠬᠤ ᠳᠤ ᠭᠤᠶᠤᠴᠢᠯᠠᠭᠴᠢ | ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠬᠠᠷᠢᠶᠠᠯᠠᠯ ᠤᠨ ᠦᠨᠡᠮᠯᠡᠯ ᠪᠤᠶᠤ ᠭᠡᠷ ᠪᠠᠶᠢᠰᠢᠩ ᠤᠨ ᠰᠦᠯᠵᠢᠶᠡᠨ | ᠳᠡᠭᠡᠷ᠎ᠡ ᠭᠡᠷ᠎ᠡ ᠲᠣᠭᠲᠠᠭᠰᠠᠨ ᠤᠭ ᠮᠠᠲ᠋ᠧᠷᠢᠶᠠᠯ ᠵᠢᠴᠢ ᠬᠠᠭᠤᠯᠪᠤᠷᠢ︶ ᠬᠠᠩᠭᠠᠨ᠎ᠠ︔ | 5. ᠲᠦᠷᠢᠶᠡᠰᠦᠨ ᠮᠥᠩᠭᠦ ᠶᠢᠨ ᠨᠥᠬᠦᠪᠥᠷᠢ ᠭᠤᠶᠤᠴᠢᠯᠠᠪᠠᠯ᠂ ᠰᠦᠯᠵᠢᠶ᠎ᠡ ᠪᠠᠷ ᠳᠡᠮᠵᠢᠨ | ᠳᠠᠩᠰᠠᠯᠠᠭᠤᠯᠤᠭᠰᠠᠨ ᠬᠡᠷ ᠪᠠᠶᠢᠰᠢᠩ ᠤᠨ ᠲᠦᠷᠢᠶᠡᠰᠦᠨ ᠭᠡᠷ᠎ᠡ ᠶᠢ ᠬᠠᠩᠭᠠᠨ᠎ᠠ᠃ | ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠠᠴᠠ ᠭᠤᠶᠤᠴᠢᠯᠠᠭᠴᠢ ᠶᠢᠨ ᠬᠡᠷ ᠬᠥᠷᠥᠩᠭᠡ ᠶᠢᠨ ᠪᠠᠶᠢᠳᠠᠯ ᠵᠢᠴᠢ ᠣᠷᠣᠨ ᠰᠠᠭᠤᠴᠠ ᠶᠢᠨ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠭᠥᠷᠳᠡᠬᠦ ᠪᠠᠶᠢᠳᠠᠯ ᠢ ᠬᠢᠨᠠᠨ ᠬᠠᠷᠭᠤᠭᠤᠯᠵᠤ᠂ ᠵᠠᠷᠯᠠᠨ ᠨᠡᠶᠢᠲᠡᠯᠡᠵᠦ᠂ ᠢᠯᠡ ᠨᠡᠶᠢᠲᠡᠯᠡᠬᠦ | ᠬᠤᠭᠤᠴᠠᠭ᠎ᠠ ᠨᠢ 5 ᠠᠵᠢᠯᠯᠠᠬᠤ ᠡᠳᠦᠷ ᠪᠣᠯᠤᠨ᠎ᠠ᠃ ᠢᠯᠡ ᠨᠡᠶᠢᠲᠡᠯᠡᠬᠦ ᠬᠤᠭᠤᠴᠠᠭ᠎ᠠ ᠨᠢ ᠳᠦᠭᠦᠷᠦᠭᠡᠳ ᠣᠨᠳᠣᠣ | ᠰᠠᠨᠠᠯ ᠦᠭᠡᠢ ᠪᠣᠯ᠂ ᠤᠯᠠᠷᠢᠯ ᠪᠦᠷᠢ ᠶᠢᠨ ᠰᠡᠭᠦᠯᠴᠢ ᠪᠠᠷ ᠲᠤᠰ ᠤᠯᠠᠷᠢᠯ ᠤᠨ ᠭᠤᠶᠤᠴᠢᠯᠠᠬᠤ ᠬᠥᠮᠥᠰ ᠤᠨ ᠣᠷᠣᠨ | ᠰᠠᠭᠤᠴᠠ ᠶᠢᠨ ᠪᠠᠲᠤᠯᠠᠭ᠎ᠠ ᠶᠢᠨ ᠬᠢᠷᠢ ᠬᠡᠮ ᠤᠨ ᠨᠤᠲᠠᠯᠠᠯᠲᠠ ᠶᠢ ᠪᠡᠶᠡᠯᠡᠭᠦᠯᠦᠨ᠎ᠡ᠃ | ᠭᠤᠶᠤᠴᠢᠯᠠᠭᠴᠢ ᠶᠢᠨ ᠬᠦᠰᠡᠯ ᠰᠠᠨᠠᠭ᠎ᠠ ᠶᠢ ᠦᠨᠳᠦᠰᠦᠯᠡᠨ᠂ ᠴᠢᠳᠠᠪᠤᠷᠢᠲᠠᠨ ᠤ ᠣᠷᠣᠨ ᠰᠠᠭᠤᠴᠠ | ᠭᠤᠶᠤᠴᠢᠯᠠᠬᠤ ᠶᠢᠨ ᠬᠠᠮᠲᠤ ᠬᠢᠨᠠᠨ ᠬᠠᠷᠭᠤᠭᠤᠯᠬᠤ ᠪᠠᠷ ᠳᠠᠮᠵᠢᠭᠰᠠᠨ ᠴᠢᠳᠠᠪᠤᠷᠢᠲᠠᠨ ᠤ ᠣᠷᠣᠨ ᠰᠠᠭᠤᠴᠠ ᠶᠢ | ᠠᠵᠢᠯᠯᠠᠭᠤᠯᠤᠨ᠎ᠠ︔ ᠲᠣᠭᠤᠷᠢᠭ ᠤᠨ ᠬᠠᠮᠲᠤᠷᠠᠯᠴᠠᠭ᠎ᠠ ᠰᠣᠯᠢᠯᠴᠠᠭᠠᠨ ᠤ ᠲᠥᠪ ᠠᠴᠠ ᠴᠢᠳᠠᠪᠤᠷᠢᠲᠠᠨ ᠤ ᠨᠡᠶᠢᠲᠡ ᠶᠢᠨ | ᠪᠠᠶᠢᠷᠢ ᠶᠢ ᠬᠡᠷᠡᠭᠯᠡᠨ ᠲᠦᠷᠢᠶᠡᠰᠦᠯᠡᠭᠦᠯᠬᠦ ᠬᠡᠷᠡᠭᠲᠡᠢ︔ ᠬᠡᠷ ᠪᠠᠶᠢᠰᠢᠩ ᠬᠤᠳᠠᠯᠳᠤᠨ ᠠᠪᠬᠤ ᠳᠤ ᠨᠤᠭᠤᠯᠤᠨ ᠪᠤᠳᠤᠬᠤ | ᠨᠥᠬᠦᠪᠥᠷᠢ ᠪᠤᠶᠤ ᠲᠦᠷᠢᠶᠡᠰᠦᠨ ᠮᠥᠩᠭᠦ ᠶᠢᠨ ᠨᠥᠬᠦᠪᠥᠷᠢ ᠶᠢ ᠭᠤᠶᠤᠴᠢᠯᠠᠭᠰᠠᠨ ᠪᠠᠶᠢᠪᠠᠯ᠂ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠲᠣᠰ ᠲᠥᠰᠦᠯ ᠤᠨ | ᠵᠣᠬᠢᠬᠤ ᠪᠠᠷᠢᠮᠵᠢᠶ᠎ᠠ ᠶᠣᠰᠣᠭᠠᠷ ᠲᠥᠰᠦᠭᠡᠯᠡᠨ ᠪᠤᠳᠤᠵᠤ᠂ ᠬᠢᠨᠠᠨ ᠲᠣᠭᠲᠠᠭᠠᠵᠤ᠂ ᠬᠤᠷᠢᠶᠠᠩᠭᠤᠶᠢᠯᠠᠵᠤ᠂ ᠤᠯᠠᠷᠢᠯ | ᠪᠦᠷᠢ ᠶᠢᠨ ᠰᠡᠭᠦᠯᠴᠢ ᠪᠠᠷ ᠬᠢᠮᠳᠠ ᠣᠷᠣᠨ ᠰᠠᠭᠤᠴᠠ ᠶᠢᠨ ᠪᠠᠲᠤᠯᠠᠭ᠎ᠠ ᠶᠢᠨ ᠬᠢᠷᠢ ᠬᠡᠮ ᠢ ᠨᠤᠲᠠᠯᠠᠭᠰᠠᠨ ᠤ ᠳᠠᠷᠠᠭ᠎ᠠ | ᠪᠦᠷᠢᠳᠬᠡᠨ ᠳᠠᠩᠰᠠᠯᠠᠬᠤ ᠶᠢᠨ ᠬᠠᠮᠲᠤ᠂ ᠲᠣᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ | ᠨᠥᠬᠦᠪᠥᠷᠢ ᠶᠢᠨ ᠪᠠᠯᠠ ᠮᠥᠩᠭᠦ ᠶᠢ ᠭᠤᠶᠤᠴᠢᠯᠠᠵᠤ᠂ ᠲᠣᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ | ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠰᠠᠯᠭᠠᠨ ᠥᠭᠭᠦᠨ᠎ᠡ᠃ ᠲᠤᠭᠤᠷᠢᠭ ᠤᠨ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠳᠡᠭᠡᠷ᠎ᠡ ᠳᠤᠷᠠᠳᠤᠭᠰᠠᠨ ᠨᠥᠬᠦᠪᠥᠷᠢ ᠪᠡᠯᠡ ᠮᠥᠩᠭᠦ ᠶᠢ ᠲᠤᠭᠤᠷᠢᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠰᠠᠯᠭᠠᠨ ᠥᠭᠴᠦ᠂ ᠲᠤᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ | ᠣᠯᠭᠤᠨ᠎ᠠ᠃ | ᠲᠠᠪᠤ᠂ ᠨᠥᠬᠦᠪᠥᠷᠢ ᠪᠡᠯᠡ ᠮᠥᠩᠭᠦ ᠶᠢᠨ ᠢᠷᠡᠯᠲᠡ | ᠭᠡᠷ ᠪᠠᠶᠢᠰᠢᠩ ᠬᠤᠳᠠᠯᠳᠤᠨ ᠠᠪᠬᠤ ᠳᠤ ᠦᠨ᠎ᠡ ᠨᠤᠭᠤᠯᠤᠨ ᠪᠣᠳᠣᠬᠤ ᠨᠥᠬᠦᠪᠥᠷᠢ ᠪᠣᠯᠤᠨ ᠲᠦᠷᠢᠶᠡᠰᠦᠨ | ᠮᠥᠩᠭᠦ ᠶᠢᠨ ᠨᠥᠬᠦᠪᠥᠷᠢ ᠶᠢ ᠲᠤᠭᠤᠷᠢᠭ ᠤᠨ ᠡᠳ᠋ ᠤᠨ ᠵᠠᠰᠠᠭ ᠠᠴᠠ ᠡᠭᠦᠷᠭᠡᠯᠡᠨ᠎ᠡ᠃ | ︵1︶ ᠴᠢᠳᠠᠪᠤᠷᠢᠲᠠᠨ ᠤᠷᠤᠭᠤᠯᠬᠤ ᠨᠢᠭᠡᠴᠢ ᠲᠤᠭᠤᠷᠢᠭ ᠤᠨ ᠱᠠᠲᠤᠨ ᠤ ᠡᠳ᠋ ᠤᠨ ᠵᠠᠰᠠᠭ ᠠᠴᠠ ᠵᠣᠭᠤᠰ | ᠰᠠᠯᠭᠠᠨ ᠥᠭᠬᠦ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠢ ᠳᠤ ᠬᠠᠷᠢᠶᠠᠯᠠᠭᠳᠠᠪᠠᠯ᠂ ᠲᠣᠭᠤᠷᠢᠭ ᠤᠨ ᠡᠳ᠋ ᠤᠨ | ᠵᠠᠰᠠᠭ ᠠᠴᠠ 100% ᠶᠢ ᠡᠭᠦᠷᠭᠡᠯᠡᠨ᠎ᠡ᠃ | ︵2︶ ᠴᠢᠳᠠᠪᠤᠷᠢᠲᠠᠨ ᠤᠷᠤᠭᠤᠯᠬᠤ ᠨᠢᠭᠡᠴᠢ ᠨᠢ ᠲᠥᠪ᠂ ᠥᠪᠡᠷᠲᠡᠭᠡᠨ ᠵᠠᠰᠠᠬᠤ ᠣᠷᠣᠨ ᠤ | ᠳᠠᠭᠠᠭᠠᠴᠢᠯᠠᠭᠰᠠᠨ ᠨᠢᠭᠡᠴᠢ ᠪᠠ ᠪᠤᠰᠤᠳ ᠠᠵᠤ ᠠᠬᠤᠶᠢᠯᠠᠯ ᠳᠤ ᠬᠠᠷᠢᠶᠠᠯᠠᠭᠳᠠᠵᠤ᠂ ᠬᠤᠲᠠ ᠶᠢᠨ ᠡᠳ᠋ ᠤᠨ | ᠵᠠᠰᠠᠭ ᠠᠴᠠ 50% ᠶᠢ ᠡᠭᠦᠷᠭᠡᠯᠡᠵᠦ᠂ ᠦᠯᠡᠳᠡᠭᠰᠡᠨ 50% ᠶᠢ ᠬᠠᠷᠢᠶ᠎ᠠ ᠭᠠᠵᠠᠷ ᠤᠨ ᠬᠤᠰᠢᠭᠤ ᠰᠢᠶᠠᠨ | ᠲᠣᠭᠤᠷᠢᠭ ᠠᠴᠠ ᠡᠭᠦᠷᠭᠡᠯᠡᠨ᠎ᠡ᠃ | ︽ᠪᠤᠭᠤᠲᠤ ᠬᠤᠲᠠ ᠶᠢᠨ ᠴᠢᠳᠠᠪᠤᠷᠢᠲᠠᠨ ᠤᠷᠤᠭᠤᠯᠬᠤ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷᠡᠭᠵᠢᠭᠦᠯᠬᠦ | ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠢ ᠬᠡᠷᠡᠭᠵᠢᠭᠦᠯᠦᠭᠰᠡᠨ ᠠᠴᠠ ᠨᠠᠭᠠᠰᠢ ᠨᠢᠭᠡᠨᠲᠡ ᠬᠢᠨᠠᠨ | ᠬᠠᠷᠭᠤᠭᠤᠯᠤᠭᠰᠠᠨ ᠴᠢᠳᠠᠪᠤᠷᠢᠲᠠᠨ ᠣᠷᠤᠭᠤᠯᠬᠤ ᠨᠥᠬᠦᠪᠥᠷᠢ ᠶᠢᠨ ᠪᠠᠯᠠ ᠮᠥᠩᠭᠦ ᠶᠢᠨ ᠢᠷᠡᠯᠲᠡ ᠶᠢ ᠲᠣᠰ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠵᠢᠷᠭᠤᠭ᠎ᠠ᠂ ᠬᠢᠨᠠᠯᠲᠠ ᠬᠠᠮᠢᠶᠠᠷᠤᠯᠲᠠ | ︵ᠨᠢᠭᠡ︶ ᠡᠯ᠎ᠡ ᠬᠠᠮᠢᠶ᠎ᠠ ᠪᠥᠬᠦᠶ ᠨᠢᠭᠡᠴᠢ ᠪᠠ ᠰᠠᠯᠠᠭ᠎ᠠ ᠮᠥᠴᠢᠷ ᠤᠳ ᠭᠤᠶᠤᠴᠢᠯᠠᠯ ᠢ ᠬᠢᠨᠠᠨ | ᠬᠠᠷᠭᠤᠭᠤᠯᠬᠤ ᠳᠤᠮᠳᠠ ᠪᠣᠭᠤᠮᠲᠠ ᠶᠢ ᠴᠢᠩᠭ᠎ᠠ ᠠᠳᠬᠤᠵᠤ᠂ ᠵᠠᠭᠠᠯᠳᠤᠬᠤ ᠳ᠋ᠢᠶᠠᠩᠬᠤᠸᠠ᠂ ᠡᠯᠧᠺᠲᠷᠣᠨ | ᠵᠠᠬᠢᠳᠠᠯ ᠤᠨ ᠬᠠᠶᠢᠷᠴᠠᠭ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠤᠨ ᠡᠯ᠎ᠡ ᠡᠲᠡᠭᠡᠳ ᠤᠨ | ᠬᠢᠨᠠᠯᠲᠠ ᠶᠢ ᠬᠦᠯᠢᠶᠡᠬᠦ ᠶᠢᠨ ᠬᠠᠮᠲᠤ ᠲᠤᠰᠬᠠᠭᠰᠠᠨ ᠰᠦᠪᠡᠭᠴᠢ ᠶᠢ ᠦᠨᠳᠦᠰᠦᠯᠡᠨ᠂ 5 ᠠᠵᠢᠯᠯᠠᠬᠤ ᠡᠳᠦᠷ ᠤᠨ | ᠳᠣᠲᠣᠷ᠎ᠠ ᠬᠠᠮᠢᠶ᠎ᠠ ᠪᠥᠬᠦᠶ ᠪᠠᠶᠢᠳᠠᠯ ᠢ ᠬᠢᠨᠠᠨ ᠬᠠᠷᠭᠤᠭᠤᠯᠬᠤ ᠶᠢᠨ ᠬᠠᠮᠲᠤ ᠬᠢᠨᠠᠨ ᠬᠠᠷᠭᠤᠭᠤᠯᠤᠭᠰᠠᠨ ᠦᠷ᠎ᠡ | ᠳ᠋ᠦᠩ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃ | ︵ᠬᠤᠶᠠᠷ︶ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ︽ᠨᠢᠭᠡ ᠬᠥᠮᠦᠨ ᠨᠢᠭᠡ ᠲᠠᠩᠰᠠ ᠡᠪᠬᠡᠮᠡᠯ︾ ᠤᠨ ᠵᠠᠷᠴᠢᠮ ᠶᠣᠰᠣᠭᠠᠷ᠂ | ᠲᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠲᠠᠩᠰᠠ ᠡᠪᠬᠡᠮᠡᠯ ᠳᠤ ᠣᠷᠣᠭᠤᠯᠬᠤ ᠶᠢ ᠰᠠᠶᠢᠲᠤᠷ | ᠬᠢᠵᠦ᠂ ᠪᠥᠬᠦ ᠲᠠᠯ᠎ᠠ ᠶᠢᠨ᠂ ᠪᠥᠬᠦ ᠶᠠᠪᠤᠴᠠ ᠶᠢᠨ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠭᠤᠯᠤᠨ᠂ ᠲᠠᠩᠰᠠ | ᠡᠪᠬᠡᠮᠡᠯ ᠤᠨ ᠪᠦᠷᠢᠨ ᠪᠦᠲᠦᠨ᠂ ᠠᠮᠤᠷ ᠲᠦᠪᠰᠢᠨ ᠪᠠ ᠪᠦᠲᠦᠮᠵᠢᠲᠡᠶ ᠠᠰᠢᠭᠯᠠᠯᠲᠠ ᠶᠢ ᠦᠨᠡᠨ ᠬᠦ ᠪᠠᠲᠤᠯᠠᠬᠤ | ᠬᠡᠷᠡᠭᠲᠡᠶ᠃ ᠮᠡᠳᠡᠭᠡ ᠵᠠᠩᠭᠢ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ ᠲᠤᠭ᠎ᠠ ᠪᠠᠷᠢᠮᠲᠠ ᠶᠢ ᠪᠦᠷᠢᠳᠬᠡᠬᠦ ᠠᠵᠢᠯ ᠢ | ᠰᠠᠶᠢᠲᠤᠷ ᠬᠢᠵᠦ᠂ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠳᠠᠪᠬᠤᠷᠳᠠᠭᠤᠯᠤᠨ | ᠬᠦᠷᠲᠡᠬᠦ ᠠᠴᠠ ᠵᠠᠶᠢᠯᠠᠰᠬᠢᠬᠦ ᠬᠡᠷᠡᠭᠲᠡᠶ᠃ | ︵ᠭᠤᠷᠪᠠ︶ ᠤᠷᠤᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ | ᠬᠥᠮᠦᠰ ᠠᠵᠢᠯ᠂ ᠨᠡᠶᠢᠭᠡᠮ ᠤᠨ ᠪᠠᠲᠤᠯᠠᠭ᠎ᠠ᠂ ᠭᠡᠷ ᠬᠥᠷᠥᠩᠭᠡ ᠵᠡᠷᠭᠡ ᠪᠠᠶᠢᠳᠠᠯ ᠠᠴᠠ ᠪᠣᠯᠵᠤ ᠬᠤᠪᠢᠷᠠᠯᠲᠠ ᠨᠢ | ᠪᠠᠲᠤᠯᠠᠭ᠎ᠠ ᠶᠢᠨ ᠨᠥᠬᠦᠴᠡᠯ ᠳᠤ ᠨᠡᠶᠢᠴᠡᠭᠰᠡᠨ ᠦᠭᠡᠶ ᠪᠣᠯ ᠬᠤᠪᠢᠷᠠᠯᠲᠠ ᠭᠠᠷᠤᠭᠰᠠᠨ ᠡᠳᠦᠷ ᠠᠴᠠ ᠡᠬᠢᠯᠡᠨ 30 | ᠡᠳᠦᠷ ᠤᠨ ᠳᠣᠲᠣᠷ᠎ᠠ ᠬᠥᠮᠦᠨ ᠬᠡᠷᠡᠭᠯᠡᠬᠦ ᠨᠢᠭᠡᠴᠢ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ᠃ ᠬᠥᠮᠦᠨ | ᠬᠡᠷᠡᠭᠯᠡᠬᠦ ᠨᠢᠭᠡᠴᠢ ᠮᠡᠳᠡᠭᠦᠯᠦᠯᠲᠡ ᠶᠢ ᠣᠯᠤᠭᠰᠠᠨ ᠡᠳᠦᠷ ᠠᠴᠠ ᠡᠬᠢᠯᠡᠨ 10 ᠡᠳᠦᠷ ᠤᠨ ᠳᠣᠲᠣᠷ᠎ᠠ ᠣᠷᠣᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠪᠢᠴᠢᠭ ᠢᠶᠠᠷ | ᠬᠠᠷᠢᠭᠤ ᠲᠤᠰᠬᠠᠨ᠎ᠠ᠃ ᠲᠣᠭᠲᠠᠭᠠᠯ ᠶᠣᠰᠣᠭᠠᠷ ᠮᠡᠳᠡᠭᠦᠯᠦᠭᠰᠡᠨ ᠦᠭᠡᠢ ᠬᠥᠮᠦᠰ ᠢ ᠪᠠᠶᠢᠴᠠᠭᠠᠨ ᠳᠣᠲᠣᠯᠠᠭᠰᠠᠨ ᠤ | ᠳᠠᠷᠠᠭ᠎ᠠ ᠬᠤᠪᠢ ᠬᠥᠮᠦᠨ ᠤ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠳᠤ ᠪᠣᠳᠣᠨ ᠣᠷᠣᠭᠤᠯᠵᠤ᠂ ᠨᠢᠭᠡᠨᠲᠡ | ᠣᠯᠭᠤᠭᠰᠠᠨ ᠭᠡᠷ ᠪᠠᠶᠢᠰᠢᠩ ᠬᠤᠳᠠᠯᠳᠤᠨ ᠠᠪᠬᠤ ᠨᠤᠭᠤᠯᠤᠨ ᠪᠣᠳᠣᠭᠰᠠᠨ ᠨᠥᠬᠦᠪᠥᠷᠢ᠂ ᠲᠦᠷᠢᠶᠡᠰᠦᠨ ᠮᠥᠩᠭᠦ ᠶᠢᠨ | ᠨᠥᠬᠦᠪᠥᠷᠢ᠂ ᠪᠣᠳᠠᠲᠤ ᠶᠠᠭᠤᠮ᠎ᠠ ᠪᠠᠷ ᠲᠦᠷᠢᠶᠡᠰᠦᠯᠡᠭᠦᠯᠬᠦ ᠬᠤᠭᠤᠴᠠᠭᠠᠨ ᠳᠤ ᠲᠦᠷᠢᠶᠡᠰᠦᠨ ᠮᠥᠩᠭᠦ ᠶᠢ ᠬᠠᠰᠤᠵᠤ | ᠬᠡᠯᠲᠦᠷᠢᠭᠦᠯᠦᠭᠰᠡᠨ ᠲᠤᠭ᠎ᠠ ᠶᠣᠰᠣᠭᠠᠷ ᠪᠤᠴᠠᠭᠠᠬᠤ ᠬᠡᠷᠡᠭᠲᠡᠶ᠂ ᠲᠦᠷᠢᠶᠡᠰᠦᠯᠡᠭᠰᠡᠨ ᠴᠢᠳᠠᠪᠤᠷᠢᠲᠠᠨ ᠤ ᠣᠷᠣᠨ | ᠰᠠᠭᠤᠴᠠ ᠶᠢ ᠲᠡᠷᠡ ᠳᠠᠷᠤᠶ ᠳᠤᠨᠢ ᠰᠤᠯᠠᠯᠠᠵᠤ ᠭᠠᠷᠭᠠᠨ᠎ᠠ᠃ | ︵ᠲᠦᠷᠪᠡ︶ ᠤᠷᠤᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠦᠷᠲᠡᠭᠰᠡᠳ ᠲᠤ | ᠳᠣᠣᠷᠠᠬᠢ ᠪᠠᠶᠢᠳᠠᠯ ᠤᠨ ᠨᠢᠭᠡ ᠨᠢ ᠪᠠᠶᠢᠵᠤ᠂ ᠤᠷᠤᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ | ᠡᠳ᠋ᠯᠡᠬᠦ ᠶᠢ ᠵᠣᠭᠰᠣᠭᠠᠬᠤ ᠪᠥᠭᠡᠳ ᠵᠢᠷᠭᠤᠳᠤᠭᠠᠷ ᠵᠦᠢᠯ ᠤᠨ ︵ᠭᠤᠷᠪᠠ︶ ᠳ᠋ᠤᠭᠠᠷ ᠵᠣᠷᠪᠤᠰ᠄ | 1. ᠬᠤᠳᠠᠯ ᠬᠠᠭᠤᠷᠮᠠᠭ ᠮᠡᠳᠡᠭᠡ ᠵᠠᠩᠭᠢ ᠲᠤᠰᠢᠶᠠᠭᠰᠠᠨ ᠪᠤᠶᠤ ᠬᠠᠮᠢᠶ᠎ᠠ ᠪᠥᠬᠦᠶ ᠮᠡᠳᠡᠭᠡ ᠵᠠᠩᠭᠢ ᠶᠢ | ᠨᠢᠭᠤᠨ ᠳᠠᠯᠳᠠᠯᠠᠭᠰᠠᠨ︔ | 2. ᠵᠦᠢ ᠶᠣᠰᠣᠨ ᠤ ᠰᠢᠯᠲᠠᠭᠠᠨ ᠦᠭᠡᠶ ᠪᠠᠷ ᠵᠠᠯᠭᠠᠭᠠᠪᠠᠷ ᠪᠤᠶᠤ 6 ᠰᠠᠷ᠎ᠠ ᠠᠴᠠ ᠳᠡᠭᠡᠭᠰᠢ ᠨᠡᠶᠢᠭᠡᠮ ᠤᠨ | ᠳᠠᠭᠠᠳᠬᠠᠯ ᠤᠨ ᠵᠠᠷᠤᠳᠠᠯ ᠲᠤᠰᠢᠶᠠᠭᠠᠳᠤᠶ ᠮᠦᠷᠲᠡᠭᠡᠨ ᠠᠵᠤ ᠠᠬᠤᠶᠢᠯᠠᠯ ᠡᠭᠦᠳᠦᠨ ᠪᠠᠶᠢᠭᠤᠯᠤᠭᠠᠳ ᠨᠢᠭᠡᠨᠲᠡ | ᠬᠦᠴᠦᠨ ᠦᠭᠡᠶ ᠪᠣᠯᠣᠭᠰᠠᠨ︔ | 3. ᠭᠤᠶᠤᠴᠢᠯᠠᠭᠴᠢ ᠠᠴᠠ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠦᠭᠡᠶ ᠪᠤᠰᠤᠳ ᠪᠠᠶᠢᠳᠠᠯ | ᠣᠷᠣᠰᠢᠵᠤ ᠪᠠᠶᠢᠪᠠᠯ᠃ | ᠳᠣᠯᠤᠭ᠎ᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠣᠷᠣᠨ ᠰᠠᠭᠤᠴᠠ ᠶᠢᠨ ᠪᠠᠲᠤᠯᠠᠭ᠎ᠠ ᠶᠢᠨ ᠤᠳᠤᠷᠢᠳᠬᠤ ᠳᠤᠭᠤᠶᠢᠯᠠᠩ ᠢ ᠵᠣᠬᠢᠶᠠᠨ ᠪᠠᠶᠢᠭᠤᠯᠬᠤ | ᠬᠡᠷᠡᠭᠲᠡᠢ᠃ ᠰᠢᠭᠤᠶᠢᠲᠦ ᠲᠤᠭᠤᠷᠢᠭ ᠤᠨ ᠬᠤᠳᠠᠯᠳᠤᠭᠠᠴᠢᠨ ᠤᠷᠢᠵᠤ ᠬᠡᠷᠡᠭᠯᠡᠬᠦ ᠴᠢᠳᠠᠪᠤᠷᠢᠲᠠᠨ ᠤ ᠣᠷᠣᠨ | ᠰᠠᠭᠤᠴᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ᠡᠳᠦᠭᠡ ᠰᠢᠭᠤᠶᠢᠲᠦ ᠲᠤᠭᠤᠷᠢᠭ ᠤᠨ | ᠬᠤᠳᠠᠯᠳᠤᠭᠠᠴᠢᠨ ᠤᠷᠢᠵᠤ ᠬᠡᠷᠡᠭᠯᠡᠬᠦ ᠴᠢᠳᠠᠪᠤᠷᠢᠲᠠᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠴᠢᠳᠠᠪᠤᠷᠢᠲᠠᠨ ᠤᠷᠤᠭᠤᠯᠬᠤ ᠣᠷᠣᠨ ᠰᠠᠭᠤᠴᠠ ᠶᠢᠨ ᠪᠠᠲᠤᠯᠠᠭ᠎ᠠ ᠶᠢᠨ | ᠠᠵᠢᠯ ᠤᠨ ᠨᠢᠭᠡᠳᠦᠯᠲᠡᠶ ᠪᠠᠶᠢᠷᠢᠯᠠᠭᠤᠯᠤᠯᠲᠠ ᠬᠢᠭᠡᠳ ᠶᠡᠷᠦᠩᠬᠡᠶᠢᠯᠡᠨ ᠵᠣᠬᠢᠴᠠᠭᠤᠯᠬᠤ ᠵᠡᠷᠭᠡ ᠠᠵᠢᠯ ᠢ ᠬᠠᠷᠢᠭᠤᠴᠠᠨ᠎ᠠ᠃ | ᠭᠡᠰᠢᠭᠦᠨ ᠨᠢ ᠳᠣᠤᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ | ᠮᠠ ᠪᠢᠨ ᠵᠠᠰᠠᠭ ᠤᠨ ᠣᠷᠳᠣᠨ ᠤ ᠳᠡᠳ᠋ ᠳᠠᠷᠤᠭ᠎ᠠ | ᠭᠡᠰᠢᠭᠦᠨ᠄ | ᠴᠢᠶᠣᠤ ᠸᠧᠶ ᠵᠢᠶᠠᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ | ᠯᠢ ᠰᠢᠨ ᠮᠢᠩ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ | ᠸᠠᠩ ᠢᠦᠢ ᠪᠢᠨ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ | ᠪᠠᠶᠢᠩᠭᠤ ᠶᠢᠨ ᠳᠡᠳ᠋ ᠳᠠᠷᠤᠭ᠎ᠠ᠂ ᠠᠯᠪᠠᠲᠠᠨ ᠤ ᠲᠣᠪᠴᠢᠶᠠᠨ ᠤ ᠳᠠᠷᠤᠭ᠎ᠠ | ᠰᠢᠶᠤᠤ ᠹᠧᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠵᠣᠣ ᠵᠧᠨ ᠬᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ | ᠰᠦ᠋ ᠢᠦᠢ ᠲᠣᠭᠤᠷᠢᠭ ᠤᠨ ᠬᠠᠮᠲᠤᠷᠠᠯᠴᠠᠭ᠎ᠠ ᠰᠣᠯᠢᠯᠴᠠᠭᠠᠨ ᠤ ᠲᠥᠪ ᠤᠨ ᠡᠷᠬᠢᠯᠡᠭᠴᠢ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠭᠠᠷᠭᠠᠵᠤ᠂ ᠠᠯᠪᠠᠨ | ᠭᠡᠷ ᠤᠨ ᠡᠷᠬᠢᠯᠡᠭᠴᠢ ᠶᠢᠨ ᠲᠤᠰᠢᠶᠠᠯ ᠢ ᠯᠢ ᠰᠢᠨ ᠮᠢᠩ ᠲᠣᠪᠴᠢᠶᠠᠨ ᠳᠠᠷᠤᠭ᠎ᠠ ᠬᠠᠪᠰᠤᠷᠭᠠᠨ ᠡᠭᠦᠷᠭᠡᠯᠡᠵᠦ᠂ ᠣᠷᠣᠨ | ᠰᠠᠭᠤᠴᠠ ᠶᠢᠨ ᠪᠠᠲᠤᠯᠠᠭ᠎ᠠ ᠶᠢᠨ ᠡᠳᠦᠷ ᠲᠤᠲᠤᠮ ᠤᠨ ᠬᠡᠷᠡᠭ ᠶᠠᠪᠤᠳᠠᠯ ᠢ ᠬᠠᠷᠢᠭᠤᠴᠠᠨ ᠰᠢᠢᠳᠪᠦᠷᠢᠯᠡᠵᠦ᠂ | ᠴᠢᠳᠠᠪᠤᠷᠢᠲᠠᠨ ᠢ ᠤᠷᠤᠭᠤᠯᠬᠤ ᠣᠷᠣᠨ ᠰᠠᠭᠤᠴᠠ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ | ︵ᠬᠤᠶᠠᠷ︶ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠬᠡᠷᠡᠭᠲᠡᠢ᠃ ᠲᠣᠭᠤᠷᠢᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠷᠢᠶ᠎ᠠ ᠪᠠᠶᠢᠭᠤᠯᠭ᠎ᠠ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠤ ᠬᠢᠷᠢ ᠬᠡᠮ ᠢ ᠨᠤᠲᠠᠯᠠᠬᠤ ᠶᠢ ᠬᠠᠷᠢᠭᠤᠴᠠᠨ᠎ᠠ︔ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠴᠢᠳᠠᠪᠤᠷᠢᠲᠠᠨ ᠤ ᠣᠷᠣᠨ ᠰᠠᠭᠤᠴᠠ ᠶᠢᠨ ᠬᠠᠮᠢᠶ᠎ᠠ ᠪᠦᠬᠦᠢ | ᠪᠠᠲᠤᠯᠠᠭ᠎ᠠ ᠶᠢᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠬᠠᠷᠢᠭᠤᠴᠠᠨ᠎ᠠ︔ ᠲᠣᠭᠤᠷᠢᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠭᠡᠷ ᠪᠠᠶᠢᠰᠢᠩ | ᠬᠤᠳᠠᠯᠳᠤᠨ ᠠᠪᠬᠤ ᠦᠨ᠎ᠡ ᠨᠤᠭᠤᠯᠪᠤᠷᠢ ᠶᠢᠨ ᠨᠥᠬᠦᠪᠥᠷᠢ᠂ ᠲᠦᠷᠢᠶᠡᠰᠦᠨ ᠮᠥᠩᠭᠦ ᠶᠢᠨ ᠨᠥᠬᠦᠪᠥᠷᠢ ᠶᠢ | ᠲᠥᠰᠦᠭᠡᠯᠡᠨ ᠪᠣᠳᠣᠬᠤ ᠵᠢᠴᠢ ᠣᠯᠭᠤᠬᠤ ᠶᠢ ᠬᠠᠷᠢᠭᠤᠴᠠᠨ᠎ᠠ︔ ᠲᠣᠭᠤᠷᠢᠭ ᠤᠨ ᠬᠠᠮᠲᠤᠷᠠᠯᠴᠠᠭ᠎ᠠ ᠰᠣᠯᠢᠯᠴᠠᠭᠠᠨ ᠤ | ᠲᠥᠪ ᠠᠴᠠ ᠴᠢᠳᠠᠪᠤᠷᠢᠲᠠᠨ ᠤ ᠣᠷᠣᠨ ᠰᠠᠭᠤᠴᠠ ᠶᠢ ᠬᠡᠷᠡᠭᠯᠡᠨ ᠭᠡᠷ ᠪᠠᠶᠢᠰᠢᠩ ᠲᠣᠬᠢᠷᠠᠭᠤᠯᠵᠤ ᠥᠭᠬᠦ ᠶᠢ | ᠬᠠᠷᠢᠭᠤᠴᠠᠨ᠎ᠠ᠃ | | ᠳᠠᠭᠠᠯᠳᠤᠭᠤᠯᠤᠯ᠄ 1 . ᠪᠤᠭᠤᠲᠤ ᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ | ᠮᠠᠭᠠᠳᠯᠠᠨ ᠲᠣᠭᠲᠠᠭᠠᠬᠤ ᠭᠠᠷᠴᠠᠭ ︵2021 ᠣᠨ︶ | 2 . ᠪᠤᠭᠤᠲᠤ ᠬᠤᠲᠠ ᠴᠢᠳᠠᠪᠤᠷᠢᠲᠠᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷᠡᠭᠵᠢᠭᠦᠯᠬᠦ ᠨᠠᠷᠢᠨ | ᠲᠦᠷᠢᠮ ︵ᠵᠠᠰᠠᠪᠤᠷᠢ ᠣᠷᠣᠭᠤᠯᠤᠭᠰᠠᠨ ᠨᠣᠤᠷᠠᠭ︶ ︵ᠪᠤᠭᠤᠲᠤ ᠣᠷᠣᠨ ᠰᠠᠭᠤᠴᠠ ᠪᠥᠲᠥᠭᠡᠨ ᠪᠠᠶᠢᠭᠤᠯᠤᠯᠲᠠ | ᠪᠠᠲᠤᠯᠠᠭ᠎ᠠ ﹇2022﹈ 18 ᠳ᠋ᠤᠭᠠᠷ ᠲᠣᠭᠠᠲᠤ︶ | | ᠳᠠᠭᠠᠯᠳᠤᠭᠤᠯᠤᠯ | ᠪᠤᠭᠤᠲᠤ ᠬᠤᠲᠠ ᠶᠢᠨ ᠳᠡᠭᠡᠳᠦ ᠲᠠᠰ ᠤᠨ ᠴᠢᠳᠠᠪᠤᠷᠢᠲᠠᠨ ᠢ ᠮᠠᠭᠠᠳᠯᠠᠨ ᠲᠣᠭᠲᠠᠭᠠᠬᠤ ᠭᠠᠷᠴᠠᠭ ︵ | 2021 ᠣᠨ︶ | ᠨᠢᠭᠡᠳᠦᠭᠡᠷ ᠲᠥᠷᠥᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ | ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠵᠢᠴᠢ ᠨᠡᠯᠢᠶᠡᠳ ᠳᠡᠰ ᠳᠠᠪᠬᠤᠷᠭ᠎ᠠ ᠶᠢᠨ | ᠴᠢᠳᠠᠪᠤᠷᠢᠲᠠᠨ ︵ᠨᠢᠭᠡᠳᠦᠭᠡᠷ ᠲᠥᠷᠥᠯ ᠭᠡᠵᠦ ᠲᠣᠪᠴᠢᠯᠠᠨ᠎ᠠ︶᠃ | ᠬᠤᠶᠠᠳᠤᠭᠠᠷ ᠲᠥᠷᠥᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠠᠺᠠᠳᠧᠮᠢᠴᠢ ᠶᠢ ᠨᠡᠮᠡᠨ ᠰᠣᠩᠭᠤᠬᠤ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠶᠢ | ᠰᠢᠯᠢᠨ ᠰᠣᠩᠭᠤᠬᠤ ᠳᠤ ᠬᠦᠴᠦᠨ ᠪᠦᠬᠦᠢ ᠵᠢᠱᠢᠭᠳᠡᠭᠰᠡᠳ︔ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠱᠠᠩᠨᠠᠯ᠂ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠳᠠᠪᠰᠢᠯᠲᠠ ᠶᠢᠨ ᠱᠠᠩᠨᠠᠯ ᠤᠨ ᠨᠢᠭᠡᠳᠦᠭᠡᠷ ᠳᠡᠰ ᠤᠨ ᠱᠠᠩᠨᠠᠯ ᠵᠢᠴᠢ ᠲᠡᠭᠦᠨ ᠠᠴᠠ ᠳᠡᠭᠡᠭᠰᠢᠬᠢ ᠬᠦᠷᠲᠡᠭᠴᠢ ︵ | ᠨᠢᠭᠡᠳᠦᠭᠡᠷ ᠭᠤᠣᠯ ᠰᠤᠳᠤᠯᠭᠠᠨ ᠤ ᠠᠵᠢᠯᠲᠠᠨ︶︔ ︽ ᠤᠯᠤᠰ ᠤᠨ ᠳᠡᠭᠡᠳᠦ ᠳᠡᠰ ᠤᠨ ᠴᠢᠳᠠᠪᠤᠷᠢᠲᠠᠨ ᠤ ᠣᠨᠴᠠᠭᠠᠢ | ᠳᠡᠮᠵᠢᠬᠦ ᠲᠥᠯᠥᠪᠯᠡᠭᠡ︾ ᠶᠢᠨ ᠭᠠᠷᠮᠠᠭᠠᠶ ᠴᠢᠳᠠᠪᠤᠷᠢᠲᠠᠨ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠦᠷᠢᠶᠡᠨ ᠳᠤ ᠪᠦᠲᠦᠭᠡᠯᠴᠢ ᠠᠮᠵᠢᠯᠲᠠ ᠪᠦᠲᠦᠮᠵᠢ ᠪᠠ ᠴᠢᠬᠤᠯᠠ ᠶᠡᠭᠡ ᠬᠤᠪᠢ ᠨᠡᠮᠡᠷᠢ ᠦᠵᠡᠭᠦᠯᠬᠦ᠂ ᠡᠷᠳᠡᠮ | ᠰᠢᠨᠵᠢᠯᠡᠭᠡᠨ ᠤ ᠨᠡᠷ᠎ᠡ ᠠᠯᠳᠠᠷ ᠥᠨᠳᠥᠷ ᠨᠢᠭᠡᠳᠦᠭᠡᠷ ᠳᠡᠰ ᠤᠨ ᠫᠷᠤᠹᠧᠰᠰᠤᠷ ︵ᠨᠡᠷ᠎ᠡ ᠲᠥᠷᠥ ᠲᠠᠢ ᠫᠷᠤᠹᠧᠰᠰᠤᠷ︶᠂ | ᠭᠠᠳᠠᠭᠠᠳᠤ ᠶᠢᠨ ᠲᠡᠷᠢᠭᠦᠨ ᠳᠡᠰ ᠤᠨ ᠶᠡᠭᠡ ᠰᠤᠷᠭᠠᠭᠤᠯᠢ ᠪᠤᠶᠤ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠠᠯᠳᠠᠷᠲᠤ ᠨᠠᠰᠤᠨ ᠲᠤᠷᠰᠢᠳᠠ ᠶᠢᠨ ᠫᠷᠤᠹᠧᠰᠰᠤᠷ ᠵᠢᠴᠢ ᠨᠡᠯᠢᠶᠡᠳ ᠳᠡᠰ ᠳᠠᠪᠬᠤᠷᠭ᠎ᠠ ᠶᠢᠨ | ᠴᠢᠳᠠᠪᠤᠷᠢᠲᠠᠨ ︵ᠬᠤᠶᠠᠳᠤᠭᠠᠷ ᠲᠦᠷᠦᠯ ᠭᠡᠵᠦ ᠲᠣᠪᠴᠢᠯᠠᠨ᠎ᠠ︶᠃ | ᠭᠤᠷᠪᠠᠳᠤᠭᠠᠷ ᠲᠥᠷᠥᠯ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ ᠤᠨ | ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ | ᠱᠠᠩᠨᠠᠯ ᠤᠨ ᠬᠤᠶᠠᠳᠤᠭᠠᠷ ᠳᠡᠰ ᠤᠨ ᠱᠠᠩᠨᠠᠯ ᠵᠢᠴᠢ ᠲᠡᠭᠦᠨ ᠠᠴᠠ ᠳᠡᠭᠡᠭᠰᠢᠬᠢ ᠱᠠᠩᠨᠠᠯ ᠬᠦᠷᠲᠡᠭᠰᠡᠳ︔ ᠤᠯᠤᠰ ᠤᠨ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠴᠢᠬᠤᠯᠠ ᠶᠡᠭᠡ ᠲᠦᠰᠦᠯ᠂ ᠭᠤᠣᠯᠳᠠᠯᠭ᠎ᠠ ᠲᠠᠢ | ᠲᠦᠰᠦᠯ ᠤᠨ ᠡᠷᠬᠢᠯᠡᠭᠴᠢ᠂ ᠤᠯᠤᠰ ᠤᠨ ᠭᠠᠷᠮᠠᠭᠠᠢ ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ | ᠮᠥᠩᠭᠦ ᠶᠢᠨ ᠴᠢᠬᠤᠯᠠ ᠶᠡᠭᠡ ᠲᠦᠰᠦᠯ ᠤᠨ ᠬᠥᠲᠥᠯᠥᠭᠴᠢ᠂ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠠᠭᠤᠷᠢ ᠮᠥᠩᠭᠦ ᠶᠢᠨ ᠴᠢᠬᠤᠯᠠ ᠶᠡᠭᠡ ᠲᠦᠰᠦᠯ ᠤᠨ ᠡᠷᠬᠢᠯᠡᠭᠴᠢ︔ ︽ᠤᠯᠤᠰ ᠤᠨ ᠳᠡᠭᠡᠳᠦ ᠳᠡᠰ ᠤᠨ | ᠴᠢᠳᠠᠪᠤᠷᠢᠲᠠᠨ ᠤ ᠣᠨᠴᠠᠭᠠᠢ ᠳᠡᠮᠵᠢᠬᠦ ᠲᠥᠯᠥᠪᠯᠡᠭᠡ︾ ᠶᠢᠨ ᠳᠠᠭᠠᠭᠤᠯᠤᠭᠴᠢ ᠴᠢᠳᠠᠪᠤᠷᠢᠲᠠᠨ︔ ᠪᠦᠬᠦ ᠤᠯᠤᠰ ᠤᠨ | ᠭᠠᠷᠮᠠᠭᠠᠶ ᠲᠤᠰᠬᠠᠶ ᠮᠡᠷᠭᠡᠵᠢᠯ ᠤᠨ ᠴᠢᠳᠠᠪᠤᠷᠢᠲᠠᠨ ᠣᠷᠣᠯᠴᠠᠭᠰᠠᠳ︔ ︽ᠬᠥᠬᠡᠮᠥ᠋ᠷᠡᠨ ᠤ ᠡᠷᠳᠡᠮᠲᠡᠳ ᠤᠨ | ᠱᠠᠩᠨᠠᠯ ᠤᠨ ᠲᠥᠯᠥᠪᠯᠡᠭᠡ︾ ᠶᠢᠨ ᠣᠨᠴᠠ ᠤᠷᠢᠭᠰᠠᠨ ᠫᠷᠤᠹᠧᠰᠰᠤᠷ︔ ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ | ᠮᠠᠲ᠋ᠧᠷᠢᠶᠠᠯ᠂ ᠤᠳᠤ ᠦᠶ᠎ᠡ ᠶᠢᠨ ᠡᠨᠧᠷᠭᠢ᠂ ᠤᠳᠤ ᠦᠶ᠎ᠡ ᠶᠢᠨ ᠲᠣᠨᠣᠭᠯᠠᠯ ᠦᠢᠯᠡᠳᠬᠦ ᠦᠢᠯᠡᠰ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠵᠤ ᠦᠢᠯᠡᠰ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ | ᠬᠦᠷᠢᠶᠡᠨ ᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠪᠤᠰᠤᠳ ᠲᠡᠩᠴᠡᠭᠦᠦ ᠳᠠᠪᠬᠤᠷᠭ᠎ᠠ ᠶᠢᠨ | ᠴᠢᠳᠠᠪᠤᠷᠢᠲᠠᠨ ︵ᠳᠥᠭᠦᠮᠴᠢᠯᠡᠭᠡᠳ ᠭᠤᠷᠪᠠᠳᠤᠭᠠᠷ ᠲᠦᠷᠦᠯ ᠭᠡᠨ᠎ᠡ︶᠃ | ᠳᠥᠷᠪᠡᠳᠦᠭᠡᠷ ᠲᠥᠷᠥᠯ᠂ ᠤᠯᠤᠰ ᠤᠨ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ᠂ ᠲᠤᠷᠰᠢᠯᠲᠠ ᠶᠢᠨ ᠲᠠᠰᠤᠭ᠂ | ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ ᠡᠷᠳᠡᠮ ᠰᠢᠨᠵᠢᠯᠡᠭᠡᠨ ᠤ ︵ᠮᠡᠷᠭᠡᠵᠢᠯ︶ ᠳᠠᠭᠠᠭᠤᠯᠤᠭᠴᠢ | ᠂ ︽ᠵᠠᠭᠤ ᠮᠢᠩᠭ᠎ᠠ ᠲᠦᠮᠡ ᠶᠢᠨ ᠴᠢᠳᠠᠪᠤᠷᠢᠲᠠᠨ ᠤ ᠢᠨᠵᠧᠨᠧᠷᠢᠩ︾ ᠤᠨ ᠤᠯᠤᠰ ᠤᠨ ᠲᠠᠰ ᠤᠨ ᠵᠢᠱᠢᠭᠳᠡᠭᠴᠢ︔ ︽ | ᠤᠯᠤᠰ ᠤᠨ ᠳᠡᠭᠡᠳᠦ ᠳᠡᠰ ᠤᠨ ᠴᠢᠳᠠᠪᠤᠷᠢᠲᠠᠨ ᠤ ᠣᠨᠴᠠᠭᠠᠢ ᠳᠡᠮᠵᠢᠬᠦ ᠲᠥᠯᠥᠪᠯᠡᠭᠡ︾ ᠶᠢᠨ ᠵᠠᠯᠠᠭᠤ ᠣᠷᠦ᠋ᠢᠯᠠᠭᠴᠢ | ᠴᠢᠳᠠᠪᠤᠷᠢᠲᠠᠨ᠂ ︽ᠵᠠᠯᠠᠭᠤ ᠬᠥᠬᠡ ᠮᠥᠷᠡᠨ ᠤ ᠡᠷᠳᠡᠮᠲᠡᠳ︾ ᠤᠨ ᠰᠣᠩᠭᠤᠭᠴᠢ ︽ᠰᠢᠨ᠎ᠡ ᠶᠢ ᠡᠭᠦᠳᠬᠦ | ᠴᠢᠳᠠᠪᠤᠷᠢᠲᠠᠨ ᠢ ᠠᠬᠢᠭᠤᠯᠬᠤ ᠲᠥᠯᠥᠪᠯᠡᠭᠡ︾ ᠶᠢᠨ ᠢᠳᠡᠷ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠳᠠᠭᠠᠭᠤᠯᠤᠭᠴᠢ ᠴᠢᠳᠠᠪᠤᠷᠢᠲᠠᠨ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ | ᠮᠥᠩᠭᠦ ᠶᠢᠨ ᠰᠢᠯᠢᠳᠡᠭ ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢ ᠬᠦᠷᠲᠡᠭᠰᠡᠳ︔ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ︽ᠵᠠᠭᠤᠨ ᠬᠥᠮᠦᠨ ᠤ ᠲᠥᠯᠥᠪᠯᠡᠭᠡ︾ ᠶᠢᠨ | ᠰᠣᠩᠭᠤᠭᠳᠠᠭᠴᠢ︔ ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ ᠮᠠᠲ᠋ᠧᠷᠢᠶᠠᠯ᠂ ᠣᠲᠣ ᠦᠶ᠎ᠡ ᠶᠢᠨ ᠡᠨᠧᠷᠭᠢ᠂ | ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠠᠵᠤ ᠦᠢᠯᠡᠰ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠬᠦᠷᠢᠶᠡᠨ ᠳᠠᠬᠢ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠪᠤᠰᠤᠳ ᠲᠡᠩᠴᠡᠭᠦᠦ ᠳᠠᠪᠬᠤᠷᠭ᠎ᠠ ᠶᠢᠨ ᠴᠢᠳᠠᠪᠤᠷᠢᠲᠠᠨ | ︵ᠳᠥᠭᠦᠮᠴᠢᠯᠡᠭᠡᠳ ᠳᠥᠷᠪᠡᠳᠦᠭᠡᠷ ᠲᠥᠷᠥᠯ ᠭᠡᠨ᠎ᠡ︶᠃ | ᠲᠠᠪᠤᠳᠤᠭᠠᠷ ᠲᠥᠷᠥᠯ᠂ ᠤᠯᠤᠰ ᠤᠨ ᠳᠣᠲᠣᠭᠠᠳᠤ ᠶᠢᠨ ᠲᠡᠷᠢᠭᠦᠨ ᠤ ᠶᠡᠭᠡ ᠳᠡᠭᠡᠳᠦ ᠰᠤᠷᠭᠠᠭᠤᠯᠢ ᠪᠤᠶᠤ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠳ᠋ᠣᠺᠲ᠋ᠣᠷ᠂ ᠳ᠋ᠣᠺᠲ᠋ᠣᠷᠠᠨᠲ ᠤᠨ ᠥᠩᠭᠡᠷᠡᠯᠲᠡ ᠲᠠᠢ | ᠂ ᠨᠡᠯᠢᠶᠡᠳ ᠥᠨᠳᠥᠷ ᠡᠷᠳᠡᠮ ᠰᠢᠨᠵᠢᠯᠡᠭᠡᠨ ᠤ ᠠᠮᠵᠢᠯᠲᠠ ᠪᠦᠲᠦᠮᠵᠢ ᠣᠯᠪᠠ︔ ᠤᠯᠤᠰ ᠤᠨ ᠳᠣᠲᠣᠭᠠᠳᠤ ᠶᠢᠨ | ᠲᠡᠷᠢᠭᠦᠨ ᠤ ᠶᠡᠭᠡ ᠳᠡᠭᠡᠳᠦ ᠰᠤᠷᠭᠠᠭᠤᠯᠢ ᠬᠢᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ | ᠳᠡᠳ᠋ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠴᠣᠯᠠ ᠲᠠᠢ ᠪᠠᠶᠢᠵᠤ᠂ ᠡᠷᠳᠡᠮ ᠰᠢᠨᠵᠢᠯᠡᠭᠡᠨ ᠤ ᠲᠣᠪᠤᠶᠢᠮ᠎ᠠ | ᠠᠮᠵᠢᠯᠲᠠ ᠣᠯᠪᠠ︔ ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ ᠮᠠᠲ᠋ᠧᠷᠢᠶᠠᠯ᠂ ᠣᠲᠣ ᠦᠶ᠎ᠡ ᠶᠢᠨ ᠡᠨᠧᠷᠭᠢ᠂ | ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠲᠠᠷᠢᠶᠠᠯᠠᠩ ᠮᠠᠯ ᠠᠵᠤ ᠠᠬᠤᠶ ᠢᠳᠡᠭᠡᠨ ᠤ ᠠᠵᠤ | ᠦᠢᠯᠡᠰ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠬᠦᠷᠢᠶᠡᠨ ᠳᠠᠬᠢ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠳᠤ ᠨᠡᠶᠢᠴᠡᠭᠰᠡᠨ ᠪᠤᠰᠤᠳ ᠵᠣᠬᠢᠬᠤ ᠲᠠᠰ ᠤᠨ ᠴᠢᠳᠠᠪᠤᠷᠢᠲᠠᠨ ︵ᠳᠥᠭᠦᠮᠴᠢᠯᠡᠭᠡᠳ ᠲᠠᠪᠤᠳᠤᠭᠠᠷ | ᠲᠥᠷᠥᠯ ᠭᠡᠨ᠎ᠡ︶᠃ | ᠵᠢᠷᠭᠤᠳᠤᠭᠠᠷ ᠲᠥᠷᠥᠯ᠂ ᠳᠡᠯᠡᠬᠡᠶ ᠶᠢᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠤ ᠠᠯᠲᠠᠨ ᠮᠧᠳᠠᠯ᠂ | ᠮᠦᠩᠭᠦᠨ ᠮᠧᠲᠠᠯ᠂ ᠬᠦᠷᠡᠯ ᠮᠧᠳᠠᠯ ᠪᠠ ᠤᠯᠤᠰ ᠤᠨ ᠲᠠᠰ ᠤᠨ ᠨᠢᠭᠡᠳᠦᠭᠡᠷ ᠲᠥᠷᠥᠯ ᠤᠨ ᠮᠡᠷᠭᠡᠵᠢᠯ ᠴᠢᠳᠠᠪᠤᠷᠢ ᠶᠢᠨ | ᠤᠷᠤᠯᠳᠤᠭᠠᠨ ᠤ ᠡᠮᠦᠨ᠎ᠡ ᠲᠠᠪᠤᠨ ᠨᠡᠷᠡᠰ ᠢ ᠬᠦᠷᠲᠡᠭᠰᠡᠳ︔ ᠳᠤᠮᠳᠠᠳᠤ ᠶᠢᠨ ᠮᠡᠷᠭᠡᠵᠢᠯ ᠴᠢᠳᠠᠪᠤᠷᠢ ᠶᠢᠨ ᠶᠡᠭᠡ | ᠱᠠᠩᠨᠠᠯ ᠬᠦᠷᠲᠡᠭᠴᠢ ᠪᠠ ᠪᠦᠬᠦ ᠤᠯᠤᠰ ᠤᠨ ᠮᠡᠷᠭᠡᠵᠢᠯ ᠤᠨ ᠴᠢᠳᠠᠪᠤᠷᠢᠲᠠᠨ︔ ᠤᠯᠤᠰ ᠤᠨ ᠲᠠᠰ ᠤᠨ ᠮᠡᠷᠭᠡᠵᠢᠯ | ᠴᠢᠳᠠᠪᠤᠷᠢ ᠶᠢᠨ ᠶᠡᠭᠡ ᠮᠠᠰᠲ᠋ᠧᠷ ᠤᠨ ᠠᠵᠢᠯᠯᠠᠬᠤ ᠲᠠᠰᠤᠭ ᠤᠨ ᠭᠤᠤᠯ ᠬᠠᠷᠢᠭᠤᠴᠠᠯᠭᠠᠲᠠᠨ︔ ᠮᠤᠵᠢ ᠶᠠᠮᠤᠨ ᠤ | ᠲᠠᠰ ᠤᠨ ᠰᠢᠯᠢᠨ ᠰᠣᠩᠭᠤᠵᠤ ᠬᠥᠬᠢᠭᠦᠯᠦᠨ ᠰᠠᠶᠢᠰᠢᠶᠠᠭᠰᠠᠨ ᠬᠠᠮᠤᠭ ᠤᠨ ᠳᠡᠭᠡᠳᠦ ᠲᠠᠰ ᠳᠠᠪᠬᠤᠷᠭ᠎ᠠ ᠶᠢᠨ ᠤᠷ᠎ᠠ | ᠴᠢᠳᠠᠪᠤᠷᠢ ᠶᠢᠨ ᠴᠢᠳᠠᠪᠤᠷᠢᠲᠠᠨ︔ ᠣᠨᠴᠠ ᠮᠡᠷᠭᠡᠵᠢᠯ ᠴᠢᠳᠠᠪᠤᠷᠢ ᠲᠠᠢ ᠣᠨᠴᠠᠭᠠᠶ ᠤᠷ᠎ᠠ ᠴᠢᠳᠠᠪᠤᠷᠢ ᠶᠢᠨ | ᠴᠢᠳᠠᠪᠤᠷᠢᠲᠠᠨ ᠵᠢᠴᠢ ᠪᠤᠰᠤᠳ ᠠᠳᠠᠯᠢ ᠲᠠᠰ ᠤᠨ ᠤᠷ᠎ᠠ ᠴᠢᠳᠠᠪᠤᠷᠢ ᠶᠢᠨ ᠴᠢᠳᠠᠪᠤᠷᠢᠲᠠᠨ ︵ᠳᠥᠭᠦᠮᠴᠢᠯᠡᠭᠡᠳ | ᠵᠢᠷᠭᠤᠳᠤᠭᠠᠷ ᠲᠥᠷᠥᠯ ᠭᠡᠨ᠎ᠡ︶᠃ | ︽ᠪᠤᠭᠤᠲᠤ ᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠮᠠᠭᠠᠳᠯᠠᠨ ᠲᠣᠭᠲᠠᠭᠠᠬᠤ | ᠭᠠᠷᠴᠠᠭ︾ ᠲᠤ ᠬᠡᠷᠡᠭᠴᠡᠭᠡ ᠪᠠᠨ ᠦᠨᠳᠦᠰᠦᠯᠡᠨ ᠴᠠᠭ ᠲᠤᠨᠢ ᠳᠣᠭᠢᠷᠠᠭᠤᠯᠤᠨ ᠲᠣᠬᠢᠷᠠᠭᠤᠯᠤᠯᠲᠠ ᠬᠢᠵᠦ᠂ | ᠬᠤᠲᠠ ᠶᠢᠨ ᠴᠢᠳᠠᠪᠤᠷᠢᠲᠠᠨ ᠤ ᠠᠵᠢᠯ ᠤᠨ ᠵᠣᠬᠢᠴᠠᠭᠤᠯᠬᠤ ᠳᠤᠭᠤᠶᠢᠯᠠᠩ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ | ᠬᠡᠷᠡᠭᠵᠢᠭᠦᠯᠦᠨ᠎ᠡ᠃ | | | ᠪᠤᠭᠤᠲᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ | ᠡᠳ᠋ ᠤᠨ ᠵᠠᠰᠠᠭ ᠤᠨ ᠲᠣᠪᠴᠢᠶ᠎ᠠ ᠶᠢᠨ ︽ᠪᠤᠭᠤᠲᠤ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠴᠢᠳᠠᠪᠤᠷᠢᠲᠠᠨ ᠤ ᠪᠠᠲᠤᠯᠠᠭ᠎ᠠ ᠶᠢᠨ ᠬᠡᠷᠡᠭᠵᠢᠭᠦᠯᠬᠦ ᠨᠠᠷᠢᠨ ᠲᠦᠷᠢᠮ ︵ᠵᠠᠰᠠᠪᠤᠷᠢ ᠣᠷᠣᠭᠤᠯᠤᠭᠰᠠᠨ ᠨᠣᠤᠷᠠᠭ︶︾ ᠢ | ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | | ᠪᠤᠭᠤᠲᠤ ᠤᠷᠤᠨ ᠪᠦᠲᠦᠭᠡᠨ ᠪᠠᠲᠤᠯᠠᠭ᠎ᠠ ﹇2022﹈ 18 ᠳ᠋ᠤᠭᠠᠷ ᠲᠣᠭᠠᠲᠤ | | ᠡᠯ᠎ᠡ ᠬᠤᠰᠢᠭᠤ ᠰᠢᠶᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠪᠥᠲᠥᠭᠡᠨ ᠪᠠᠶᠢᠭᠤᠯᠤᠯᠲᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠠᠮᠢᠶ᠎ᠠ ᠪᠥᠬᠦᠶ | ᠨᠢᠭᠡᠴᠢ ᠳᠤ᠄ | ︽ᠪᠤᠭᠤᠲᠤ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠴᠢᠳᠠᠪᠤᠷᠢᠲᠠᠨ ᠤ ᠪᠠᠲᠤᠯᠠᠭ᠎ᠠ ᠶᠢᠨ | ᠬᠡᠷᠡᠭᠵᠢᠭᠦᠯᠬᠦ ᠨᠠᠷᠢᠨ ᠲᠦᠷᠢᠮ ︵ᠵᠠᠰᠠᠪᠤᠷᠢ ᠣᠷᠣᠭᠤᠯᠤᠭᠰᠠᠨ ᠨᠣᠤᠷᠠᠭ︶︾ ᠢ ᠬᠤᠲᠠ ᠶᠢᠨ ᠴᠢᠳᠠᠪᠤᠷᠢᠲᠠᠨ ᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠤᠷᠠᠯ ᠢᠶᠠᠷ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ | ᠃ | | ᠪᠤᠭᠤᠲᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ | ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ | ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ | 2022 ᠣᠨ ᠤ 8 ᠳ᠋ᠤᠭᠠᠷ ᠰᠠᠷ᠎ᠠ ᠶᠢᠨ 15 ᠤ ᠡᠳᠦᠷ | | | ᠪᠤᠭᠤᠲᠤ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠮᠤᠷ ᠲᠦᠪᠰᠢᠨ ᠤ ᠬᠡᠷᠡᠭᠵᠢᠭᠦᠯᠬᠦ ᠨᠠᠷᠢᠨ | ᠲᠦᠷᠢᠮ ︵ᠵᠠᠰᠠᠪᠤᠷᠢ ᠣᠷᠣᠭᠤᠯᠤᠭᠰᠠᠨ ᠨᠣᠤᠷᠠᠭ︶ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠤᠷᠪᠤᠰ ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ | ᠭᠦᠨᠵᠡᠭᠡᠶ ᠬᠡᠷᠡᠭᠵᠢᠭᠦᠯᠵᠦ᠂ ᠴᠢᠳᠠᠪᠤᠷᠢᠲᠠᠨ ᠢ ᠲᠠᠲᠠᠬᠤ ᠪᠠ ᠲᠥᠪᠯᠡᠷᠡᠭᠦᠯᠬᠦ ᠲᠠᠯ᠎ᠠ ᠪᠠᠷ ᠬᠢ ᠴᠢᠳᠠᠪᠤᠷᠢᠲᠠᠨ ᠤ ᠣᠷᠣᠨ | ᠰᠠᠭᠤᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠬᠤᠲᠠ ᠶᠢᠨ ᠠᠵᠤ ᠠᠬᠤᠶ ᠶᠢᠨ ᠬᠥᠭᠵᠢᠯᠲᠡ ᠪᠠ | ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ︽ᠭᠤᠤᠯᠳᠠᠯᠭ᠎ᠠ ᠲᠠᠢ ᠠᠵᠤ ᠦᠢᠯᠡᠰ ᠤᠨ | ᠬᠦᠷᠢᠶᠡᠨ ᠳᠠᠬᠢ ᠳᠤᠮᠳᠠ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠪᠤᠶᠢᠵᠢᠭᠤᠯᠬᠤ ᠲᠤᠬᠠᠶ | ᠠᠷᠭ᠎ᠠ ᠬᠡᠮᠵᠢᠶ᠎ᠡ ᠨᠦᠭᠦᠳ︾᠂ ︽ᠵᠠᠯᠠᠭᠤ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠠᠵᠢᠯ ᠣᠯᠭᠤᠵᠤ ᠠᠳᠠᠯ | ᠦᠢᠯᠡᠰ ᠴᠣᠭᠴᠠᠯᠠᠬᠤ ᠶᠢ ᠳᠠᠭᠠᠭᠠᠴᠢᠯᠠᠭᠤᠯᠬᠤ ᠶᠢ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ︾᠂ ︽ᠪᠤᠭᠤᠲᠤ | ᠬᠤᠲᠠ ᠶᠢᠨ ᠳᠡᠭᠡᠳᠦ ᠲᠠᠰ ᠤᠨ ᠴᠢᠳᠠᠪᠤᠷᠢᠲᠠᠨ ᠳᠤ ᠦᠢᠯᠡᠴᠢᠯᠡᠬᠦ ᠠᠷᠭ᠎ᠠ ᠬᠡᠮᠵᠢᠶ᠎ᠡ ᠨᠦᠭᠦᠳ︾ ᠤᠨ ᠬᠤᠯᠪᠣᠭᠳᠠᠯ | ᠪᠥᠬᠦᠶ ᠲᠣᠭᠲᠠᠭᠠᠯ ᠢ ᠦᠨᠳᠦᠰᠦᠯᠡᠨ᠂ ᠲᠣᠰ ᠨᠠᠷᠢᠨ ᠲᠦᠷᠢᠮ ᠢ ᠲᠣᠭᠲᠠᠭᠠᠪᠠ᠃ | ᠬᠤᠶᠠᠳᠤᠭᠠᠷ ᠵᠤᠷᠪᠤᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠵᠤ᠂ ᠡᠯ᠎ᠡ ᠭᠠᠵᠠᠷ ᠣᠷᠣᠨ ᠢ | ᠵᠢᠯᠣᠭᠤᠳᠤᠨ ᠬᠢᠨᠠᠯᠲᠠ ᠲᠠᠯᠪᠢᠵᠤ ᠪᠠᠶᠢᠭᠠᠳ ᠣᠷᠣᠭᠤᠯᠤᠨ ᠠᠪᠴᠢᠷᠠᠬᠤ ᠴᠢᠳᠠᠪᠤᠷᠢᠲᠠᠨ ᠤ ᠪᠠᠲᠤᠯᠠᠭ᠎ᠠ ᠶᠢᠨ ᠡᠯ᠎ᠡ | ᠵᠦᠢᠯ ᠤᠨ ᠠᠵᠢᠯ ᠢ ᠰᠠᠶᠢᠲᠤᠷ ᠬᠢᠨ᠎ᠡ᠃ ᠬᠤᠲᠠ ᠲᠣᠭᠤᠷᠢᠭ ᠤᠨ ᠬᠤᠶᠠᠷ ᠱᠠᠲᠤᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠴᠢᠳᠠᠪᠤᠷᠢᠲᠠᠨ ᠤ ᠬᠢᠷᠢ ᠬᠡᠮ ᠢ ᠨᠤᠲᠠᠯᠠᠬᠤ ᠶᠢ | ᠬᠠᠷᠢᠭᠤᠴᠠᠵᠤ᠂ ᠡᠭᠦᠨ ᠳᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠨᠢ | ᠬᠤᠲᠠ ᠶᠢᠨ ᠲᠣᠰ ᠱᠠᠲᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠪᠠ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠳᠠᠭᠠᠭᠠᠴᠢᠯᠠᠭᠰᠠᠨ ᠨᠢᠭᠡᠴᠢ ᠵᠢᠴᠢ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠴᠢᠳᠠᠪᠤᠷᠢᠲᠠᠨ ᠤ ᠬᠢᠷᠢ ᠬᠡᠮ ᠢ ᠨᠤᠲᠠᠯᠠᠬᠤ ᠶᠢ ᠬᠠᠷᠢᠭᠤᠴᠠᠨ᠎ᠠ︔ ᠬᠤᠰᠢᠭᠤ ᠰᠢᠶᠠᠨ | ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠪᠣᠷ | ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠶᠠᠮᠤᠨ ᠢ ᠵᠣᠬᠢᠶᠠᠨ ᠪᠠᠶᠢᠭᠤᠯᠵᠤ ᠬᠠᠷᠢᠶ᠎ᠠ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠶᠢᠨ ᠴᠢᠳᠠᠪᠤᠷᠢᠲᠠᠨ ᠤ ᠬᠢᠷᠢ ᠬᠡᠮ ᠢ ᠨᠤᠲᠠᠯᠠᠬᠤ ᠶᠢ ᠬᠠᠷᠢᠭᠤᠴᠠᠨ᠎ᠠ᠃ ᠬᠤᠲᠠ ᠲᠣᠭᠤᠷᠢᠭ ᠬᠤᠶᠠᠷ | ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠴᠢᠳᠠᠪᠤᠷᠢᠲᠠᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠪᠡᠯᠡ | ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃ ᠡᠯ᠎ᠡ ᠭᠠᠵᠠᠷ ᠣᠷᠣᠨ ᠤ ᠠᠷᠠᠳ ᠤᠨ ᠵᠠᠰᠠᠭ ᠤᠨ | ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠭᠡᠷ | ᠪᠠᠶᠢᠰᠢᠩ ᠬᠤᠳᠠᠯᠳᠤᠨ ᠠᠪᠬᠤ ᠦᠨ᠎ᠡ ᠬᠠᠩᠰᠢ ᠶᠢᠨ ᠨᠥᠬᠦᠪᠥᠷᠢ᠂ ᠲᠦᠷᠢᠶᠡᠰᠦᠨ ᠮᠥᠩᠭᠦ ᠶᠢᠨ ᠨᠥᠬᠦᠪᠥᠷᠢ | ᠣᠯᠭᠤᠬᠤ ᠪᠠ ᠪᠣᠳᠠᠲᠤ ᠶᠠᠭᠤᠮ᠎ᠠ ᠪᠠᠷ ᠲᠦᠷᠢᠶᠡᠰᠦᠯᠡᠭᠦᠯᠬᠦ ᠠᠵᠢᠯ ᠢ ᠬᠠᠷᠢᠭᠤᠴᠠᠨ᠎ᠠ᠃ ᠪᠤᠰᠤᠳ ᠬᠠᠮᠢᠶ᠎ᠠ ᠪᠦᠬᠦᠢ | ᠨᠢᠭᠡᠴᠢ ᠪᠠ ᠰᠠᠯᠠᠭ᠎ᠠ ᠮᠥᠴᠢᠷ ᠤᠳ ᠲᠤᠰ ᠨᠢᠭᠡᠴᠢ ᠪᠠ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠨ᠎ᠡ᠃ | ᠬᠤᠶᠠᠳᠤᠭᠠᠷ ᠪᠦᠯᠦᠭ ᠪᠠᠲᠤᠯᠠᠭ᠎ᠠ ᠶᠢᠨ ᠡᠲᠡᠭᠡᠳ ᠵᠢᠴᠢ ᠭᠤᠶᠤᠴᠢᠯᠠᠬᠤ ᠨᠥᠬᠦᠴᠡᠯ | ᠭᠤᠷᠪᠠᠳᠤᠭᠠᠷ ᠵᠤᠷᠪᠤᠰ ᠴᠢᠳᠠᠪᠤᠷᠢᠲᠠᠨ ᠢ ᠬᠠᠳᠠᠨ ᠴᠢᠨᠠᠷ ᠢᠶᠠᠷ ᠴᠢᠩᠭ᠎ᠠ ᠣᠷᠣᠭᠤᠯᠤᠨ ᠠᠪᠴᠢᠷᠠᠭᠰᠠᠨ | ᠪᠠᠶᠢᠪᠠᠯ᠂ ᠳᠣᠣᠷᠠᠬᠢ ᠬᠤᠶᠠᠷ ᠨᠥᠬᠦᠴᠡᠯ ᠳᠤ ᠵᠡᠷᠭᠡᠪᠡᠷ ᠨᠡᠶᠢᠴᠡᠭᠦᠯᠬᠦ ᠬᠡᠷᠡᠭᠲᠡᠶ᠄ | ︵ᠨᠢᠭᠡ)2021 ᠣᠨ ᠤ 3 ᠳ᠋ᠤᠭᠠᠷ ᠰᠠᠷ᠎ᠠ ᠶᠢᠨ 3 ᠤ ᠡᠳᠦᠷ ᠠᠴᠠ ᠡᠬᠢᠯᠡᠨ᠂ ᠮᠠᠨ ᠤ ᠬᠤᠲᠠ ᠶᠢᠨ | ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠠᠵᠢᠯᠯᠠᠬᠤ ᠶᠢᠨ ᠬᠠᠮᠲᠤ ᠬᠥᠳᠡᠯᠮᠦᠷᠢ ᠶᠢᠨ ︵ | ᠤᠷᠢᠵᠤ ᠬᠡᠷᠡᠭᠯᠡᠬᠦ︶ ᠭᠡᠷ᠎ᠡ ᠲᠣᠭᠲᠠᠭᠰᠠᠨ ᠮᠥᠷᠲᠡᠭᠡᠨ 3 ᠰᠠᠷ᠎ᠠ ᠵᠢᠴᠢ ᠲᠡᠭᠦᠨ ᠠᠴᠠ ᠳᠡᠭᠡᠭᠰᠢᠬᠢ ᠨᠡᠶᠢᠭᠡᠮ ᠤᠨ | ᠳᠠᠭᠠᠳᠬᠠᠯ ᠤᠨ ᠵᠠᠷᠤᠳᠠᠯ ᠲᠤᠰᠢᠶᠠᠭᠰᠠᠨ ︵ᠠᠮᠢᠳᠤᠯᠢᠭ ᠢᠶᠠᠷ ᠠᠵᠢᠯ ᠣᠯᠤᠭᠰᠠᠳ ᠠᠴᠠ ᠪᠤᠰᠤᠳ︶ ᠪᠠᠶᠢᠬᠤ᠂ | ᠳᠤᠮᠳᠠ ᠵᠡᠷᠭᠡ ᠶᠢᠨ ᠲᠤᠰᠬᠠᠶ ᠮᠡᠷᠭᠡᠵᠢᠯ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ | ᠴᠢᠳᠠᠪᠤᠷᠢᠲᠠᠨ ᠪᠣᠶ︔ ᠡᠰᠡᠬᠦᠯ᠎ᠡ ᠮᠠᠨ ᠤ ᠬᠤᠲᠠ ᠳᠤ ᠳᠠᠩᠰᠠᠯᠠᠭᠤᠯᠤᠭᠠᠳ ᠲᠤᠰᠠᠭᠠᠷ ᠬᠠᠤᠯᠢ ᠶᠢᠨ ᠡᠷᠬᠡᠲᠡᠨ ᠤ | ᠬᠢᠷᠢ ᠬᠡᠮ ᠲᠠᠢ ᠠᠵᠤ ᠠᠬᠤᠶᠢᠯᠠᠯ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠠᠵᠤ ᠠᠬᠤᠶᠢᠯᠠᠯ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ︵ᠬᠤᠪᠢ ᠬᠥᠮᠦᠨ ᠤ ᠲᠤᠰᠠᠭᠠᠷ ᠪᠡᠯᠡ ᠣᠷᠣᠭᠤᠯᠤᠭᠰᠠᠨ | ᠠᠵᠤ ᠠᠬᠤᠶᠢᠯᠠᠯ ᠪᠠᠭᠲᠠᠨ᠎ᠠ︶ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠵᠢᠴᠢ ᠲᠡᠭᠦᠨ ᠠᠴᠠ | ᠳᠡᠭᠡᠭᠰᠢᠬᠢ ᠰᠤᠷᠤᠯᠭ᠎ᠠ ᠶᠢᠨ ᠨᠠᠮᠲᠠᠷ ᠪᠦᠬᠦᠢ ᠬᠠᠤᠯᠢ ᠶᠢᠨ ᠡᠷᠬᠡᠲᠡᠨ ᠤ ᠲᠥᠯᠥᠭᠡᠯᠡᠭᠴᠢ᠃ | ︵ᠬᠤᠶᠠᠷ︶ ᠭᠤᠶᠤᠴᠢᠯᠠᠭᠴᠢ ᠶᠢᠨ ᠲᠤᠰ ᠪᠡᠶ᠎ᠡ ᠵᠢᠴᠢ ᠬᠠᠨᠢ ᠨᠥᠬᠦᠷ ᠨᠢ ᠪᠣᠯᠣᠨ ᠨᠠᠰᠤᠨ ᠳᠤ ᠦᠯᠦ | ᠬᠦᠷᠦᠭᠰᠡᠨ ᠦᠷ᠎ᠡ ᠬᠡᠦᠬᠡᠳ ᠨᠢ ᠮᠠᠨ ᠤ ᠬᠤᠲᠠ ᠶᠢᠨ ᠬᠠᠷᠢᠶ᠎ᠠ ᠣᠷᠣᠨ ᠤ ᠬᠡᠪᠴᠢᠶᠡᠨ ᠳᠤ ᠥᠪᠡᠷ ᠤᠨ ᠣᠷᠣᠨ | ᠰᠠᠭᠤᠴᠠ ᠪᠠᠶᠢᠬᠤ ᠦᠭᠡᠢ ᠮᠥᠷᠲᠡᠭᠡᠨ ᠠᠵᠢᠯᠯᠠᠬᠤ ᠭᠠᠵᠠᠷ ᠣᠷᠣᠨ᠂ ᠨᠢᠭᠡᠴᠢ ᠨᠢ ᠣᠷᠣᠨ ᠰᠠᠭᠤᠴᠠ ᠬᠠᠩᠭᠠᠭᠰᠠᠨ | ᠦᠭᠡᠢ︔ ︽ᠤᠶᠤᠲᠠᠳ ᠢ ᠲᠥᠪᠯᠡᠷᠡᠭᠦᠯᠬᠦ ᠲᠥᠯᠥᠪᠯᠡᠭᠡ︾ ᠶᠢᠨ ᠣᠷᠣᠨ ᠰᠠᠭᠤᠴᠠ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠬᠦᠷᠲᠡᠭᠰᠡᠨ ᠦᠭᠡᠢ︔ ᠪᠤᠰᠤᠳ ᠣᠷᠣᠨ ᠰᠠᠭᠤᠴᠠ ᠶᠢᠨ ᠪᠠᠲᠤᠯᠠᠭ᠎ᠠ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠠᠮᠲᠤ ᠳᠤᠨᠢ ᠬᠦᠷᠲᠡᠭᠰᠡᠨ ᠦᠭᠡᠢ᠃ | ᠲᠦᠷᠢᠶᠡᠰᠦᠨ ᠮᠥᠩᠭᠦ ᠶᠢᠨ ᠨᠥᠬᠦᠪᠥᠷᠢ ᠭᠤᠶᠤᠴᠢᠯᠠᠬᠤ ᠳᠤ᠂ ᠭᠤᠶᠤᠴᠢᠯᠠᠭᠴᠢ ᠨᠢ ᠪᠤᠭᠤᠲᠤ ᠬᠤᠲᠠ ᠶᠢᠨ ᠳᠥᠷᠪᠡᠨ | ᠲᠣᠭᠤᠷᠢᠭ ᠵᠢᠴᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠤᠲᠠ ᠶᠢᠨ | ᠲᠥᠯᠥᠪᠵᠢᠭᠦᠯᠭᠡ ᠶᠢᠨ ᠣᠷᠣᠨ ᠤ ᠳᠣᠲᠣᠷ᠎ᠠ ᠣᠷᠣᠨ ᠰᠠᠭᠤᠴᠠ ᠲᠦᠷᠢᠶᠡᠰᠦᠯᠡᠭᠦᠯᠵᠦ᠂ ᠪᠠᠷᠢᠮᠵᠢᠶ᠎ᠠ ᠶᠢᠨ ᠵᠢᠱᠢᠶ᠎ᠡ | ᠦᠵᠡᠭᠦᠯᠬᠦ ᠲᠣᠪᠬᠢᠮᠠᠯ ᠢ ᠬᠡᠷᠡᠭᠯᠡᠵᠦ᠂ ᠭᠡᠷ ᠪᠠᠶᠢᠰᠢᠩ ᠲᠦᠷᠢᠶᠡᠰᠦᠯᠡᠭᠰᠡᠨ ᠦᠨᠡᠨ ᠪᠣᠳᠠᠲᠠᠶ ᠬᠦᠴᠦᠨ ᠪᠦᠬᠦᠢ ᠭᠡᠷ᠎ᠡ | ᠲᠣᠭᠲᠠᠬᠤ ᠶᠢᠨ ᠬᠠᠮᠲᠤ᠂ ᠣᠷᠣᠨ ᠰᠠᠭᠤᠴᠠ ᠲᠦᠷᠢᠶᠡᠰᠦᠯᠡᠬᠦ ᠭᠡᠷ᠎ᠡ ᠶᠢᠨ ᠰᠦᠯᠵᠢᠶᠡᠨ ᠳᠡᠭᠡᠷ᠎ᠡ ᠭᠠᠷ ᠤᠨ ᠦᠰᠦᠭ | ᠵᠢᠷᠤᠵᠤ ᠳᠠᠩᠰᠠᠯᠠᠭᠤᠯᠬᠤ ᠬᠡᠷᠡᠭᠲᠡᠶ᠃ | ᠳᠥᠷᠪᠡᠳᠦᠭᠡᠷ ᠵᠤᠷᠪᠤᠰ ᠮᠡᠷᠭᠡᠵᠢᠯ ᠤᠨ ᠵᠥᠪᠯᠡᠯᠭᠡ ᠥᠭᠬᠦ᠂ ᠲᠤᠰᠢᠶᠠᠯ ᠬᠠᠪᠰᠤᠷᠭᠠᠭᠰᠠᠨ ᠦᠢᠯᠡᠴᠢᠯᠡᠭᠡ᠂ | ᠮᠡᠷᠭᠡᠵᠢᠯ ᠢᠶᠠᠷ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ ᠮᠠᠨ ᠤ ᠬᠤᠲᠠ ᠳᠤ ᠤᠶᠠᠨ ᠬᠠᠳᠠᠨ | ᠴᠢᠨᠠᠷᠲᠠᠢ ᠪᠠᠷ ᠣᠷᠣᠭᠤᠯᠤᠨ ᠠᠪᠴᠢᠷᠠᠬᠤ ᠶᠢᠨ ᠬᠠᠮᠲᠤ ᠬᠥᠳᠡᠯᠮᠦᠷᠢ ᠶᠢᠨ ᠭᠡᠷ᠎ᠡ ︵ᠦᠢᠯᠡᠴᠢᠯᠡᠭᠡᠨ ᠤ ᠬᠡᠯᠡᠯᠴᠡᠭᠡᠷ︶ | ᠭᠠᠷ ᠤᠨ ᠦᠰᠦᠭ ᠵᠢᠷᠤᠭᠰᠠᠨ ︽ᠨᠡᠭᠦᠳᠡᠯ ᠤᠨ ᠰᠢᠪᠠᠭᠤ ᠶᠢᠨ ᠮᠠᠶ᠋ᠢᠭ︾ ᠤᠨ ᠢᠨᠵᠧᠨᠧᠷ ︵ᠠᠵᠢᠯ ᠠᠴᠠ ᠪᠠᠨ | ᠠᠮᠠᠷᠠᠭᠰᠠᠨ ᠢᠨᠵᠧᠨᠧᠷ ᠪᠠᠭᠲᠠᠨ᠎ᠠ︶ ᠵᠡᠷᠭᠡ ᠳᠤᠮᠳᠠ ᠳᠡᠭᠡᠳᠦ ᠲᠡᠰ ᠤᠨ ᠴᠢᠳᠠᠪᠤᠷᠢᠲᠠᠨ ᠳᠤ ᠠᠵᠢᠯ ᠳᠠᠭᠠᠭᠠᠴᠢᠯᠠᠬᠤ | ᠬᠤᠭᠤᠴᠠᠭᠠᠨ ᠳᠤ ᠦᠨ᠎ᠡ ᠲᠥᠯᠥᠪᠦᠷᠢ ᠦᠭᠡᠢ ᠪᠠᠷ ᠮᠠᠨ ᠤ ᠬᠤᠲᠠ ᠶᠢᠨ ᠴᠢᠳᠠᠪᠤᠷᠢᠲᠠᠨ ᠤ ᠣᠷᠣᠨ ᠰᠠᠭᠤᠴᠠ ᠳᠤ | ᠣᠷᠣᠵᠤ ᠪᠣᠯᠤᠨ᠎ᠠ᠃ | ᠭᠤᠷᠪᠠᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠮᠠᠶ᠋ᠢᠭ ᠪᠠ ᠪᠠᠷᠢᠮᠵᠢᠶ᠎ᠠ | ᠲᠠᠪᠤᠳᠤᠭᠠᠷ ᠵᠤᠷᠪᠤᠰ ᠪᠠᠲᠤᠯᠠᠭ᠎ᠠ ᠶᠢᠨ ᠠᠷᠭ᠎ᠠ ᠮᠠᠶ᠋ᠢᠭ ᠢ ᠭᠡᠷ ᠪᠠᠶᠢᠰᠢᠩ ᠬᠤᠳᠠᠯᠳᠤᠨ ᠠᠪᠬᠤ ᠳᠤ ᠦᠨ᠎ᠡ | ᠨᠤᠭᠤᠯᠤᠨ ᠪᠣᠳᠣᠬᠤ ᠨᠥᠬᠦᠪᠥᠷᠢ᠂ ᠲᠦᠷᠢᠶᠡᠰᠦᠨ ᠮᠥᠩᠭᠦ ᠶᠢᠨ ᠨᠥᠬᠦᠪᠥᠷᠢ ᠪᠠ ᠪᠣᠳᠠᠲᠤ ᠵᠦᠢᠯ ᠢᠶᠠᠷ | ᠲᠦᠷᠢᠶᠡᠰᠦᠯᠡᠭᠦᠯᠬᠦ ᠭᠡᠵᠦ ᠬᠤᠪᠢᠶᠠᠨ᠎ᠠ᠃ ᠭᠡᠷ ᠪᠠᠶᠢᠰᠢᠩ ᠬᠤᠳᠠᠯᠳᠤᠨ ᠠᠪᠬᠤ ᠪᠤᠰᠤ ᠦᠨ᠎ᠡ ᠶᠢᠨ ᠨᠥᠬᠦᠪᠥᠷᠢ | ᠥᠭᠬᠦ ᠭᠤᠶᠤᠴᠢᠯᠠᠭᠴᠢ ᠨᠢ ᠲᠦᠷᠢᠶᠡᠰᠦᠨ ᠮᠥᠩᠭᠦ ᠶᠢᠨ ᠨᠥᠬᠦᠪᠥᠷᠢ ᠪᠠ ᠪᠣᠳᠠᠲᠤ ᠶᠠᠭᠤᠮ᠎ᠠ ᠪᠠᠷ | ᠲᠦᠷᠢᠶᠡᠰᠦᠯᠡᠭᠦᠯᠬᠦ ᠶᠢ ᠬᠠᠮᠲᠤ ᠳᠤᠨᠢ ᠭᠤᠶᠤᠴᠢᠯᠠᠵᠤ ᠪᠣᠯᠬᠤ ᠦᠭᠡᠶ᠃ ᠡᠷ᠎ᠡ ᠡᠮ᠎ᠡ ᠬᠤᠶᠠᠷ ᠲᠠᠯ᠎ᠠ ᠪᠠᠷ ᠢᠶᠠᠨ | ᠪᠠᠲᠤᠯᠠᠭ᠎ᠠ ᠬᠦᠷᠳᠡᠬᠦ ᠡᠲᠡᠭᠡᠳ ᠪᠠᠶᠢᠪᠠᠯ᠂ ᠠᠮᠤᠷ ᠲᠦᠪᠰᠢᠨ ᠤ ᠪᠠᠲᠤᠯᠠᠭ᠎ᠠ ᠶᠢ ᠳᠠᠪᠬᠤᠷᠳᠠᠭᠤᠯᠤᠨ ᠬᠦᠷᠲᠡᠵᠦ | ᠪᠣᠯᠬᠤ ᠦᠭᠡᠢ᠂ ᠡᠷ᠎ᠡ ᠡᠮ᠎ᠡ ᠬᠤᠶᠠᠭᠤᠯᠠ ᠶᠢᠨ ᠨᠢᠭᠡ ᠲᠠᠯ᠎ᠠ ᠨᠢ ᠰᠠᠶ᠋ᠢ ᠬᠦᠷᠲᠡᠵᠦ ᠪᠣᠯᠬᠤ ᠬᠠᠮᠤᠭ ᠤᠨ ᠥᠨᠳᠥᠷ | ᠪᠠᠷᠢᠮᠵᠢᠶ᠎ᠠ ᠪᠠᠷ ᠬᠡᠷᠡᠭᠵᠢᠭᠦᠯᠦᠨ᠎ᠡ᠃ ︽ᠦᠢᠯᠡᠴᠢᠯᠡᠭᠡᠨ ᠤ ᠺᠠᠷᠲ︾ ᠲᠠᠢ ᠴᠢᠳᠠᠪᠤᠷᠢᠲᠠᠨ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ | ᠰᠦᠯᠵᠢᠶᠡᠨ ᠳᠡᠭᠡᠷ᠎ᠡ ᠪᠣᠯᠵᠣᠬᠤ ᠴᠢᠬᠤᠯᠠ ᠦᠭᠡᠢ᠂ ᠲᠡᠷᠡ ᠳᠠᠷᠤᠢ ᠳᠤ ᠨᠢ ᠭᠦᠢᠴᠡᠳᠬᠡᠨ᠎ᠡ︔ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠭᠡᠯᠡᠯᠭᠡ ᠶᠢ 6 ᠰᠠᠷ᠎ᠠ ᠭᠦᠢᠴᠡᠳ ᠲᠤᠭ᠎ᠠ ᠪᠠᠷ | ᠲᠤᠰᠢᠶᠠᠨ ᠬᠠᠳᠠᠭᠠᠯᠠᠭᠤᠯᠪᠠᠯ ᠳᠠᠷᠤᠶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ | ᠵᠢᠭᠡᠯᠡᠯᠭᠡ ᠶᠢ ᠭᠦᠢᠴᠡᠳᠬᠡᠵᠦ ᠪᠣᠯᠤᠨ᠎ᠠ︔ ᠭᠠᠭᠴᠠ ᠪᠡᠶ᠎ᠡ ᠪᠤᠶᠤ ᠭᠠᠭᠴᠠ ᠲᠠᠯ᠎ᠠ ᠠᠴᠠ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠭᠡᠯᠡᠯᠭᠡ ᠶᠢᠨ ᠬᠠᠮᠤᠭ ᠤᠨ ᠥᠨᠳᠥᠷ ᠬᠢᠵᠠᠭᠠᠷ ᠲᠤᠭ᠎ᠠ 60 | ᠲᠦᠮᠡᠨ ᠲᠥᠭᠦᠷᠢᠭ ᠪᠠᠶᠢᠵᠤ᠂ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠬᠦᠨ ᠤ ᠵᠢᠭᠡᠯᠡᠯᠭᠡ ᠶᠢᠨ ᠬᠠᠮᠤᠭ ᠤᠨ ᠥᠨᠳᠥᠷ ᠬᠢᠵᠠᠭᠠᠷ ᠲᠤᠭ᠎ᠠ 100 ᠲᠦᠮᠡᠨ | ᠲᠥᠭᠦᠷᠢᠭ ᠲᠤᠰᠢᠶᠠᠨ ᠬᠠᠳᠠᠭᠠᠯᠠᠭᠤᠯᠤᠨ᠎ᠠ᠃ | ᠵᠢᠷᠭᠤᠳᠤᠭᠠᠷ ᠵᠤᠷᠪᠤᠰ ᠭᠡᠷ ᠪᠠᠶᠢᠰᠢᠩ ᠬᠤᠳᠠᠯᠳᠤᠨ ᠠᠪᠬᠤ ᠦᠨ᠎ᠡ ᠬᠠᠩᠰᠢ ᠶᠢᠨ ᠨᠥᠬᠦᠪᠥᠷᠢ ᠶᠢᠨ | ᠪᠠᠷᠢᠮᠵᠢᠶ᠎ᠠ ︵2021 ᠣᠨ ᠤ 3 ᠳ᠋ᠤᠭᠠᠷ ᠰᠠᠷ᠎ᠠ ᠶᠢᠨ 3 ᠤ ᠡᠳᠦᠷ ᠠᠴᠠ ᠰᠡᠭᠦᠯᠡᠷ ᠬᠤᠳᠠᠯᠳᠤᠨ ᠠᠪᠤᠨ᠎ᠠ︶ | ︽ᠪᠤᠭᠤᠲᠤ ᠬᠤᠲᠠ ᠶᠢᠨ ᠳᠡᠭᠡᠳᠦ ᠲᠠᠰ ᠤᠨ ᠴᠢᠳᠠᠪᠤᠷᠢᠲᠠᠨ ᠢ ᠮᠠᠭᠠᠳᠯᠠᠨ ᠲᠣᠭᠲᠠᠭᠠᠬᠤ ᠭᠠᠷᠴᠠᠭ ︵ | 2021 ᠣᠨ︶︾ ᠳᠠᠬᠢ ᠳᠥᠷᠪᠡᠳᠦᠭᠡᠷ ᠲᠥᠷᠥᠯ ᠵᠢᠴᠢ ᠲᠡᠭᠦᠨ ᠠᠴᠠ ᠳᠡᠭᠡᠭᠰᠢᠬᠢ ᠲᠠᠰ ᠳᠠᠪᠬᠤᠷᠭ᠎ᠠ ᠶᠢᠨ | ᠴᠢᠳᠠᠪᠤᠷᠢᠲᠠᠨ ᠢ ᠪᠥᠬᠦ ᠲᠤᠰᠢᠶᠠᠯ ᠲᠠᠢ ᠪᠠᠷ ᠣᠷᠣᠭᠤᠯᠤᠨ ᠠᠪᠴᠢᠷᠠᠬᠤ ᠶᠢᠨ ᠬᠠᠮᠲᠤ ᠡᠷᠦᠬᠡ ᠠᠮᠠ ᠳᠤ | ᠣᠷᠣᠭᠤᠯᠤᠭᠰᠠᠨ ᠪᠠᠶᠢᠪᠠᠯ᠂ ᠮᠠᠨ ᠤ ᠬᠤᠲᠠ ᠶᠢᠨ ᠬᠠᠷᠢᠶ᠎ᠠ ᠣᠷᠣᠨ ᠤ ᠬᠡᠪᠴᠢᠶᠡᠨ ᠳᠤ ᠥᠪᠡᠰᠦᠪᠡᠨ ᠬᠡᠷᠡᠭᠯᠡᠬᠦ | ᠠᠩᠬᠠᠳᠠᠭᠴᠢ ᠣᠷᠣᠨ ᠰᠠᠭᠤᠴᠠ ᠬᠤᠳᠠᠯᠳᠤᠨ ᠠᠪᠴᠤ᠂ ᠪᠠᠷᠢᠯᠭ᠎ᠠ ᠶᠢᠨ ᠲᠠᠯᠠᠪᠠᠶ ᠶᠢᠨ 150 ᠲᠡᠭᠰᠢ ᠳᠥᠷᠪᠡᠯᠵᠢᠨ | ᠮᠧᠲᠷ ᠤᠨ ᠪᠠᠷᠢᠮᠵᠢᠶ᠎ᠠ ᠪᠠᠷ ᠠᠷᠠᠯᠵᠢᠶ᠎ᠠ ᠪᠦᠲᠦᠭᠰᠡᠨ ᠦᠨ᠎ᠡ ᠶᠢᠨ 50% ᠶᠢᠨ ᠨᠤᠭᠤᠯᠤᠨ ᠪᠤᠳᠤᠬᠤ ᠨᠥᠬᠦᠪᠥᠷᠢ | ᠬᠦᠷᠲᠡᠭᠡᠨ᠎ᠡ᠃ | ᠪᠦᠬᠦ ᠲᠤᠰᠢᠶᠠᠯ ᠢᠶᠠᠷ ᠮᠠᠨ ᠤ ᠬᠤᠲᠠ ᠶᠢᠨ ᠳ᠋ᠣᠺᠲ᠋ᠣᠷᠠᠨᠲ ᠣᠷᠣᠭᠤᠯᠤᠨ ᠠᠪᠴᠢᠷᠠᠬᠤ ᠶᠢᠨ ᠬᠠᠮᠲᠤ ᠮᠠᠨ ᠤ | ᠬᠤᠲᠠ ᠶᠢᠨ ᠬᠠᠷᠢᠶ᠎ᠠ ᠣᠷᠣᠨ ᠤ ᠬᠡᠪᠴᠢᠶᠡᠨ ᠳᠤ ᠥᠪᠡᠷᠲᠡᠭᠡᠨ ᠬᠡᠷᠡᠭᠯᠡᠬᠦ ᠠᠩᠬᠠᠳᠠᠭᠴᠢ ᠣᠷᠣᠨ ᠰᠠᠭᠤᠴᠠ | ᠬᠤᠳᠠᠯᠳᠤᠨ ᠠᠪᠴᠤ᠂ ᠪᠠᠷᠢᠯᠭ᠎ᠠ ᠶᠢᠨ ᠲᠠᠯᠠᠪᠠᠢ ᠶᠢᠨ 120 ᠲᠡᠭᠰᠢ ᠳᠥᠷᠪᠡᠯᠵᠢᠨ ᠮᠧᠲᠷ ᠤᠨ ᠪᠠᠷᠢᠮᠵᠢᠶ᠎ᠠ ᠪᠠᠷ | ᠠᠷᠠᠯᠵᠢᠶ᠎ᠠ ᠪᠦᠲᠦᠭᠰᠡᠨ ᠦᠨ᠎ᠡ ᠶᠢᠨ 5% ᠪᠠᠷ ᠨᠤᠭᠤᠯᠤᠨ ᠪᠣᠳᠣᠬᠤ ᠨᠥᠬᠦᠪᠥᠷᠢ ᠬᠦᠷᠲᠡᠨ᠎ᠡ᠃ | ᠪᠦᠬᠦ ᠲᠤᠰᠢᠶᠠᠯ ᠢᠶᠠᠷ ᠮᠠᠨ ᠤ ᠬᠤᠲᠠ ᠶᠢᠨ ︽ᠬᠤᠣᠰ ᠲᠡᠷᠢᠭᠦᠨ ᠳᠡᠰ︾ ᠤᠨ ᠶᠡᠭᠡ ᠳᠡᠭᠡᠳᠦ | ᠰᠤᠷᠭᠠᠭᠤᠯᠢ ᠶᠢᠨ ᠠᠰᠫᠢᠷᠠᠨᠲ ᠢ ᠣᠷᠣᠭᠤᠯᠤᠨ ᠠᠪᠴᠢᠷᠠᠬᠤ ᠶᠢᠨ ᠬᠠᠮᠲᠤ ᠨᠤᠲᠤᠭᠰᠢᠭᠤᠯᠵᠤ᠂ ᠮᠠᠨ ᠤ ᠬᠤᠲᠠ ᠶᠢᠨ | ᠬᠠᠷᠢᠶ᠎ᠠ ᠣᠷᠣᠨ ᠤ ᠬᠡᠪᠴᠢᠶᠡᠨ ᠳᠤ ᠥᠪᠡᠷᠲᠡᠭᠡᠨ ᠬᠡᠷᠡᠭᠯᠡᠬᠦ ᠠᠩᠬᠠᠳᠠᠭᠴᠢ ᠣᠷᠣᠨ ᠰᠠᠭᠤᠴᠠ ᠬᠤᠳᠠᠯᠳᠤᠨ ᠠᠪᠴᠤ᠂ | ᠪᠠᠷᠢᠯᠭ᠎ᠠ ᠶᠢᠨ ᠲᠠᠯᠠᠪᠠᠢ ᠶᠢᠨ 90 ᠲᠡᠭᠰᠢ ᠳᠥᠷᠪᠡᠯᠵᠢᠨ ᠮᠧᠲᠷ ᠤᠨ ᠪᠠᠷᠢᠮᠵᠢᠶ᠎ᠠ ᠪᠠᠷ ᠠᠷᠠᠯᠵᠢᠶ᠎ᠠ ᠪᠦᠲᠦᠭᠰᠡᠨ | ᠦᠨ᠎ᠡ ᠶᠢᠨ 3% ᠪᠠᠷ ᠨᠤᠭᠤᠯᠤᠨ ᠪᠤᠳᠤᠬᠤ ᠨᠥᠬᠦᠪᠦᠷᠢ ᠬᠦᠷᠲᠡᠨ᠎ᠡ᠃ | ᠬᠤᠳᠠᠯᠳᠤᠨ ᠠᠪᠤᠭᠰᠠᠨ ᠥᠪᠡᠷ ᠢᠶᠠᠨ ᠬᠡᠷᠡᠭᠯᠡᠬᠦ ᠣᠷᠣᠨ ᠰᠠᠭᠤᠴᠠ ᠶᠢᠨ ᠥᠮᠴᠢᠯᠡᠬᠦ ᠡᠷᠬᠡ ᠲᠠᠢ | ᠬᠥᠮᠦᠨ ᠨᠢ ᠭᠤᠶᠤᠴᠢᠯᠠᠭᠴᠢ ᠲᠤᠰ ᠬᠥᠮᠦᠨ ᠪᠤᠶᠤ ᠬᠠᠨᠢ ᠨᠥᠬᠦᠷ ᠨᠢ ᠬᠠᠮᠲᠤ ᠪᠠᠷ ᠥᠮᠴᠢᠯᠡᠬᠦ ᠬᠡᠷᠡᠭᠲᠡᠶ᠃ | ᠳᠣᠯᠣᠳᠤᠭᠠᠷ ᠵᠤᠷᠪᠤᠰ ᠲᠦᠷᠢᠶᠡᠰᠦᠨ ᠮᠥᠩᠭᠦ ᠳᠤ ᠨᠥᠬᠦᠪᠥᠷᠢ ᠥᠭᠬᠦ ᠪᠠᠷᠢᠮᠵᠢᠶ᠎ᠠ᠃ ᠨᠥᠬᠦᠪᠥᠷᠢ ᠶᠢᠨ | ᠪᠠᠷᠢᠮᠵᠢᠶ᠎ᠠ ᠨᠢ ᠰᠠᠷ᠎ᠠ ᠪᠦᠷᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 16 ᠲᠥᠭᠦᠷᠢᠭ ︵2021 ᠣᠨ ᠤ 3 | ᠳ᠋ᠤᠭᠠᠷ ᠰᠠᠷ᠎ᠠ ᠶᠢᠨ 3 ᠤ ᠡᠳᠦᠷ ᠠᠴᠠ ᠰᠡᠭᠦᠯᠡᠷ ᠲᠦᠷᠢᠶᠡᠰᠦᠯᠡᠬᠦ ᠭᠡᠷ᠎ᠡ ᠲᠣᠭᠲᠠᠭᠠᠨ᠎ᠠ︶᠃ | ᠠᠺᠠᠳᠧᠮᠢᠴᠢ ᠶᠢ ᠣᠷᠤᠭᠤᠯᠤᠨ ᠠᠪᠴᠢᠷᠠᠬᠤ ᠪᠣᠶᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠡᠵᠡᠮᠰᠢᠬᠦ᠂ | ᠬᠤᠳᠠᠯᠳᠤᠭᠠᠨ ᠤ ᠬᠡᠪ ᠵᠠᠭᠪᠤᠷ ᠤᠨ ᠰᠢᠨ᠎ᠡ ᠶᠢ ᠡᠭᠦᠳᠬᠦ ᠵᠡᠷᠭᠡ ᠤᠯᠤᠰ ᠤᠨ ᠳᠡᠰ ᠤᠨ ᠠᠵᠤ ᠦᠢᠯᠡᠰ ᠤᠨ | ᠪᠦᠯᠦᠭᠵᠢᠯ ᠢ ᠪᠠᠶᠢᠭᠤᠯᠵᠤ ᠳᠡᠶᠢᠯᠬᠦ ᠣᠷᠦ᠋ᠢᠯᠠᠭᠰᠠᠨ ᠴᠢᠳᠠᠪᠤᠷᠢᠲᠠᠨ ᠢ ᠪᠣᠢ ᠪᠣᠯᠭᠠᠵᠤ᠂ ᠰᠠᠷ᠎ᠠ ᠪᠦᠷᠢ 300 ᠲᠡᠭᠰᠢ | ᠳᠦᠷᠪᠡᠯᠵᠢᠨ ᠮᠧᠲᠷ ᠤᠨ ᠣᠷᠣᠨ ᠰᠠᠭᠤᠴᠠ ᠪᠣᠶᠣ ᠠᠳᠠᠯᠢ ᠲᠡᠭᠰᠢ ᠳᠦᠷᠪᠡᠯᠵᠢᠨ ᠮᠧᠲᠷ ᠤᠨ ᠭᠡᠷ | ᠳᠦᠷᠢᠶᠡᠰᠦᠯᠡᠯ ᠤᠨ ᠨᠦᠬᠦᠪᠦᠷᠢ ᠬᠠᠩᠭᠠᠬᠤ ᠬᠡᠷᠡᠭᠲᠡᠢ᠃ ᠳᠠᠭᠠᠭᠠᠴᠢᠯᠠᠭᠰᠠᠨ ᠠᠵᠢᠯ ᠨᠢ ᠪᠦᠬᠦᠯᠢ 5 ᠵᠢᠯ ᠪᠣᠯᠤᠭᠰᠠᠨ | ᠪᠥᠭᠡᠳ ᠬᠤᠪᠢ ᠨᠡᠮᠡᠷᠢ ᠪᠠᠷ ᠲᠣᠪᠤᠶᠢᠮ᠎ᠠ ᠪᠣᠯ᠂ ᠦᠨ᠎ᠡ ᠲᠥᠯᠥᠪᠦᠷᠢ ᠦᠭᠡᠶ ᠪᠠᠷ ᠣᠷᠣᠨ ᠰᠠᠭᠤᠴᠠ ᠬᠦᠷᠭᠡᠵᠦ | ᠪᠣᠯᠤᠨ᠎ᠠ᠃ | ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠤᠶᠤ ᠭᠤᠣᠯᠯᠠᠬᠤ | ᠮᠡᠷᠭᠡᠵᠢᠯ ᠲᠠᠢ᠂ ᠠᠵᠤ ᠠᠬᠤᠶᠢᠯᠠᠯ ᠤᠨ ᠤᠯᠤᠰ ᠤᠨ ᠳᠣᠲᠣᠭᠠᠳᠤ ᠶᠢᠨ ᠲᠡᠷᠢᠭᠦᠨ ᠤ ᠮᠡᠷᠭᠡᠵᠢᠯ ᠤᠨ ᠬᠢᠷᠢ | ᠲᠦᠪᠰᠢᠨ ᠲᠠᠢ ᠳᠡᠭᠡᠳᠦ ᠲᠡᠰ ᠤᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠪᠦᠯᠬᠦᠮ ᠢ ᠣᠷᠣᠭᠤᠯᠤᠨ | ᠠᠪᠴᠢᠷᠠᠵᠤ᠂ ᠪᠦᠯᠬᠦᠮ ᠤᠨ ᠳᠠᠭᠠᠭᠤᠯᠤᠭᠴᠢ ᠳᠤ ᠰᠠᠷ᠎ᠠ ᠪᠦᠷᠢ 200 ᠲᠡᠭᠰᠢ ᠳᠥᠷᠪᠡᠯᠵᠢᠨ ᠮᠧᠲᠷ ᠤᠨ ᠣᠷᠣᠨ | ᠰᠠᠭᠤᠴᠠ ᠪᠤᠶᠤ ᠠᠳᠠᠯᠢ ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ ᠲᠦᠷᠢᠶᠡᠰᠦᠯᠡᠬᠦ ᠨᠥᠬᠦᠪᠥᠷᠢ ᠬᠠᠩᠭᠠᠨ᠎ᠠ᠃ | ᠳᠠᠭᠠᠭᠠᠴᠢᠯᠠᠭᠰᠠᠨ ᠠᠵᠢᠯ ᠨᠢ ᠪᠦᠬᠦᠯᠢ 5 ᠵᠢᠯ ᠪᠣᠯᠤᠭᠰᠠᠨ ᠪᠥᠭᠡᠳ ᠬᠤᠪᠢ ᠨᠡᠮᠡᠷᠢ ᠪᠠᠷ ᠲᠣᠪᠤᠶᠢᠮ᠎ᠠ ᠪᠣᠯ᠂ | ᠦᠨ᠎ᠡ ᠲᠥᠯᠥᠪᠦᠷᠢ ᠦᠭᠡᠶ ᠪᠠᠷ ᠣᠷᠣᠨ ᠰᠠᠭᠤᠴᠠ ᠬᠦᠷᠭᠡᠵᠦ ᠪᠣᠯᠤᠨ᠎ᠠ᠃ | ᠳ᠋ᠣᠺᠲ᠋ᠣᠷ ᠤᠨ ᠰᠤᠳᠤᠯᠬᠤ ᠰᠤᠷᠤᠭᠴᠢ ᠳᠤ ᠰᠠᠷ᠎ᠠ ᠪᠦᠷᠢ 120 ᠲᠡᠭᠰᠢ ᠳᠥᠷᠪᠡᠯᠵᠢᠨ ᠮᠧᠲᠷ ᠤᠨ ᠣᠷᠣᠨ | ᠰᠠᠭᠤᠴᠠ ᠶᠢᠨ ᠪᠠᠷᠢᠮᠵᠢᠶ᠎ᠠ ᠪᠠᠷ ᠣᠯᠭᠤᠨ᠎ᠠ᠃ ᠡᠮᠦᠨ᠎ᠡ ᠬᠤᠶᠠᠷ ᠵᠢᠯ ᠳᠤ ᠪᠦᠬᠦ ᠲᠤᠭ᠎ᠠ ᠪᠠᠷ ᠣᠯᠭᠤᠵᠤ᠂ | ᠬᠤᠶᠢᠨ᠎ᠠ ᠬᠤᠶᠠᠷ ᠵᠢᠯ ᠳᠤ ᠬᠠᠭᠠᠰ ᠢᠶᠠᠷ ᠪᠠᠭᠤᠷᠠᠭᠤᠯᠵᠤ ᠣᠯᠭᠤᠨ᠎ᠠ᠃ | ᠰᠤᠳᠤᠯᠬᠤ ᠰᠤᠷᠤᠭᠴᠢ ᠰᠠᠷ᠎ᠠ ᠪᠦᠷᠢ 90 ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠶᠢᠨ | ᠪᠠᠷᠢᠮᠵᠢᠶ᠎ᠠ ᠶᠣᠰᠣᠭᠠᠷ ᠣᠯᠭᠤᠨ᠎ᠠ᠃ ᠡᠮᠦᠨ᠎ᠡ ᠬᠤᠶᠠᠷ ᠵᠢᠯ ᠳᠤ ᠪᠦᠬᠦ ᠲᠤᠭ᠎ᠠ ᠪᠠᠷ ᠣᠯᠭᠤᠵᠤ᠂ ᠬᠤᠶᠢᠨ᠎ᠠ ᠬᠤᠶᠠᠷ | ᠵᠢᠯ ᠳᠤ ᠬᠠᠭᠠᠰ ᠢᠶᠠᠷ ᠪᠠᠭᠤᠷᠠᠭᠤᠯᠵᠤ ᠤᠯᠭᠤᠨ᠎ᠠ᠃ | ︽ᠬᠤᠣᠰ ᠲᠡᠷᠢᠭᠦᠨ ᠳᠡᠰ︾ ᠤᠨ ᠪᠦᠲᠦᠭᠡᠨ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠶᠢᠨ | ᠵᠢᠩᠬᠢᠨᠢ ᠠᠩᠭᠢ ᠶᠢᠨ ᠰᠤᠷᠤᠭᠴᠢ ᠶᠢ ᠰᠠᠷ᠎ᠠ ᠪᠦᠷᠢ 60 ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠶᠢᠨ | ᠪᠠᠷᠢᠮᠵᠢᠶ᠎ᠠ ᠪᠠᠷ ᠣᠯᠭᠤᠨ᠎ᠠ᠃ ᠨᠢᠭᠡᠳᠦᠭᠡᠷ ᠵᠢᠯ ᠳᠤ ᠪᠦᠬᠦ ᠲᠤᠭ᠎ᠠ ᠪᠠᠷ ᠣᠯᠭᠤᠵᠤ᠂ ᠬᠤᠶᠠᠳᠤᠭᠠᠷ ᠵᠢᠯ ᠳᠤ | ᠬᠠᠭᠠᠰ ᠢᠶᠠᠷ ᠬᠠᠰᠤᠵᠤ ᠤᠯᠭᠤᠨ᠎ᠠ᠃ | ᠪᠤᠰᠤᠳ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠭᠴᠢ ᠶᠢ ᠰᠠᠷ᠎ᠠ ᠪᠦᠷᠢ 30 ᠲᠡᠭᠰᠢ | ᠳᠥᠷᠪᠡᠯᠵᠢᠨ ᠮᠧᠲᠷ ᠤᠨ ᠣᠷᠣᠨ ᠰᠠᠭᠤᠴᠠ ᠶᠢᠨ ᠪᠠᠷᠢᠮᠵᠢᠶ᠎ᠠ ᠪᠠᠷ ᠣᠯᠭᠤᠨ᠎ᠠ᠃ ᠨᠢᠭᠡᠳᠦᠭᠡᠷ ᠵᠢᠯ ᠳᠤ ᠪᠦᠬᠦ | ᠲᠤᠭ᠎ᠠ ᠪᠠᠷ ᠣᠯᠭᠤᠵᠤ᠂ ᠬᠤᠶᠠᠳᠤᠭᠠᠷ ᠵᠢᠯ ᠳᠤ ᠬᠠᠭᠠᠰ ᠢᠶᠠᠷ ᠬᠠᠰᠤᠵᠤ ᠤᠯᠭᠤᠨ᠎ᠠ᠃ | ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ | ᠰᠤᠷᠭᠠᠭᠤᠯᠢ ᠲᠡᠭᠦᠰᠦᠭᠰᠡᠳ ᠢ ᠰᠠᠷ᠎ᠠ ᠪᠦᠷᠢ 20 ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠶᠢᠨ | ᠪᠠᠷᠢᠮᠵᠢᠶ᠎ᠠ ᠪᠠᠷ ᠣᠯᠭᠤᠨ᠎ᠠ᠃ ᠨᠢᠭᠡᠳᠦᠭᠡᠷ ᠵᠢᠯ ᠳᠤ ᠪᠦᠬᠦ ᠲᠤᠭ᠎ᠠ ᠪᠠᠷ ᠣᠯᠭᠤᠵᠤ᠂ ᠬᠤᠶᠠᠳᠤᠭᠠᠷ ᠵᠢᠯ ᠳᠤ | ᠬᠠᠭᠠᠰ ᠢᠶᠠᠷ ᠬᠠᠰᠤᠵᠤ ᠤᠯᠭᠤᠨ᠎ᠠ᠃ | ᠪᠤᠰᠤᠳ ᠣᠨᠴᠠ ᠬᠡᠷᠡᠭᠴᠡᠭᠡᠲᠦ ᠴᠢᠳᠠᠪᠤᠷᠢᠲᠠᠨ ᠪᠣᠳᠠᠲᠤ ᠪᠠᠶᠢᠳᠠᠯ ᠢᠶᠠᠨ ᠦᠨᠳᠦᠰᠦᠯᠡᠨ ᠨᠢᠭᠡ ᠤᠴᠢᠷ ᠢ | ᠨᠢᠭᠡ ᠬᠡᠯᠡᠯᠴᠡᠨ᠎ᠡ᠃ | ᠨᠠᠢᠮᠠᠳᠤᠭᠠᠷ ᠵᠤᠷᠪᠤᠰ ᠪᠣᠳᠠᠲᠤ ᠶᠠᠭᠤᠮ᠎ᠠ ᠲᠣᠬᠢᠷᠠᠭᠤᠯᠤᠨ ᠲᠦᠷᠢᠶᠡᠰᠦᠯᠡᠭᠦᠯᠬᠦ ᠬᠡᠪᠴᠢᠶ᠎ᠡ ᠬᠢᠭᠡᠳ | ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ᠃ | ᠭᠡᠷ ᠲᠣᠬᠢᠷᠠᠭᠤᠯᠤᠨ ᠥᠭᠴᠦ ᠲᠦᠷᠢᠶᠡᠰᠦᠯᠡᠭᠦᠯᠦᠭᠰᠡᠨ ᠳ᠋ᠣᠺᠲ᠋ᠣᠷ᠂ ᠠᠰᠫᠢᠷᠠᠨᠲ ᠵᠡᠷᠭᠡ ᠳᠡᠭᠡᠳᠦ ᠳᠡᠰ | ᠳᠠᠪᠬᠤᠷᠭ᠎ᠠ ᠶᠢᠨ ᠴᠢᠳᠠᠪᠤᠷᠢᠲᠠᠨ ᠢ ᠰᠣᠩᠭᠤᠵᠤ᠂ ᠲᠦᠷᠦᠭᠦᠦ ᠬᠤᠶᠠᠷ ᠵᠢᠯ ᠤᠨ ᠲᠦᠷᠢᠶᠡᠰᠦᠨ ᠮᠥᠩᠭᠦ ᠶᠢ ᠪᠦᠬᠦᠨ ᠢ | ᠬᠡᠯᠲᠦᠷᠢᠭᠦᠯᠵᠦ᠂ ᠬᠤᠶᠢᠨ᠎ᠠ ᠬᠤᠶᠠᠷ ᠵᠢᠯ ᠤᠨ ᠲᠦᠷᠢᠶᠡᠰᠦᠨ ᠮᠥᠩᠭᠦ ᠶᠢ ᠬᠠᠭᠠᠰ ᠢᠶᠠᠷ ᠪᠠᠭᠤᠷᠠᠭᠤᠯᠤᠨ᠎ᠠ᠃ ᠵᠢᠩᠬᠢᠨᠢ | ᠠᠩᠭᠢ ᠶᠢᠨ ᠰᠤᠷᠤᠭᠴᠢ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠳᠤᠮᠳᠠ ᠵᠡᠷᠭᠡ ᠶᠢᠨ | ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠢ ᠰᠣᠩᠭᠤᠵᠤ᠂ ᠨᠢᠭᠡᠳᠦᠭᠡᠷ ᠵᠢᠯ ᠤᠨ ᠲᠦᠷᠢᠶᠡᠰᠦᠨ | ᠮᠥᠩᠭᠦ ᠶᠢ ᠨᠢ ᠪᠦᠬᠦᠨ ᠢ ᠬᠡᠯᠲᠦᠷᠢᠭᠦᠯᠵᠦ᠂ ᠬᠤᠶᠠᠳᠤᠭᠠᠷ ᠵᠢᠯ ᠤᠨ ᠲᠦᠷᠢᠶᠡᠰᠦᠨ ᠮᠥᠩᠭᠦ ᠶᠢ ᠨᠢ ᠬᠠᠭᠠᠰ ᠢᠶᠠᠷ | ᠪᠠᠭᠤᠷᠠᠭᠤᠯᠤᠨ᠎ᠠ᠃ ᠬᠤᠶᠢᠰᠢᠳᠠ ᠵᠢᠯ ᠪᠦᠷᠢ ᠦᠷᠭᠦᠯᠵᠢᠯᠡᠨ ᠲᠦᠷᠢᠶᠡᠰᠦᠯᠡᠬᠦ ᠨᠥᠬᠦᠴᠡᠯ ᠳᠤ ᠨᠡᠶᠢᠴᠡᠵᠦ ᠪᠠᠶᠢᠪᠠᠯ᠂ | ᠭᠡᠷ᠎ᠡ ᠳᠤ ᠪᠣᠯᠵᠣᠨ ᠲᠣᠭᠲᠠᠭᠰᠠᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠪᠠᠷ ᠪᠦᠬᠦ ᠲᠤᠭ᠎ᠠ ᠪᠠᠷ ᠬᠤᠷᠢᠶᠠᠨ᠎ᠠ᠃ | ᠳᠥᠷᠪᠡᠳᠦᠭᠡᠷ ᠵᠦᠢᠯ ᠲᠣᠭᠲᠠᠭᠠᠯ ᠳᠤ ᠰᠦᠢᠳᠬᠡᠯ ᠬᠤᠷᠢᠶᠠᠬᠤ ᠦᠭᠡᠶ ᠪᠠᠷ ᠣᠷᠣᠵᠤ ᠰᠠᠭᠤᠭᠰᠠᠨ | ᠴᠢᠳᠠᠪᠤᠷᠢᠲᠠᠨ ᠤ ᠣᠷᠣᠨ ᠰᠠᠭᠤᠴᠠ ᠠᠴᠠ ᠪᠤᠶ ᠪᠣᠯᠤᠭᠰᠠᠨ ᠲᠦᠷᠢᠶᠡᠰᠦᠨ ᠮᠥᠩᠭᠦ ᠶᠢ ᠦᠢᠯᠡᠴᠢᠯᠡᠬᠦ ᠡᠲᠡᠭᠡᠳ ᠤᠨ | ᠬᠠᠷᠢᠶᠠᠯᠠᠭᠳᠠᠬᠤ ᠬᠠᠷᠢᠴᠠᠭ᠎ᠠ ᠶᠢ ᠦᠨᠳᠦᠰᠦᠯᠡᠨ ᠲᠤᠰ ᠲᠤᠰ ᠬᠤᠲᠠ᠂ ᠲᠣᠭᠤᠷᠢᠭ ᠤᠨ ᠡᠳ᠋ ᠤᠨ ᠵᠠᠰᠠᠭ ᠠᠴᠠ | ᠬᠠᠷᠢᠴᠠᠯ ᠶᠣᠰᠣᠭᠠᠷ ᠡᠭᠦᠷᠭᠡᠯᠡᠨ᠎ᠡ᠃ | ᠳᠥᠷᠪᠡᠳᠦᠭᠡᠷ ᠪᠦᠯᠦᠭ ᠭᠤᠶᠤᠴᠢᠯᠠᠬᠤ ᠴᠤᠪᠤᠷᠠᠯ | ᠶᠢᠰᠦᠳᠦᠭᠡᠷ ᠵᠤᠷᠪᠤᠰ ᠴᠢᠳᠠᠪᠤᠷᠢᠲᠠᠨ ᠤ ᠬᠢᠷᠢ ᠭᠡᠮ ᠢ ᠨᠤᠲᠠᠯᠠᠨ ᠲᠣᠭᠲᠠᠭᠠᠨ᠎ᠠ᠃ ᠭᠤᠶᠤᠴᠢᠯᠠᠭᠴᠢ ᠠᠴᠠ | ︽ᠳᠤᠮᠳᠠᠳᠤ ᠤᠯᠤᠰ ᠤᠨ ᠪᠤᠭᠤᠲᠤ ᠶᠢᠨ ᠴᠢᠳᠠᠪᠤᠷᠢᠲᠠᠨ ᠤ ᠰᠦᠯᠵᠢᠶ᠎ᠡ ︵www.btrc.cn︶︾ ᠤ ︽ | ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠦᠢᠯᠡᠴᠢᠯᠡᠭᠡ︾ ᠶᠢᠨ ᠲᠤᠰᠬᠠᠶ ᠪᠤᠯᠤᠩ ᠳᠤ ᠣᠷᠣᠵᠤ᠂ ︽ | ᠴᠢᠳᠠᠪᠤᠷᠢᠲᠠᠨ ᠤ ᠣᠷᠣᠨ ᠰᠠᠭᠤᠴᠠ ᠶᠢᠨ ᠪᠠᠲᠤᠯᠠᠭ᠎ᠠ︾ ᠶᠢ ᠰᠦᠯᠵᠢᠶᠡᠨ ᠳᠡᠭᠡᠷ᠎ᠡ ᠭᠤᠶᠤᠴᠢᠯᠠᠵᠤ᠂ ᠱᠠᠭᠠᠷᠳᠠᠯᠭ᠎ᠠ | ᠶᠣᠰᠣᠭᠠᠷ ᠳᠣᠤᠷᠠᠬᠢ ᠮᠠᠲ᠋ᠧᠷᠢᠶᠠᠯ ︵ᠳᠡᠭᠡᠭᠰᠢ ᠳᠠᠮᠵᠢᠭᠤᠯᠬᠤ ᠮᠠᠲ᠋ᠧᠷᠢᠶᠠᠯ ᠢ ᠵᠢᠷᠤᠭ ᠪᠤᠶᠤ PDF ᠬᠡᠯᠪᠡᠷᠢ ᠲᠠᠢ | ᠪᠠᠶᠢᠯᠭᠠᠵᠤ᠂ ᠪᠣᠶ ᠪᠥᠬᠦᠶ ᠮᠠᠲ᠋ᠧᠷᠢᠶᠠᠯ ᠢ ᠡᠷᠬᠡᠪᠰᠢ ᠲᠣᠳᠣᠷᠬᠠᠶ ᠪᠥᠭᠡᠳ ᠪᠦᠲᠦᠮᠵᠢᠲᠡᠶ ᠪᠠᠶᠢᠯᠭᠠᠬᠤ ᠬᠡᠷᠡᠭᠲᠡᠶ︶᠄ | 1. ᠪᠡᠶ᠎ᠡ ᠶᠢᠨ ᠦᠨᠡᠮᠯᠡᠯ ︵ᠵᠥᠪ ᠲᠠᠯ᠎ᠠ ᠡᠰᠡᠷᠭᠦ ᠲᠠᠯ᠎ᠠ ᠶᠢᠨ ᠠᠳᠠᠯᠢ ᠨᠢᠭᠤᠷ︶᠂ ᠲᠡᠭᠦᠰᠬᠦ ᠦᠨᠡᠮᠯᠡᠯ᠂ | ᠡᠷᠳᠡᠮ ᠤᠨ ᠴᠣᠯᠠ ᠶᠢᠨ ᠦᠨᠡᠮᠯᠡᠯ ᠵᠢᠴᠢ ᠬᠦᠴᠦᠨ ᠲᠠᠢ ᠬᠤᠭᠤᠴᠠᠭᠠᠨ ᠳᠤ ᠪᠠᠶᠢᠭ᠎ᠠ ︽ᠰᠤᠷᠭᠠᠨ ᠬᠥᠮᠦᠵᠢᠯ ᠤᠨ | ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠯ ᠤᠨ ᠬᠦᠰᠦᠨᠦᠭᠲᠦ︾ ︵ᠪᠤᠶᠤ | ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠭᠰᠠᠳ ᠤᠨ ᠦᠢᠯᠡᠴᠢᠯᠡᠭᠡᠨ ᠤ ᠲᠥᠪ ᠤᠨ | ᠭᠠᠷᠭᠠᠭᠰᠠᠨ ︽ᠤᠯᠤᠰ ᠤᠨ ᠭᠠᠳᠠᠭᠠᠳᠤ ᠶᠢᠨ ᠰᠤᠷᠤᠯᠭ᠎ᠠ ᠶᠢᠨ ᠨᠠᠮᠲᠠᠷ ᠤᠨ ᠡᠷᠳᠡᠮ ᠤᠨ ᠴᠣᠯᠠ ᠶᠢ ᠵᠥᠪᠰᠢᠶᠡᠷᠡᠭᠰᠡᠨ | ᠦᠨᠡᠮᠯᠡᠯ︾︶ ᠪᠤᠶᠤ ᠴᠢᠳᠠᠪᠤᠷᠢᠲᠠᠨ ᠤ ᠢᠷᠠᠭᠤ ᠠᠯᠳᠠᠷ ᠤᠨ ᠴᠣᠯᠠ᠂ ᠬᠢᠷᠢ ᠬᠡᠮ ᠤᠨ ᠦᠨᠡᠮᠯᠡᠯ ᠵᠡᠷᠭᠡ ᠮᠠᠲ᠋ᠧᠷᠢᠶᠠᠯ︔ | | 2. ᠭᠤᠶᠤᠴᠢᠯᠠᠭᠴᠢ ᠨᠢ ᠬᠥᠮᠥᠨ ᠬᠡᠷᠡᠭᠯᠡᠬᠦ ᠨᠢᠭᠡᠴᠢ ᠲᠠᠢ ᠲᠣᠭᠲᠠᠭᠰᠠᠨ ᠬᠥᠳᠡᠯᠮᠦᠷᠢ ᠶᠢᠨ ᠭᠡᠷ᠎ᠡ ᠪᠤᠶᠤ | ᠤᠷᠢᠵᠤ ᠬᠡᠷᠡᠭᠯᠡᠬᠦ ᠭᠡᠷ᠎ᠡ᠂ ᠠᠯᠪᠠᠲᠠᠨ ᠳᠤ ᠬᠠᠷᠢᠶᠠᠯᠠᠭᠳᠠᠪᠠᠯ᠂ ᠠᠯᠪᠠᠲᠠᠨ ᠡᠯᠰᠡᠬᠦ ᠶᠢ ᠬᠢᠨᠠᠨ ᠵᠥᠪᠰᠢᠶᠡᠷᠡᠬᠦ | ᠬᠦᠰᠦᠨᠦᠭᠲᠦ ᠬᠠᠩᠭᠠᠬᠤ ᠴᠢᠬᠤᠯᠠᠲᠠᠢ︔ ᠠᠳᠠᠯ ᠦᠢᠯᠡᠰ ᠴᠣᠭᠴᠠᠯᠠᠬᠤ ᠶᠢ ᠳᠠᠭᠠᠭᠠᠴᠢᠯᠠᠬᠤ ᠳᠤ ᠬᠠᠷᠢᠶᠠᠯᠠᠭᠳᠠᠪᠠᠯ᠂ | ᠠᠵᠤ ᠠᠬᠤᠶᠢᠯᠠᠯ ᠪᠠᠶᠢᠭᠤᠯᠤᠨ ᠡᠷᠬᠢᠯᠡᠬᠦ ᠦᠨᠡᠮᠯᠡᠯ ᠬᠠᠩᠭᠠᠬᠤ ᠬᠡᠷᠡᠭᠲᠡᠢ︔ | 3. ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | APP ᠬᠤᠪᠢ ᠬᠥᠮᠦᠨ ᠤ ᠳᠠᠭᠠᠳᠬᠠᠯ ᠳᠤ ᠣᠷᠣᠯᠴᠠᠭᠰᠠᠨ ᠭᠡᠷᠡᠴᠢ ᠶᠢᠨ ᠵᠢᠷᠤᠭ ︵ᠤᠶᠠᠨ ᠬᠠᠳᠠᠨ ᠴᠢᠨᠠᠷᠲᠠᠢ | ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠬᠠᠩᠭᠠᠬᠤ ᠴᠢᠬᠤᠯᠠ ᠦᠭᠡᠢ︶᠃ | ᠬᠤᠲᠠ ᠲᠣᠭᠤᠷᠢᠭ ᠤᠨ ᠬᠤᠶᠠᠷ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ 3 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠬᠤ ᠶᠢ ᠪᠡᠶᠡᠯᠡᠭᠦᠯᠵᠦ᠂ | ᠬᠢᠷᠢ ᠬᠡᠮ ᠤᠨ ᠨᠥᠬᠦᠴᠡᠯ ᠳᠤ ᠨᠡᠶᠢᠴᠡᠬᠦ ᠶᠢ ᠨᠢ ᠭᠤᠶᠤᠴᠢᠯᠠᠭᠴᠢ ᠳᠤ ᠮᠡᠳᠡᠭᠳᠡᠨ᠎ᠡ︔ ᠬᠢᠷᠢ ᠬᠡᠮ ᠤᠨ ᠨᠥᠬᠦᠴᠡᠯ ᠳᠤ | ᠨᠡᠶᠢᠴᠡᠬᠦ ᠦᠭᠡᠢ ᠪᠤᠶᠤ ᠳᠡᠭᠡᠭᠰᠢ ᠳᠠᠮᠵᠢᠭᠤᠯᠬᠤ ᠮᠠᠲ᠋ᠧᠷᠢᠶᠠᠯ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠴᠠᠭ | ᠲᠤᠬᠠᠶ ᠳᠤᠨᠢ ᠭᠤᠶᠤᠴᠢᠯᠠᠭᠴᠢ ᠲᠠᠢ ᠬᠠᠷᠢᠯᠴᠠᠬᠤ ᠶᠢᠨ ᠬᠠᠮᠲᠤ ᠰᠢᠯᠲᠠᠭᠠᠨ ᠢ ᠨᠢ ᠮᠡᠳᠡᠭᠳᠡᠨ᠎ᠡ᠃ ᠬᠤᠲᠠ | ᠲᠣᠭᠤᠷᠢᠭ ᠤᠨ ᠬᠤᠶᠠᠷ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠭᠠᠷᠠᠭ ᠪᠦᠷᠢ ᠶᠢᠨ ᠲᠠᠪᠤᠨ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠬᠤᠶᠢᠰᠢᠯᠠᠭᠤᠯᠤᠨ᠎ᠠ︶᠃ | | ᠠᠷᠪᠠᠳᠤᠭᠠᠷ ᠵᠤᠷᠪᠤᠰ ᠬᠢᠮᠳᠠ ᠣᠷᠣᠨ ᠰᠠᠭᠤᠴᠠ ᠶᠢᠨ ᠪᠠᠲᠤᠯᠠᠭ᠎ᠠ ᠶᠢᠨ ᠬᠢᠷᠢ ᠭᠡᠮ ᠢ ᠨᠤᠲᠠᠯᠠᠬᠤ᠃ | ᠬᠥᠮᠦᠨ ᠬᠡᠷᠡᠭᠯᠡᠬᠦ ᠨᠢᠭᠡᠴᠢ ᠪᠤᠶᠤ ᠭᠤᠶᠤᠴᠢᠯᠠᠭᠴᠢ ᠠᠴᠠ ᠬᠥᠮᠦᠨ ᠬᠡᠷᠡᠭᠯᠡᠬᠦ ᠨᠢᠭᠡᠴᠢ ᠶᠢᠨ ᠪᠠᠶᠢᠭ᠎ᠠ ᠭᠠᠵᠠᠷ ᠤᠨ | ᠬᠤᠰᠢᠭᠤ ᠰᠢᠶᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠰᠠᠯᠠᠭ᠎ᠠ ᠮᠥᠴᠢᠷ ᠲᠤ ᠳᠣᠤᠷᠠᠬᠢ ᠮᠡᠲᠦ ᠴᠢᠬᠤᠯᠠ ᠨᠥᠬᠦᠴᠡᠯ ᠢ ᠲᠤᠰᠢᠶᠠᠨ᠎ᠠ᠄ | 1. ᠬᠥᠮᠦᠨ ᠬᠡᠷᠡᠭᠯᠡᠬᠦ ᠨᠢᠭᠡᠴᠢ ᠠᠯᠪᠠᠨ ᠲᠠᠮᠠᠭ᠎ᠠ ᠳᠠᠷᠤᠭᠰᠠᠨ ᠤ ᠳᠠᠷᠠᠭᠠᠬᠢ ︽ᠪᠤᠭᠤᠲᠤ ᠬᠤᠲᠠ ᠶᠢᠨ | ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠬᠡᠷ ᠪᠠᠶᠢᠰᠢᠩ ᠬᠤᠳᠠᠯᠳᠤᠨ ᠠᠪᠬᠤ ᠬᠢᠮᠳᠠᠷᠠᠭᠤᠯᠬᠤ᠂ ᠣᠷᠣᠨ | ᠰᠠᠭᠤᠴᠠ ᠶᠢᠨ ᠲᠦᠷᠢᠶᠡᠰᠦᠯᠡᠯ ᠤᠨ ᠨᠥᠬᠦᠪᠥᠷᠢ ᠭᠤᠶᠤᠴᠢᠯᠠᠨ ᠠᠪᠬᠤ ᠬᠦᠰᠦᠨᠦᠭᠲᠦ︾ ᠪᠤᠶᠤ ︽ᠪᠤᠭᠤᠲᠤ | ᠬᠤᠲᠠ ᠶᠢᠨ ᠴᠢᠳᠠᠪᠤᠷᠢᠲᠠᠨ ᠤ ᠣᠷᠣᠨ ᠰᠠᠭᠤᠴᠠ ᠭᠤᠶᠤᠴᠢᠯᠠᠬᠤ ᠬᠢᠨᠠᠨ ᠵᠥᠪᠰᠢᠶᠡᠷᠡᠯ ᠤᠨ ᠬᠦᠰᠦᠨᠦᠭᠲᠦ︾ ︵ | ᠬᠦᠰᠦᠨᠦᠭᠲᠦ ᠨᠢ ᠪᠤᠭᠤᠲᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠠᠯᠪᠠᠨ ᠰᠦᠯᠵᠢᠶᠡᠨ ᠳᠤ ᠪᠠᠭᠤᠯᠭᠠᠭᠰᠠᠨ︶︔ | 2. ᠭᠤᠶᠤᠴᠢᠯᠠᠭᠴᠢ ᠶᠢᠨ ᠲᠤᠰ ᠬᠥᠮᠦᠨ ᠤ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠬᠢᠭᠡᠳ | ᠬᠠᠭᠤᠯᠪᠤᠷᠢ᠃ ᠨᠢᠭᠡᠨᠲᠡ ᠤᠷᠤᠭᠯᠠᠭᠰᠠᠨ ᠬᠦᠰᠡᠮᠵᠢᠯᠡᠭᠴᠢ ᠲᠤᠰ ᠬᠦᠮᠦᠨ ᠪᠣᠯᠤᠨ ᠬᠠᠨᠢ ᠨᠥᠬᠦᠷ᠂ ᠨᠠᠰᠤᠨ ᠳᠤ | ᠬᠦᠷᠦᠭᠡᠳᠦᠢ ᠦᠷ᠎ᠡ ᠬᠡᠦᠬᠡᠳ ᠤᠨ ᠡᠷᠦᠬᠡ ᠠᠮᠠ ᠶᠢᠨ ᠳᠡᠪᠲᠡᠷ ᠪᠣᠯᠤᠨ ᠬᠠᠭᠤᠯᠪᠤᠷᠢ ᠶᠢ ᠬᠠᠩᠭᠠᠬᠤ ᠬᠡᠷᠡᠭᠲᠡᠢ᠃ ᠭᠡᠷ | ᠪᠠᠶᠢᠰᠢᠩ ᠬᠤᠳᠠᠯᠳᠤᠨ ᠠᠪᠬᠤ ᠨᠤᠭᠤᠯᠬᠤ ᠨᠥᠬᠦᠪᠦᠷᠢ ᠶᠢ ᠭᠤᠶᠤᠴᠢᠯᠠᠭᠴᠢ ᠨᠢ ᠲᠤᠰ ᠬᠥᠮᠥᠨ ᠤ ᠡᠷᠦᠬᠡ ᠠᠮᠠ ᠶᠢᠨ | ᠳᠡᠪᠲᠡᠷ ᠤᠨ ᠤᠭ ᠮᠠᠲ᠋ᠧᠷᠢᠶᠠᠯ ᠵᠢᠴᠢ ᠬᠠᠭᠤᠯᠪᠤᠷᠢ ᠶᠢ ᠬᠠᠩᠭᠠᠨ᠎ᠠ︔ | 3. ᠭᠤᠶᠤᠴᠢᠯᠠᠭᠴᠢ ᠶᠢᠨ ᠤᠷᠤᠭ ᠬᠤᠷᠢᠮ ᠤᠨ ᠪᠠᠶᠢᠳᠠᠯ ᠤᠨ ᠭᠡᠷᠡᠴᠢ ︵ᠨᠢᠭᠡᠨᠲᠡ ᠤᠷᠤᠭᠯᠠᠭᠰᠠᠨ | ᠭᠤᠶᠤᠴᠢᠯᠠᠭᠴᠢ ᠠᠴᠠ ᠤᠷᠤᠭ ᠤᠨ ᠭᠡᠷᠡᠴᠢ ᠪᠠ ᠬᠠᠭᠤᠯᠪᠤᠷᠢ᠂ ᠣᠷᠣᠭᠠᠳᠤᠢ ᠭᠤᠶᠤᠴᠢᠯᠠᠭᠴᠢ ᠭᠠᠭᠴᠠ ᠪᠡᠶ᠎ᠡ ᠶᠢᠨ | ᠢᠯᠡᠷᠬᠡᠶᠢᠯᠡᠯᠲᠡ ᠬᠠᠩᠭᠠᠬᠤ︶︔ | 4. ᠭᠤᠶᠤᠴᠢᠯᠠᠭᠴᠢ ᠶᠢᠨ ᠭᠡᠷ ᠬᠥᠷᠥᠩᠭᠡ ᠶᠢᠨ ᠭᠡᠷᠡᠴᠢ ︵ᠭᠡᠷ ᠪᠠᠶᠢᠰᠢᠩ ᠦᠭᠡᠢ ᠭᠤᠶᠤᠴᠢᠯᠠᠭᠴᠢ ᠭᠡᠷ | ᠪᠠᠶᠢᠰᠢᠩ ᠦᠭᠡᠢ ᠢᠯᠡᠷᠬᠡᠶᠢᠯᠡᠯᠲᠡ ᠬᠠᠩᠭᠠᠨ᠎ᠠ︔ ᠣᠷᠣᠨ ᠰᠠᠭᠤᠴᠠ ᠬᠤᠳᠠᠯᠳᠤᠨ ᠠᠪᠬᠤ ᠳᠤ ᠭᠤᠶᠤᠴᠢᠯᠠᠭᠴᠢ | ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠬᠠᠷᠢᠶᠠᠯᠠᠯ ᠤᠨ ᠦᠨᠡᠮᠯᠡᠯ ᠪᠤᠶᠤ ᠭᠡᠷ ᠪᠠᠶᠢᠰᠢᠩ ᠤᠨ ᠰᠦᠯᠵᠢᠶᠡᠨ | ᠳᠡᠭᠡᠷ᠎ᠡ ᠭᠡᠷ᠎ᠡ ᠲᠣᠭᠲᠠᠭᠰᠠᠨ ᠤᠭ ᠮᠠᠲ᠋ᠧᠷᠢᠶᠠᠯ ᠵᠢᠴᠢ ᠬᠠᠭᠤᠯᠪᠤᠷᠢ︶ ᠬᠠᠩᠭᠠᠨ᠎ᠠ︔ | 5. ᠲᠦᠷᠢᠶᠡᠰᠦᠨ ᠮᠥᠩᠭᠦ ᠶᠢᠨ ᠨᠥᠬᠦᠪᠥᠷᠢ ᠭᠤᠶᠤᠴᠢᠯᠠᠪᠠᠯ᠂ ᠰᠦᠯᠵᠢᠶ᠎ᠡ ᠪᠠᠷ ᠳᠡᠮᠵᠢᠨ | ᠳᠠᠩᠰᠠᠯᠠᠭᠤᠯᠤᠭᠰᠠᠨ ᠬᠡᠷ ᠪᠠᠶᠢᠰᠢᠩ ᠤᠨ ᠲᠦᠷᠢᠶᠡᠰᠦᠨ ᠭᠡᠷ᠎ᠡ ᠶᠢ ᠬᠠᠩᠭᠠᠨ᠎ᠠ᠃ | ᠬᠤᠰᠢᠭᠤ ᠰᠢᠶᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠰᠠᠯᠠᠭ᠎ᠠ ᠮᠥᠴᠢᠷ ᠠᠴᠠ ᠭᠤᠶᠤᠴᠢᠯᠠᠭᠴᠢ ᠶᠢᠨ ᠬᠡᠷ ᠬᠥᠷᠥᠩᠭᠡ ᠶᠢᠨ ᠪᠠᠶᠢᠳᠠᠯ ᠵᠢᠴᠢ ᠣᠷᠣᠨ ᠰᠠᠭᠤᠴᠠ ᠶᠢᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠭᠥᠷᠳᠡᠬᠦ ᠪᠠᠶᠢᠳᠠᠯ ᠢ ᠬᠢᠨᠠᠨ ᠬᠠᠷᠭᠤᠭᠤᠯᠵᠤ᠂ ᠵᠠᠷᠯᠠᠨ ᠨᠡᠶᠢᠲᠡᠯᠡᠵᠦ᠂ ᠢᠯᠡ | ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠣᠯᠤᠨ᠎ᠠ᠃ ᠢᠯᠡ ᠨᠡᠶᠢᠲᠡᠯᠡᠬᠦ ᠬᠤᠭᠤᠴᠠᠭ᠎ᠠ ᠨᠢ ᠳᠦᠭᠦᠷᠦᠭᠡᠳ | ᠣᠨᠳᠣᠣ ᠰᠠᠨᠠᠯ ᠦᠭᠡᠢ ᠪᠤᠶᠤ ᠣᠨᠳᠣᠣ ᠰᠠᠨᠠᠯ ᠨᠢ ᠪᠤᠢ ᠪᠣᠯᠬᠤ ᠦᠭᠡᠢ ᠪᠣᠯ᠂ ᠤᠯᠠᠷᠢᠯ ᠪᠦᠷᠢ ᠶᠢᠨ ᠰᠡᠭᠦᠯᠴᠢ ᠪᠠᠷ | ᠲᠤᠰ ᠤᠯᠠᠷᠢᠯ ᠤᠨ ᠭᠤᠶᠤᠴᠢᠯᠠᠬᠤ ᠬᠥᠮᠥᠰ ᠤᠨ ᠬᠢᠮᠳᠠ ᠣᠷᠣᠨ ᠰᠠᠭᠤᠴᠠ ᠶᠢᠨ ᠪᠠᠲᠤᠯᠠᠭ᠎ᠠ ᠶᠢᠨ ᠬᠢᠷᠢ ᠬᠡᠮ ᠤᠨ | ᠨᠤᠲᠠᠯᠠᠯᠲᠠ ᠶᠢ ᠪᠡᠶᠡᠯᠡᠭᠦᠯᠦᠨ᠎ᠡ᠃ | ᠠᠷᠪᠠᠨ ᠨᠢᠭᠡᠳᠦᠭᠡᠷ ᠵᠤᠷᠪᠤᠰ ᠭᠤᠶᠤᠴᠢᠯᠠᠭᠴᠢ ᠶᠢᠨ ᠬᠦᠰᠡᠯ ᠰᠠᠨᠠᠭ᠎ᠠ ᠶᠢ ᠦᠨᠳᠦᠰᠦᠯᠡᠨ᠂ | ᠴᠢᠳᠠᠪᠤᠷᠢᠲᠠᠨ ᠣᠷᠣᠨ ᠰᠠᠭᠤᠴᠠ ᠭᠤᠶᠤᠴᠢᠯᠠᠪᠠᠯ᠂ ᠬᠤᠲᠠ ᠲᠣᠭᠤᠷᠢᠭ ᠬᠤᠶᠠᠷ ᠱᠠᠲᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠪᠣᠳᠠᠲᠤ ᠶᠠᠭᠤᠮ᠎ᠠ ᠪᠠᠷ | ᠲᠦᠷᠢᠶᠡᠰᠦᠯᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ︔ ᠬᠡᠷ ᠪᠠᠶᠢᠰᠢᠩ ᠬᠤᠳᠠᠯᠳᠤᠨ ᠠᠪᠬᠤ ᠳᠤ ᠨᠤᠭᠤᠯᠤᠨ | ᠪᠤᠳᠤᠬᠤ ᠨᠥᠬᠦᠪᠥᠷᠢ ᠪᠤᠶᠤ ᠲᠦᠷᠢᠶᠡᠰᠦᠨ ᠮᠥᠩᠭᠦ ᠶᠢᠨ ᠨᠥᠬᠦᠪᠥᠷᠢ ᠶᠢ ᠭᠤᠶᠤᠴᠢᠯᠠᠭᠰᠠᠨ ᠪᠠᠶᠢᠪᠠᠯ᠂ ᠬᠤᠰᠢᠭᠤ | ᠰᠢᠶᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠠᠴᠠ ᠵᠣᠬᠢᠬᠤ ᠪᠠᠷᠢᠮᠵᠢᠶ᠎ᠠ ᠶᠣᠰᠣᠭᠠᠷ ᠲᠥᠰᠦᠭᠡᠯᠡᠨ ᠪᠤᠳᠤᠵᠤ᠂ ᠬᠢᠨᠠᠨ ᠲᠣᠭᠲᠠᠭᠠᠵᠤ᠂ | ᠬᠤᠷᠢᠶᠠᠩᠭᠤᠶᠢᠯᠠᠵᠤ᠂ ᠤᠯᠠᠷᠢᠯ ᠪᠦᠷᠢ ᠶᠢᠨ ᠰᠡᠭᠦᠯᠴᠢ ᠪᠠᠷ ᠬᠢᠮᠳᠠ ᠣᠷᠣᠨ ᠰᠠᠭᠤᠴᠠ ᠶᠢᠨ ᠪᠠᠲᠤᠯᠠᠭ᠎ᠠ ᠶᠢᠨ ᠬᠢᠷᠢ | ᠬᠡᠮ ᠢ ᠨᠤᠲᠠᠯᠠᠭᠰᠠᠨ ᠤ ᠳᠠᠷᠠᠭ᠎ᠠ 5 ᠠᠵᠢᠯᠯᠠᠬᠤ ᠡᠳᠦᠷ ᠤᠨ ᠳᠣᠲᠣᠷ᠎ᠠ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ᠎ᠡ᠃ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠠᠴᠠ ᠳᠠᠩᠰᠠᠯᠠᠬᠤ ᠶᠢᠨ ᠬᠠᠮᠲᠤ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠤᠲᠠ ᠶᠢᠨ | ᠱᠠᠲᠤᠨ ᠤ ᠪᠡᠯᠡ ᠮᠥᠩᠭᠦ ᠶᠢ ᠢᠵᠢ ᠪᠦᠷᠢᠳᠦᠭᠦᠯᠬᠦ ᠪᠡᠯᠡ ᠮᠥᠩᠭᠦ ᠶᠢ ᠭᠤᠶᠤᠴᠢᠯᠠᠨ᠎ᠠ᠃ ᠬᠤᠲᠠ ᠶᠢᠨ ᠡᠳ᠋ ᠤᠨ | ᠵᠠᠰᠠᠭ ᠤᠨ ᠰᠠᠯᠠᠭ᠎ᠠ ᠮᠥᠴᠢᠷ ᠤᠳ ᠢᠵᠢ ᠪᠦᠷᠢᠳᠦᠭᠦᠯᠬᠦ ᠪᠡᠯᠡ ᠮᠥᠩᠭᠦ ᠶᠢ ᠡᠯ᠎ᠡ ᠭᠠᠵᠠᠷ ᠣᠷᠣᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠲᠤ ᠰᠠᠯᠭᠠᠨ ᠥᠭᠴᠦ᠂ ᠣᠷᠣᠨ ᠤ ᠱᠠᠲᠤᠨ ᠤ ᠢᠵᠢ ᠪᠦᠷᠢᠳᠦᠭᠦᠯᠬᠦ ᠪᠡᠯᠡ ᠮᠥᠩᠭᠦ ᠶᠢ | ᠡᠯ᠎ᠡ ᠭᠠᠵᠠᠷ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ | ᠰᠠᠯᠭᠠᠨ ᠥᠭᠭᠦᠨ᠎ᠡ᠃ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠳᠡᠭᠡᠷ᠎ᠡ ᠳᠤᠷᠠᠳᠤᠭᠰᠠᠨ ᠨᠥᠬᠦᠪᠥᠷᠢ | ᠪᠡᠯᠡ ᠮᠥᠩᠭᠦ ᠶᠢ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠲᠤ ᠰᠠᠯᠭᠠᠨ ᠥᠭᠴᠦ᠂ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠣᠯᠭᠤᠨ᠎ᠠ᠃ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠬᠤᠲᠠ ᠶᠢᠨ ᠲᠤᠰ ᠱᠠᠲᠤᠨ ᠤ ᠴᠢᠳᠠᠪᠤᠷᠢᠲᠠᠨ ᠤ ᠣᠷᠣᠨ ᠰᠠᠭᠤᠴᠠ ᠶᠢ ᠬᠤᠪᠢᠶᠠᠷᠢᠯᠠᠨ ᠬᠠᠮᠢᠶᠠᠷᠬᠤ | ᠠᠵᠢᠯ ᠢ ᠬᠠᠷᠢᠭᠤᠴᠠᠨ᠎ᠠ᠃ | ᠲᠠᠪᠤᠳᠤᠭᠠᠷ ᠪᠦᠯᠦᠭ ᠨᠥᠬᠦᠪᠥᠷᠢ ᠪᠡᠯᠡ ᠮᠥᠩᠭᠦ ᠶᠢᠨ ᠢᠷᠡᠯᠲᠡ | ᠠᠷᠪᠠᠨ ᠬᠤᠶᠠᠳᠤᠭᠠᠷ ᠵᠤᠷᠪᠤᠰ ᠬᠡᠷ ᠪᠠᠶᠢᠰᠢᠩ ᠬᠤᠳᠠᠯᠳᠤᠨ ᠠᠪᠬᠤ ᠦᠨ᠎ᠡ ᠨᠤᠭᠤᠯᠤᠨ ᠪᠣᠳᠣᠬᠤ | ᠨᠥᠬᠦᠪᠥᠷᠢ ᠪᠠ ᠲᠦᠷᠢᠶᠡᠰᠦᠨ ᠮᠥᠩᠭᠦ ᠶᠢᠨ ᠨᠥᠬᠦᠪᠥᠷᠢ ᠶᠢ ᠬᠤᠲᠠ ᠶᠢᠨ ᠲᠣᠰ ᠱᠠᠲᠤ᠂ ᠬᠠᠷᠢᠶ᠎ᠠ ᠭᠠᠵᠠᠷ ᠤᠨ | ᠬᠤᠰᠢᠭᠤ ᠰᠢᠶᠠᠨ ᠲᠣᠭᠤᠷᠢᠭ ᠠᠴᠠ ᠬᠠᠷᠢᠴᠠᠯ ᠶᠣᠰᠣᠭᠠᠷ ᠡᠭᠦᠷᠭᠡᠯᠡᠨ᠎ᠡ᠃ | ︵1︶ ᠴᠢᠳᠠᠪᠤᠷᠢᠲᠠᠨ ᠣᠷᠣᠭᠤᠯᠤᠨ ᠠᠪᠴᠢᠷᠠᠬᠤ ᠨᠢᠭᠡᠴᠢ ᠨᠢ ᠬᠤᠲᠠ ᠶᠢᠨ ᠲᠣᠰ ᠱᠠᠲᠤᠨ ᠤ ᠡᠳ᠋ ᠤᠨ | ᠵᠠᠰᠠᠭ ᠠᠴᠠ ᠵᠣᠭᠤᠰ ᠰᠠᠯᠭᠠᠨ ᠥᠭᠬᠦ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠢ ᠳᠤ ᠬᠠᠷᠢᠶᠠᠯᠠᠭᠳᠠᠵᠤ᠂ | ᠬᠤᠲᠠ ᠶᠢᠨ ᠡᠳ᠋ ᠤᠨ ᠵᠠᠰᠠᠭ 100 % ᠶᠢ ᠡᠭᠦᠷᠭᠡᠯᠡᠨ᠎ᠡ᠃ | ︵2︶ ᠴᠢᠳᠠᠪᠤᠷᠢᠲᠠᠨ ᠣᠷᠣᠭᠤᠯᠤᠨ ᠠᠪᠴᠢᠷᠠᠬᠤ ᠨᠢᠭᠡᠴᠢ ᠣᠷᠣᠨ ᠤ ᠱᠠᠲᠤᠨ ᠤ ᠡᠳ᠋ ᠤᠨ ᠵᠠᠰᠠᠭ ᠠᠴᠠ | ᠵᠣᠭᠤᠰ ᠰᠠᠯᠭᠠᠨ ᠥᠭᠬᠦ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠢ ᠳᠤ ᠬᠠᠷᠢᠶᠠᠯᠠᠭᠳᠠᠪᠠᠯ᠂ ᠲᠣᠭᠤᠷᠢᠭ ᠤᠨ | ᠡᠳ᠋ ᠤᠨ ᠵᠠᠰᠠᠭ ᠠᠴᠠ 100% ᠶᠢ ᠡᠭᠦᠷᠭᠡᠯᠡᠨ᠎ᠡ᠃ | ︵3︶ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠨᠢᠭᠡᠴᠢ ᠨᠢ ᠲᠥᠪ᠂ ᠥᠪᠡᠷᠲᠡᠭᠡᠨ ᠵᠠᠰᠠᠬᠤ | ᠣᠷᠣᠨ ᠤ ᠳᠠᠭᠠᠭᠠᠴᠢᠯᠠᠭᠰᠠᠨ ᠨᠢᠭᠡᠴᠢ ᠪᠠ ᠪᠤᠰᠤᠳ ᠠᠵᠤ ᠠᠬᠤᠶᠢᠯᠠᠯ ᠳᠤ ᠬᠠᠷᠢᠶᠠᠯᠠᠭᠳᠠᠵᠤ᠂ ᠬᠤᠲᠠ ᠶᠢᠨ | ᠡᠳ᠋ ᠤᠨ ᠵᠠᠰᠠᠭ ᠠᠴᠠ 50% ᠶᠢ ᠡᠭᠦᠷᠭᠡᠯᠡᠵᠦ᠂ ᠦᠯᠡᠳᠡᠭᠰᠡᠨ 50% ᠶᠢ ᠬᠠᠷᠢᠶ᠎ᠠ ᠭᠠᠵᠠᠷ ᠤᠨ ᠬᠤᠰᠢᠭᠤ ᠰᠢᠶᠠᠨ | ᠲᠣᠭᠤᠷᠢᠭ ᠠᠴᠠ ᠡᠭᠦᠷᠭᠡᠯᠡᠨ᠎ᠡ᠃ | ︽ᠪᠤᠭᠤᠲᠤ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠢᠮᠳᠠ ᠣᠷᠣᠨ ᠰᠠᠭᠤᠴᠠ ᠶᠢᠨ | ᠪᠠᠲᠤᠯᠠᠭ᠎ᠠ ᠶᠢᠨ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠢ ᠬᠡᠷᠡᠭᠵᠢᠭᠦᠯᠦᠭᠰᠡᠨ ᠠᠴᠠ ᠨᠠᠭᠠᠰᠢ | ᠨᠢᠭᠡᠨᠲᠡ ᠬᠢᠨᠠᠨ ᠬᠠᠷᠭᠤᠭᠤᠯᠤᠭᠰᠠᠨ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠨᠥᠬᠦᠪᠥᠷᠢ ᠶᠢᠨ ᠪᠠᠯᠠ | ᠮᠥᠩᠭᠦ ᠶᠢᠨ ᠢᠷᠡᠯᠲᠡ ᠶᠢ ᠲᠣᠰ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠵᠢᠷᠭᠤᠳᠤᠭᠠᠷ ᠪᠦᠯᠦᠭ ᠬᠢᠨᠠᠯᠲᠠ ᠬᠠᠮᠢᠶᠠᠷᠤᠯᠲᠠ | ᠠᠷᠪᠠᠨ ᠭᠤᠷᠪᠠᠳᠤᠭᠠᠷ ᠵᠤᠷᠪᠤᠰ ᠡᠯ᠎ᠡ ᠬᠠᠮᠢᠶ᠎ᠠ ᠪᠦᠬᠦᠢ ᠨᠢᠭᠡᠴᠢ ᠪᠠ ᠰᠠᠯᠠᠭ᠎ᠠ ᠮᠥᠴᠢᠷ ᠤᠳ | ᠭᠤᠶᠤᠴᠢᠯᠠᠯ ᠢ ᠬᠢᠨᠠᠨ ᠬᠠᠷᠭᠤᠭᠤᠯᠬᠤ ᠳᠤᠮᠳᠠ ᠪᠣᠭᠤᠮᠲᠠ ᠶᠢ ᠴᠢᠩᠭ᠎ᠠ ᠠᠳᠬᠤᠵᠤ᠂ ᠵᠠᠭᠠᠯᠳᠤᠬᠤ ᠳ᠋ᠢᠶᠠᠩᠬᠤᠸᠠ᠂ | ᠡᠯᠧᠺᠲᠷᠣᠨ ᠵᠠᠬᠢᠳᠠᠯ ᠤᠨ ᠬᠠᠶᠢᠷᠴᠠᠭ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠤᠨ ᠡᠯ᠎ᠡ | ᠡᠲᠡᠭᠡᠳ ᠤᠨ ᠬᠢᠨᠠᠯᠲᠠ ᠶᠢ ᠬᠦᠯᠢᠶᠡᠬᠦ ᠶᠢᠨ ᠬᠠᠮᠲᠤ ᠲᠤᠰᠬᠠᠭᠰᠠᠨ ᠰᠦᠪᠡᠭᠴᠢ ᠶᠢ ᠦᠨᠳᠦᠰᠦᠯᠡᠨ᠂ 5 ᠠᠵᠢᠯᠯᠠᠬᠤ | ᠡᠳᠦᠷ ᠤᠨ ᠳᠣᠲᠣᠷ᠎ᠠ ᠬᠠᠮᠢᠶ᠎ᠠ ᠪᠦᠬᠦᠢ ᠪᠠᠶᠢᠳᠠᠯ ᠢ ᠬᠢᠨᠠᠨ ᠬᠠᠷᠭᠤᠭᠤᠯᠬᠤ ᠶᠢᠨ ᠬᠠᠮᠲᠤ ᠬᠢᠨᠠᠨ ᠬᠠᠷᠭᠤᠭᠤᠯᠤᠭᠰᠠᠨ | ᠦᠷ᠎ᠡ ᠳ᠋ᠦᠩ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃ | ᠠᠷᠪᠠᠨ ᠳᠦᠷᠪᠡᠳᠦᠭᠡᠷ ᠵᠤᠷᠪᠤᠰ ᠡᠯ᠎ᠡ ᠭᠠᠵᠠᠷ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ︽ᠨᠢᠭᠡ ᠬᠥᠮᠦᠨ ᠨᠢᠭᠡ ᠲᠠᠩᠰᠠ ᠡᠪᠬᠡᠮᠡᠯ︾ ᠤᠨ ᠵᠠᠷᠴᠢᠮ | ᠶᠣᠰᠣᠭᠠᠷ᠂ ᠲᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠲᠠᠩᠰᠠ ᠡᠪᠬᠡᠮᠡᠯ ᠳᠤ | ᠣᠷᠣᠭᠤᠯᠬᠤ ᠶᠢ ᠰᠠᠶᠢᠲᠤᠷ ᠬᠢᠵᠦ᠂ ᠪᠥᠬᠦ ᠲᠠᠯ᠎ᠠ ᠶᠢᠨ᠂ ᠪᠥᠬᠦ ᠶᠠᠪᠤᠴᠠ ᠶᠢᠨ ᠲᠠᠩᠰᠠ ᠡᠪᠬᠡᠮᠡᠯ ᠤᠨ ᠮᠠᠲ᠋ᠧᠷᠢᠶᠠᠯ ᠢ | ᠪᠠᠶᠢᠭᠤᠯᠤᠨ᠂ ᠲᠠᠩᠰᠠ ᠡᠪᠬᠡᠮᠡᠯ ᠤᠨ ᠪᠦᠷᠢᠨ ᠪᠦᠲᠦᠨ᠂ ᠠᠮᠤᠷ ᠲᠦᠪᠰᠢᠨ ᠪᠠ ᠪᠦᠲᠦᠮᠵᠢᠲᠡᠶ ᠠᠰᠢᠭᠯᠠᠯᠲᠠ ᠶᠢ | ᠦᠨᠡᠨ ᠬᠦ ᠪᠠᠲᠤᠯᠠᠬᠤ ᠬᠡᠷᠡᠭᠲᠡᠶ᠃ ᠮᠡᠳᠡᠭᠡ ᠵᠠᠩᠭᠢ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ ᠲᠤᠭ᠎ᠠ ᠪᠠᠷᠢᠮᠲᠠ ᠶᠢ | ᠪᠦᠷᠢᠳᠬᠡᠬᠦ ᠠᠵᠢᠯ ᠢ ᠰᠠᠶᠢᠲᠤᠷ ᠬᠢᠵᠦ᠂ ᠬᠢᠮᠳᠠ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢ ᠳᠠᠪᠬᠤᠷᠳᠠᠭᠤᠯᠤᠨ ᠬᠦᠷᠲᠡᠬᠦ ᠠᠴᠠ ᠵᠠᠶᠢᠯᠠᠰᠬᠢᠬᠦ ᠬᠡᠷᠡᠭᠲᠡᠶ᠃ | ᠠᠷᠪᠠᠨ ᠲᠠᠪᠤᠳᠤᠭᠠᠷ ᠵᠤᠷᠪᠤᠰ ᠬᠢᠮᠳᠠ ᠤᠷᠤᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢ ᠬᠦᠷᠲᠡᠵᠦ ᠪᠠᠶᠢᠭ᠎ᠠ ᠬᠥᠮᠦᠰ ᠠᠵᠢᠯ᠂ ᠨᠡᠶᠢᠭᠡᠮ ᠤᠨ ᠪᠠᠲᠤᠯᠠᠭ᠎ᠠ᠂ ᠭᠡᠷ ᠬᠥᠷᠥᠩᠭᠡ ᠵᠡᠷᠭᠡ | ᠪᠠᠶᠢᠳᠠᠯ ᠠᠴᠠ ᠪᠣᠯᠵᠤ ᠬᠤᠪᠢᠷᠠᠯᠲᠠ ᠨᠢ ᠪᠠᠲᠤᠯᠠᠭ᠎ᠠ ᠶᠢᠨ ᠨᠥᠬᠦᠴᠡᠯ ᠳᠤ ᠨᠡᠶᠢᠴᠡᠭᠰᠡᠨ ᠦᠭᠡᠶ ᠪᠣᠯ ᠬᠤᠪᠢᠷᠠᠯᠲᠠ | ᠭᠠᠷᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠬᠥᠮᠦᠨ ᠬᠡᠷᠡᠭᠯᠡᠬᠦ ᠨᠢᠭᠡᠴᠢ ᠳᠤ | ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ᠃ ᠬᠥᠮᠦᠨ ᠬᠡᠷᠡᠭᠯᠡᠬᠦ ᠨᠢᠭᠡᠴᠢ ᠮᠡᠳᠡᠭᠦᠯᠦᠯᠲᠡ ᠶᠢ ᠣᠯᠤᠭᠰᠠᠨ | ᠡᠳᠦᠷ ᠠᠴᠠ ᠡᠬᠢᠯᠡᠨ 10 ᠡᠳᠦᠷ ᠤᠨ ᠳᠣᠲᠣᠷ᠎ᠠ ᠬᠤᠰᠢᠭᠤ ᠰᠢᠶᠠᠨ ᠲᠣᠭᠤᠷᠢᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠪᠢᠴᠢᠭ ᠢᠶᠠᠷ ᠬᠠᠷᠢᠭᠤ ᠲᠤᠰᠬᠠᠨ᠎ᠠ᠃ | ᠲᠣᠭᠲᠠᠭᠠᠯ ᠶᠣᠰᠣᠭᠠᠷ ᠮᠡᠳᠡᠭᠦᠯᠦᠭᠰᠡᠨ ᠦᠭᠡᠢ ᠬᠥᠮᠦᠰ ᠢ ᠪᠠᠶᠢᠴᠠᠭᠠᠨ ᠳᠣᠲᠣᠯᠠᠭᠰᠠᠨ ᠤ ᠳᠠᠷᠠᠭ᠎ᠠ ᠬᠤᠪᠢ ᠬᠥᠮᠦᠨ ᠤ | ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠳᠤ ᠪᠣᠳᠣᠨ ᠣᠷᠣᠭᠤᠯᠵᠤ᠂ ᠨᠢᠭᠡᠨᠲᠡ ᠣᠯᠭᠤᠭᠰᠠᠨ ᠭᠡᠷ ᠪᠠᠶᠢᠰᠢᠩ | ᠬᠤᠳᠠᠯᠳᠤᠨ ᠠᠪᠬᠤ ᠨᠤᠭᠤᠯᠤᠨ ᠪᠣᠳᠣᠭᠰᠠᠨ ᠨᠥᠬᠦᠪᠥᠷᠢ᠂ ᠲᠦᠷᠢᠶᠡᠰᠦᠨ ᠮᠥᠩᠭᠦ ᠶᠢᠨ ᠨᠥᠬᠦᠪᠥᠷᠢ᠂ ᠪᠣᠳᠠᠲᠤ | ᠶᠠᠭᠤᠮ᠎ᠠ ᠪᠠᠷ ᠲᠦᠷᠢᠶᠡᠰᠦᠯᠡᠭᠦᠯᠬᠦ ᠬᠤᠭᠤᠴᠠᠭᠠᠨ ᠳᠤ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠭᠰᠡᠨ | ᠲᠤᠭ᠎ᠠ ᠶᠣᠰᠣᠭᠠᠷ ᠪᠤᠴᠠᠭᠠᠬᠤ ᠬᠡᠷᠡᠭᠲᠡᠶ᠂ ᠲᠦᠷᠢᠶᠡᠰᠦᠯᠡᠭᠰᠡᠨ ᠴᠢᠳᠠᠪᠤᠷᠢᠲᠠᠨ ᠤ ᠣᠷᠣᠨ ᠰᠠᠭᠤᠴᠠ ᠶᠢ ᠲᠡᠷᠡ | ᠳᠠᠷᠤᠶ ᠳᠤᠨᠢ ᠰᠤᠯᠠᠯᠠᠵᠤ ᠭᠠᠷᠭᠠᠨ᠎ᠠ᠃ | ᠠᠷᠪᠠᠨ ᠵᠢᠷᠭᠤᠳᠤᠭᠠᠷ ᠵᠤᠷᠪᠤᠰ ᠬᠢᠮᠳᠠ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢ ᠬᠦᠷᠲᠡᠵᠦ ᠪᠠᠶᠢᠭ᠎ᠠ ᠬᠥᠮᠦᠰ ᠲᠤ ᠳᠣᠤᠷᠠᠬᠢ ᠪᠠᠶᠢᠳᠠᠯ ᠤᠨ ᠨᠢᠭᠡ ᠨᠢ ᠪᠠᠶᠢᠵᠤ᠂ ᠬᠢᠮᠳᠠ ᠣᠷᠣᠨ | ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠬᠦᠷᠲᠡᠬᠦ ᠪᠠᠨ ᠵᠣᠭᠰᠣᠭᠠᠬᠤ ᠪᠥᠭᠡᠳ ᠲᠡᠷᠡᠴᠢᠯᠡᠨ ᠠᠷᠪᠠᠨ | ᠲᠠᠪᠤᠳᠤᠭᠠᠷ ᠵᠦᠢᠯ ᠤᠨ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠄ | 1. ᠬᠤᠳᠠᠯ ᠬᠠᠭᠤᠷᠮᠠᠭ ᠮᠡᠳᠡᠭᠡ ᠵᠠᠩᠭᠢ ᠲᠤᠰᠢᠶᠠᠭᠰᠠᠨ ᠪᠤᠶᠤ ᠬᠠᠮᠢᠶ᠎ᠠ ᠪᠥᠬᠦᠶ ᠮᠡᠳᠡᠭᠡ ᠵᠠᠩᠭᠢ ᠶᠢ | ᠨᠢᠭᠤᠨ ᠳᠠᠯᠳᠠᠯᠠᠭᠰᠠᠨ︔ | 2. ᠵᠦᠢ ᠶᠣᠰᠣᠨ ᠤ ᠰᠢᠯᠲᠠᠭᠠᠨ ᠦᠭᠡᠶ ᠪᠠᠷ ᠵᠠᠯᠭᠠᠭᠠᠪᠠᠷ ᠪᠤᠶᠤ 6 ᠰᠠᠷ᠎ᠠ ᠠᠴᠠ ᠳᠡᠭᠡᠭᠰᠢ ᠨᠡᠶᠢᠭᠡᠮ ᠤᠨ | ᠳᠠᠭᠠᠳᠬᠠᠯ ᠤᠨ ᠵᠠᠷᠤᠳᠠᠯ ᠲᠤᠰᠢᠶᠠᠭᠠᠳᠤᠶ ᠪᠤᠶᠤ ᠠᠵᠤ ᠠᠬᠤᠶᠢᠯᠠᠯ ᠡᠭᠦᠳᠦᠨ ᠪᠠᠶᠢᠭᠤᠯᠤᠭᠠᠳ ᠨᠢᠭᠡᠨᠲᠡ ᠬᠦᠴᠦᠨ | ᠦᠭᠡᠶ ᠪᠣᠯᠭᠠᠭᠰᠠᠨ᠃ | 3. ᠭᠤᠶᠤᠴᠢᠯᠠᠭᠴᠢ ᠠᠴᠠ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠦᠭᠡᠶ ᠪᠤᠰᠤᠳ ᠪᠠᠶᠢᠳᠠᠯ | ᠣᠷᠣᠰᠢᠵᠤ ᠪᠠᠶᠢᠪᠠᠯ᠃ | ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ | ᠠᠷᠪᠠᠨ ᠳᠤᠯᠤᠳᠤᠭᠠᠷ ᠵᠤᠷᠪᠤᠰ ᠲᠤᠰ ᠬᠡᠷᠡᠭᠵᠢᠭᠦᠯᠬᠦ ᠨᠠᠷᠢᠨ ᠳᠦᠷᠢᠮ ᠢ ᠨᠡᠶᠢᠲᠡᠯᠡᠭᠰᠡᠨ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ ᠬᠡᠷᠡᠭᠯᠡᠬᠦ ᠬᠡᠪᠴᠢᠶ᠎ᠡ ᠪᠣᠯ ᠬᠥᠨᠳᠡᠯᠡᠨ ᠲᠣᠭᠤᠷᠢᠭ᠂ ᠴᠢᠩᠱᠠᠨ ᠲᠣᠭᠤᠷᠢᠭ᠂ ᠳ᠋ᠦᠩ | ᠾᠧ ᠲᠣᠭᠤᠷᠢᠭ᠂ ᠵᠢᠦᠶᠤᠸᠠᠨ ᠲᠣᠭᠤᠷᠢᠭ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ︔ | ᠰᠢᠭᠤᠶᠢᠲᠤ ᠲᠣᠭᠤᠷᠢᠭ᠂ ᠪᠠᠶ᠋ᠬᠠᠤᠪᠤᠭ᠎ᠠ ᠲᠣᠭᠤᠷᠢᠭ᠂ ᠲᠦᠮᠡᠳ ᠪᠠᠷᠠᠭᠤᠨ ᠬᠤᠰᠢᠭᠤ᠂ ᠳᠠᠷᠬᠠᠨ ᠮᠤᠤᠮᠢᠩᠭᠠᠨ | ᠬᠤᠰᠢᠭᠤ᠂ ᠭᠦᠶᠡᠩ ᠰᠢᠶᠠᠨ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃ ᠤᠤᠯ ᠤᠨ ᠮᠠᠨ ᠤ ᠬᠤᠲᠠ ᠶᠢᠨ | ᠴᠢᠳᠠᠪᠤᠷᠢᠲᠠᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠨᠢ ᠲᠤᠰ ᠨᠠᠷᠢᠨ | ᠳᠦᠷᠢᠮ ᠲᠠᠢ ᠨᠡᠶᠢᠴᠡᠬᠦ ᠦᠭᠡᠢ ᠪᠣᠯ᠂ ᠲᠤᠰ ᠨᠠᠷᠢᠨ ᠳᠦᠷᠢᠮ ᠢᠶᠠᠷ ᠪᠠᠷᠢᠮᠵᠢᠶ᠎ᠠ ᠪᠣᠯᠭᠠᠨ᠎ᠠ᠃ | ᠠᠷᠪᠠᠨ ᠨᠠᠢᠮᠠᠳᠤᠭᠠᠷ ᠵᠤᠷᠪᠤᠰ ᠲᠣᠰ ᠬᠡᠷᠡᠭᠵᠢᠭᠦᠯᠬᠦ ᠨᠠᠷᠢᠨ ᠳᠦᠷᠢᠮ ᠢ ᠬᠤᠲᠠ ᠶᠢᠨ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ | ᠬᠠᠷᠢᠭᠤᠴᠠᠨ ᠲᠠᠶᠢᠯᠪᠤᠷᠢᠯᠠᠨ᠎ᠠ᠃ ᠳᠤᠮᠳᠠᠳᠤ ᠤᠯᠤᠰ ᠤᠨ ᠪᠤᠭᠤᠲᠤ ᠶᠢᠨ ᠴᠢᠳᠠᠪᠤᠷᠢᠲᠠᠨ ᠤ ᠰᠦᠯᠵᠢᠶ᠎ᠡ ᠰᠦᠯᠵᠢᠶᠡᠨ | ᠳᠡᠭᠡᠷ᠎ᠡ ᠠᠰᠠᠭᠤᠳᠠᠯ ᠲᠤᠯᠭᠠᠷᠠᠪᠠᠯ᠂ ᠬᠤᠲᠠ ᠶᠢᠨ ᠴᠢᠳᠠᠪᠤᠷᠢᠲᠠᠨ ᠤ ᠦᠢᠯᠡᠴᠢᠯᠡᠭᠡᠨ ᠤ ᠲᠥᠪ ᠲᠠᠢ ᠬᠠᠷᠢᠯᠴᠠᠵᠤ᠂ | ᠦᠢᠯᠡᠴᠢᠯᠡᠭᠡᠨ ᠤ ᠬᠠᠯᠠᠭᠤᠨ ᠤᠲᠠᠰᠤ᠄ 6862255 | ᠳᠠᠭᠠᠯᠳᠤᠭᠤᠯᠤᠯ᠄ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠡᠷ ᠪᠠᠶᠢᠰᠢᠩ ᠬᠤᠳᠠᠯᠳᠤᠨ ᠠᠪᠬᠤ ︵ | ᠲᠦᠷᠢᠶᠡᠰᠦᠯᠡᠬᠦ︶ ᠨᠥᠬᠦᠪᠥᠷᠢ ᠭᠤᠶᠤᠴᠢᠯᠠᠨ ᠠᠪᠬᠤ ᠬᠦᠰᠦᠨᠦᠭᠲᠦ.xlsx | ᠪᠤᠭᠤᠲᠤ ᠬᠤᠲᠠ ᠶᠢᠨ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠬᠢᠮᠳᠠ ᠣᠷᠣᠨ ᠰᠠᠭᠤᠴᠠ ᠶᠢᠨ | ᠪᠠᠲᠤᠯᠠᠭ᠎ᠠ ᠶᠢᠨ ᠠᠵᠢᠯ ᠤᠨ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠤᠨ ᠬᠠᠷᠢᠯᠴᠠᠬᠤ ᠠᠷᠭ᠎ᠠ ᠮᠠᠶ᠋ᠢᠭ. | docx | ᠪᠤᠭᠤᠲᠤ ᠬᠤᠲᠠ ᠶᠢᠨ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠬᠢᠮᠳᠠ ᠣᠷᠣᠨ ᠰᠠᠭᠤᠴᠠ ᠶᠢᠨ | ᠪᠠᠲᠤᠯᠠᠭ᠎ᠠ ᠶᠢᠨ ᠠᠵᠢᠯ ᠤᠨ ᠴᠤᠪᠤᠷᠠᠯ ᠵᠢᠷᠤᠭ.docx | | | | | | | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠰᠢᠭᠤᠶᠢᠲᠤ ᠲᠣᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠳᠠᠷᠤᠮᠠᠯᠯᠠᠨ ᠲᠠᠷᠬᠠᠭᠠᠵᠤ᠂ ︿ | ᠥᠨᠳᠥᠷ ᠦᠷ᠎ᠡ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ﹀ ᠶᠢ ᠬᠡᠷᠡᠭᠵᠢᠭᠦᠯᠬᠦ ᠲᠥᠰᠦᠯ ︵ | 2024 — 2026 ᠣᠨ︶︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | | ᠡᠯ᠎ᠡ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ᠂ ᠵᠢᠪᠬᠤᠯᠠᠩᠲᠤ ᠰᠤᠮᠤ᠂ | ᠪᠠᠳᠭᠡᠷ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠲᠣᠭᠤᠷᠢᠭ ᠤᠨ ᠨᠠᠮ ᠤᠨ ᠬᠤᠷᠢᠶ᠎ᠠ ᠶᠢᠨ ᠡᠯ᠎ᠡ | ᠰᠠᠯᠠᠭ᠎ᠠ ᠮᠥᠴᠢᠷ᠂ ᠰᠢᠭᠤᠶᠢᠲᠤ ᠠᠵᠤ ᠦᠢᠯᠡᠰ ᠤᠨ ᠬᠦᠷᠢᠶᠡᠯᠡᠩ᠂ ᠲᠣᠭᠤᠷᠢᠭ ᠤᠨ ᠰᠢᠭᠤᠳ ᠬᠠᠷᠢᠶ᠎ᠠ ᠡᠯ᠎ᠡ | ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠡᠯ᠎ᠡ ᠠᠷᠠᠳ ᠤᠨ ᠪᠦᠯᠬᠦᠮ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠢ ᠳᠤ᠄ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠰᠢᠭᠤᠶᠢᠲᠦ | ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠰᠠᠭ | ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ᠂ ︿ᠥᠨᠳᠥᠷ ᠦᠷ᠎ᠡ | ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ﹀︾ ᠶᠢ ᠬᠡᠷᠡᠭᠵᠢᠭᠦᠯᠬᠦ ᠲᠥᠰᠦᠯ ︵2024 — | 2026 ᠣᠨ︶︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | ᠰᠢᠭᠤᠶᠢᠲᠦ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 5 ᠳ᠋ᠤᠭᠠᠷ ᠰᠠᠷ᠎ᠠ ᠶᠢᠨ 17 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | | | ᠰᠢᠭᠤᠶᠢᠲᠦ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ | ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠵᠤ᠂ ︽ | ᠥᠨᠳᠥᠷ ᠦᠷ᠎ᠡ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾ ᠶᠢ ᠬᠡᠷᠡᠭᠵᠢᠭᠦᠯᠬᠦ ᠲᠥᠰᠦᠯ ︵ | 2024 — 2026︶ | ᠰᠢᠭᠤᠶᠢᠲᠦ ᠵᠠᠰᠠᠭ ᠠᠯᠪᠠᠨ ᠲᠠᠷᠬᠠᠭᠠᠭᠰᠠᠨ ﹇2024﹈ 16 ᠳ᠋ᠤᠭᠠᠷ ᠲᠣᠭᠠᠲᠤ | | ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠤᠯᠠᠮ | ᠨᠢᠭᠡ ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ ︿ᠥᠨᠳᠥᠷ | ᠦᠷ᠎ᠡ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ﹀ ᠶᠢ ᠠᠬᠢᠭᠤᠯᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇2024﹈ 3 ᠳ᠋ᠤᠭᠠᠷ ᠲᠣᠭᠠᠲᠤ︶ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ | ᠲᠠᠷᠬᠠᠭᠠᠭᠰᠠᠨ ﹇2024﹈ 15 ᠳ᠋ᠤᠭᠠᠷ ᠲᠣᠭᠠᠲᠤ︶ ︽ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ | ᠲᠥᠰᠦᠯ ︵2024 ᠣᠨ — 2026 ᠣᠨ︶︾ ᠤᠨ ᠬᠤᠯᠪᠣᠭᠳᠠᠯ ᠪᠥᠬᠦᠶ ᠠᠵᠢᠯ ᠤᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠰᠠᠭ | ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠶ ᠠᠬᠢᠭᠤᠯᠵᠤ᠂ | ︽ᠦᠨᠡᠨ ᠰᠡᠳᠬᠢᠯ ᠦᠨᠡᠨ ᠰᠠᠨᠠᠭ᠎ᠠ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ | ᠲᠡᠮᠳᠡᠭᠲᠦ ᠶᠢᠨ ᠲᠠᠰ ᠳᠡᠪᠰᠢᠭᠰᠡᠨ ᠬᠡᠪ ᠢ ᠪᠣᠶ ᠪᠣᠯᠭᠠᠵᠤ᠂ ᠳᠣᠤᠷᠠᠬᠢ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ | ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ᠂ ᠰᠢᠭᠤᠶᠢᠲᠦ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠷᠠᠳ | ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠵᠤ ᠠᠬᠤᠶᠢᠯᠠᠯ ᠪᠠ ᠣᠯᠠᠨ | ᠲᠦᠮᠡᠨ ᠤ ᠬᠠᠷᠠᠭᠠᠰᠤ ᠠᠴᠠ ᠡᠭᠦᠰᠴᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠲᠦᠷᠭᠡᠳᠬᠡᠨ | ᠬᠤᠪᠢᠷᠠᠭᠤᠯᠵᠤ᠂ ᠠᠷᠠᠳ ᠤᠨ ᠲᠥᠯᠥᠭᠡ ᠪᠣᠳᠠᠲᠠᠶ ᠠᠵᠢᠯ ᠬᠢᠬᠦ᠂ ︽ᠥᠨᠳᠥᠷ ᠦᠷ᠎ᠡ ᠪᠦᠲᠦᠮᠵᠢᠲᠡᠶ ᠪᠠᠷ ᠨᠢᠭᠡ | ᠠᠵᠢᠯ ᠶᠠᠪᠤᠳᠠᠯ ᠢ ᠭᠦᠢᠴᠡᠳᠭᠡᠬᠦ︾ ᠪᠠᠷ ᠭᠤᠤᠯᠯᠠᠭᠤᠯᠤᠨ᠂ ᠪᠥᠬᠦ ᠤᠯᠤᠰ᠂ ᠪᠥᠬᠦ ᠣᠷᠣᠨ ᠤ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠪᠠᠶᠢᠩᠭᠤᠵᠢᠭᠰᠠᠨ | ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ ᠶᠠᠪᠤᠳᠠᠯ ᠭᠦᠢᠴᠡᠳᠭᠡᠬᠦ ᠠᠷᠭ᠎ᠠ ᠮᠠᠶ᠋ᠢᠭ ᠢ | ᠣᠯᠠᠨ ᠡᠰᠢᠵᠢᠭᠦᠯᠬᠦ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠬᠠᠮᠤᠭ ᠤᠨ ᠰᠢᠯᠢᠳᠡᠭᠵᠢᠭᠦᠯᠬᠦ᠂ ᠠᠵᠢᠯ ᠶᠠᠪᠤᠳᠠᠯ | ᠭᠦᠢᠴᠡᠳᠭᠡᠬᠦ ᠮᠠᠲ᠋ᠧᠷᠢᠶᠠᠯ ᠢ ᠬᠠᠮᠤᠭ ᠤᠨ ᠳᠥᠭᠦᠮᠴᠢᠯᠡᠬᠦ᠂ ᠠᠵᠢᠯ ᠶᠠᠪᠤᠳᠠᠯ ᠭᠦᠢᠴᠡᠳᠭᠡᠬᠦ ᠥᠪᠡᠷ ᠤᠨ ᠥᠷᠲᠡᠭ ᠢ | ᠬᠠᠮᠤᠭ ᠤᠨ ᠪᠠᠭ᠎ᠠ ᠪᠣᠯᠭᠠᠭᠰᠠᠨ ︽ᠦᠨᠡᠨ ᠰᠡᠳᠭᠢᠯ ᠦᠨᠡᠨ ᠰᠠᠨᠠᠭ᠎ᠠ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠨᠠᠷᠠᠲᠤ ᠲᠥᠷᠥᠯ ᠲᠡᠮᠳᠡᠭᠲᠦ ᠶᠢᠨ ᠲᠠᠰ ᠳᠡᠪᠰᠢᠭᠰᠡᠨ ᠬᠡᠪ ᠢ ᠪᠣᠶ ᠪᠣᠯᠭᠠᠵᠤ᠂ ᠬᠢᠨᠠᠨ ᠵᠥᠪᠰᠢᠶᠡᠷᠡᠬᠦ ᠪᠠᠷ ᠬᠠᠮᠤᠭ ᠤᠨ | ᠳᠥᠭᠦᠮᠴᠢᠯᠡᠭᠰᠡᠨ᠂ ᠦᠢᠯᠡᠴᠢᠯᠡᠭᠡ ᠪᠠᠷ ᠬᠠᠮᠤᠭ ᠤᠨ ᠰᠢᠯᠢᠳᠡᠭ᠂ ᠠᠵᠤ ᠠᠬᠤᠶᠢᠯᠠᠯ ᠤᠨ ᠣᠯᠠᠨ ᠲᠦᠮᠡᠨ ᠤ | ᠬᠠᠨᠤᠮᠵᠢ ᠶᠢᠨ ᠬᠡᠮᠵᠢᠶ᠎ᠡ ᠪᠠᠷ ᠬᠠᠮᠤᠭ ᠤᠨ ᠥᠨᠳᠥᠷ ᠲᠡᠷᠢᠭᠦᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠤᠷᠢᠳᠠᠪᠠᠷ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ | ᠬᠤᠶᠠᠷ᠂ ᠠᠵᠢᠯ ᠤᠨ ᠬᠠᠷᠠᠯᠲᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠤᠭ ᠤᠨ ᠥᠨᠳᠥᠷ ᠦᠷ᠎ᠡ ᠪᠦᠲᠦᠮᠵᠢ ᠪᠠᠷ ᠬᠠᠷᠠᠯᠲᠠ | ᠪᠣᠯᠭᠠᠵᠤ᠂ 2024 ᠣᠨ ᠳᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠥᠷᠲᠡᠭᠡ ᠴᠡᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠳᠣᠭᠢᠷᠠᠭᠤᠯᠬᠤ ᠶᠢ ᠪᠡᠶᠡᠯᠡᠭᠦᠯᠪᠡ︔ | ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠡᠷᠴᠢᠮ ᠢ ᠴᠢᠩᠭᠠᠷᠠᠭᠤᠯᠵᠤ᠂ ᠨᠠᠩ ᠣᠯᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠣᠶᠢᠷ᠎ᠠ ᠬᠠᠪᠢ ᠳᠤᠨᠢ ᠭᠦᠢᠴᠡᠳᠬᠡᠵᠦ᠂ ᠪᠥᠬᠦ ᠣᠷᠣᠨ ᠳᠤ ᠨᠡᠶᠢᠳᠡᠮ | ᠭᠦᠢᠴᠡᠳᠬᠡᠪᠡ︔ ᠰᠦᠯᠵᠢᠶᠡᠨ ᠳᠡᠭᠡᠷ᠎ᠡ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠪᠠ ᠪᠤᠳᠠᠳᠦ | ᠴᠤᠭᠴᠠ ᠳᠤ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ︾ ᠶᠢ ᠬᠠᠮᠵᠢᠯᠴᠠᠨ ᠠᠭᠤᠰᠤᠯᠴᠠᠬᠤ ᠶᠢ | ᠪᠡᠶᠡᠯᠡᠭᠦᠯᠪᠡ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢᠨ ᠬᠢᠷᠢ ᠲᠦᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠨᠠᠩ ᠣᠯᠠᠨ ᠵᠦᠢᠯᠡᠰ ᠢ ︽ᠲᠥᠪᠯᠡᠷᠡᠭᠦᠯᠦᠨ ᠭᠦᠢᠴᠡᠳᠬᠡᠬᠦ᠂ ᠠᠮᠠᠯᠳᠠᠨ ᠭᠦᠢᠴᠡᠳᠬᠡᠬᠦ | ᠂ ᠣᠷᠣᠨ ᠪᠦᠰᠡ ᠠᠯᠤᠰᠯᠠᠨ ᠭᠦᠢᠴᠡᠳᠬᠡᠬᠦ᠂ ᠭᠤᠶᠤᠴᠢᠯᠠᠨ ᠭᠦᠢᠴᠡᠳᠬᠡᠬᠦ᠂ ᠪᠡᠶᠡᠴᠢᠯᠡᠨ ᠭᠦᠢᠴᠡᠳᠬᠡᠬᠦ᠂ | ᠬᠠᠪᠰᠤᠷᠤᠨ ᠭᠦᠢᠴᠡᠳᠬᠡᠬᠦ︾ ᠶᠢ ᠪᠡᠶᠡᠯᠡᠭᠦᠯᠦᠨ᠎ᠡ᠃ | 2025 ᠣᠨ ᠳᠤ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠪᠠ᠃ ︽ | ᠥᠨᠳᠥᠷ ᠦᠷ᠎ᠡ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾ ᠵᠦᠢᠯᠡᠰ ᠤᠨ ᠲᠤᠭ᠎ᠠ ᠬᠡᠮᠵᠢᠶ᠎ᠡ ᠶᠢ | ᠤᠯᠠᠮ ᠨᠢᠭᠡ ᠠᠯᠬᠤᠮ ᠥᠷᠭᠡᠳᠬᠡᠵᠦ᠂ ᠪᠥᠬᠦ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠲᠤ ᠨᠠᠷᠢᠨ | ᠲᠠᠩᠰᠠᠵᠢᠭᠤᠯᠤᠨ ᠬᠠᠮᠢᠶᠠᠷᠬᠤ ᠶᠢ ᠪᠡᠶᠡᠯᠡᠭᠦᠯᠵᠦ᠂ ︽ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠬᠤ︾ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠳᠤ ᠣᠷᠣᠭᠤᠯᠵᠤ᠂ ︽ ᠠᠳᠠᠯᠢ ᠪᠤᠰᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠰᠢᠰᠲ᠋ᠧᠮ ᠢ | ᠨᠡᠪᠲᠡᠷᠡᠭᠦᠯᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ᠶᠢ 100% ᠪᠠᠷ ᠪᠡᠶᠡᠯᠡᠭᠦᠯᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠳᠤ ᠣᠷᠣᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ | ᠨᠡᠶᠢᠳᠡᠮ ᠭᠦᠢᠴᠡᠳᠬᠡᠬᠦ︾ ᠶᠢ 100% ᠪᠠᠷ ᠪᠡᠶᠡᠯᠡᠭᠦᠯᠪᠡ᠃ | 2026 ᠣᠨ ᠳᠤ᠂ ᠠᠵᠤ ᠠᠬᠤᠶᠢᠯᠠᠯ ᠪᠠ ᠬᠤᠪᠢ ᠬᠥᠮᠦᠨ ᠤ ᠪᠥᠬᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠤ ᠴᠢᠬᠤᠯᠠ ᠱᠠᠲᠤ ᠦᠶ᠎ᠡ ᠶᠢᠨ ︽ᠥᠨᠳᠥᠷ ᠦᠷ᠎ᠡ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ | ᠭᠦᠢᠴᠡᠳᠭᠡᠬᠦ︾ ᠭᠤᠤᠯᠳᠠᠯᠭ᠎ᠠ ᠲᠠᠢ ᠵᠦᠢᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠡᠶᠡᠯᠡᠭᠦᠯᠪᠡ︔ | ᠪᠥᠬᠦ ᠣᠷᠣᠨ ᠳᠤ ︽ᠭᠤᠯᠳᠤ ᠭᠤᠷᠪᠠᠨ ᠱᠠᠲᠤ ᠪᠠᠷ ᠬᠤᠯᠪᠤᠭᠠᠯᠠᠨ ᠬᠥᠳᠡᠯᠦᠯᠴᠡᠵᠦ᠂ ᠬᠥᠨᠳᠡᠯᠡᠨ ᠴᠢᠭᠯᠡᠯ ᠢᠶᠠᠷ | ᠰᠠᠯᠠᠭ᠎ᠠ ᠮᠥᠴᠢᠷ ᠬᠠᠮᠵᠢᠯᠴᠠᠬᠤ︾ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ | ᠪᠠᠶᠢᠷᠢᠰᠢᠯ ᠢ ᠪᠦᠷᠢᠯᠳᠦᠭᠦᠯᠵᠦ᠂ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ | ᠨᠠᠩ ᠪᠦᠷᠢᠨᠰᠢᠬᠦᠯᠦᠨ᠂ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ | ᠬᠦᠷᠲᠡᠭᠡᠬᠦ ᠦᠢᠯᠡᠴᠢᠯᠡᠭᠡᠨ ᠤ ᠵᠦᠢᠯᠡᠰ ᠢ ᠲᠠᠰᠤᠷᠠᠯᠲᠠ ᠥᠬᠡᠶ ᠨᠡᠮᠡᠭᠳᠡᠭᠦᠯᠵᠦ᠂ ᠭᠦᠢᠴᠡᠳᠭᠡᠬᠦ ᠶᠠᠪᠤᠴᠠ ᠶᠢ ᠨᠠᠩ | ᠵᠢᠷᠤᠮᠵᠢᠭᠤᠯᠤᠨ᠂ ᠵᠠᠰᠠᠭ ᠤᠨ ᠶᠠᠪᠤᠳᠠᠯ ᠤᠨ ᠶᠡᠷᠦᠩᠬᠡᠢ ᠦᠢᠯᠡᠴᠢᠯᠡᠭᠡᠨ ᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ | ᠃ | ᠭᠤᠷᠪᠠ᠂ ᠭᠤᠣᠯ ᠡᠭᠦᠷᠭᠡ | ︵ᠨᠢᠭᠡ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢᠨ ᠦᠨᠳᠦᠰᠦᠨ ᠪᠠᠲᠤᠯᠠᠭ᠎ᠠ ᠶᠢ | ᠭᠦᠨᠵᠡᠭᠡᠶᠢᠷᠡᠭᠦᠯᠦᠨ᠎ᠡ | 1. ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠲᠥᠪ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠵᠥᠷᠢᠶ᠎ᠡ ᠥᠬᠡᠶ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠵᠦ᠂ 2025 ᠣᠨ ᠤ | ᠰᠡᠭᠦᠯᠴᠢ ᠠᠴᠠ ᠡᠮᠦᠨ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ︽ᠨᠢᠭᠡ ᠴᠣᠩᠬᠤᠪᠴᠢ ᠪᠠᠷ | ᠨᠡᠶᠢᠳᠡᠮ ᠭᠦᠢᠴᠡᠳᠭᠡᠬᠦ︾ ᠶᠢ ᠪᠡᠶᠡᠯᠡᠭᠦᠯᠦᠨ᠎ᠡ᠃ ᠡᠨᠡ ᠵᠢᠯ ᠳ᠋ᠠ ᠹᠠ ᠵᠡᠭᠡᠯᠢ ᠭᠤᠳᠤᠮᠵᠢ ᠶᠢᠨ ᠠᠷᠠᠳ ᠲᠤ ᠳᠥᠭᠦᠮ | ᠦᠵᠡᠭᠦᠯᠬᠦ ᠦᠢᠯᠡᠴᠢᠯᠡᠭᠡᠨ ᠤ ᠲᠥᠪ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠬᠡᠪ ᠳᠠᠭᠤᠷᠢᠶᠠᠯ ᠤᠨ ᠬᠡᠯᠪᠡᠷᠢ | ᠪᠣᠯᠭᠠᠨ ᠲᠦᠯᠦᠪᠯᠡᠵᠦ᠂ ᠰᠢᠭᠤᠶᠢᠲᠤ ᠵᠡᠭᠡᠯᠢ ᠭᠤᠳᠤᠮᠵᠢ ᠵᠡᠭᠡᠯᠢ ᠭᠤᠳᠤᠮᠵᠢ ᠶᠢ ᠰᠢᠨ᠎ᠡ ᠪᠠᠷ ᠨᠡᠮᠡᠭᠳᠡᠭᠦᠯᠬᠦ ᠪᠠᠷ | ᠲᠦᠯᠦᠪᠯᠡᠨ᠂ ᠳ᠋ᠠ ᠳ᠋ᠧ ᠾᠧᠩ ᠵᠡᠭᠡᠯᠢ ᠭᠤᠳᠤᠮᠵᠢ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠲᠥᠪ 2 | ᠬᠤᠲᠠ ᠶᠢᠨ ᠱᠠᠲᠤᠨ ᠤ ᠬᠡᠪ ᠳᠠᠭᠤᠷᠢᠶᠠᠯ ᠤᠨ ᠬᠡᠯᠪᠡᠷᠢ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ | ᠲᠥᠪ ᠪᠣᠯᠭᠠᠬᠤ ᠪᠠᠷ ᠲᠥᠯᠥᠪᠯᠡᠵᠦ ᠪᠣᠶ︔ ᠰᠠᠨ ᠴᠠ ᠺᠸᠦ ᠭᠠᠴᠠᠭ᠎ᠠ᠂ ᠤᠪᠣᠭ᠎ᠠ ᠭᠤᠤ ᠲᠣᠰᠬᠤᠨ ᠤ ᠠᠷᠠᠳ ᠲᠤ | ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ 2 ᠬᠤᠲᠠ ᠶᠢᠨ ᠱᠠᠲᠤᠨ ᠤ ᠬᠡᠪ ᠳᠠᠭᠤᠷᠢᠶᠠᠯ ᠤᠨ ᠬᠡᠯᠪᠡᠷᠢ ᠶᠢᠨ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠪᠠᠶᠢᠭᠤᠯᠤᠨ᠎ᠠ᠃ ᠰᠤᠮᠤ ᠪᠠᠯᠭᠠᠰᠤ ︵ᠵᠡᠭᠡᠯᠢ | ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠨᠢ ᠦᠢᠯᠡᠴᠢᠯᠡᠭᠡ ᠬᠤᠳᠠᠯᠳᠤᠨ | ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠶᠡᠷᠦᠩᠬᠡᠢ ᠴᠤᠩᠬᠤᠪᠴᠢ ᠶᠢᠨ ᠠᠵᠢᠯᠲᠠᠨ ᠤ ᠡᠩᠨᠡᠭᠡ ᠶᠢ | ᠲᠡᠭᠦᠯᠳᠡᠷᠵᠢᠭᠦᠯᠬᠦ ᠶᠢ ᠵᠣᠷᠢᠭᠵᠢᠭᠤᠯᠤᠨ᠎ᠠ᠃ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠤᠨ ᠥᠷᠲᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ︽ | ᠬᠦᠷᠢᠶᠡᠯᠡᠩ ᠲᠣᠭᠤᠷᠢᠭ ᠤᠨ ᠬᠡᠷᠡᠭ ᠶᠠᠪᠤᠳᠠᠯ ᠤᠨ ᠬᠦᠷᠢᠶᠡᠯᠡᠩ ᠲᠣᠭᠤᠷᠢᠭ ᠤᠨ ᠠᠯᠪᠠᠨ ᠭᠡᠷ︾ ᠤᠨ ᠠᠵᠢᠯ ᠤᠨ | ᠬᠠᠷᠠᠯᠲᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ︽ᠠᠷᠪᠠ ᠶᠢ ᠪᠦᠷᠢᠳᠦᠭᠦᠯᠬᠦ︾ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ᠂ ᠬᠤᠲᠠ ᠶᠢᠨ ᠱᠠᠲᠤᠨ ᠤ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ ᠶᠢ ᠪᠥᠬᠦ ᠬᠦᠴᠦᠨ ᠢᠶᠠᠷ ᠢᠶᠠᠨ | ᠪᠣᠶ ᠪᠣᠯᠭᠠᠨ᠎ᠠ︔ ᠰᠢᠭᠤᠶᠢᠲᠤ ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠡᠳ᠋ ᠤᠨ ᠵᠠᠰᠠᠭ ᠤᠨ | ᠲᠣᠪᠴᠢᠶ᠎ᠠ᠂ ᠣᠷᠣᠨ ᠲᠤᠭ᠎ᠠ ᠶᠢᠨ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ | ᠬᠠᠮᠲᠤᠷᠠᠨ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ | ᠲᠡᠰᠢ ᠤᠷᠲᠤᠳᠬᠠᠬᠤ ᠶᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠮᠠᠨ ᠤ | ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︔ ᠭᠤᠣᠯᠳᠠᠯᠭ᠎ᠠ ᠲᠠᠢ ᠲᠥᠷᠥᠯ ᠵᠦᠢᠯ ᠤᠨ ᠬᠢᠨᠠᠨ | ᠵᠥᠪᠰᠢᠶᠡᠷᠡᠯ ᠤᠨ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠵᠤ᠂ | ︽ᠲᠦᠷᠦᠭᠦᠦ ᠬᠠᠪᠰᠤᠷᠤᠨ ᠭᠦᠢᠴᠡᠳᠬᠡᠬᠦ︾ ᠲᠤᠰᠬᠠᠢ ᠲᠤᠰᠢᠶᠠᠯᠲᠠᠨ ᠤ ᠦᠢᠯᠡᠴᠢᠯᠡᠭᠡ ᠶᠢ ᠦᠷᠭᠦᠯᠵᠢᠯᠡᠨ | ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠰᠤᠷᠪᠤᠯᠵᠢᠯᠠᠨ ᠪᠠᠶᠢᠴᠠᠭᠠᠨ ᠰᠤᠳᠤᠯᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠠᠵᠤ ᠠᠬᠤᠶᠢᠯᠠᠯ ᠳᠤ | ᠣᠷᠣᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ | ᠴᠠᠭ ᠲᠤᠬᠠᠶ ᠳᠤᠨᠢ ᠦᠢᠯᠡᠴᠢᠯᠡᠵᠦ᠂ ᠨᠠᠷᠢᠯᠢᠭ ᠣᠨᠣᠴᠠᠲᠠᠢ ᠦᠢᠯᠡᠴᠢᠯᠡᠭᠡ ᠶᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ | 2. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠰᠠᠭᠤᠷᠢ ᠶᠢ ᠪᠠᠬᠢᠵᠢᠭᠦᠯᠦᠨ᠎ᠡ᠃ ᠬᠡᠷᠡᠭ | ᠶᠠᠪᠤᠳᠠᠯ᠂ ᠲᠠᠯᠠᠪᠤᠷ ᠭᠠᠵᠠᠷ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠵᠡᠷᠭᠡ ᠭᠤᠤᠯᠳᠠᠯᠭ᠎ᠠ ᠶᠢᠨ ᠲᠣᠭᠤᠷᠢᠨ ᠳᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶᠢᠭᠤᠯᠤᠯᠲᠠ ᠶᠢ ᠯᠠᠪᠳᠠᠭᠤᠨ | ᠪᠠᠲᠤᠲᠠᠶ ᠠᠬᠢᠭᠤᠯᠵᠤ᠂ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠤᠭ᠎ᠠ | ᠪᠠᠷᠢᠮᠲᠠ ᠶᠢ ᠠᠳᠠᠯᠢ ᠢᠷᠡᠯᠲᠡ᠂ ᠬᠥᠳᠡᠯᠦᠩᠭᠦᠶ ᠪᠠᠷ ᠰᠢᠨᠡᠳᠬᠡᠬᠦ᠂ ᠬᠤᠯᠪᠣᠭᠠᠯᠠᠨ ᠬᠥᠳᠡᠯᠦᠯᠴᠡᠵᠦ ᠬᠠᠮᠢᠶᠠᠷᠬᠤ ᠶᠢ | ᠦᠨᠡᠨ ᠬᠦ ᠪᠠᠲᠤᠯᠠᠵᠤ᠂ ᠰᠦᠯᠵᠢᠶᠡᠨ ᠳᠡᠭᠡᠷ᠎ᠡ ᠪᠠ ᠪᠤᠳᠠᠳᠦ ᠴᠤᠭᠴᠠ ᠳᠤ ᠢᠯᠭᠠᠭ᠎ᠠ ᠥᠬᠡᠶ ᠪᠠᠷ ᠭᠥᠯᠢᠶᠡᠨ ᠠᠪᠴᠤ | ᠰᠢᠢᠳᠪᠦᠷᠢᠯᠡᠵᠦ᠂ ᠠᠳᠠᠯᠢ ᠪᠠᠷᠢᠮᠵᠢᠶ᠎ᠠ ᠪᠠᠷ ᠬᠦᠢᠴᠡᠳᠬᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ | ᠯᠡ ᠡᠭᠦᠳᠡ ᠪᠠᠷ ᠣᠷᠣᠬᠤ︾ ᠶᠢ ᠭᠦᠨᠵᠡᠭᠡᠶ ᠠᠬᠢᠭᠤᠯᠵᠤ᠂ ᠲᠠᠯᠠᠪᠤᠷ ᠭᠠᠵᠠᠷ ᠤᠨ ᠬᠢᠵᠠᠭᠠᠷᠯᠠᠯ᠂ ᠨᠢᠭᠤᠴᠠ ᠳᠤ | ᠬᠤᠯᠪᠣᠭᠳᠠᠬᠤ ᠵᠡᠷᠭᠡ ᠣᠨᠴᠠᠭᠠᠶ ᠪᠠᠶᠢᠳᠠᠯ ᠢ ᠭᠠᠷᠭᠠᠪᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠪᠦᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠲᠥᠪᠯᠡᠷᠡᠭᠦᠯᠦᠨ ᠭᠦᠢᠴᠡᠳᠬᠡᠵᠦ᠂ ︽ | ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠬᠤ︾ ᠶᠢ 100% ᠳᠤ ᠬᠦᠷᠦᠭᠦᠯᠦᠨ᠎ᠡ᠃ ᠰᠤᠮᠤ ᠪᠠᠯᠭᠠᠰᠤ ︵ | ᠵᠡᠭᠡᠯᠢ ᠭᠤᠳᠤᠮᠵᠢ︶ ᠨᠢ ᠳᠠᠭᠠᠭᠠᠨ ᠠᠪᠬᠤ ᠴᠢᠳᠠᠪᠤᠷᠢ ᠪᠠ ᠠᠵᠤ ᠠᠬᠤᠶᠢᠯᠠᠯ ᠤᠨ ᠣᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠲᠠᠢ ᠤᠶᠠᠯᠳᠤᠭᠤᠯᠤᠨ᠂ ᠣᠯᠠᠨ ᠨᠡᠶᠢᠲᠡ ᠶᠢᠨ ᠰᠤᠷᠭᠠᠨ ᠬᠥᠮᠥᠵᠢᠯ᠂ ᠬᠥᠳᠡᠯᠮᠦᠷᠢ ᠠᠵᠢᠯ ᠣᠯᠭᠤᠯᠲᠠ | ᠂ ᠡᠮᠴᠢᠯᠡᠭᠡ ᠡᠷᠡᠭᠦᠯ ᠬᠠᠮᠠᠭᠠᠯᠠᠯ᠂ ᠨᠠᠰᠤᠵᠢᠯ ᠤᠨ ᠦᠢᠯᠡᠴᠢᠯᠡᠭᠡ᠂ ᠬᠡᠦᠬᠡᠳ ᠰᠠᠭᠠᠲᠠᠭᠤᠯᠬᠤ ᠦᠢᠯᠡᠴᠢᠯᠡᠭᠡ᠂ ᠡᠷᠦᠬᠡ | ᠠᠮᠠ ᠶᠢᠨ ᠲᠠᠩᠰᠠ ᠶᠢᠨ ᠬᠠᠮᠢᠶᠠᠷᠤᠯᠲᠠ ᠵᠡᠷᠭᠡ ᠬᠦᠷᠢᠶᠡᠨ ᠳᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ᠂ | ᠠᠵᠤ ᠠᠬᠤᠶᠢᠯᠠᠯ ᠪᠠ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠰᠦᠯᠵᠢᠶᠡᠨ ᠤ | ᠴᠢᠮᠡᠭᠡ ᠬᠤᠯᠪᠣᠭ᠎ᠠ ᠵᠡᠷᠭᠡ ᠨᠡᠶᠢᠲᠡ ᠶᠢᠨ ᠦᠢᠯᠡᠰ ᠤᠨ ᠬᠦᠷᠢᠶᠡᠨ ᠳᠠᠬᠢ ᠥᠨᠳᠥᠷ ᠳᠠᠪᠲᠠᠮᠵᠢ ᠪᠠᠷ ᠭᠦᠢᠴᠡᠳᠬᠡᠬᠦ | ᠦᠢᠯᠡᠴᠢᠯᠡᠭᠡᠨ ᠤ ᠵᠦᠢᠯᠡᠰ ᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠣᠷᠣᠭᠤᠯᠬᠤ ᠶᠢ | ᠠᠬᠢᠭᠤᠯᠬᠤ ᠬᠡᠷᠡᠭᠲᠡᠢ᠃ | 3. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠲᠠᠨ ᠤ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠶᠢᠨ ᠠᠵᠢᠯ ᠡᠷᠬᠢᠯᠡᠭᠰᠡᠳ ᠢ ᠬᠢᠨᠠᠨ ᠵᠥᠪᠰᠢᠶᠡᠷᠡᠬᠦ | ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ᠂ ᠵᠠᠰᠠᠭ ᠤᠨ ᠶᠠᠪᠤᠳᠠᠯ ᠤᠨ ᠶᠣᠰᠣ ᠵᠢᠷᠤᠮ᠂ ᠬᠦᠯᠢᠶᠡᠨ | ᠠᠪᠬᠤ ᠶᠣᠰᠣ ᠵᠢᠷᠤᠮ᠂ ᠠᠯᠪᠠᠨ ᠠᠵᠢᠯ ᠤᠨ ᠶᠣᠰᠣ ᠵᠢᠷᠤᠮ ᠵᠡᠷᠭᠡ ᠪᠣᠯᠪᠠᠰᠤᠷᠠᠯ ᠢ ᠴᠢᠩᠭᠠᠳᠬᠠᠵᠤ᠂ ᠠᠵᠤ | ᠠᠬᠤᠶᠢᠯᠠᠯ ᠪᠠ ᠣᠯᠠᠨ ᠲᠦᠮᠡᠨ ᠳᠤ ᠨᠡᠩ ᠳᠣᠲᠣᠨᠣ ᠨᠡᠩ ᠲᠤᠰᠬᠠᠢ ᠮᠡᠷᠭᠡᠵᠢᠯ ᠤᠨ ᠥᠨᠳᠥᠷ ᠪᠦᠲᠦᠮᠵᠢᠲᠡᠶ ᠶᠠᠰᠤ | ᠴᠢᠨᠠᠷ ᠤᠨ ᠦᠢᠯᠡᠴᠢᠯᠡᠭᠡ ᠬᠠᠩᠭᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠴᠣᠩᠬᠤᠪᠴᠢ ᠶᠢᠨ ᠠᠵᠢᠯ ᠡᠷᠬᠢᠯᠡᠭᠰᠡᠳ ᠢ ᠲᠣᠬᠢᠷᠠᠭᠤᠯᠬᠤ᠂ ᠬᠠᠮᠢᠶᠠᠷᠬᠤ ᠪᠠ ᠰᠢᠯᠭᠠᠨ ᠬᠢᠨᠠᠬᠤ ᠶᠢ ᠴᠢᠩᠭᠠᠳᠬᠠᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠶᠢᠨ ᠠᠵᠢᠯ ᠡᠷᠬᠢᠯᠡᠭᠰᠡᠳ ᠢ ᠤᠷᠮᠠᠰᠢᠭᠤᠯᠵᠤ ᠱᠠᠩᠨᠠᠬᠤ | ᠠᠷᠭ᠎ᠠ ᠬᠡᠮᠵᠢᠶ᠎ᠡ ᠶᠢ ᠨᠡᠶᠢᠲᠡᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢᠲᠠᠨ ᠢ ᠣᠷᠣᠭᠤᠯᠤᠨ | ᠠᠪᠴᠢᠷᠠᠬᠤ᠂ ᠬᠥᠮᠦᠵᠢᠭᠦᠯᠬᠦ᠂ ᠰᠢᠯᠢᠨ ᠳᠡᠪᠰᠢᠭᠦᠯᠬᠦ ᠪᠠ ᠦᠨᠡᠯᠡᠬᠦ ᠲᠣᠭᠲᠠᠴᠠ ᠳᠤ ᠰᠢᠨ᠎ᠡ ᠶᠢ ᠡᠭᠦᠳᠴᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠬᠠᠶᠢᠵᠢᠭᠰᠠᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ | ᠶᠡᠷᠦᠩᠬᠡᠢ ᠦᠢᠯᠡᠴᠢᠯᠡᠭᠡᠨ ᠤ ᠴᠣᠩᠬᠤᠪᠴᠢ ᠶᠢᠨ ᠠᠵᠢᠯᠲᠠᠨ ᠢ ᠨᠢᠭᠡᠳᠦᠯᠲᠡᠢ ᠲᠣᠬᠢᠷᠠᠭᠤᠯᠬᠤ ᠪᠠ ᠠᠵᠢᠯ ᠮᠡᠷᠭᠡᠵᠢᠭᠰᠡᠨ | ᠬᠥᠭᠵᠢᠯᠲᠡ ᠶᠢ ᠠᠬᠢᠭᠤᠯᠤᠨ᠎ᠠ᠃ | 4. ᠥᠨᠳᠥᠷ ᠳᠠᠪᠲᠠᠮᠵᠢᠲᠤ ᠦᠢᠯᠡᠴᠢᠯᠡᠭᠡᠨ ᠤ ᠨᠠᠷᠢᠨ ᠳᠠᠩᠰᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ | ᠲᠦᠰᠢᠭᠯᠡᠨ᠂ ᠥᠨᠳᠥᠷ ᠳᠠᠪᠲᠠᠮᠵᠢᠲᠤ ᠦᠢᠯᠡᠴᠢᠯᠡᠭᠡᠨ ᠤ ᠨᠠᠷᠢᠨ ᠬᠠᠭᠤᠳᠠᠰᠤ ᠶᠢᠨ ᠬᠥᠳᠡᠯᠦᠩᠭᠦᠶ ᠬᠠᠮᠢᠶᠠᠷᠤᠯᠲᠠ ᠪᠠ | ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠲᠣᠭᠲᠠᠴᠠ ᠶᠢ ᠪᠠᠶᠢᠭᠤᠯᠵᠤ᠂ ᠪᠥᠬᠦ ᠣᠷᠣᠨ ᠤ 100 % ᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤᠴᠢᠯᠠᠭᠰᠠᠨ ᠬᠠᠮᠢᠶᠠᠷᠤᠯᠲᠠ ᠶᠢ | ᠪᠡᠶᠡᠯᠡᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠬᠦᠴᠦᠨ | ᠦᠭᠡᠢ ᠪᠣᠯᠭᠠᠵᠤ ᠳᠣᠷᠣᠭᠰᠢ ᠪᠠᠭᠤᠯᠭᠠᠬᠤ ᠶᠢ ᠳᠠᠭᠠᠭᠠᠨ ᠠᠪᠬᠤ ᠠᠵᠢᠯ ᠢ ᠰᠠᠶᠢᠲᠤᠷ ᠬᠢᠵᠦ᠂ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ | ᠬᠠᠭᠤᠳᠠᠰᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠵᠡᠷᠭᠡ ᠳᠤ | ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠬᠢᠨᠠᠨ ᠪᠠᠶᠢᠴᠠᠭᠠᠬᠤ | ᠭᠤᠣᠯᠳᠠᠯᠭ᠎ᠠ ᠵᠡᠷᠭᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠦᠬᠦ ᠲᠣᠭᠤᠷᠢᠭ ᠤᠨ ᠪᠤᠢ ᠪᠦᠬᠦᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠪᠦᠬᠦ ᠬᠦᠴᠦᠨ ᠵᠦᠢᠯ ᠤᠨ ᠪᠠᠷᠢᠮᠵᠢᠶᠠᠵᠢᠭᠤᠯᠤᠯᠲᠠ ᠶᠢ ᠠᠬᠢᠭᠤᠯᠤᠨ᠎ᠠ᠃ | | 5. ︽ᠥᠨᠳᠥᠷ ᠦᠷ᠎ᠡ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾ ᠶᠢ ᠲᠦᠯᠬᠢᠨ | ᠠᠬᠢᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ 16 ︽ᠥᠨᠳᠥᠷ ᠦᠷ᠎ᠡ | ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾ ᠵᠦᠢᠯᠡᠰ ᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ | ᠰᠦᠯᠵᠢᠶ᠎ᠡ᠂ ᠨᠢᠭᠡ ᠡᠭᠦᠳᠡ᠂ ᠨᠢᠭᠡᠳᠦᠭᠡᠷ ᠹᠷᠣᠨᠲ︾ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ︽5+8+3+N︾᠂ ︽ᠨᠢᠭᠡ ᠶᠠᠪᠤᠳᠠᠯ︾ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠥᠬᠦ ᠤᠯᠤᠰ ᠵᠢᠴᠢ | ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠳᠤ ᠲᠦᠰᠢᠭᠯᠡᠨ᠂ ᠮᠠᠨ ᠤ ᠣᠷᠣᠨ ᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ | ᠬᠤᠷᠠᠮᠠᠯ ᠦᠢᠯᠡᠴᠢᠯᠡᠭᠡᠨ ᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ︽ᠪᠤᠭᠤᠲᠤ ᠬᠤᠲᠠ ᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ | ᠵᠢᠯ ᠤᠨ ᠠᠵᠢᠯᠯᠠᠭᠠᠨ ᠤ ᠲᠥᠰᠦᠯ ︵2024 — 2026 ᠣᠨ︶︾ ᠤᠨ ᠱᠠᠭᠠᠷᠳᠠᠯᠭ᠎ᠠ ᠶᠣᠰᠣᠭᠠᠷ᠂ ᠤᠰᠤᠨ | ᠠᠰᠢᠭᠯᠠᠯᠲᠠ᠂ ᠡᠨᠧᠷᠭᠢ᠂ ᠵᠠᠮ ᠬᠠᠷᠢᠯᠴᠠᠭ᠎ᠠ ᠵᠡᠷᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠬᠦᠷᠢᠶᠡᠨ ᠳᠠᠬᠢ ︽ᠨᠢᠭᠡ ᠶᠠᠪᠤᠳᠠᠯ︾ ᠤᠨ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠪᠠᠶᠢᠭᠤᠯᠬᠤ ᠠᠴᠠ ᠠᠪᠤᠭᠠᠳ ᠬᠦᠴᠦᠨ ᠥᠬᠡᠶ ᠪᠣᠯᠭᠠᠬᠤ᠂ ᠬᠤᠪᠢ | ᠬᠥᠮᠦᠨ ᠲᠥᠷᠥᠭᠰᠡᠨ ᠠᠴᠠ ᠠᠪᠤᠭᠠᠳ ᠦᠬᠦᠬᠦ ᠬᠦᠷᠲᠡᠯ᠎ᠡ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ | ᠥᠨᠳᠥᠷ ᠳᠠᠪᠲᠠᠮᠵᠢᠲᠤ ᠵᠦᠢᠯᠡᠰ ᠤᠨ ᠲᠣᠭᠤᠷᠢᠨ ᠳᠤ᠂ ᠵᠢᠯ ᠤᠨ ᠳᠣᠲᠣᠷ᠎ᠠ 50 ᠪᠤᠳᠠᠳᠦ ᠴᠤᠭᠴᠠ ᠶᠢᠨ ︽ᠨᠢᠭᠡ | ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠢ ᠨᠡᠮᠡᠪᠡ᠃ | 6. ᠰᠦᠯᠵᠢᠶᠡᠨ ᠳᠡᠭᠡᠷᠡᠬᠢ ᠪᠠ ᠪᠤᠳᠠᠳᠦ ᠴᠤᠭᠴᠠ ᠶᠢᠨ ᠬᠠᠮᠵᠢᠯᠴᠠᠨ ᠦᠢᠯᠡᠴᠢᠯᠡᠬᠦ ᠶᠢ ᠴᠢᠩᠭᠠᠷᠠᠭᠤᠯᠤᠨ᠎ᠠ | ᠃ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠪᠠ ᠪᠤᠳᠠᠳᠦ | ᠴᠤᠭᠴᠠ ᠶᠢᠨ ᠢᠯᠭᠠᠭ᠎ᠠ ᠥᠬᠡᠶ ᠪᠠᠷ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ᠂ | ᠠᠳᠠᠯᠢ ᠶᠠᠰᠤ ᠴᠢᠨᠠᠷ ᠤᠨ ᠦᠢᠯᠡᠴᠢᠯᠡᠭᠡ ᠶᠢ ᠪᠡᠶᠡᠯᠡᠭᠦᠯᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠠᠵᠢᠯ ᠢ ᠲᠦᠷᠭᠡᠳᠬᠡᠨ ᠠᠬᠢᠭᠤᠯᠵᠤ᠂ ᠦᠨᠳᠦᠰᠦᠨ | ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠯᠠᠪᠤᠷ ᠭᠠᠵᠠᠷ᠂ ᠪᠠᠩᠬᠢ᠂ ᠰᠢᠤᠳᠠᠨ᠂ | ᠬᠦᠷᠢᠶᠡᠯᠡᠩ ᠲᠣᠭᠤᠷᠢᠭ᠂ ᠲᠡᠷᠭᠡᠨ ᠥᠷᠲᠡᠭᠡ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠵᠡᠷᠭᠡ ᠳᠤ | ᠲᠦᠰᠢᠭᠯᠡᠨ᠂ ︽15 ᠮᠢᠨᠦ᠋ᠲ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶ᠎ᠡ︾ ᠶᠢ ᠪᠥᠬᠦ ᠲᠠᠯ᠎ᠠ ᠪᠠᠷ | ᠪᠠᠶᠢᠭᠤᠯᠤᠨ᠎ᠠ᠃ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠶ ᠬᠥᠮᠦᠰ ᠤᠨ ᠬᠡᠷᠡᠭᠴᠡᠭᠡ ᠱᠠᠭᠠᠷᠳᠠᠯᠭ᠎ᠠ ᠶᠢᠨ | ᠲᠣᠭᠤᠷᠢᠨ ᠳᠤ᠂ ᠰᠦᠯᠵᠢᠶᠡᠨ ᠳᠡᠭᠡᠷᠡᠬᠢ ᠪᠠ ᠪᠤᠳᠠᠳᠦ ᠴᠤᠭᠴᠠ ᠶᠢᠨ ᠦᠢᠯᠡᠴᠢᠯᠡᠭᠡᠨ ᠤ ᠠᠷᠭ᠎ᠠ ᠵᠠᠮ ᠢ | ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠪᠠ ᠮᠡᠳᠡᠭᠡ | ᠵᠠᠩᠭᠢ ᠶᠢᠨ ᠰᠠᠭᠠᠳ ᠥᠬᠡᠶ ᠪᠠᠶᠢᠬᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | 7. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ 12345 ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤ ᠶᠢ ᠭᠥᠯᠢᠶᠡᠨ ᠠᠪᠴᠤ ᠰᠢᠢᠳᠪᠦᠷᠢᠯᠡᠬᠦ | ᠠᠵᠢᠯ ᠢ ᠪᠥᠬᠦ ᠲᠠᠯ᠎ᠠ ᠪᠠᠷ ᠴᠢᠩᠭᠠᠳᠬᠠᠨ᠎ᠠ᠃ ᠬᠠᠯᠠᠮᠰᠢᠯ ᠤᠲᠠᠰᠤ ᠶᠢᠨ ᠤᠶᠤᠨᠴᠢᠯᠠᠭᠰᠠᠨ ᠦᠢᠯᠡᠴᠢᠯᠡᠭᠡᠨ ᠤ | ᠴᠢᠳᠠᠪᠤᠷᠢ ᠶᠢ ᠰᠢᠯᠢᠳᠡᠭᠵᠢᠭᠦᠯᠵᠦ᠂ 12345 ᠬᠠᠯᠠᠮᠰᠢᠯ ᠤᠲᠠᠰᠤ ᠶᠢᠨ ᠲᠠᠪᠴᠠᠩ ᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ᠂ ᠵᠢᠯᠣᠭᠤᠳᠤᠨ ᠲᠣᠬᠢᠷᠠᠭᠤᠯᠬᠤ᠂ ᠬᠢᠨᠠᠯᠲᠠ ᠲᠠᠯᠪᠢᠵᠤ ᠰᠢᠯᠭᠠᠨ ᠬᠢᠨᠠᠬᠤ᠂ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ᠂ ᠵᠠᠳᠠᠯᠤᠨ ᠮᠠᠭᠠᠳᠯᠠᠬᠤ ᠪᠠ ᠶᠡᠷᠦᠩᠬᠡᠶᠢᠯᠡᠨ ᠦᠨᠡᠯᠡᠬᠦ ᠴᠢᠳᠠᠮᠵᠢ ᠶᠢ ᠭᠦᠢᠴᠡᠳ | ᠪᠠᠳᠠᠷᠠᠭᠤᠯᠵᠤ᠂ ᠲᠠᠪᠴᠠᠩ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ | ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤ ᠶᠢ ᠭᠦᠢᠴᠡᠳᠭᠡᠬᠦ ᠬᠠᠷᠢᠭᠤᠯᠲᠠ ᠶᠢᠨ ᠨᠣᠷᠮ᠎ᠠ᠂ ᠰᠢᠢᠳᠪᠦᠷᠢᠯᠡᠵᠦ | ᠳᠠᠭᠤᠰᠬᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ᠂ ᠬᠠᠨᠤᠮᠵᠢ ᠶᠢᠨ ᠨᠣᠷᠮ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠬᠦ ᠶᠢ | ᠪᠡᠶᠡᠯᠡᠭᠦᠯᠦᠨ᠎ᠡ᠃ | 8. ᠰᠢᠭᠦᠬᠦ ᠳᠤ ᠬᠤᠯᠪᠣᠭᠳᠠᠬᠤ ᠵᠠᠭᠤᠴᠢ ᠦᠢᠯᠡᠴᠢᠯᠡᠭᠡᠨ ᠤ ᠵᠢᠷᠤᠮᠵᠢᠭᠰᠠᠨ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠶ᠃ ︽ᠪᠤᠭᠤᠲᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ | ᠦᠢᠯᠡᠴᠢᠯᠡᠭᠡᠨ ᠤ ᠰᠦᠯᠵᠢᠶᠡᠨ ᠳᠡᠭᠡᠷᠡᠬᠢ ᠬᠡᠲᠦ ᠳᠡᠯᠭᠡᠭᠦᠷ︾ ᠤᠨ ᠲᠠᠪᠴᠠᠩ ᠳᠤ ᠲᠦᠰᠢᠭᠯᠡᠨ᠂ ᠡᠯ᠎ᠡ ᠵᠠᠭᠤᠴᠢ | ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠭᠤᠴᠢ ᠪᠠᠶᠢᠭᠤᠯᠤᠮᠵᠢ ᠶᠢ ᠢᠳᠡᠪᠬᠢᠲᠡᠶ ᠪᠠᠷ | ᠬᠥᠲᠥᠯᠦᠨ ᠵᠢᠯᠣᠭᠤᠳᠴᠤ ᠪᠠᠶᠢᠭᠠᠳ ︽ᠰᠦᠯᠵᠢᠶᠡᠨ ᠳᠡᠭᠡᠷᠡᠬᠢ ᠵᠠᠭᠤᠴᠢ ᠬᠡᠲᠦ ᠳᠡᠯᠭᠡᠭᠦᠷ︾ ᠲᠤ | ᠣᠷᠣᠭᠤᠯᠬᠤ ᠶᠢᠨ ᠬᠠᠮᠲᠤ᠂ ᠨᠢᠭᠡᠨᠲᠡ ᠠᠰᠠᠭᠤᠨ ᠯᠠᠪᠯᠠᠵᠤ ᠦᠨᠡᠯᠡᠨ ᠵᠢᠱᠢᠬᠦ ᠵᠡᠷᠭᠡ 7 ᠲᠥᠷᠥᠯ ᠤᠨ ᠠᠵᠢᠯ | ᠲᠥᠷᠥᠯ ᠤᠨ ᠲᠥᠷᠥᠯ ᠢᠯᠭᠠᠯ ᠲᠠᠢ 21 ᠵᠦᠢᠯ ᠤᠨ ᠵᠠᠭᠤᠴᠢ ᠦᠢᠯᠡᠴᠢᠯᠡᠭᠡᠨ ᠤ ᠵᠦᠢᠯᠡᠰ ᠤᠨ ᠰᠠᠭᠤᠷᠢᠨ ᠳᠡᠭᠡᠷ᠎ᠡ᠂ | ᠬᠠᠮᠤᠭ ᠤᠨ ᠰᠢᠨ᠎ᠡ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠴᠠᠭ ᠲᠤᠬᠠᠶ ᠳᠤᠨᠢ | ᠬᠥᠳᠡᠯᠦᠩᠭᠦᠶ ᠪᠠᠷ ᠳᠣᠭᠢᠷᠠᠭᠤᠯᠵᠤ᠂ ︽ᠰᠦᠯᠵᠢᠶᠡᠨ ᠳᠡᠭᠡᠷᠡᠬᠢ ᠵᠠᠭᠤᠴᠢ ᠬᠡᠲᠦ ᠳᠡᠯᠭᠡᠭᠦᠷ︾ ᠤᠨ ᠲᠠᠪᠴᠠᠩ ᠳᠤ | ᠲᠦᠰᠢᠭᠯᠡᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ | ᠬᠠᠮᠢᠶᠠᠷᠬᠤ᠂ ᠬᠠᠮᠲᠤ ᠪᠠᠷ ᠡᠳ᠋ᠯᠡᠬᠦ᠂ ᠪᠠᠶᠢᠴᠠᠭᠠᠨ ᠯᠠᠪᠯᠠᠬᠤ ᠪᠠ ᠵᠡᠷᠭᠡ ᠳᠡᠰ ᠢ ᠰᠢᠯᠭᠠᠨ ᠦᠨᠡᠯᠡᠬᠦ ᠵᠡᠷᠭᠡ ᠪᠥᠬᠦ | ᠲᠠᠯ᠎ᠠ ᠶᠢᠨ ᠬᠠᠮᠢᠶᠠᠷᠤᠯᠲᠠ ᠶᠢ ᠪᠡᠶᠡᠯᠡᠭᠦᠯᠬᠦ ᠶᠢᠨ ᠬᠠᠮᠲᠤ᠂ ᠵᠠᠭᠤᠴᠢ ᠪᠠᠶᠢᠭᠤᠯᠤᠮᠵᠢ ᠶᠢᠨ ᠬᠠᠮᠤᠭ ᠤᠨ ᠰᠢᠨ᠎ᠡ | ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠢᠲᠡᠭᠡᠮᠵᠢ ᠶᠢᠨ ︽ᠣᠷᠣᠮ︾ ᠢ ᠪᠦᠷᠢᠨ | ᠪᠦᠲᠦᠨ ᠣᠨᠣᠪᠴᠢᠲᠠᠶ ᠲᠡᠮᠳᠡᠭᠯᠡᠵᠦ᠂ ᠵᠠᠭᠤᠴᠢ ᠢᠲᠡᠭᠡᠮᠵᠢ ᠶᠢᠨ ᠮᠡᠳᠡᠭᠡ ᠵᠠᠩᠭᠢ ᠶᠢ ᠲᠥᠪᠯᠡᠷᠡᠭᠦᠯᠦᠨ ᠨᠡᠶᠢᠲᠡᠯᠡᠬᠦ ᠪᠠ | ᠪᠥᠬᠦ ᠲᠠᠯ᠎ᠠ ᠪᠠᠷ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠶ᠃ ᠡᠯ᠎ᠡ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠵᠠᠭᠤᠴᠢ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠥᠬᠦᠷ | ᠥᠭᠡᠷᠡᠴᠢᠯᠡᠯᠲᠡ ᠪᠣᠯᠤᠨ ᠬᠠᠮᠢᠶ᠎ᠠ ᠪᠦᠬᠦᠢ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠵᠦ᠂ ᠠᠵᠢᠯ ᠶᠠᠪᠤᠳᠠᠯ ᠤᠨ | ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ | ᠵᠠᠭᠤᠴᠢᠯᠠᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠭᠤᠴᠢᠯᠠᠬᠤ | ᠦᠢᠯᠡᠴᠢᠯᠡᠭᠡᠨ ᠤ ᠲᠥᠷᠥᠯ ᠵᠦᠢᠯ ᠳᠤ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠠᠵᠢᠯ ᠲᠥᠷᠥᠯ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠵᠠᠰᠠᠭ ᠤᠨ ᠣᠷᠳᠣᠨ ᠠᠴᠠ ᠦᠨ᠎ᠡ | ᠲᠣᠭᠲᠠᠭᠠᠬᠤ᠂ ᠵᠠᠰᠠᠭ ᠤᠨ ᠣᠷᠳᠣᠨ ᠤ ᠵᠢᠯᠣᠭᠤᠳᠬᠤ ᠦᠨ᠎ᠡ᠂ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠨ᠎ᠡ ᠶᠢ | ᠬᠡᠷᠡᠭᠵᠢᠭᠦᠯᠬᠦ ᠲᠥᠷᠥᠯ ᠵᠦᠢᠯ ᠤᠨ ᠭᠠᠷᠴᠠᠭ ᠢ ᠲᠤᠰ ᠲᠤᠰ ᠲᠣᠭᠲᠠᠭᠠᠬᠤ ᠬᠡᠷᠡᠭᠲᠡᠶ᠃ | ︵ᠬᠤᠶᠠᠷ︶ ᠤᠶᠤᠨᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠯᠲᠠ ᠶᠢ | ᠴᠢᠩᠭᠠᠳᠬᠠᠨ᠎ᠠ | 1. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠦᠷᠭᠦᠯᠵᠢᠯᠡᠨ ᠴᠢᠳᠠᠪᠤᠷᠢ ᠣᠯᠭᠤᠬᠤ ᠲᠣᠭᠲᠠᠴᠠ ᠶᠢ ᠭᠦᠨᠵᠡᠭᠡᠶᠢᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠂ | ᠪᠤᠭᠤᠲᠤ ᠬᠤᠲᠠ ᠯᠤᠭ᠎ᠠ ᠢᠳᠡᠪᠬᠢᠲᠡᠢ ᠪᠠᠷ ᠬᠠᠮᠵᠢᠯᠴᠠᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ᠂ ᠡᠯᠧᠺᠲᠷᠣᠨ ᠦᠨᠡᠮᠯᠡᠯ ᠤᠨ ᠰᠢᠰᠲ᠋ᠧᠮ᠂ ᠡᠯᠧᠺᠲᠷᠣᠨ ᠲᠠᠮᠠᠭ᠎ᠠ ᠶᠢᠨ ᠰᠢᠰᠲ᠋ᠧᠮ᠂ | ᠨᠢᠭᠡᠳᠦᠯᠲᠡᠢ ᠪᠡᠶ᠎ᠡ ᠭᠠᠷᠤᠯ ᠤᠨ ᠭᠡᠷᠡᠴᠢᠯᠡᠭᠡ ᠶᠢᠨ ᠰᠢᠰᠲ᠋ᠧᠮ ᠢ ᠰᠠᠶᠢᠲᠤᠷ ᠬᠢᠵᠦ᠂ ᠣᠷᠣᠨ ᠪᠦᠰᠡ ᠠᠯᠤᠰᠯᠠᠭᠰᠠᠨ᠂ | ᠰᠠᠯᠠᠭ᠎ᠠ ᠮᠥᠴᠢᠷ ᠠᠯᠤᠰᠯᠠᠭᠰᠠᠨ᠂ ᠱᠠᠲᠤ ᠳᠠᠪᠬᠤᠷᠭ᠎ᠠ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ | ᠪᠠ ᠣᠯᠠᠨ ᠨᠡᠶᠢᠲᠡ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | 2. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠪᠠ ᠬᠡᠷᠡᠭᠯᠡᠯᠲᠡ ᠶᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠳᠤ ᠣᠷᠣᠭᠤᠯᠤᠨ ᠬᠠᠮᠢᠶᠠᠷᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠡᠯ᠎ᠡ ᠲᠥᠷᠥᠯ ᠤᠨ ᠠᠵᠢᠯ ᠶᠠᠪᠤᠳᠠᠯ | ᠭᠦᠢᠴᠡᠳᠭᠡᠬᠦ ᠦᠢᠯᠡᠴᠢᠯᠡᠭᠡᠨ ᠤ ᠰᠢᠰᠲ᠋ᠧᠮ ᠢ ᠡᠮᠬᠢᠯᠡᠨ ᠨᠡᠶᠢᠯᠡᠭᠦᠯᠵᠦ ᠬᠤᠯᠪᠣᠨ ᠨᠡᠪᠲᠡᠷᠡᠭᠦᠯᠵᠦ᠂ ᠡᠯ᠎ᠡ ᠲᠥᠷᠥᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠪᠠ ︽ᠭᠥᠯᠢᠶᠡᠨ ᠠᠪᠬᠤ ᠶᠣᠰᠣᠲᠠᠢ ᠶᠢ ᠨᠢ ᠴᠥᠮ ᠭᠥᠯᠢᠶᠡᠨ | ᠠᠪᠴᠤ᠂ ᠠᠳᠠᠯᠢ ᠪᠤᠰᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠰᠢᠰᠲ᠋ᠧᠮ ᠢ ᠨᠡᠪᠲᠡᠷᠡᠭᠦᠯᠬᠦ︾ ᠶᠢ ᠠᠬᠢᠭᠤᠯᠵᠤ | ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠤᠶᠤ ᠤᠯᠤᠰ ᠤᠨ ᠨᠢᠭᠤᠴᠠ ᠳᠤ | ᠬᠤᠯᠪᠣᠭᠳᠠᠭᠰᠠᠨ ᠵᠡᠷᠭᠡ ᠠᠴᠠ ᠭᠠᠳᠠᠨ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠦᠬᠦᠨ ᠢ | ᠠᠳᠠᠯᠢ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠠᠮᠢᠶᠠᠷᠤᠯᠲᠠ ᠪᠠ | ᠭᠦᠢᠴᠡᠳᠭᠡᠯᠲᠡ ᠳᠤ ᠣᠷᠣᠭᠤᠯᠤᠨ᠎ᠠ᠃ ︽ᠢᠨᠲ᠋ᠧᠷ ᠰᠦᠯᠵᠢᠶᠡᠨ ᠤ ᠬᠢᠨᠠᠯᠲᠠ ᠬᠠᠮᠢᠶᠠᠷᠤᠯᠲᠠ︾ ᠶᠢᠨ ᠲᠠᠪᠴᠠᠩ ᠳᠤ | ᠲᠦᠰᠢᠭᠯᠡᠨ᠂ ᠡᠷᠬᠡ ᠲᠤᠰᠢᠶᠠᠯ ᠤᠨ ᠵᠦᠢᠯᠡᠰ ᠢ ᠪᠥᠬᠦ ᠲᠠᠯ᠎ᠠ ᠪᠠᠷ ᠡᠮᠬᠢᠯᠡᠵᠦ᠂ ᠲᠠᠪᠴᠠᠩ ᠨᠢ ᠨᠠᠷᠢᠨ | ᠬᠠᠭᠤᠳᠠᠰᠤ ᠶᠢᠨ ᠵᠦᠢᠯᠡᠰ ᠤᠨ ᠨᠡᠷᠡᠶᠢᠳᠦᠯ᠂ ᠵᠦᠢᠯᠡᠰ ᠢ ᠳ᠋ᠤᠭᠠᠷᠯᠠᠬᠤ᠂ ᠭᠦᠢᠴᠡᠳᠭᠡᠬᠦ ᠴᠤᠪᠤᠷᠠᠯ᠂ ᠬᠢᠨᠠᠯᠲᠠ | ᠬᠠᠮᠢᠶᠠᠷᠤᠯᠲᠠ ᠶᠢᠨ ᠠᠷᠭ᠎ᠠ ᠮᠠᠶ᠋ᠢᠭ ᠲᠠᠢ ᠪᠦᠷᠢᠮᠦᠰᠦᠨ ᠨᠢᠭᠡᠳᠦᠯᠲᠡᠶ ᠪᠠᠶᠢᠬᠤ ᠶᠢ ᠦᠨᠡᠨ ᠬᠦ ᠪᠠᠲᠤᠯᠠᠨ᠎ᠠ᠃ | 3. ᠪᠦᠬᠦ ᠣᠷᠣᠨ ᠢ ᠬᠠᠮᠤᠷᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠵᠠᠷ ᠤᠨ ᠵᠢᠷᠤᠭ ᠢ ᠪᠠᠶᠢᠭᠤᠯᠤᠨ᠎ᠠ | ᠃ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ᠂ ᠴᠢᠨᠠᠷ ᠰᠠᠶᠢᠲᠠᠶ ᠣᠶᠤᠨᠴᠢ ᠵᠠᠰᠠᠭ ᠤᠨ ᠶᠠᠪᠤᠳᠠᠯ ᠢ | ᠡᠭᠦᠳᠬᠦ ᠪᠠᠷ ᠬᠥᠲᠥᠯᠦᠮᠵᠢ ᠪᠣᠯᠭᠠᠵᠤ᠂ ᠠᠵᠢᠯ ᠶᠠᠪᠤᠳᠠᠯ ᠭᠦᠢᠴᠡᠳᠭᠡᠬᠦ ᠶᠡᠭᠡ ᠲᠢᠩᠬᠢᠮ᠂ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠥᠪ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠴᠡᠭ ᠤᠨ | ᠦᠨᠳᠦᠰᠦᠨ ᠮᠡᠳᠡᠭᠡ ᠵᠠᠩᠭᠢ᠂ ᠭᠠᠵᠠᠷ ᠵᠦᠶ ᠶᠢᠨ ᠣᠷᠣᠨ ᠪᠠᠶᠢᠷᠢ ᠶᠢᠨ ᠮᠡᠳᠡᠭᠡ ᠵᠠᠩᠭᠢ᠂ ᠦᠢᠯᠡᠴᠢᠯᠡᠭᠡᠨ ᠤ | ᠴᠢᠳᠠᠪᠤᠷᠢ ᠶᠢᠨ ᠮᠡᠳᠡᠭᠡ ᠵᠠᠩᠭᠢ᠂ ᠤᠷᠢᠳᠴᠢᠯᠠᠨ ᠪᠣᠯᠵᠣᠵᠤ ᠮᠥᠷᠯᠡᠬᠦ ᠮᠡᠳᠡᠭᠡ ᠵᠠᠩᠭᠢ ᠵᠡᠷᠭᠡ ᠶᠢ ᠡᠮᠬᠢᠯᠡᠨ | ᠨᠡᠶᠢᠯᠡᠭᠦᠯᠵᠦ᠂ ᠪᠥᠬᠦ ᠣᠷᠣᠨ ᠢ ᠬᠠᠮᠤᠷᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠵᠠᠷ ᠤᠨ ᠵᠢᠷᠤᠭ ᠢ | ᠪᠠᠶᠢᠭᠤᠯᠵᠤ᠂ ᠠᠵᠤ ᠠᠬᠤᠶᠢᠯᠠᠯ ᠣᠯᠠᠨ ᠲᠦᠮᠡᠨ ᠳᠤ ᠳᠥᠭᠦᠮ ᠳᠥᠲᠡ᠂ ᠥᠨᠳᠥᠷ ᠪᠦᠲᠦᠮᠵᠢᠲᠡᠶ᠂ | ᠰᠠᠨᠠᠭᠠᠴᠢᠯᠠᠭ᠎ᠠ ᠠᠴᠠ ᠪᠠᠨ᠂ ᠲᠤᠰᠬᠠᠶ ᠮᠡᠷᠭᠡᠵᠢᠯ ᠤᠨ ᠨᠢᠭᠡ ᠥᠷᠲᠡᠭᠡ ᠮᠠᠶ᠋ᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠬᠥᠲᠥᠯᠦᠨ ᠵᠢᠯᠣᠭᠤᠳᠬᠤ ᠦᠢᠯᠡᠴᠢᠯᠡᠭᠡ ᠬᠠᠩᠭᠠᠨ᠎ᠠ᠃ | ︵ᠭᠤᠷᠪᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠭᠦᠮᠴᠢᠯᠡᠭᠰᠡᠨ ᠪᠠᠶᠢᠭᠤᠯᠤᠯᠳᠠ ᠶᠢ ᠴᠢᠩᠭᠠᠳᠬᠠᠨ᠎ᠠ | 1. ᠬᠤᠯᠪᠣᠭᠳᠠᠬᠤ ᠵᠦᠢᠯᠡᠰ ᠢ ᠨᠡᠶᠢᠯᠡᠭᠦᠯᠦᠨ ᠭᠦᠢᠴᠡᠳᠬᠡᠬᠦ ᠶᠢ ᠠᠬᠢᠭᠤᠯᠤᠨ᠎ᠠ᠃ ᠬᠤᠶᠠᠳᠤᠭᠠᠷ ᠪᠦᠯᠦᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ | ᠳᠣᠷᠣᠭᠰᠢ ᠪᠠᠭᠤᠯᠭᠠᠬᠤ ᠵᠦᠢᠯᠡᠰ ᠢ ᠡᠮᠬᠢᠯᠡᠨ ᠳᠢᠭᠯᠡᠬᠦ ᠠᠵᠢᠯ ᠢ ᠰᠠᠶᠢᠲᠤᠷ ᠥᠷᠨᠢᠭᠦᠯᠵᠦ᠂ ᠬᠠᠮᠢᠶ᠎ᠠ ᠪᠥᠬᠦᠶ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠦᠢᠯᠡᠰ ᠤᠨ ᠨᠠᠷᠢᠨ | ᠬᠠᠭᠤᠳᠠᠰᠤ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠣᠯᠠᠨ ᠰᠠᠯᠠᠭ᠎ᠠ ᠮᠥᠴᠢᠷ ᠤᠨ ᠭᠦᠢᠴᠡᠳᠭᠡᠬᠦ ᠪᠤᠶᠤ ᠲᠠᠰ | ᠳᠠᠪᠬᠤᠷᠭ᠎ᠠ ᠠᠯᠤᠰᠯᠠᠨ ᠭᠦᠢᠴᠡᠳᠭᠡᠬᠦ ᠴᠢᠬᠤᠯᠠᠲᠠᠶ ᠪᠠᠶᠢᠪᠠᠯ᠂ ᠬᠤᠯᠪᠣᠭᠳᠠᠬᠤ ᠴᠢᠨᠠᠷ ᠢᠶᠠᠷ ᠴᠢᠩᠭ᠎ᠠ᠂ ᠭᠦᠢᠴᠡᠳᠭᠡᠬᠦ | ᠬᠡᠮᠵᠢᠶ᠎ᠡ ᠪᠠᠷ ᠶᠡᠭᠡ᠂ ᠭᠦᠢᠴᠡᠳᠭᠡᠬᠦ ᠴᠠᠭ ᠨᠢ ᠬᠠᠷᠢᠴᠠᠩᠭᠤᠶ ᠲᠥᠪᠯᠡᠷᠡᠭᠰᠡᠨ ᠣᠯᠠᠨ ᠵᠦᠢᠯᠡᠰ ᠢ ᠲᠥᠪᠯᠡᠷᠡᠭᠦᠯᠦᠨ | ᠰᠢᠢᠳᠪᠦᠷᠢᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ︽ᠨᠢᠭᠡ ᠲᠥᠷᠥᠯ ᠢ ᠨᠢᠭᠡ ᠥᠷᠲᠡᠭᠡ ᠪᠠᠷ | ᠭᠦᠢᠴᠡᠳᠭᠡᠬᠦ︾ ᠦᠢᠯᠡᠴᠢᠯᠡᠭᠡ ᠬᠠᠩᠭᠠᠨ᠎ᠠ᠃ ︽ᠨᠢᠭᠡ ᠶᠠᠪᠤᠳᠠᠯ︾ ᠨᠢᠭᠡᠪᠦᠷᠢ ᠶᠢᠨ ᠲᠦᠷᠦᠭᠦᠯᠡᠬᠦ ᠨᠢᠭᠡᠴᠢ ᠪᠠ | ᠬᠠᠮᠵᠢᠯᠴᠠᠬᠤ ᠨᠢᠭᠡᠴᠢ ᠵᠢᠴᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠰᠠᠯᠠᠭ᠎ᠠ ᠮᠥᠴᠢᠷ | ᠠᠯᠤᠰᠯᠠᠭᠰᠠᠨ ᠲᠥᠷᠥ ᠶᠢᠨ ᠪᠣᠳᠣᠯᠭ᠎ᠠ᠂ ᠲᠤᠬᠠᠶᠢᠯᠠᠭᠰᠠᠨ ᠠᠵᠢᠯ᠂ ᠰᠢᠰᠲ᠋ᠧᠮ ᠤᠨ ᠬᠠᠮᠵᠢᠯᠴᠠᠭ᠎ᠠ ᠪᠠ ᠲᠤᠭ᠎ᠠ | ᠪᠠᠷᠢᠮᠲᠠ ᠶᠢ ᠬᠠᠮᠲᠤᠪᠠᠷ ᠭᠥᠷᠳᠡᠬᠦ ᠶᠢ ᠴᠢᠩᠭᠠᠷᠠᠭᠤᠯᠤᠨ᠎ᠠ᠃ ᠰᠠᠯᠠᠭ᠎ᠠ ᠮᠥᠴᠢᠷ ᠠᠯᠤᠰᠯᠠᠭᠰᠠᠨ ᠲᠤᠬᠠᠶᠢᠯᠠᠭᠰᠠᠨ | ᠠᠵᠢᠯ ᠤᠨ ᠴᠤᠪᠤᠷᠠᠯ ᠢ ᠳᠠᠬᠢᠨ ᠪᠠᠶᠢᠭᠤᠯᠵᠤ᠂ ᠡᠮᠦᠨ᠎ᠡ ᠬᠤᠶᠢᠨᠠᠬᠢ ᠭᠤᠭᠴᠤᠭ᠎ᠠ ᠶᠢ ᠰᠢᠯᠢᠳᠡᠭᠵᠢᠭᠦᠯᠦᠨ᠂ | ᠭᠤᠶᠤᠴᠢᠯᠠᠯ ᠤᠨ ᠬᠦᠰᠦᠨᠦᠭᠲᠦ ᠶᠢᠨ ᠣᠯᠠᠨ ᠬᠦᠰᠦᠨᠦᠭᠲᠦ ᠶᠢ ᠨᠢᠭᠡᠳᠬᠡᠬᠦ᠂ ᠰᠦᠯᠵᠢᠶᠡᠨ ᠳᠡᠭᠡᠷ᠎ᠡ ᠨᠢᠭᠡ | ᠰᠦᠯᠵᠢᠶ᠎ᠡ ᠪᠠᠷ ᠭᠤᠶᠤᠴᠢᠯᠠᠬᠤ᠂ ᠮᠠᠲ᠋ᠧᠷᠢᠶᠠᠯ ᠢ ᠨᠢᠭᠡ ᠯᠡ ᠤᠳᠠᠭ᠎ᠠ ᠳᠤ ᠲᠤᠰᠢᠶᠠᠬᠤ ᠶᠢ ᠠᠬᠢᠭᠤᠯᠤᠨ᠎ᠠ᠃ | ᠰᠦᠯᠵᠢᠶᠡᠨ ᠳᠡᠭᠡᠷᠡᠬᠢ ᠪᠠ ᠪᠤᠳᠠᠳᠦ ᠴᠤᠭᠴᠠ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠨᠡᠶᠢᠯᠡᠭᠦᠯᠦᠨ | ᠬᠢᠨᠠᠨ ᠵᠥᠪᠰᠢᠶᠡᠷᠡᠬᠦ᠂ ᠬᠠᠮᠲᠤᠷᠠᠨ ᠬᠢᠨᠠᠨ ᠲᠣᠭᠲᠠᠭᠠᠬᠤ᠂ ᠬᠠᠮᠲᠤᠷᠠᠨ ᠰᠢᠯᠭᠠᠨ ᠠᠪᠬᠤ ᠵᠡᠷᠭᠡ ᠶᠢ ᠥᠷᠨᠢᠭᠦᠯᠵᠦ᠂ | ᠭᠦᠢᠴᠡᠳᠭᠡᠬᠦ ᠴᠠᠭ ᠤᠨ ᠣᠷᠳᠣ ᠪᠠ ᠠᠵᠢᠯ ᠶᠠᠪᠤᠳᠠᠯ ᠭᠦᠢᠴᠡᠳᠭᠡᠬᠦ ᠥᠪᠡᠷ ᠤᠨ ᠥᠷᠲᠡᠭ ᠢ ᠶᠡᠭᠡ ᠪᠠᠷ ᠪᠠᠭᠠᠰᠬᠠᠨ᠎ᠠ᠃ | | 2. ᠵᠠᠰᠠᠭ ᠤᠨ ᠶᠠᠪᠤᠳᠠᠯ ᠤᠨ ᠵᠦᠢᠯᠡᠰ ᠤᠨ ᠢᠲᠡᠭᠡᠮᠵᠢ ᠶᠢᠨ ᠠᠯᠪᠠᠨ ᠭᠡᠷ ᠢ ᠠᠬᠢᠭᠤᠯᠤᠨ᠎ᠠ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠠᠮᠠᠯᠠᠯᠲᠠ ᠶᠢᠨ ᠲᠦᠷᠢᠮ ᠪᠠ ᠳᠤᠲᠠᠭᠤ ᠶᠢ ᠬᠦᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡᠨ ᠤ | ᠵᠠᠭᠪᠤᠷ ᠢ ᠬᠡᠷᠡᠭᠵᠢᠭᠦᠯᠦᠨ᠎ᠡ᠃ ︽ᠳᠤᠲᠠᠭᠤ ᠶᠢ ᠪᠠᠭᠲᠠᠭᠠᠵᠤ ᠬᠦᠯᠢᠶᠡᠨ ᠠᠪᠴᠤ ᠰᠢᠢᠳᠪᠦᠷᠢᠯᠡᠬᠦ︾᠂ ︽ | ᠠᠮᠠᠯᠠᠯᠲᠠ ᠶᠢ ᠮᠡᠳᠡᠭᠳᠡᠬᠦ︾ ᠵᠦᠢᠯᠡᠰ ᠤᠨ ᠬᠡᠪᠴᠢᠶ᠎ᠡ ᠶᠢ ᠥᠷᠭᠡᠳᠬᠡᠬᠦ ᠶᠢ ᠦᠷᠭᠦᠯᠵᠢᠯᠡᠨ ᠰᠦᠪᠡᠭᠴᠢᠯᠡᠵᠦ᠂ | ᠤᠯᠤᠰ ᠤᠨ ᠠᠮᠤᠷ ᠲᠦᠪᠰᠢᠨ᠂ ᠤᠯᠤᠰ ᠤᠨ ᠨᠢᠭᠤᠴᠠ᠂ ᠤᠯᠠᠨ ᠨᠡᠶᠢᠲᠡ ᠶᠢᠨ ᠠᠮᠤᠷ ᠲᠦᠪᠰᠢᠨ᠂ ᠮᠥᠩᠭᠦᠨ | ᠭᠦᠢᠯᠭᠡᠭᠡᠨ ᠤ ᠦᠢᠯᠡᠰ ᠤᠨ ᠪᠣᠯᠭᠤᠮᠵᠢᠲᠠᠢ ᠬᠢᠨᠠᠯᠲᠠ ᠬᠠᠮᠢᠶᠠᠷᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠳᠤ ᠬᠤᠯᠪᠣᠭᠳᠠᠬᠤ᠂ ᠬᠥᠮᠦᠨ ᠤ ᠪᠡᠶ᠎ᠡ ᠶᠢᠨ ᠡᠷᠡᠭᠦᠯ ᠮᠡᠨᠳᠤ᠂ ᠠᠮᠢ ᠨᠠᠰᠤ ᠡᠳ᠋ ᠬᠦᠷᠦᠩᠭᠡ ᠶᠢᠨ | ᠠᠮᠤᠷ ᠲᠦᠪᠰᠢᠨ ᠳᠤ ᠰᠢᠭᠤᠳ ᠬᠤᠯᠪᠣᠭᠳᠠᠬᠤ᠂ ᠵᠢᠴᠢ ᠴᠢᠬᠤᠯᠠ ᠭᠠᠳᠠᠭᠠᠳᠤ ᠳᠤ ᠬᠤᠯᠪᠣᠭᠳᠠᠬᠤ ᠵᠡᠷᠭᠡ | ᠲᠦᠭᠰᠢᠭᠦᠷᠢ ᠪᠠᠷ ᠨᠡᠯᠢᠶᠡᠳ ᠶᠡᠭᠡ᠂ ᠪᠤᠷᠤᠭᠤ ᠶᠢ ᠵᠠᠯᠠᠷᠠᠭᠤᠯᠬᠤ ᠥᠪᠡᠷ ᠤᠨ ᠦᠷᠳᠡᠭ ᠨᠡᠯᠢᠶᠡᠳ ᠥᠨᠳᠥᠷ᠂ | ᠬᠤᠬᠢᠷᠠᠯ ᠢ ᠡᠭᠡᠭᠦᠯᠵᠦ ᠠᠪᠴᠢᠷᠠᠬᠤ ᠳᠤ ᠪᠡᠷᠬᠡᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠭᠠᠷᠭᠠᠪᠠᠯ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭᠲᠠᠢ ᠠᠷᠠᠳ ᠲᠤ ᠲᠦᠬᠦᠮ ᠦᠵᠡᠭᠦᠯᠬᠦ | ᠵᠠᠷᠴᠢᠮ ᠶᠣᠰᠣᠭᠠᠷ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠮᠡᠳᠡᠭᠳᠡᠬᠦ ᠠᠮᠠᠯᠠᠯᠲᠠ ᠶᠢᠨ ᠦᠢᠯᠡᠴᠢᠯᠡᠭᠡᠨ ᠤ | ᠵᠠᠭᠪᠤᠷ ᠢ ᠬᠡᠷᠡᠭᠵᠢᠭᠦᠯᠦᠨ᠎ᠡ᠃ ᠠᠮᠠᠯᠠᠯᠲᠠ ᠪᠤᠶᠤ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ ᠪᠢᠴᠢᠭ | ᠬᠠᠷ᠎ᠠ ᠶᠢᠨ ᠵᠠᠭᠪᠤᠷ ᠢ ᠨᠢᠭᠡᠳᠦᠯᠲᠡᠶ ᠵᠢᠷᠤᠮᠵᠢᠭᠤᠯᠵᠤ᠂ ᠠᠮᠠᠯᠠᠯᠲᠠ ᠪᠠᠷ ᠣᠷᠣᠯᠠᠭᠤᠯᠬᠤ ᠪᠤᠶᠤ ᠳᠤᠲᠠᠭᠤ ᠶᠢ | ᠪᠠᠭᠲᠠᠭᠠᠬᠤ ᠪᠠᠷ ᠭᠥᠯᠢᠶᠡᠨ ᠠᠪᠴᠤ ᠰᠢᠢᠳᠪᠦᠷᠢᠯᠡᠬᠦ ᠪᠣᠳᠠᠲᠠᠶ ᠠᠭᠤᠯᠭ᠎ᠠ᠂ ᠱᠠᠭᠠᠷᠳᠠᠯᠭ᠎ᠠ ᠵᠢᠴᠢ ᠠᠮᠠᠯᠠᠯᠲᠠ ᠠᠴᠠ | ᠵᠥᠷᠢᠴᠡᠭᠰᠡᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ︽ᠳᠤᠲᠠᠭᠤ ᠶᠢ ᠭᠥᠯᠢᠶᠡᠨ ᠠᠪᠴᠤ | ᠰᠢᠢᠳᠪᠦᠷᠢᠯᠡᠬᠦ︾᠂ ︽ᠠᠮᠠᠯᠠᠯᠲᠠ ᠶᠢ ᠮᠡᠳᠡᠭᠳᠡᠬᠦ︾᠂ ︽ᠢᠲᠡᠭᠡᠮᠵᠢ ᠶᠢᠨ ᠠᠮᠠᠯᠠᠯᠲᠠ︾ ᠶᠢᠨ ᠵᠦᠢᠯᠡᠰ ᠤᠨ ᠨᠠᠷᠢᠨ | ᠲᠠᠩᠰᠠ ᠶᠢ ᠬᠥᠳᠡᠯᠦᠩᠭᠦᠶ ᠪᠠᠷ ᠳᠣᠭᠢᠷᠠᠭᠤᠯᠬᠤ ᠶᠢᠨ ᠬᠠᠮᠲᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠᠷ ᠳᠠᠮᠵᠢᠭᠤᠯᠤᠨ ᠢᠯᠡ ᠨᠡᠶᠢᠲᠡᠯᠡᠨ᠎ᠡ᠃ ᠠᠮᠠᠯᠠᠯᠲᠠ ᠪᠠᠨ | ᠮᠡᠳᠡᠭᠳᠡᠬᠦ᠂ ᠳᠤᠲᠠᠭᠤ ᠶᠢ ᠬᠦᠯᠢᠶᠡᠨ ᠠᠪᠴᠤ ᠰᠢᠢᠳᠪᠦᠷᠢᠯᠡᠬᠦ ᠶᠢ ᠬᠡᠷᠡᠭᠵᠢᠭᠦᠯᠬᠦ ᠪᠢᠴᠢᠭ ᠮᠠᠲ᠋ᠧᠷᠢᠶᠠᠯ ᠢ ᠬᠤᠯᠪᠣᠭᠳᠠᠯ | ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠴᠢᠷ ᠶᠠᠪᠤᠳᠠᠯ ᠤᠨ ᠳᠤᠮᠳᠠᠬᠢ ᠪᠠ ᠤᠴᠢᠷ | ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠦᠨᠡᠨ ᠬᠦ ᠴᠢᠬᠤᠯᠠ ᠲᠠᠢ ᠪᠣᠯ ᠪᠦᠬᠦᠨ ᠢ | ᠬᠠᠮᠤᠷᠤᠨ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠵᠥᠪᠰᠢᠶᠡᠷᠡᠬᠦ ᠨᠥᠬᠦᠴᠡᠯ ᠳᠤ ᠨᠡᠶᠢᠴᠡᠬᠦ ᠦᠭᠡᠢ | ᠪᠠᠶᠢᠬᠤ ᠶᠢ ᠣᠯᠵᠤ ᠮᠡᠳᠡᠪᠡᠯ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠢᠲᠡᠭᠡᠯ ᠠᠯᠳᠠᠭᠰᠠᠨ | ᠪᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠲᠡᠭᠡᠮᠵᠢ ᠶᠢᠨ ᠲᠡᠮᠳᠡᠭᠯᠡᠯ ᠳᠤ ᠲᠡᠮᠳᠡᠭᠯᠡᠨ ᠣᠷᠣᠭᠤᠯᠵᠤ᠂ | ᠬᠠᠤᠯᠢ ᠲᠣᠭᠲᠠᠭᠠᠯ ᠶᠣᠰᠣᠭᠠᠷ ᠢᠲᠡᠭᠡᠯ ᠠᠯᠳᠠᠭᠰᠠᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ | | 3. ᠣᠨᠳᠣᠤ ᠭᠠᠵᠠᠷ ᠤᠨ ᠵᠦᠢᠯᠡᠰ ᠢ ᠣᠷᠣᠨ ᠪᠦᠰᠡ ᠠᠯᠤᠰᠯᠠᠨ ᠭᠦᠢᠴᠡᠳᠬᠡᠬᠦ ᠶᠢ ᠠᠬᠢᠭᠤᠯᠤᠨ᠎ᠠ᠃ | ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠡᠵᠡᠩᠨᠡᠬᠦ ᠪᠠ ᠣᠯᠠᠨ ᠲᠦᠮᠡᠨ ᠤ ᠣᠨᠳᠣᠤ ᠭᠠᠵᠠᠷ ᠲᠤ ᠠᠵᠢᠯ | ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠠᠩ ᠣᠯᠠᠨ ᠵᠦᠢᠯᠡᠰ ᠢ ᠪᠥᠬᠦ ᠣᠷᠣᠨ ᠳᠤ ᠨᠡᠶᠢᠳᠡᠮ ᠭᠦᠢᠴᠡᠳᠭᠡᠬᠦ᠂ ᠮᠤᠵᠢ ᠠᠯᠤᠰᠯᠠᠨ ᠨᠡᠶᠢᠳᠡᠮ | ᠭᠦᠢᠴᠡᠳᠭᠡᠬᠦ ᠶᠢ ᠦᠷᠭᠦᠯᠵᠢᠯᠡᠨ ᠠᠬᠢᠭᠤᠯᠵᠤ᠂ ᠣᠶᠢᠷ᠎ᠠ ᠬᠠᠪᠢ ᠳᠤᠨᠢ ᠭᠦᠢᠴᠡᠳᠭᠡᠬᠦ᠂ ᠣᠨᠳᠣᠤ ᠭᠠᠵᠠᠷ ᠲᠤ | ᠭᠦᠢᠴᠡᠳᠭᠡᠬᠦ ᠶᠢ ᠪᠡᠶᠡᠯᠡᠭᠦᠯᠦᠨ᠎ᠡ᠃ 2024 ᠣᠨ ᠤ ᠡᠴᠦᠰ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ︽ | ᠪᠥᠬᠦ ᠣᠷᠣᠨ ᠳᠤ ᠨᠡᠶᠢᠳᠡᠮ ᠭᠦᠢᠴᠡᠳᠭᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠮᠠᠨ ᠤ ᠣᠷᠣᠨ ᠤ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ | ᠵᠦᠢᠯᠡᠰ ᠢ ᠡᠮᠬᠢᠯᠡᠵᠦ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠢᠳᠡᠪᠬᠢᠲᠡᠶ ᠰᠤᠷᠤᠯᠴᠠᠵᠤ᠂ ᠣᠨᠳᠣᠤ | ᠭᠠᠵᠠᠷ ᠲᠤ ᠣᠷᠣᠯᠠᠨ ᠬᠤᠷᠢᠶᠠᠵᠤ ᠣᠷᠣᠯᠠᠨ ᠭᠦᠢᠴᠡᠳᠭᠡᠬᠦ᠂ ᠣᠯᠠᠨ ᠭᠠᠵᠠᠷ ᠤᠨ ᠬᠠᠮᠲᠤᠷᠠᠨ ᠭᠦᠢᠴᠡᠳᠭᠡᠬᠦ ᠠᠵᠢᠯ ᠢ | ᠳᠥᠯᠭᠢᠨ ᠠᠬᠢᠭᠤᠯᠵᠤ᠂ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠬᠠᠮᠲᠤᠷᠠᠯᠴᠠᠭᠠᠨ ᠤ ᠵᠥᠪᠯᠡᠯᠴᠡᠭᠡᠷ ᠲᠤ | ᠭᠠᠷ ᠤᠨ ᠥᠰᠥᠭ ᠵᠢᠷᠤᠬᠤ ᠶᠢ ᠳᠥᠯᠭᠢᠨ ᠠᠬᠢᠭᠤᠯᠵᠤ᠂ ᠲᠠᠰ ᠳᠠᠪᠬᠤᠷᠭ᠎ᠠ᠂ ᠣᠷᠣᠨ ᠪᠦᠰᠡ ᠠᠯᠤᠰᠯᠠᠭᠰᠠᠨ᠂ | ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠤᠬᠠᠶᠢᠯᠠᠭᠰᠠᠨ ᠠᠵᠢᠯ ᠠᠯᠤᠰᠯᠠᠭᠰᠠᠨ ᠬᠠᠮᠵᠢᠯᠴᠠᠨ | ᠬᠠᠮᠢᠶᠠᠷᠬᠤ ᠪᠠ ᠦᠢᠯᠡᠴᠢᠯᠡᠬᠦ ᠶᠢ ᠪᠡᠶᠡᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮ ᠳᠥᠲᠡ | ᠬᠡᠮᠵᠢᠶ᠎ᠡ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠪᠤᠳᠠᠳᠦ | ᠴᠤᠭᠴᠠ ᠶᠢᠨ ᠣᠷᠣᠯᠠᠨ ᠬᠤᠷᠢᠶᠠᠬᠤ ᠣᠷᠣᠯᠠᠨ ᠭᠦᠢᠴᠡᠳᠭᠡᠬᠦ ᠦᠢᠯᠡᠴᠢᠯᠡᠭᠡᠨ ᠤ ᠵᠠᠭᠪᠤᠷ ᠢ ᠰᠢᠯᠢᠳᠡᠭᠵᠢᠭᠦᠯᠵᠦ᠂ | ᠭᠥᠯᠢᠶᠡᠨ ᠠᠪᠬᠤ ᠪᠠ ᠭᠦᠢᠴᠡᠳᠭᠡᠬᠦ ᠬᠤᠶᠠᠷ ᠭᠠᠵᠠᠷ ᠤᠨ ᠴᠣᠩᠬᠤᠪᠴᠢ ᠶᠢᠨ ᠬᠠᠮᠵᠢᠯᠴᠠᠨ ᠬᠠᠮᠲᠤᠷᠠᠨ | ᠬᠥᠳᠡᠯᠦᠯᠴᠡᠬᠦ ᠠᠵᠢᠯ ᠤᠨ ᠲᠣᠭᠲᠠᠴᠠ ᠶᠢ ᠰᠢᠯᠢᠳᠡᠭᠵᠢᠭᠦᠯᠦᠨ᠂ ᠣᠷᠣᠯᠠᠨ ᠬᠤᠷᠢᠶᠠᠬᠤ ᠣᠷᠣᠯᠠᠨ ᠭᠦᠢᠴᠡᠳᠭᠡᠬᠦ | ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ | 4. ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ ᠭᠤᠶᠤᠴᠢᠯᠠᠨ ᠭᠦᠢᠴᠡᠳᠬᠡᠬᠦ ᠠᠴᠠ ᠬᠡᠯᠲᠦᠷᠢᠭᠦᠯᠬᠦ ᠶᠢ | ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠮᠦᠩᠭᠦ᠂ ᠪᠠᠯᠠ ᠮᠥᠩᠭᠦ ᠨᠥᠬᠦᠪᠥᠷᠢ ᠥᠭᠴᠦ ᠲᠡᠳᠬᠦᠬᠦ᠂ ᠭᠠᠶᠢᠯᠢ | ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢᠨ ᠨᠥᠬᠦᠴᠡᠯ ᠪᠠ ᠬᠡᠷᠡᠭᠯᠡᠬᠦ ᠲᠦᠷᠢᠮ ᠢ | ᠦᠷᠭᠦᠯᠵᠢᠯᠡᠨ ᠡᠮᠬᠢᠯᠡᠵᠦ᠂ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠠ ᠣᠯᠠᠨ | ᠲᠦᠮᠡᠨ ᠤ ︽ᠭᠤᠶᠤᠴᠢᠯᠠᠬᠤ ᠥᠬᠡᠶ ᠪᠠᠷ ᠡᠳ᠋ᠯᠡᠬᠦ︾ ᠶᠢ ᠨᠠᠷᠢᠯᠢᠭ ᠣᠨᠣᠴᠠᠲᠠᠶ ᠪᠠᠷ ᠳᠣᠭᠢᠷᠠᠭᠤᠯᠤᠨ᠎ᠠ᠃ ᠬᠠᠤᠯᠢ | ᠴᠠᠭᠠᠵᠠ ᠬᠠᠤᠯᠢ ᠲᠣᠭᠲᠠᠭᠠᠯ ᠳᠤ ᠭᠤᠶᠤᠴᠢᠯᠠᠬᠤ ᠪᠠᠷ ᠲᠣᠳᠣᠷᠬᠠᠶ ᠱᠠᠭᠠᠷᠳᠠᠭᠰᠠᠨ ᠪᠠᠶᠢᠪᠠᠯ᠂ ᠨᠥᠬᠦᠴᠡᠯ ᠳᠤ | ᠨᠡᠶᠢᠴᠡᠬᠦ ᠠᠵᠤ ᠠᠬᠤᠶᠢᠯᠠᠯ ᠪᠠ ᠣᠯᠠᠨ ᠲᠦᠮᠡᠨ ᠤ ᠭᠤᠶᠤᠴᠢᠯᠠᠯ ᠤᠨ ᠬᠦᠰᠦᠨᠦᠭᠲᠦ ᠶᠢ ᠠᠶᠠᠨᠳᠠᠭᠠᠨ ᠪᠣᠶ ᠪᠣᠯᠭᠠᠬᠤ᠂ | ᠭᠤᠶᠤᠴᠢᠯᠠᠯ ᠤᠨ ᠮᠠᠲ᠋ᠧᠷᠢᠶᠠᠯ ᠢ ᠰᠢᠯᠵᠢᠭᠦᠯᠦᠨ ᠬᠡᠷᠡᠭᠯᠡᠬᠦ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠨᠠᠷᠢᠯᠢᠭ | ᠣᠨᠣᠴᠠᠲᠠᠶ ᠪᠠᠷ ᠬᠦᠷᠭᠡᠨ ᠥᠭᠴᠦ᠂ ᠰᠠᠶᠢᠨ ᠳᠤᠷ᠎ᠠ ᠠᠴᠠ ᠪᠠᠨ ᠭᠤᠶᠤᠴᠢᠯᠠᠬᠤ ᠳᠤ ᠲᠥᠬᠦᠮ ᠦᠵᠡᠭᠦᠯᠦᠨ᠎ᠡ᠃ | ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢ | ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠬᠥᠮᠥᠷᠭᠡ ᠶᠢ ᠪᠠᠶᠠᠯᠢᠭᠵᠢᠭᠤᠯᠤᠨ᠂ ᠠᠵᠤ ᠠᠬᠤᠶᠢᠯᠠᠯ ᠳᠤ | ᠠᠰᠢᠭᠲᠠᠶ ᠠᠷᠠᠳ ᠲᠤ ᠲᠥᠬᠦᠮ ᠦᠵᠡᠭᠦᠯᠬᠦ ᠲᠥᠷᠥ ᠶᠢᠨ ᠪᠣᠳᠣᠯᠭ᠎ᠠ ᠪᠠ ᠦᠢᠯᠡᠴᠢᠯᠡᠭᠡ ᠶᠢ ᠲᠦᠢᠯ ᠤᠨ | ᠣᠨᠣᠪᠴᠢᠲᠠᠶ ᠪᠠᠷ ᠰᠢᠭᠤᠳ ᠬᠦᠷᠭᠡᠬᠦ ᠶᠢ ᠪᠡᠶᠡᠯᠡᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠡᠮᠬᠢᠯᠡᠨ ᠵᠢᠷᠤᠮᠵᠢᠭᠤᠯᠵᠤ᠂ ᠪᠣᠳᠠᠲᠤ | ᠪᠠᠶᠢᠳᠠᠯ ᠳᠤ ᠨᠡᠶᠢᠴᠡᠭᠰᠡᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠪᠣᠶ ᠪᠣᠯᠭᠠᠵᠤ᠂ | ᠰᠢᠭᠤᠶᠢᠲᠦ ᠲᠤᠭᠤᠷᠢᠭ ᠤᠨ ᠵᠠᠰᠠᠭ ᠤᠨ ᠣᠷᠳᠣᠨ ᠤ ᠡᠭᠦᠳᠡᠨ ᠥᠷᠲᠡᠭᠡ ᠳᠤ ︽ᠠᠵᠤ ᠠᠬᠤᠶᠢᠯᠠᠯ ᠳᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ︾ ᠶᠢᠨ ᠲᠤᠰᠬᠠᠢ ᠪᠤᠯᠤᠩ ᠭᠠᠷᠭᠠᠵᠤ᠂ ᠵᠢᠯ ᠪᠦᠷᠢ ᠠᠵᠤ ᠠᠬᠤᠶᠢᠯᠠᠯ ᠳᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ 20 ᠵᠤᠷᠪᠤᠰ ᠠᠴᠠ ᠳᠤᠲᠠᠭᠤ ᠦᠭᠡᠢ ᠨᠡᠶᠢᠲᠡᠯᠡᠵᠦ᠂ ᠵᠠᠰᠠᠭ ᠤᠨ | ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢ ᠰᠢᠯᠢᠳᠡᠭᠵᠢᠭᠦᠯᠦᠨ᠂ | ᠲᠥᠷᠥ ᠶᠢᠨ ᠪᠣᠳᠣᠯᠭ᠎ᠠ ᠶᠢᠨ ᠬᠥᠮᠥᠷᠭᠡ ᠶᠢ ᠪᠠᠶᠠᠯᠢᠭᠵᠢᠭᠤᠯᠵᠤ᠂ ᠠᠵᠤ ᠠᠬᠤᠶᠢᠯᠠᠯ ᠳᠤ ᠠᠰᠢᠭᠲᠠᠢ ᠠᠷᠠᠳ ᠲᠤ | ᠳᠥᠭᠦᠮ ᠦᠵᠡᠭᠦᠯᠬᠦ ᠲᠥᠷᠥ ᠶᠢᠨ ᠪᠣᠳᠣᠯᠭ᠎ᠠ ᠪᠠ ᠦᠢᠯᠡᠴᠢᠯᠡᠭᠡ ᠶᠢ ᠨᠠᠷᠢᠯᠢᠭ ᠣᠨᠣᠴᠠᠲᠠᠢ ᠪᠠᠷ ᠰᠢᠭᠤᠳ | ᠬᠦᠷᠭᠡᠬᠦ ᠶᠢ ᠪᠡᠶᠡᠯᠡᠭᠦᠯᠦᠨ᠎ᠡ᠃ | 5. ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠡᠶᠡᠴᠢᠯᠡᠨ ᠣᠶᠢᠯᠠᠭᠠᠵᠤ ᠭᠦᠢᠴᠡᠳᠭᠡᠬᠦ ᠶᠢ ᠠᠬᠢᠭᠤᠯᠤᠨ᠎ᠠ | ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ︽ᠪᠢ ᠣᠯᠠᠨ ᠲᠦᠮᠡᠨ ᠳᠤ ᠪᠠᠷ᠎ᠠ ᠪᠣᠯᠵᠣ ᠶᠠᠪᠤᠬᠤ︾᠂ | ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠡᠶᠡᠴᠢᠯᠡᠨ ᠣᠶᠢᠯᠠᠭᠠᠬᠤ︾ ᠵᠡᠷᠭᠡ ᠠᠵᠢᠯ ᠢ ᠥᠷᠨᠢᠭᠦᠯᠦᠨ᠎ᠡ᠃ ᠡᠯ᠎ᠡ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠡᠷᠡᠭᠵᠢᠭᠦᠯᠬᠦ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ | ᠪᠤᠶᠤ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠶᠢ ᠤᠷᠢᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠳᠤ ᠣᠴᠢᠭᠤᠯᠤᠨ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠪᠡᠶᠡᠴᠢᠯᠡᠨ | ᠣᠶᠢᠯᠠᠭᠠᠭᠤᠯᠬᠤ ᠶᠢᠨ ᠬᠠᠮᠲᠤ᠂ ᠠᠵᠤ ᠠᠬᠤᠶᠢᠯᠠᠯ ᠣᠯᠠᠨ ᠲᠦᠮᠡᠨ ᠪᠠ ᠡᠯ᠎ᠡ ᠠᠵᠢᠯ ᠲᠥᠷᠥᠯ ᠤᠨ ᠲᠤᠰᠬᠠᠶ | ᠮᠡᠷᠭᠡᠵᠢᠯᠲᠡᠨ ᠡᠷᠳᠡᠮᠲᠡᠳ ᠵᠡᠷᠭᠡ ᠶᠢ ᠤᠷᠢᠵᠤ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠡᠶᠡᠴᠢᠯᠡᠨ | ᠣᠶᠢᠯᠠᠭᠠᠬᠤ ᠠᠵᠢᠯᠲᠠᠨ︾ ᠪᠣᠯᠭᠠᠵᠤ᠂ ᠰᠠᠷ᠎ᠠ ᠪᠦᠷᠢ ᠨᠠᠭᠠᠳᠤ ᠵᠠᠬ᠎ᠠ ᠳᠠᠭᠠᠨ ᠨᠢᠭᠡ ᠬᠤᠭᠤᠴᠠᠭᠠᠨ ᠤ ᠪᠡᠶᠡᠴᠢᠯᠡᠨ | ᠣᠶᠢᠯᠠᠭᠠᠬᠤ ᠠᠵᠢᠯᠯᠠᠭ᠎ᠠ ᠥᠷᠨᠢᠭᠦᠯᠵᠦ᠂ ᠲᠥᠷᠥ ᠶᠢᠨ ᠪᠣᠳᠣᠯᠭ᠎ᠠ ᠶᠢ ︽ᠮᠡᠳᠡᠬᠦ ᠥᠬᠡᠶ︾᠂ ᠴᠤᠪᠤᠷᠠᠯ ᠢ ︽ | ᠨᠡᠪᠲᠡᠷᠡᠬᠦ ᠥᠬᠡᠶ︾᠂ ᠦᠢᠯᠡᠴᠢᠯᠡᠭᠡᠨ ᠤ ︽ᠰᠢᠯᠢᠳᠡᠭ ᠮᠦᠨ ᠡᠰᠡᠬᠦ︾᠂ ᠪᠡᠶᠡᠴᠢᠯᠡᠨ ᠣᠶᠢᠯᠠᠭᠠᠬᠤ ︽ᠰᠠᠶᠢᠨ | ᠡᠰᠡᠬᠦ︾ ᠶᠢ ᠰᠢᠭᠤᠳ ᠣᠶᠢᠯᠠᠭᠠᠵᠤ᠂ ᠨᠠᠷᠢᠨ ᠲᠠᠩᠰᠠ ᠨᠡᠶᠢᠲᠡᠯᠡᠬᠦ᠂ ᠬᠡᠷᠡᠭᠯᠡᠬᠦ ᠶᠢ ᠪᠥᠲᠥᠭᠡᠨ ᠪᠠᠶᠢᠭᠤᠯᠬᠤ᠂ | ᠬᠡᠷᠡᠭᠯᠡᠬᠦ ᠶᠢ ᠬᠠᠷᠢᠭᠤ ᠲᠤᠰᠬᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠪᠢᠲᠡᠭᠦᠦ ᠴᠠᠭᠠᠷᠢᠭ ᠢ ᠪᠣᠶ ᠪᠣᠯᠭᠠᠨ᠎ᠠ᠃ | 6. ᠵᠠᠰᠠᠭ ᠠᠵᠤ ᠠᠬᠤᠶᠢᠯᠠᠯ ᠤᠨ ︽ᠰᠡᠳᠬᠢᠯ ᠤᠨ ᠬᠦᠬᠦᠷᠭᠡ︾ ᠪᠠᠷ ᠠᠵᠠ ᠲᠣᠬᠢᠶᠠᠯ ᠪᠣᠯᠭᠠᠵᠤ᠂ ᠠᠵᠤ | ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠥᠭᠪᠡ᠃ ᠵᠠᠰᠠᠭ ᠠᠵᠤ ᠠᠬᠤᠶᠢᠯᠠᠯ ᠤᠨ ᠦᠨᠡᠨᠴᠢ ᠪᠠᠷ ᠶᠠᠷᠢᠯᠴᠠᠬᠤ | ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ︽ᠡᠮᠦᠨᠡᠬᠢ | ᠬᠤᠭᠤᠴᠠᠭᠠᠨ ᠤ ᠪᠡᠯᠡᠳᠬᠡᠯ — ᠠᠰᠠᠭᠤᠳᠠᠯ ᠢ ᠰᠢᠢᠳᠪᠦᠷᠢᠯᠡᠬᠦ — ᠬᠠᠷᠢᠭᠤ ᠰᠤᠷᠪᠤᠯᠵᠢᠯᠠᠵᠤ ᠮᠥᠷᠳᠡᠬᠦ︾ | ᠪᠢᠲᠡᠭᠦᠮᠵᠢᠯᠡᠭᠰᠡᠨ ᠠᠵᠢᠯ ᠤᠨ ᠲᠣᠭᠲᠠᠴᠠ ᠶᠣᠰᠣᠭᠠᠷ᠂ ᠡᠯ᠎ᠡ ᠰᠠᠯᠠᠭ᠎ᠠ ᠮᠥᠴᠢᠷ ᠤᠨ ᠲᠤᠰ ᠲᠤᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠬᠦ ᠶᠢ ᠠᠬᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ ᠲᠤᠰᠢᠶᠠᠨ | ᠰᠢᠢᠳᠪᠦᠷᠢᠯᠡᠭᠦᠯᠬᠦ ᠱᠠᠭᠠᠷᠳᠠᠯᠭ᠎ᠠ᠂ ᠰᠢᠢᠳᠪᠦᠷᠢᠯᠡᠬᠦ ᠬᠤᠭᠤᠴᠠᠭ᠎ᠠ ᠶᠢ ᠴᠢᠩᠭ᠎ᠠ ᠵᠢᠷᠤᠮᠯᠠᠨ ᠮᠥᠷᠳᠡᠨ | ᠨᠠᠶᠢᠳᠠᠪᠤᠷᠢᠵᠢᠭᠤᠯᠬᠤ ᠶᠢ ᠥᠷᠨᠢᠭᠦᠯᠵᠦ᠂ ︽ᠨᠢᠭᠡ ᠵᠦᠢᠯ ᠢ ᠪᠡᠶᠡᠯᠡᠭᠦᠯᠵᠦ᠂ ᠨᠢᠭᠡ ᠵᠦᠢᠯ ᠢ ᠬᠦᠴᠦᠨ ᠦᠭᠡᠢ | ᠪᠣᠯᠭᠠᠬᠤ︾ ᠶᠢ ᠴᠢᠷᠮᠠᠶᠢᠨ ᠪᠡᠶᠡᠯᠡᠭᠦᠯᠦᠨ᠎ᠡ᠃ ᠬᠤᠷᠠᠯ ᠬᠤᠷᠠᠯᠳᠤᠭᠤᠯᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ | ᠰᠤᠳᠤᠯᠤᠯᠲᠠ ᠬᠢᠬᠦ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ | ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠠᠵᠤ | ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠦᠨ᠂ ᠬᠥᠭᠵᠢᠯᠲᠡ ᠶᠢᠨ ᠢᠲᠡᠭᠡᠯ ᠢ | ᠨᠡᠮᠡᠭᠳᠡᠭᠦᠯᠵᠦ᠂ ᠬᠤᠳᠠᠯᠳᠤᠭᠠᠴᠢᠨ ᠢ ᠴᠢᠬᠤᠯᠠᠴᠢᠯᠠᠬᠤ ᠪᠠ ᠬᠤᠳᠠᠯᠳᠤᠭᠠᠴᠢᠨ ᠢ ᠳᠣᠲᠣᠨᠣᠴᠢᠯᠠᠬᠤ ᠭᠦᠨ ᠵᠤᠵᠠᠭᠠᠨ | ᠠᠭᠤᠷ ᠠᠮᠢᠰᠬᠤᠯ ᠢ ᠪᠣᠶ ᠪᠣᠯᠭᠠᠨ᠎ᠠ᠃ | 7. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠪᠰᠤᠷᠤᠨ ᠭᠦᠢᠴᠡᠳᠬᠡᠬᠦ ᠶᠢ ᠠᠬᠢᠭᠤᠯᠤᠨ᠎ᠠ᠃ ︽ | ᠲᠢᠩᠬᠢᠮ ᠤᠨ ᠳᠣᠲᠣᠷᠠᠬᠢ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠤᠨ ᠭᠠᠳᠠᠨ᠎ᠠ ᠨᠡᠭᠦᠳᠡᠯ | ᠦᠢᠯᠡᠴᠢᠯᠡᠭᠡ︾ ᠶᠢᠨ ᠠᠵᠢᠯ ᠤᠨ ᠵᠠᠭᠪᠤᠷ ᠢ ᠲᠡᠭᠦᠯᠳᠡᠷᠵᠢᠭᠦᠯᠵᠦ᠂ ᠰᠦᠯᠵᠢᠶᠡᠨ ᠳᠡᠭᠡᠷᠡᠬᠢ ᠪᠠ ᠪᠤᠳᠠᠳᠦ | ᠴᠤᠭᠴᠠ ᠶᠢᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠰᠢᠰᠲ᠋ᠧᠮ ᠢ ᠪᠦᠷᠢᠨᠰᠢᠭᠦᠯᠦᠨ᠎ᠡ᠃ ᠰᠢᠶᠠᠨ | ᠰᠢᠶᠠᠩ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠲᠤ | ᠬᠠᠪᠰᠤᠷᠤᠨ ᠭᠦᠢᠴᠡᠳᠭᠡᠵᠦ ᠣᠷᠣᠯᠠᠨ ᠭᠦᠢᠴᠡᠳᠭᠡᠭᠴᠢ ᠶᠢ ᠲᠣᠬᠢᠷᠠᠭᠤᠯᠬᠤ᠂ ᠠᠵᠢᠯ ᠤᠨ ᠡᠭᠦᠷᠭᠡ ᠬᠠᠷᠢᠭᠤᠴᠠᠯᠭ᠎ᠠ᠂ | ᠬᠠᠷᠢᠭᠤᠴᠠᠯᠭ᠎ᠠ ᠶᠢᠨ ᠵᠠᠭᠠᠭ ᠬᠢᠵᠠᠭᠠᠷ᠂ ᠦᠢᠯᠡᠴᠢᠯᠡᠭᠡᠨ ᠤ ᠠᠭᠤᠯᠭ᠎ᠠ ᠶᠢ ᠲᠣᠳᠣᠷᠬᠠᠶᠢᠯᠠᠵᠤ᠂ ᠬᠠᠪᠰᠤᠷᠤᠨ | ᠭᠦᠢᠴᠡᠳᠭᠡᠵᠦ ᠣᠷᠣᠯᠠᠨ ᠭᠦᠢᠴᠡᠳᠭᠡᠬᠦ ᠶᠢ ᠳᠠᠭᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ ᠪᠣᠯᠤᠨ ᠬᠠᠨᠤᠮᠵᠢ ᠶᠢᠨ | ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠪᠤᠳᠠᠳᠦ ᠴᠤᠭᠴᠠ ᠶᠢᠨ ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠶ | ᠬᠥᠮᠦᠰ ᠲᠤ ᠪᠠᠷ᠎ᠠ ᠪᠣᠯᠵᠣ ᠭᠦᠢᠴᠡᠳᠬᠡᠬᠦ᠂ ᠣᠷᠣᠯᠠᠨ ᠭᠦᠢᠴᠡᠳᠬᠡᠬᠦ᠂ ᠤᠷᠢᠳᠠᠪᠠᠷ ᠭᠦᠢᠴᠡᠳᠬᠡᠬᠦ ᠵᠡᠷᠭᠡ | ᠦᠢᠯᠡᠴᠢᠯᠡᠭᠡ ᠬᠠᠩᠭᠠᠨ᠎ᠠ᠃ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠢ ᠬᠢᠨᠠᠨ | ᠵᠥᠪᠰᠢᠶᠡᠷᠡᠬᠦ ︽ᠭᠤᠷᠪᠠ ᠶᠢ ᠳᠠᠭᠠᠭᠠᠴᠢᠯᠠᠬᠤ ᠨᠢᠭᠡ ᠶᠢ ᠬᠠᠪᠰᠤᠷᠤᠨ ᠭᠦᠢᠴᠡᠳᠬᠡᠬᠦ︾ ᠬᠠᠪᠰᠤᠷᠤᠨ ᠭᠦᠢᠴᠡᠳᠬᠡᠬᠦ | ᠡᠷᠴᠢᠮ ᠢ ᠴᠢᠩᠭᠠᠷᠠᠭᠤᠯᠵᠤ᠂ ︽ᠲᠦᠷᠦᠭᠦᠦ ᠬᠠᠪᠰᠤᠷᠤᠨ ᠣᠷᠣᠯᠠᠨ ᠭᠦᠢᠴᠡᠳᠬᠡᠬᠦ︾ ᠲᠤᠰᠬᠠᠶ ᠲᠤᠰᠢᠶᠠᠯᠲᠠᠨ ᠤ | ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠤᠷᠢᠳᠴᠢᠯᠠᠨ ᠪᠣᠯᠵᠣᠵᠤ ᠭᠡᠷ ᠲᠤᠨᠢ | ᠬᠦᠷᠭᠡᠬᠦ᠂ ᠲᠥᠷᠥᠯ ᠵᠦᠢᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | 2024 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠬᠢᠨᠠᠨ ᠵᠥᠪᠰᠢᠶᠡᠷᠡᠬᠦ ᠭᠠᠷᠳᠠᠮ ᠢ ᠪᠥᠬᠦ ᠬᠡᠮᠵᠢᠶ᠎ᠡ ᠪᠠᠷ | ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠶᠢ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ | ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠢᠨᠠᠨ ᠵᠥᠪᠰᠢᠶᠡᠷᠡᠬᠦ ᠶᠢᠨ ᠲᠦᠪᠡᠭᠲᠡᠶ ᠬᠦᠴᠢᠷᠳᠡᠯ ᠢ ᠴᠠᠭ | ᠲᠤᠬᠠᠶ ᠳᠤᠨᠢ ᠨᠡᠪᠲᠡᠷᠡᠭᠦᠯᠵᠦ᠂ ᠭᠠᠷᠳᠠᠮ ᠢ ᠭᠦᠢᠴᠡᠳᠬᠡᠬᠦ ᠨᠣᠷᠮ᠎ᠠ ᠶᠢ ᠬᠠᠮᠤᠭ ᠤᠨ ᠶᠡᠭᠡ ᠬᠡᠮᠵᠢᠶ᠎ᠡ ᠪᠠᠷ | ᠳᠡᠭᠡᠭᠰᠢᠯᠡᠭᠦᠯᠦᠨ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠪᠠ ᠠᠵᠢᠯᠲᠠᠨ ᠠᠵᠢᠯᠴᠢᠨ ᠤ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠯᠠᠨ ᠶᠠᠩᠵᠤ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ | ︵ᠲᠦᠷᠪᠡ︶ ᠠᠰᠠᠭᠤᠳᠠᠯ ᠤᠨ ᠲᠦᠭᠵᠢᠷᠡᠯ ᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ | 1. ᠠᠵᠢᠯ ᠶᠠᠪᠤᠳᠠᠯ ᠭᠦᠢᠴᠡᠳᠬᠡᠬᠦ ᠲᠦᠭᠵᠢᠷᠡᠯ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠲᠣᠭᠲᠠᠴᠠ ᠶᠢ | ᠪᠦᠷᠢᠨᠰᠢᠭᠦᠯᠦᠨ᠎ᠡ᠃ ᠪᠤᠳᠠᠳᠦ ᠴᠤᠭᠴᠠ ᠶᠢᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ | ᠶᠠᠪᠤᠳᠠᠯ ᠭᠦᠢᠴᠡᠳᠬᠡᠬᠦ ᠲᠢᠩᠬᠢᠮ᠂ ᠰᠦᠯᠵᠢᠶᠡᠨ ᠳᠡᠭᠡᠷᠡᠬᠢ ︽ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ | ᠲᠢᠩᠬᠢᠮ︾᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠲᠠᠰᠤ᠂ ᠭᠡᠷ ᠲᠤᠨᠢ ᠬᠦᠷᠴᠦ ᠦᠢᠯᠡᠴᠢᠯᠡᠬᠦ | ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠬᠠᠨᠤᠮᠵᠢ ᠶᠢᠨ | ᠬᠡᠮᠵᠢᠶ᠎ᠡ ᠶᠢ ᠰᠢᠯᠭᠠᠨ ᠦᠨᠡᠯᠡᠬᠦ᠂ ᠡᠭᠦᠳᠡ ᠪᠠᠨ ᠨᠡᠭᠡᠭᠡᠵᠦ ᠬᠡᠷᠡᠭᠴᠡᠭᠡ ᠱᠠᠭᠠᠷᠳᠠᠯᠭ᠎ᠠ ᠶᠢ ᠠᠰᠠᠭᠤᠬᠤ ᠵᠡᠷᠭᠡ ᠣᠯᠠᠨ | ᠵᠦᠢᠯ ᠤᠨ ᠠᠷᠭ᠎ᠠ ᠵᠠᠮ ᠢ ᠠᠪᠴᠤ᠂ ᠠᠵᠤ ᠠᠬᠤᠶᠢᠯᠠᠯ ᠪᠠ ᠣᠯᠠᠨ ᠲᠦᠮᠡᠨ ᠯᠦᠭᠡ ᠶᠢᠨ ᠪᠠᠶᠢᠩᠭᠤ ᠶᠢᠨ | ᠨᠡᠪᠲᠡᠷᠡᠯᠴᠡᠬᠦ ᠲᠣᠭᠲᠠᠴᠠ ᠶᠢ ᠴᠢᠩᠭᠠᠷᠠᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠳᠤ ︽ᠪᠠᠴᠢᠮ ᠪᠡᠷᠬᠡ ᠵᠤᠪᠠᠨᠢᠬᠤ ᠬᠦᠰᠡᠬᠦ︾ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ᠂ | ᠴᠠᠭ ᠲᠤᠬᠠᠶ ᠳᠤᠨᠢ ᠡᠵᠡᠮᠰᠢᠨ᠎ᠡ᠃ | 2. ᠠᠵᠢᠯ ᠶᠠᠪᠤᠳᠠᠯ ᠭᠦᠢᠴᠡᠳᠭᠡᠬᠦ ᠶᠢᠨ ᠲᠦᠭᠵᠢᠷᠡᠯ ᠢ ᠥᠨᠳᠥᠷ ᠦᠷ᠎ᠡ ᠪᠦᠲᠦᠮᠵᠢᠲᠡᠶ ᠰᠢᠢᠳᠪᠦᠷᠢᠯᠡᠬᠦ | ᠲᠣᠭᠲᠠᠴᠠ ᠶᠢ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠭᠰᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠭᠡᠬᠦ ᠲᠦᠭᠵᠢᠷᠡᠯ ᠳᠤ ᠴᠢᠭᠯᠡᠭᠦᠯᠦᠨ᠂ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠦᠷᠭᠡᠨ ᠳᠠᠭᠠᠬᠤ᠂ ᠴᠠᠭ | ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ᠂ ᠬᠢᠨᠠᠯᠲᠠ ᠲᠠᠯᠪᠢᠵᠤ ᠬᠠᠷᠢᠭᠤ ᠲᠤᠰᠬᠠᠬᠤ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠭᠥᠯᠢᠶᠡᠨ ᠠᠪᠴᠤ ᠰᠢᠢᠳᠪᠦᠷᠢᠯᠡᠬᠦ᠂ ᠰᠢᠯᠵᠢᠭᠦᠯᠦᠨ ᠭᠦᠢᠴᠡᠳᠭᠡᠬᠦ᠂ | ᠭᠦᠢᠴᠡᠳᠭᠡᠬᠦ᠂ ᠬᠠᠷᠢᠭᠤ ᠲᠤᠰᠬᠠᠬᠤ᠂ ᠰᠢᠢᠳᠪᠦᠷᠢᠯᠡᠵᠦ ᠳᠠᠭᠤᠰᠬᠠᠬᠤ ᠵᠡᠷᠭᠡ ᠪᠥᠬᠦ ᠴᠤᠪᠤᠷᠠᠯ ᠤᠨ ᠪᠢᠲᠡᠭᠦᠦ | ᠴᠠᠭᠠᠷᠢᠭ ᠤᠨ ᠬᠠᠮᠢᠶᠠᠷᠤᠯᠲᠠ ᠶᠢᠨ ᠰᠢᠨ᠎ᠡ ᠵᠠᠭᠪᠤᠷ ᠢ ᠪᠣᠶ ᠪᠣᠯᠭᠠᠵᠤ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ | ᠰᠢᠢᠳᠪᠦᠷᠢᠯᠡᠬᠦ᠂ ᠵᠠᠭᠠᠯᠳᠤᠯᠭ᠎ᠠ ᠶᠢ ᠲᠦᠷᠭᠡᠨ ᠭᠦᠢᠴᠡᠳᠭᠡᠬᠦ᠂ ᠪᠠᠴᠢᠮ ᠵᠠᠷᠭᠤ ᠬᠢᠬᠦ ᠶᠢ ᠦᠨᠡᠨ ᠬᠦ ᠪᠡᠶᠡᠯᠡᠭᠦᠯᠬᠦ | ᠬᠡᠷᠡᠭᠲᠡᠶ᠃ ᠠᠵᠤ ᠠᠬᠤᠶᠢᠯᠠᠯ ᠪᠠ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ᠂ ᠲᠤᠰᠬᠠᠯ ᠢᠶᠠᠷ ᠴᠢᠩᠭ᠎ᠠ᠂ | ᠳᠠᠬᠢᠨ ᠳᠠᠪᠲᠠᠨ ᠢᠯᠡᠷᠡᠵᠦ ᠪᠠᠶᠢᠭ᠎ᠠ᠂ ᠬᠠᠷᠢᠭᠤᠴᠠᠯᠭ᠎ᠠ ᠨᠢ ᠲᠣᠳᠣᠷᠬᠠᠶ ᠥᠬᠡᠶ ᠪᠤᠶᠤ ᠡᠭᠦᠷᠭᠡ ᠬᠠᠷᠢᠭᠤᠴᠠᠯᠭ᠎ᠠ ᠨᠢ | ᠰᠣᠯᠪᠢᠴᠠᠭᠰᠠᠨ᠂ ᠭᠦᠢᠴᠡᠳᠭᠡᠬᠦ ᠳᠤ ᠬᠦᠴᠢᠷᠲᠡᠶ ᠵᠡᠷᠭᠡ ᠠᠰᠠᠭᠤᠳᠠᠯ ᠳᠤ ᠴᠢᠭᠯᠡᠭᠦᠯᠦᠨ᠂ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠡᠷᠡᠭᠵᠢᠭᠦᠯᠬᠦ ᠰᠠᠯᠠᠭ᠎ᠠ ᠮᠥᠴᠢᠷ ᠤᠳ ᠭᠤᠤᠯ ᠤᠳᠤᠷᠢᠳᠤᠯᠭ᠎ᠠ | ᠳᠠᠭᠠᠭᠤᠯᠤᠨ ᠭᠦᠢᠴᠡᠳᠭᠡᠬᠦ᠂ ᠲᠤᠰᠬᠠᠶ ᠡᠬᠡ ᠲᠠᠩᠰᠠ ᠪᠠᠶᠢᠭᠤᠯᠬᠤ᠂ ᠲᠤᠰᠬᠠᠶ ᠠᠩᠭᠢ ᠬᠠᠷᠢᠭᠤᠴᠠᠬᠤ᠂ | ᠬᠠᠮᠲᠤᠷᠠᠭᠰᠠᠨ ᠬᠤᠷᠠᠯ ᠬᠢᠬᠦ ᠵᠡᠷᠭᠡ ᠠᠷᠭ᠎ᠠ ᠮᠠᠶ᠋ᠢᠭ ᠢ ᠠᠪᠴᠤ᠂ ᠰᠠᠯᠠᠭ᠎ᠠ ᠮᠥᠴᠢᠷ ᠠᠯᠤᠰᠯᠠᠭᠰᠠᠨ᠂ ᠲᠠᠰ | ᠳᠠᠪᠬᠤᠷᠭ᠎ᠠ ᠠᠯᠤᠰᠯᠠᠨ ᠲᠥᠪᠯᠡᠷᠡᠭᠦᠯᠦᠨ ᠵᠥᠪᠳᠡᠯᠴᠡᠬᠦ᠂ ᠬᠠᠮᠵᠢᠯᠴᠠᠨ ᠭᠦᠢᠴᠡᠳᠭᠡᠬᠦ ᠶᠢ ᠴᠢᠩᠭᠠᠷᠠᠭᠤᠯᠤᠨ᠎ᠠ᠃ | 3. ᠲᠦᠭᠵᠢᠷᠡᠯ ᠴᠡᠭ ᠤᠨ ᠲᠤᠭ᠎ᠠ ᠪᠠᠷᠢᠮᠲᠠ ᠶᠢ ᠵᠠᠳᠠᠯᠤᠨ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ | ᠃ ᠠᠵᠢᠯ ᠶᠠᠪᠤᠳᠠᠯ ᠬᠦᠢᠴᠡᠳᠭᠡᠬᠦ ᠳᠤ ᠴᠢᠭᠯᠡᠭᠦᠯᠦᠭᠰᠡᠨ ᠲᠤᠭ᠎ᠠ ᠪᠠᠷᠢᠮᠲᠠ ᠶᠢ ᠵᠠᠳᠠᠯᠤᠨ ᠰᠤᠳᠤᠯᠬᠤ ᠪᠠᠨ | ᠴᠢᠩᠭᠠᠳᠬᠠᠵᠤ᠂ ᠢᠯᠠᠩᠭᠤᠶ᠎ᠠ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤᠨ ᠤ ᠲᠠᠪᠴᠠᠩ ᠤᠨ ᠲᠤᠭ᠎ᠠ ᠪᠠᠷᠢᠮᠲᠠ ᠶᠢ ᠴᠤᠭᠯᠠᠭᠤᠯᠬᠤ ᠳᠠᠪᠠᠭᠤᠯᠢᠭ ᠢ | ᠪᠠᠳᠠᠷᠠᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠭ᠎ᠠ ᠪᠠᠷᠢᠮᠲᠠ ᠶᠢ ᠵᠠᠳᠠᠯᠤᠨ ᠰᠤᠳᠤᠯᠬᠤ | ᠮᠡᠳᠡᠭᠦᠯᠦᠯᠲᠡ ᠶᠢ ᠪᠦᠷᠢᠯᠳᠦᠭᠦᠯᠵᠦ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠴᠢᠬᠤᠯᠠ ᠯᠠᠪᠯᠠᠯᠲᠠ ᠬᠠᠩᠭᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠠᠵᠤ | ᠠᠬᠤᠶᠢᠯᠠᠯ ᠪᠠ ᠣᠯᠠᠨ ᠲᠦᠮᠡᠨ ᠤ ᠲᠤᠰᠬᠠᠯ ᠴᠢᠩᠭ᠎ᠠ ᠪᠠᠶᠢᠵᠤ᠂ ᠴᠤᠬᠤᠶᠢᠯᠲᠠ ᠶᠢᠨ ᠴᠢᠨᠠᠷᠲᠠᠶ᠂ ᠨᠡᠶᠢᠲᠡᠯᠢᠭ | ᠴᠢᠨᠠᠷᠲᠠᠶ᠂ ᠲᠥᠪᠯᠡᠷᠡᠩᠭᠦᠶ ᠴᠢᠨᠠᠷᠲᠠᠶ ᠠᠰᠠᠭᠤᠳᠠᠯ ᠢ ᠤᠷᠢᠳᠴᠢᠯᠠᠨ ᠰᠤᠳᠤᠯᠤᠨ ᠮᠠᠭᠠᠳᠯᠠᠵᠤ᠂ ᠠᠰᠠᠭᠤᠳᠠᠯ ᠢ | ᠤᠷᠢᠳᠴᠢᠯᠠᠨ ᠰᠢᠢᠳᠪᠦᠷᠢᠯᠡᠵᠦ᠂ ᠴᠤᠪᠤᠷᠠᠯ ᠢ ᠰᠢᠯᠢᠳᠡᠭᠵᠢᠭᠦᠯᠬᠦ᠂ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ | ᠠᠬᠢᠭᠤᠯᠤᠨ ᠪᠣᠳᠠᠲᠠᠶ ᠠᠬᠢᠴᠠ ᠲᠠᠢ ᠪᠣᠯᠭᠠᠵᠤ᠂ ᠠᠷᠠᠳ ᠤᠨ ᠠᠮᠢᠳᠤᠷᠠᠯ ᠤᠨ ︽ᠵᠢᠵᠢᠭ ᠰᠠᠵᠢᠭ ᠵᠦᠢᠯ︾ ᠢᠶᠠᠷ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ︽ᠶᠡᠬᠡᠪᠡᠷ ᠳᠡᠭᠡᠭᠰᠢᠯᠡᠭᠦᠯᠬᠦ︾ ᠶᠢ ᠳᠠᠶᠢᠴᠢᠯᠠᠬᠤ ᠬᠡᠷᠡᠭᠲᠡᠶ | ᠃ | ︵ᠲᠠᠪᠤ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠦᠨ᠎ᠡ | 1. ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠢ ᠵᠢᠷᠤᠮᠯᠠᠨ ᠳᠠᠭᠠᠵᠤ ᠳᠡᠯᠭᠡᠷᠡᠭᠦᠯᠦᠨ᠎ᠡ᠃ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠪᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢ 100% ᠪᠠᠷ ᠵᠥᠭᠡᠯᠡᠨ ᠬᠠᠲᠠᠭᠤ ᠲᠣᠨᠤᠭ ᠢ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠪᠡᠶᠡᠯᠡᠭᠦᠯᠵᠦ᠂ ᠡᠨᠡ ᠵᠢᠯ ᠳ᠋ᠠ ᠹᠠ ᠵᠡᠭᠡᠯᠢ ᠭᠤᠳᠤᠮᠵᠢ ᠶᠢᠨ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠬᠡᠪ ᠳᠠᠭᠤᠷᠢᠶᠠᠯ ᠤᠨ | ᠬᠡᠯᠪᠡᠷᠢ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠬᠤ ᠪᠠᠷ | ᠲᠥᠯᠥᠪᠯᠡᠵᠦ ᠪᠣᠶ︔ | 2. ᠲᠢᠭ ᠲᠤᠭ ᠰᠢᠭᠤᠳ ᠨᠡᠪᠲᠡᠷᠡᠭᠦᠯᠭᠡ ᠶᠢᠨ ᠦᠢᠯᠡᠴᠢᠯᠡᠭᠡᠨ ᠤ ᠨᠥᠯᠥᠭᠡᠯᠡᠬᠦ ᠬᠦᠴᠦᠨ ᠢ | ᠳᠡᠭᠡᠭᠰᠢᠯᠡᠭᠦᠯᠦᠨ᠎ᠡ᠃ ᠬᠤᠲᠠ ᠰᠢᠶᠠᠨ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠲᠢᠭ ᠲᠤᠭ ᠰᠢᠭᠤᠳ | ᠨᠡᠪᠲᠡᠷᠡᠭᠦᠯᠭᠡ ᠶᠢ ᠬᠠᠮᠵᠢᠯᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠰᠢᠭᠤᠳ | ᠨᠡᠪᠲᠡᠷᠡᠭᠦᠯᠭᠡ ᠶᠢᠨ ᠠᠭᠤᠯᠭ᠎ᠠ ᠶᠢ ᠥᠷᠭᠡᠳᠬᠡᠨ᠎ᠡ︔ ᠰᠦᠯᠵᠢᠶᠡᠨ ᠳᠡᠭᠡᠷ᠎ᠡ ᠠᠰᠠᠭᠤᠨ ᠯᠠᠪᠯᠠᠬᠤ᠂ ᠤᠷᠢᠳᠴᠢᠯᠠᠨ | ᠪᠣᠯᠵᠣᠵᠤ ᠭᠦᠢᠴᠡᠳᠬᠡᠬᠦ ᠵᠡᠷᠭᠡ ᠦᠢᠯᠡᠴᠢᠯᠡᠭᠡ ᠶᠢ ᠭᠠᠷᠭᠠᠵᠤ᠂ ᠬᠡᠷᠡᠭᠯᠡᠭᠴᠢᠳ ᠤᠨ ᠬᠡᠷᠡᠭᠯᠡᠬᠦ ᠥᠩᠭᠡᠷᠡᠯᠲᠡ ᠪᠠ | ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ︔ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠬᠤᠰᠢᠭᠤ ᠰᠢᠶᠠᠨ | ᠲᠣᠭᠤᠷᠢᠭ ᠤᠨ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠥᠷᠨᠢᠭᠦᠯᠬᠦ ᠶᠢ ᠦᠨᠡᠨ ᠬᠦ ᠪᠠᠲᠤᠯᠠᠵᠤ᠂ ᠲᠢᠭ ᠲᠤᠭ | ᠲᠠᠪᠴᠠᠩ ᠤᠨ ᠣᠯᠠᠨ ᠲᠦᠮᠡᠨ ᠤ ᠦᠢᠯᠡᠴᠢᠯᠡᠭᠡᠨ ᠤ ᠴᠢᠳᠠᠮᠵᠢ ᠶᠢ ᠭᠦᠢᠴᠡᠳ ᠠᠰᠢᠭᠯᠠᠨ᠂ ︽ᠲᠠᠨ ᠢ ᠰᠡᠳᠭᠢᠯ | ᠬᠠᠨᠤᠮᠵᠢᠲᠠᠢ ᠪᠠᠶᠢᠯᠭᠠᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ | ᠪᠣᠯᠭᠠᠬᠤ ᠶᠢᠨ ᠣᠶᠢᠯᠠᠭᠠᠬᠤ ᠨᠣᠷᠮ᠎ᠠ ᠪᠠ ᠠᠩᠬᠠᠷᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ | ᠨᠡᠮᠡᠭᠳᠡᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ | ︽ᠨᠢᠭᠡ ᠲᠢᠩᠬᠢᠮ ᠬᠤᠶᠠᠷ ᠲᠣᠭᠤᠷᠢᠭ ᠬᠤᠶᠠᠷ ᠴᠣᠩᠬᠤᠪᠴᠢ ᠳᠥᠷᠪᠡᠨ ᠦᠵᠦᠭᠦᠷ ᠤᠨ ᠲᠠᠪᠴᠠᠩ︾ | ᠢᠶᠠᠷ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ︽ᠨᠢᠭᠡ ᠥᠷᠲᠡᠭᠡ ᠶᠢ ᠲᠥᠪᠯᠡᠷᠡᠭᠦᠯᠬᠦ︾ ᠶᠢ | ᠠᠬᠢᠭᠤᠯᠵᠤ᠂ ᠲᠤᠬᠠᠶᠢᠯᠠᠪᠠᠯ ᠵᠠᠰᠠᠭ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠲᠣᠭᠤᠷᠢᠭ᠂ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠥᠪᠡᠰᠦᠪᠡᠨ ᠭᠤᠶᠤᠴᠢᠯᠠᠨ ᠮᠡᠳᠡᠭᠦᠯᠬᠦ | ᠦᠢᠯᠡᠴᠢᠯᠡᠭᠡᠨ ᠤ ᠲᠤᠰᠬᠠᠶ ᠲᠣᠭᠤᠷᠢᠭ᠂ ᠠᠵᠤ ᠠᠬᠤᠶᠢᠯᠠᠯ ᠤᠨ ᠬᠥᠭᠵᠢᠯᠲᠡ ᠶᠢᠨ ︽ᠰᠠᠭᠠᠳ ᠥᠬᠡᠶ ᠨᠡᠪᠲᠡᠷᠡᠬᠦ | ᠵᠠᠮ︾ ᠤᠨ ᠴᠣᠩᠬᠤᠪᠴᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ᠮᠥᠩᠬᠡ | ᠰᠤᠪᠠᠭ APP᠂ 24 ᠴᠠᠭ ᠤᠨ ᠥᠪᠡᠷᠲᠡᠭᠡᠨ ᠦᠢᠯᠡᠴᠢᠯᠡᠬᠦ ᠲᠣᠭᠤᠷᠢᠭ᠂ ᠪᠣᠳᠠᠲᠤ ᠴᠣᠭᠴᠠ ᠶᠢᠨ ᠶᠡᠭᠡ | ᠲᠢᠩᠬᠢᠮ ᠤᠨ ︽ᠳᠥᠷᠪᠡᠨ ᠦᠵᠦᠭᠦᠷ ᠤᠨ ᠬᠠᠮᠵᠢᠯᠴᠠᠭ᠎ᠠ︾ ᠶᠢᠨ ᠦᠢᠯᠡᠴᠢᠯᠡᠭᠡ ᠶᠢ ᠪᠡᠶᠡᠯᠡᠭᠦᠯᠵᠦ᠂ ᠠᠵᠤ | ᠠᠬᠤᠶᠢᠯᠠᠯ ᠳᠤ ᠦᠢᠯᠡᠴᠢᠯᠡᠭᠡᠨ ᠤ ᠯᠠᠪᠯᠠᠭ᠎ᠠ᠂ ᠵᠦᠢᠯᠡᠰ ᠢ ᠬᠢᠨᠠᠨ ᠵᠥᠪᠰᠢᠶᠡᠷᠡᠬᠦ ᠵᠡᠷᠭᠡ ᠪᠥᠬᠦ ᠶᠠᠪᠤᠴᠠ ᠶᠢᠨ | ᠦᠢᠯᠡᠴᠢᠯᠡᠭᠡ ᠬᠠᠩᠭᠠᠨ᠎ᠠ︔ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠴᠣᠩᠬᠤᠪᠴᠢ ᠶᠢᠨ ᠲᠦᠷᠦᠭᠦᠤ | ᠲᠥᠯᠥᠭᠡᠯᠡᠭᠴᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠲᠤᠰᠬᠠᠢ ᠲᠤᠰᠢᠶᠠᠯᠲᠠᠨ︾ | ᠢᠶᠠᠷ ᠪᠦᠷᠢᠯᠳᠦᠭᠰᠡᠨ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠲᠤᠰᠢᠶᠠᠯᠲᠠᠳ ᠤᠨ ᠡᠩᠨᠡᠭᠡ ᠶᠢ | ᠪᠠᠶᠢᠭᠤᠯᠵᠤ᠂ ︽ᠢᠨᠲ᠋ᠧᠷ ᠰᠦᠯᠵᠢᠶᠡᠨ ᠤ ᠴᠣᠩᠬᠤᠪᠴᠢ ᠦᠢᠯᠡᠴᠢᠯᠡᠭᠡ︾ ᠪᠠᠷ ᠲᠦᠰᠢᠭ ᠪᠣᠯᠭᠠᠵᠤ᠂ ᠠᠵᠤ | ᠠᠬᠤᠶᠢᠯᠠᠯ ᠤᠨ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ︽ | ᠰᠦᠯᠵᠢᠶᠡᠨ ᠳᠡᠭᠡᠷᠡᠬᠢ ᠪᠠ ᠪᠤᠳᠠᠳᠦ ᠴᠤᠭᠴᠠ︾ ᠶᠢᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠶᠢ ᠪᠦᠬᠦ | ᠲᠠᠯ᠎ᠠ ᠪᠠᠷ ᠲᠦᠯᠬᠢᠨ ᠠᠬᠢᠭᠤᠯᠤᠨ᠎ᠠ︔ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠨᠡᠶᠢᠭᠡᠮᠯᠢᠭ᠂ | ᠵᠠᠬ᠎ᠠ ᠳᠡᠯᠭᠡᠭᠦᠷᠴᠢᠯᠡᠭᠰᠡᠨ ᠲᠤᠰᠬᠠᠶ ᠦᠢᠯᠡᠴᠢᠯᠡᠭᠡᠨ ᠤ ᠪᠠᠶᠢᠭᠤᠯᠤᠮᠵᠢ ᠪᠠ ᠠᠵᠤ ᠦᠢᠯᠡᠳᠪᠦᠷᠢ ᠮᠡᠳᠡᠭᠡ ᠵᠠᠩᠭᠢ᠂ | ᠬᠠᠤᠯᠢ ᠴᠠᠭᠠᠵᠠ᠂ ᠮᠥᠩᠭᠦᠨ ᠭᠦᠢᠯᠭᠡᠭᠡ᠂ ᠴᠢᠳᠠᠪᠤᠷᠢᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ᠂ ᠣᠯᠠᠨ ᠤᠯᠤᠰ ᠤᠨ ᠠᠷᠠᠯᠵᠢᠶ᠎ᠠ᠂ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠰᠠᠯᠠᠭ᠎ᠠ | ᠮᠥᠴᠢᠷ ᠤᠨ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠎ᠡ᠃ | | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠲᠤᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠨ ᠪᠥᠬᠦ ᠲᠤᠭᠤᠷᠢᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠤᠨ ᠦᠵᠦ ᠲᠥᠯᠥᠪᠯᠡᠭᠡ᠂ | ᠨᠢᠭᠡᠳᠦᠯᠲᠡᠶ ᠲᠥᠯᠥᠪᠯᠡᠨ ᠠᠬᠢᠭᠤᠯᠬᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ᠂ | ᠲᠠᠪᠴᠠᠩ ᠤᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃ ᠲᠣᠭᠤᠷᠢᠭ ᠤᠨ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠦᠨ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ︽ᠨᠢᠭᠡ ᠬᠥᠯᠭᠡ ᠰᠢᠲᠠᠷ᠎ᠠ︾ ᠶᠢᠨ ᠦᠵᠡᠯ | ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠲᠤᠬᠠᠶᠢᠯᠠᠭᠰᠠᠨ ᠠᠵᠢᠯ ᠢᠶᠠᠨ ᠨᠢᠭᠡᠳᠦᠯᠲᠡᠶ ᠲᠥᠯᠥᠪᠯᠡᠨ ᠰᠠᠶᠢᠲᠤᠷ | ᠠᠳᠬᠤᠬᠤ ᠶᠢᠨ ᠬᠠᠮᠲᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠪᠠᠨ ᠴᠢᠩᠭᠠᠳᠬᠠᠵᠤ᠂ ᠵᠡᠷᠭᠡ ᠪᠠᠷ | ᠠᠳᠬᠤᠨ ᠬᠠᠮᠲᠤ ᠪᠠᠷ ᠬᠠᠮᠢᠶᠠᠷᠬᠤ᠂ ᠬᠠᠮᠵᠢᠯᠴᠠᠨ ᠠᠬᠢᠭᠤᠯᠬᠤ ᠰᠠᠶᠢᠨ ᠰᠠᠶᠢᠬᠠᠨ ᠪᠠᠶᠢᠷᠢᠰᠢᠯ ᠢ ᠬᠦᠴᠦᠯᠡᠨ | ᠪᠠᠶᠢᠭᠤᠯᠵᠤ᠂ ᠡᠯ᠎ᠡ ᠵᠦᠢᠯ ᠤᠨ ᠠᠵᠢᠯ ᠤᠨ ᠥᠨᠳᠥᠷ ᠪᠦᠲᠦᠮᠵᠢᠲᠡᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ | ᠃ | ︵ᠬᠤᠶᠠᠷ︶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠨᠠᠷᠢᠯᠢᠭ ᠪᠣᠯᠭᠠᠨ᠎ᠠ᠃ ᠲᠣᠭᠤᠷᠢᠭ ᠤᠨ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ | ᠳᠡᠭᠡᠭᠰᠢᠯᠡᠭᠦᠯᠬᠦ︾ ᠠᠵᠢᠯ ᠤᠨ ᠬᠤᠪᠢᠶᠠᠷᠢᠯᠠᠯ ᠤᠨ ᠡᠬᠡ ᠲᠠᠩᠰᠠ ᠶᠢᠨ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠶᠢ | ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ | ᠠᠬᠢᠭᠤᠯᠬᠤ ᠠᠷᠭ᠎ᠠ ᠬᠡᠮᠵᠢᠶ᠎ᠡ᠂ ᠪᠠᠲᠤᠯᠠᠭ᠎ᠠ ᠶᠢᠨ ᠲᠣᠭᠲᠠᠴᠠ᠂ ᠤᠬᠠᠭᠤᠯᠭ᠎ᠠ ᠪᠣᠯᠪᠠᠰᠤᠷᠠᠯ ᠵᠡᠷᠭᠡ ᠪᠣᠳᠠᠲᠠᠶ | ᠠᠭᠤᠯᠭ᠎ᠠ ᠶᠢ ᠲᠣᠳᠣᠷᠬᠠᠶᠢᠯᠠᠨ᠂ ᠡᠭᠦᠷᠭᠡ ᠶᠢ ᠵᠦᠢᠯ ᠳᠠᠷᠠᠭᠠᠯᠠᠨ ᠵᠠᠳᠠᠯᠵᠤ᠂ ᠬᠠᠷᠢᠭᠤᠴᠠᠯᠭᠠᠲᠤ ᠰᠠᠯᠠᠭ᠎ᠠ ᠮᠥᠴᠢᠷ | ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠨ᠂ ᠨᠠᠷᠢᠨ ᠲᠠᠩᠰᠠᠴᠢᠯᠡᠭᠰᠡᠨ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ᠭᠤᠷᠪᠠᠨ ᠵᠢᠯ ᠤᠨ ᠠᠵᠢᠯᠯᠠᠭᠠᠨ ᠤ ᠲᠥᠰᠦᠯ ᠬᠢᠭᠡᠳ ᠲᠣᠰ ᠰᠠᠯᠠᠭ᠎ᠠ ᠮᠥᠴᠢᠷ ᠤᠨ ᠪᠤᠰᠤᠳ | ᠭᠤᠤᠯᠳᠠᠯᠭ᠎ᠠ ᠲᠠᠢ ᠠᠵᠢᠯ ᠢ ᠵᠡᠷᠭᠡ ᠪᠠᠷ ᠲᠣᠬᠢᠷᠠᠭᠤᠯᠵᠤ᠂ ᠵᠡᠷᠭᠡ ᠪᠠᠷ ᠪᠠᠶᠢᠷᠢᠯᠠᠭᠤᠯᠵᠤ᠂ ᠵᠠᠰᠠᠭ ᠵᠠᠬᠢᠷᠭᠠᠨ ᠤ | ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ᠤᠨ ᠪᠣᠳᠠᠲᠤ ᠦᠷ᠎ᠡ | ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︵ᠭᠤᠷᠪᠠ︶ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠣᠷᠣᠨ ᠤ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ ᠪᠠᠶᠢᠭᠠᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠶᠠᠷᠢᠶ᠎ᠠ | ᠬᠡᠯᠡᠯᠴᠡᠭᠡ ᠶᠢ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠨ᠎ᠠ᠃ ᠪᠣᠳᠠᠲᠠᠢ ᠠᠴᠠ ᠡᠭᠦᠰᠴᠦ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠴᠦ᠂ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠭᠤᠣᠯᠳᠠᠯᠭ᠎ᠠ ᠲᠠᠢ ᠬᠦᠷᠢᠶ᠎ᠡ᠂ | ᠭᠤᠣᠯᠳᠠᠯᠭ᠎ᠠ ᠲᠠᠢ ᠵᠦᠢᠯᠡᠰ ᠢ ᠨᠡᠩ ᠶᠡᠭᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ ᠪᠦᠲᠦᠮᠵᠢᠲᠡᠢ | ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠢ ᠳᠤ ᠨᠢ ᠳ᠋ᠦᠩᠨᠡᠵᠦ᠂ ᠪᠦᠬᠦ ᠲᠣᠭᠤᠷᠢᠭ ᠤᠨ ᠬᠡᠪᠴᠢᠶᠡᠨ ᠳᠤ ᠵᠢᠷᠤᠮᠯᠠᠨ | ᠳᠠᠭᠠᠵᠤ ᠳᠡᠯᠭᠡᠷᠡᠭᠦᠯᠦᠨ᠂ ︽ᠨᠢᠭᠡ ᠭᠠᠵᠠᠷ ᠲᠤ ᠰᠢᠨ᠎ᠡ ᠶᠢ ᠡᠭᠦᠳᠴᠦ᠂ ᠤᠯᠠᠨ ᠭᠠᠵᠠᠷ ᠲᠤ ᠳᠠᠪᠲᠠᠨ ᠬᠡᠷᠡᠭᠯᠡᠬᠦ︾ | ᠶᠢ ᠠᠬᠢᠭᠤᠯᠬᠤ ᠬᠡᠷᠡᠭᠲᠡᠢ᠃ | ᠳᠠᠭᠠᠯᠳᠤᠭᠤᠯᠤᠯ᠄ ᠰᠢᠭᠤᠶᠢᠲᠦ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ | ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ ︽ᠥᠨᠳᠥᠷ ᠦᠷ᠎ᠡ | ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ ︾ ᠠᠵᠢᠯ ᠤᠨ ᠬᠤᠪᠢᠶᠠᠷᠢᠯᠠᠯ ᠤᠨ ᠡᠬᠡ ᠲᠠᠩᠰᠠ | | | | | | | | | | | | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠶᠡᠭᠡ ᠬᠡᠷᠡᠭ ᠶᠠᠪᠤᠳᠠᠯ ᠤᠨ ᠲᠡᠮᠳᠡᠭᠯᠡᠯ ︵2024 | ᠣᠨ ᠤ 4 ᠳ᠋ᠦ᠋ᠭᠡᠷ ᠰᠠᠷ᠎ᠠ — 6 ᠳ᠋ᠤᠭᠠᠷ ᠰᠠᠷ᠎ᠠ︶ | | 4 ᠳ᠋ᠦ᠋ᠭᠡᠷ ᠰᠠᠷ᠎ᠠ ᠶᠢᠨ 1 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠳᠤᠭᠤᠶᠢᠯᠠᠩ ᠳᠠᠭᠠᠭᠤᠯᠤᠨ ᠬᠤᠲᠠ ᠶᠢᠨ ᠣᠷᠣᠵᠤ ᠭᠠᠷᠬᠤ | ᠭᠠᠵᠠᠷ ᠤᠨ ᠵᠠᠰᠠᠮᠠᠯ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠤᠯᠤᠰ ᠤᠨ ᠭᠠᠵᠠᠷ | ᠰᠢᠷᠣᠶ ᠶᠢ ᠨᠣᠭᠤᠭᠠᠷᠠᠭᠤᠯᠬᠤ ᠠᠵᠢᠯ ᠢ ᠪᠠᠶᠢᠴᠠᠭᠠᠨ ᠰᠤᠳᠤᠯᠪᠠ᠃ | 4 ᠳ᠋ᠦ᠋ᠭᠡᠷ ᠰᠠᠷ᠎ᠠ ᠶᠢᠨ 2 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | 2024 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | 4 ᠳ᠋ᠦ᠋ᠭᠡᠷ ᠰᠠᠷ᠎ᠠ ᠶᠢᠨ 2 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ | ᠢᠦᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠰᠤᠳᠤᠯᠪᠠ᠃ | 4 ᠳ᠋ᠦ᠋ᠭᠡᠷ ᠰᠠᠷ᠎ᠠ ᠶᠢᠨ 9 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠶ ᠯᠢᠶᠠᠨ ᠢᠦᠶ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠦ ᠲᠤᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ | ᠭᠡᠰᠢᠭᠦᠳ ᠤᠨ ᠬᠤᠷᠠᠯ ᠤᠨ ᠪᠠᠶᠢᠩᠭᠤ ᠶᠢᠨ ᠬᠤᠷᠢᠶᠠᠨ ᠤ 109 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠬᠤᠷᠠᠯ | ᠵᠢᠴᠢ ᠰᠢᠭᠤᠶᠢᠲᠦ ᠲᠤᠭᠤᠷᠢᠭ ᠤᠨ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠵᠣᠬᠢᠴᠠᠭᠤᠯᠤᠨ ᠪᠠᠲᠤᠯᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | 4 ᠳ᠋ᠦ᠋ᠭᠡᠷ ᠰᠠᠷ᠎ᠠ ᠶᠢᠨ 9 ᠤ ᠡᠳᠦᠷ᠂ ᠰᠢᠭᠤᠶᠢᠲᠦ ᠲᠤᠭᠤᠷᠢᠭ ︽ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠳᠤ ᠣᠷᠣᠯᠴᠠᠵᠤ ᠣᠯᠠᠨ ᠲᠦᠮᠡᠨ ᠤ ︿ᠠᠮᠢ ᠠᠪᠤᠷᠠᠬᠤ ᠵᠣᠭᠤᠰ﹀ ᠢ ᠰᠠᠶᠢᠲᠤᠷ ᠰᠠᠬᠢᠬᠤ ᠳᠤ | ᠣᠷᠣᠯᠴᠠᠬᠤ︾ ᠪᠠᠷ ᠭᠤᠤᠯ ᠰᠡᠳᠦᠪ ᠪᠣᠯᠭᠠᠭᠰᠠᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ | ᠬᠢᠨᠠᠯᠲᠠ ᠬᠠᠮᠢᠶᠠᠷᠤᠯᠲᠠ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ | ᠶᠠᠪᠤᠭᠤᠯᠵᠤ᠂ ᠲᠠᠷᠠᠭᠠᠴᠢ ᠶᠢᠨ ᠠᠯᠬᠤᠮ ᠳᠤ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ | ᠮᠥᠩᠭᠦ ᠶᠢᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠭᠰᠠᠨ ᠪᠠᠶᠢᠨ᠎ᠠ᠃ | 4 ᠳ᠋ᠦ᠋ᠭᠡᠷ ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠤᠭᠤᠷᠢᠭ ᠤᠨ ᠳᠠᠷᠤᠭ᠎ᠠ ᠵᠠᠩ ᠰᠢᠶᠤᠤ ᠹᠸᠢ ᠪᠦᠯᠬᠦᠮ ᠳᠠᠭᠠᠭᠤᠯᠤᠨ ᠴᠢᠬᠤᠯᠠ ᠶᠡᠭᠡ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ | 4 ᠳ᠋ᠦ᠋ᠭᠡᠷ ᠰᠠᠷ᠎ᠠ ᠶᠢᠨ 12 ᠤᠨ ᠡᠳᠦᠷ᠂ ᠰᠢᠭᠤᠶᠢᠲᠦ ᠲᠤᠭᠤᠷᠢᠭ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | 4 ᠳ᠋ᠦ᠋ᠭᠡᠷ ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ᠂ ᠲᠤᠭᠤᠷᠢᠭ ᠤᠨ | ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠭᠠᠢ | ᠯᠢᠶᠠᠨ ᠢᠦᠢ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠱᠠᠭᠠᠷᠳᠠᠯᠭ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠵᠠᠩᠭᠢᠯᠠᠭ᠎ᠠ ᠶᠢᠨ ᠪᠠᠶᠢᠷᠢᠯᠠᠭᠤᠯᠤᠯᠲᠠ | ᠲᠤᠬᠢᠷᠠᠭᠤᠯᠤᠯᠳᠠ ᠶᠢ ᠨᠠᠶᠢᠳᠠᠪᠤᠷᠢᠵᠢᠭᠤᠯᠵᠤ᠂ ︽ᠪᠦᠬᠦ ᠲᠤᠭᠤᠷᠢᠭ ᠲᠤ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ᠂ ᠪᠦᠬᠦ | ᠲᠤᠭᠤᠷᠢᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠯᠪᠣᠭᠳᠠᠯ ᠪᠦᠬᠦᠢ ᠠᠵᠢᠯ ᠢ | ᠰᠤᠳᠤᠯᠤᠨ ᠪᠠᠶᠢᠷᠢᠯᠠᠭᠤᠯᠪᠠ᠃ | 4 ᠳ᠋ᠦ᠋ᠭᠡᠷ ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ | ᠢᠦᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠦ ᠲᠤᠭᠤᠷᠢᠭ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶᠠᠨ ᠤ ᠭᠡᠰᠢᠭᠦᠳ ᠤᠨ ᠬᠤᠷᠠᠯ ᠤᠨ ᠪᠠᠶᠢᠩᠭᠤ ᠶᠢᠨ ᠬᠤᠷᠢᠶᠠᠨ ᠤ 110 ᠳ᠋ᠤᠭᠠᠷ ᠬᠤᠷᠠᠯ | ᠵᠢᠴᠢ ᠲᠤᠭᠤᠷᠢᠭ ᠤᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ | ᠬᠤᠷᠠᠯ ᠢ ᠡᠷᠬᠢᠯᠡᠨ ᠬᠤᠷᠠᠯᠳᠤᠭᠤᠯᠪᠠ᠃ | 4 ᠳ᠋ᠦ᠋ᠭᠡᠷ ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ | ᠢᠦᠢ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠪᠠ᠃ | 4 ᠳ᠋ᠦ᠋ᠭᠡᠷ ᠰᠠᠷ᠎ᠠ ᠶᠢᠨ 26 ᠤ ᠡᠳᠦᠷ᠂ ᠰᠢᠭᠤᠶᠢᠲᠦ ᠲᠤᠭᠤᠷᠢᠭ ᠤᠨ ᠵᠠᠰᠠᠭ ᠤᠨ ᠣᠷᠳᠣᠨ 2024 | ᠣᠨ ᠤ ᠪᠥᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠪᠠ᠃ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ | 4 ᠳ᠋ᠦ᠋ᠭᠡᠷ ᠰᠠᠷ᠎ᠠ ᠶᠢᠨ 27 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | 2024 ᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠬᠤᠶᠠᠳᠤᠭᠠᠷ ᠡᠭᠡᠯᠵᠢ ᠶᠢᠨ ᠭᠤᠷᠪᠠᠳᠤᠭᠠᠷ | ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ | ᠪᠠᠶᠢᠴᠠᠭᠠᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | 4 ᠳ᠋ᠦ᠋ᠭᠡᠷ ᠰᠠᠷ᠎ᠠ ᠶᠢᠨ 27 ᠤ ᠡᠳᠦᠷ᠂ ᠰᠢᠭᠤᠶᠢᠲᠦ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠲᠥᠪᠯᠡᠷᠡᠭᠦᠯᠦᠨ ᠰᠤᠳᠤᠯᠤᠨ | ᠶᠠᠷᠢᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ ᠬᠤᠷᠠᠯ ᠢ ᠡᠷᠬᠢᠯᠡᠭᠰᠡᠨ ᠪᠥᠭᠡᠳ | ᠶᠠᠷᠢᠶ᠎ᠠ ᠲᠠᠯᠪᠢᠵᠠᠢ᠃ | 4 ᠳ᠋ᠦ᠋ᠭᠡᠷ ᠰᠠᠷ᠎ᠠ ᠶᠢᠨ 29 ᠤ ᠡᠳᠦᠷ᠂ ᠵᠠᠩ ᠰᠢᠶᠤᠤ ᠹᠸᠢ ︽5 · 1︾ ᠤ ᠰᠣᠶᠣᠯ ᠵᠤᠭᠠᠴᠠᠯ ᠤᠨ | ᠠᠵᠢᠯᠯᠠᠭ᠎ᠠ ᠶᠢᠨ ᠪᠡᠯᠡᠳᠬᠡᠯ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠰᠣᠶᠣᠯ ᠵᠤᠭᠠᠴᠠᠯ ᠤᠨ ᠬᠦᠷᠢᠶᠡᠨ ᠤ | ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠪᠡ᠃ | 4 ᠳ᠋ᠦ᠋ᠭᠡᠷ ᠰᠠᠷ᠎ᠠ ᠶᠢᠨ 30 ᠤ ᠡᠳᠦᠷ᠂ ᠭᠠᠶ ᠯᠢᠶᠠᠨ ᠢᠦᠶ ︽5 · 1︾ ᠤ ᠪᠠᠶᠠᠷ ᠠᠴᠠ ᠡᠮᠦᠨᠡᠬᠢ | ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ | 4 ᠳ᠋ᠦ᠋ᠭᠡᠷ ᠰᠠᠷ᠎ᠠ ᠶᠢᠨ 30 ᠤ ᠡᠳᠦᠷ᠂ ᠰᠢᠭᠤᠶᠢᠲᠦ ᠲᠤᠭᠤᠷᠢᠭ ᠤᠨ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ | ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ 5 ᠳ᠋ᠤᠭᠠᠷ ᠰᠠᠷ᠎ᠠ ᠶᠢᠨ 1 ᠤ ᠡᠳᠦᠷ᠂ ᠵᠠᠩ ᠰᠢᠶᠤᠤ ᠹᠸᠢ | ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃ | 5 ᠳ᠋ᠤᠭᠠᠷ ᠰᠠᠷ᠎ᠠ ᠶᠢᠨ 6 ᠤ ᠡᠳᠦᠷ᠂ ᠵᠠᠩ ᠰᠢᠶᠤᠤ ᠹᠸᠢ ᠴᠠᠬᠢᠯᠭᠠᠨ ᠬᠥᠳᠡᠯᠭᠡᠭᠦᠷᠲᠦ ᠲᠡᠷᠭᠡ ᠶᠢ | ᠵᠢᠷᠤᠮᠵᠢᠭᠤᠯᠤᠨ ᠬᠠᠮᠢᠶᠠᠷᠬᠤ ᠪᠠ ︽ᠠᠮᠢ ᠨᠠᠰᠤᠨ ᠤ ᠵᠠᠮ︾ ᠢ ᠨᠡᠪᠲᠡᠷᠡᠭᠦᠯᠬᠦ ᠠᠵᠢᠯ ᠢ ᠪᠠᠶᠢᠴᠠᠭᠠᠨ ᠰᠤᠳᠤᠯᠪᠠ᠃ | 5 ᠳ᠋ᠤᠭᠠᠷ ᠰᠠᠷ᠎ᠠ ᠶᠢᠨ 7 ᠤ ᠡᠳᠦᠷ᠂ ᠵᠠᠩ ᠰᠢᠶᠤᠤ ᠹᠸᠢ ᠬᠤᠳᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ | 5 ᠳ᠋ᠤᠭᠠᠷ ᠰᠠᠷ᠎ᠠ ᠶᠢᠨ 10 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠶ ᠯᠢᠶᠠᠨ | ᠢᠦᠶ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ᠃ | 5 ᠳ᠋ᠤᠭᠠᠷ ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠳᠠᠷᠤᠭ᠎ᠠ ᠵᠠᠩ ᠰᠢᠶᠤᠤ ᠹᠸᠢ ︽5 · 1︾ ᠤ ᠠᠮᠠᠷᠠᠯᠲᠠ ᠶᠢᠨ ᠬᠤᠭᠤᠴᠠᠭᠠᠨ ᠤ ᠰᠣᠶᠣᠯ | ᠵᠢᠭᠤᠯᠴᠢᠯᠠᠯ ᠤᠨ ᠠᠵᠢᠯ ᠤᠨ ᠰᠡᠷᠭᠦᠭᠡᠬᠦ ᠬᠤᠷᠠᠯ ᠢ ᠡᠷᠭᠢᠯᠡᠨ ᠬᠤᠷᠠᠯᠳᠤᠭᠤᠯᠪᠠ᠃ | 5 ᠳ᠋ᠤᠭᠠᠷ ᠰᠠᠷ᠎ᠠ ᠶᠢᠨ 16 ᠤ ᠡᠳᠦᠷ᠂ ᠰᠢᠭᠤᠶᠢᠲᠦ ᠲᠤᠭᠤᠷᠢᠭ ᠤᠨ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ | ᠳᠣᠯᠣᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ | 5 ᠳ᠋ᠤᠭᠠᠷ ᠰᠠᠷ᠎ᠠ ᠶᠢᠨ 17 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ | ᠢᠦᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠤᠭᠤᠷᠢᠭ ᠤᠨ ᠨᠠᠮ ᠤᠨ | ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠵᠥᠪᠯᠡᠯ ᠤᠨ ᠬᠤᠷᠠᠯ᠂ ᠰᠢᠭᠤᠶᠢᠲᠤ | ᠲᠣᠭᠤᠷᠢᠭ ᠤᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠲᠤᠭᠤᠷᠢᠭ ᠤᠨ ᠨᠠᠮ ᠤᠨ ᠬᠤᠷᠢᠶᠠᠨ ᠤ | ᠤᠯᠤᠰ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠬᠢᠨᠠᠯᠲᠠ | ᠲᠠᠯᠪᠢᠵᠤ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ | 5 ᠳ᠋ᠤᠭᠠᠷ ᠰᠠᠷ᠎ᠠ ᠶᠢᠨ 24 ᠤ ᠡᠳᠦᠷ ᠰᠢᠭᠤᠶᠢᠲᠦ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠰᠣᠨᠢᠨ ᠤ ᠣᠨᠣᠯ ᠤᠨ ᠰᠤᠳᠤᠯᠤᠨ | ᠦᠢᠯᠡᠳᠦᠯᠭᠡᠵᠢᠭᠦᠯᠬᠦ ᠪᠤᠭᠤᠲᠤ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ | ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ | 5 ᠳ᠋ᠤᠭᠠᠷ ᠰᠠᠷ᠎ᠠ ᠶᠢᠨ 27 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠶ ᠯᠢᠶᠠᠨ | ᠢᠦᠶ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠮᠤᠷ ᠲᠦᠪᠰᠢᠨ | ᠦᠢᠯᠡᠳᠪᠦᠷᠢᠯᠡᠯ ᠤᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | 5 ᠳ᠋ᠤᠭᠠᠷ ᠰᠠᠷ᠎ᠠ ᠶᠢᠨ 29 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | 2024 ᠣᠨ ᠤ 9 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | 6 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠭᠠᠶ ᠯᠢᠶᠠᠨ ᠢᠦᠶ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ | ᠵᠠᠩ ᠰᠢᠶᠤᠤ ᠹᠸᠢ ᠠᠩᠭᠢ ᠪᠠᠨ ᠳᠠᠭᠠᠭᠤᠯᠤᠨ 2 × 66 ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠤ | ᠲᠥᠷᠥᠯ ᠵᠦᠢᠯ ᠢ ᠲᠠᠲᠠᠪᠤᠷᠢᠯᠠᠨ ᠨᠤᠷᠠᠭᠠᠬᠤ ᠠᠵᠢᠯ ᠤᠨ ᠵᠢᠯᠣᠭᠤᠳᠬᠤ ᠭᠠᠵᠠᠷ ᠲᠤ ᠬᠦᠷᠴᠦ ᠪᠠᠶᠢᠴᠠᠭᠠᠨ | ᠰᠤᠳᠤᠯᠤᠯᠲᠠ ᠬᠢᠭᠰᠡᠨ ᠪᠥᠭᠡᠳ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠠᠲᠠᠪᠤᠷᠢᠯᠠᠨ ᠨᠡᠭᠦᠬᠦ ᠺᠠᠳ᠋ᠷᠴᠤᠳ ᠢ | ᠡᠷᠬᠢᠨ ᠦᠵᠡᠪᠡ᠃ | 6 ᠳ᠋ᠤᠭᠠᠷ ᠰᠠᠷ᠎ᠠ ᠶᠢᠨ 3 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠦ ᠲᠤᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ | ᠭᠡᠰᠢᠭᠦᠳ ᠤᠨ ᠬᠤᠷᠠᠯ ᠤᠨ ᠪᠠᠶᠢᠩᠭᠤ ᠶᠢᠨ ᠬᠤᠷᠢᠶᠠᠨ ᠤ 114 ᠳ᠋ᠦ᠋ᠭᠡᠷ ᠤᠳᠠᠭ᠎ᠠ ᠶᠢᠨ ᠬᠤᠷᠠᠯ ᠵᠢᠴᠢ | ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ | ᠬᠤᠷᠠᠯ ᠪᠣᠯᠤᠨ ᠰᠢᠭᠤᠶᠢᠲᠦ ᠲᠤᠭᠤᠷᠢᠭ ᠤᠨ ᠶᠡᠷᠦᠩᠬᠡᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠬᠤᠷᠠᠯ ᠢ ᠡᠷᠬᠢᠯᠡᠨ ᠬᠤᠷᠠᠯᠳᠤᠭᠤᠯᠪᠠ᠃ | 6 ᠳ᠋ᠤᠭᠠᠷ ᠰᠠᠷ᠎ᠠ ᠶᠢᠨ 18 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | 2024 ᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | 6 ᠳ᠋ᠤᠭᠠᠷ ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ | ᠢᠦᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠦ ᠲᠤᠭᠤᠷᠢᠭ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶᠠᠨ ᠤ ᠭᠡᠰᠢᠭᠦᠳ ᠤᠨ ᠬᠤᠷᠠᠯ ᠤᠨ ᠪᠠᠶᠢᠩᠭᠤ ᠶᠢᠨ ᠬᠤᠷᠢᠶᠠᠨ ᠤ 116 ᠳ᠋ᠤᠭᠠᠷ | ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | 6 ᠳ᠋ᠤᠭᠠᠷ ᠰᠠᠷ᠎ᠠ ᠶᠢᠨ 24 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠪᠦᠯᠬᠦᠮ ᠳᠠᠭᠠᠭᠤᠯᠤᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ | ᠪᠡᠯᠡᠳᠬᠡᠯ ᠠᠵᠢᠯ ᠵᠢᠴᠢ ᠪᠤᠭᠤᠲᠤ ᠶᠢᠨ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠴᠢᠳᠠᠮᠵᠢ ᠶᠢ | ᠳᠡᠭᠡᠭᠰᠢᠯᠡᠭᠦᠯᠬᠦ ᠲᠥᠷᠥᠯ ᠵᠦᠢᠯ ᠢ ᠪᠠᠶᠢᠴᠠᠭᠠᠨ ᠰᠤᠳᠤᠯᠪᠠ᠃ | | ᠰᠢᠭᠤᠶᠢᠲᠦ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 2 ᠳ᠋ᠤᠭᠠᠷ ᠬᠤᠭᠤᠴᠠᠭ᠎ᠠ | | ᠨᠠᠶᠢᠷᠠᠭᠤᠯᠤᠨ ᠳᠠᠷᠤᠮᠠᠯᠯᠠᠬᠤ ᠨᠢᠭᠡᠴᠢ᠄ ᠰᠢᠭᠤᠶᠢᠲᠦ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ | ᠬᠡᠪᠯᠡᠯ ᠤᠨ ᠦᠶᠡᠯᠡᠯ ᠤᠨ ᠬᠤᠭᠤᠴᠠᠭ᠎ᠠ᠄ ᠤᠯᠠᠷᠢᠯ ᠤᠨ ᠰᠡᠳᠬᠦᠯ | |