ᠰᠢᠩ ᠸᠠᠩ ᠨᠡᠶᠢᠭᠡᠮ ᠲᠣᠭᠤᠷᠢᠭ ᠬᠡᠪ ᠵᠠᠩᠰᠢᠯ ᠢ ᠥᠭᠡᠷᠡᠴᠢᠯᠡᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/26
         ᠨᠡᠶᠢᠭᠡᠮ ᠤᠨ ᠲᠥᠪ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠠᠭᠤᠴᠢᠨ ᠶᠣᠰᠣ ᠪᠦᠳᠦᠭᠦᠯᠢᠭ ᠵᠠᠩ ᠰᠤᠷᠲᠠᠯ ᠢ ᠡᠪᠳᠡᠵᠦ᠂ ᠨᠡᠶᠢᠭᠡᠮ ᠤᠨ ᠪᠣᠯᠪᠠᠰᠤᠨ ᠤ ᠰᠢᠨ᠎ᠡ ᠬᠡᠪ ᠰᠤᠷᠲᠠᠯ ᠢ ᠰᠠᠨᠠᠭᠠᠴᠢᠯᠠᠬᠤ ᠶᠢᠨ ᠲᠥᠯᠥᠭᠡ᠂ ᠣᠶᠢᠷ᠎ᠠ ᠳᠤ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ︽ᠬᠡᠪ ᠵᠠᠩᠰᠢᠯ ᠢ ᠥᠭᠡᠷᠡᠴᠢᠯᠡᠵᠦ ᠪᠣᠯᠪᠠᠰᠤᠨ ᠢ ᠠᠬᠢᠭᠤᠯᠬᠤ᠂ ᠪᠣᠯᠪᠠᠰᠤᠨ ᠰᠢᠨ᠎ᠡ ᠬᠡᠪ ᠰᠤᠷᠲᠠᠯ ᠢ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠣᠯᠠᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠥᠨᠳᠥᠷ ᠦᠨ᠎ᠡ ᠲᠠᠢ ᠰᠠᠭᠠᠯᠢ ᠶᠢᠨ ᠪᠡᠯᠡᠭ ᠰᠡᠯᠲᠡ᠂ ᠰᠣᠬᠤᠷ ᠪᠠᠯᠠᠢ ᠪᠠᠷ ᠠᠳᠠᠯᠢᠳᠬᠠᠬᠤ᠂ ᠶᠡᠭᠡ ᠪᠠᠷ ᠬᠢᠵᠦ ᠶᠡᠭᠡ ᠪᠠᠷ ᠬᠢᠬᠦ ᠬᠠᠭᠤᠴᠢᠨ ᠶᠣᠰᠣ ᠪᠣᠯᠬᠢ ᠵᠠᠩᠰᠢᠯ ᠢ ᠬᠠᠮᠲᠤᠪᠠᠷ ᠡᠰᠡᠷᠭᠦᠴᠡᠵᠦ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ᠂ ᠠᠵᠢᠯᠴᠢ ᠬᠥᠳᠡᠯᠮᠦᠷᠢᠴᠢ ᠪᠠᠷ ᠪᠠᠶᠠᠵᠢᠬᠤ᠂ ᠰᠢᠨᠵᠢᠯᠡᠬᠦ ᠤᠬᠠᠭᠠᠨ ᠢ ᠡᠷᠬᠢᠮᠯᠡᠬᠦ᠂ ᠮᠤᠬᠤᠷ ᠪᠢᠰᠢᠷᠡᠯ ᠢ ᠡᠰᠡᠷᠭᠦᠴᠡᠬᠦ ᠰᠠᠶᠢᠨ ᠰᠠᠶᠢᠬᠠᠨ ᠬᠡᠪ ᠰᠤᠷᠲᠠᠯ ᠢ ᠢᠳᠡᠪᠬᠢᠲᠡᠢ ᠦᠢᠯᠡᠳᠦᠯᠭᠡᠵᠢᠭᠦᠯᠪᠡ᠃
1720776393841018298.png
         ᠠᠵᠢᠯᠯᠠᠭ᠎ᠠ ᠡᠬᠢᠯᠡᠮᠡᠭᠴᠡ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠤ ᠵᠠᠩ ᠳᠠᠳᠬᠠᠯ ᠢ ᠥᠭᠡᠷᠡᠴᠢᠯᠡᠬᠦ ᠶᠢᠨ ᠠᠴᠢ ᠬᠤᠯᠪᠣᠭᠳᠠᠯ ᠢ ᠤᠬᠠᠭᠤᠯᠤᠨ ᠲᠠᠶᠢᠯᠪᠤᠷᠢᠯᠠᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠣᠯᠪᠠᠰᠤᠨ ᠰᠢᠨ᠎ᠡ ᠰᠤᠷᠲᠠᠯ ᠤᠨ ᠢᠳᠡᠪᠬᠢᠲᠡᠢ ᠰᠠᠨᠠᠭᠠᠴᠢᠯᠠᠭᠴᠢ ᠪᠠ ᠤᠬᠠᠮᠰᠠᠷ ᠠᠴᠠ ᠪᠠᠨ ᠦᠢᠯᠡᠳᠦᠯᠭᠡᠵᠢᠭᠦᠯᠦᠭᠴᠢ ᠪᠣᠯᠭᠠᠬᠤ ᠪᠠᠷ ᠴᠢᠷᠮᠠᠶᠢᠵᠤ᠂ ᠵᠠᠩ ᠳᠠᠳᠬᠠᠯ ᠢ ᠥᠭᠡᠷᠡᠴᠢᠯᠡᠬᠦ ᠤᠬᠠᠭᠤᠯᠭ᠎ᠠ ᠳᠤ ᠢᠳᠡᠪᠬᠢᠲᠡᠢ ᠣᠷᠣᠯᠴᠠᠭᠤᠯᠪᠠ᠃ ᠤᠬᠠᠭᠤᠯᠭ᠎ᠠ ᠶᠢᠨ ᠳᠤᠮᠳᠠ᠂ ᠠᠵᠢᠯᠲᠠᠳ ︽ᠪᠠᠶᠠᠷ ᠤᠨ ᠶᠠᠪᠤᠳᠠᠯ ᠢ ᠰᠢᠨ᠎ᠡ ᠪᠠᠷ ᠰᠢᠢᠳᠪᠦᠷᠢᠯᠡᠬᠦ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠰᠢᠢᠳᠪᠦᠷᠢᠯᠡᠬᠦ︾ ᠣᠶᠢᠯᠠᠭᠠᠭᠳᠠᠬᠤᠨ ᠢ ᠣᠨᠴᠠᠭᠠᠶᠢᠯᠠᠨ ᠴᠢᠬᠤᠯᠠᠴᠢᠯᠠᠵᠤ᠂ ᠰᠠᠭᠤᠭᠠᠯᠢ ᠠᠷᠠᠳ ᠤᠨ ᠤᠯᠠᠭᠠᠨ ᠴᠠᠭᠠᠨ ᠤ ᠶᠠᠪᠤᠳᠠᠯ ᠢ ᠬᠢᠬᠦ ᠦᠶ᠎ᠡ ᠳᠤ ᠠᠷᠪᠢᠯᠠᠨ ᠭᠠᠮᠨᠠᠬᠤ ᠶᠢ ᠴᠢᠬᠤᠯᠠᠴᠢᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠬᠤᠯᠠᠴᠢᠯᠠᠵᠤ᠂ ᠪᠣᠯᠪᠠᠰᠤᠨ ᠢ ᠴᠢᠬᠤᠯᠠᠴᠢᠯᠠᠬᠤ ᠶᠢ ᠵᠣᠷᠢᠭᠵᠢᠭᠤᠯᠪᠠ᠃ ᠡᠭᠦᠨ ᠠᠴᠠ ᠭᠠᠳᠠᠨ᠎ᠠ᠂ ᠪᠠᠰᠠ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠳᠤᠮᠳᠠ᠂ ᠪᠣᠯᠪᠠᠰᠤᠨ ᠶᠣᠰᠣ ᠮᠣᠷᠠᠯ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠰᠠᠶᠢᠨ ᠰᠠᠶᠢᠬᠠᠨ ᠵᠠᠩ ᠳᠠᠳᠬᠠᠯ ᠢ ᠪᠣᠢ ᠪᠣᠯᠭᠠᠬᠤ ᠶᠢ ᠰᠠᠨᠠᠭᠠᠴᠢᠯᠠᠵᠤ᠂ ᠪᠣᠯᠪᠠᠰᠤᠨ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠬᠠᠮᠲᠤ ᠪᠠᠷ ᠪᠣᠢ ᠪᠣᠯᠭᠠᠪᠠ᠃ ᠲᠤᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠰᠠᠭᠤᠭᠠᠯᠢ ᠠᠷᠠᠳ ᠤᠨ ᠢᠳᠡᠪᠬᠢᠲᠡᠢ ᠬᠦᠷᠢᠶᠡᠯᠡᠯ ᠪᠠ ᠬᠠᠯᠠᠭᠤᠨ ᠰᠡᠳᠬᠢᠯᠭᠡ ᠶᠢ ᠣᠯᠤᠭᠰᠠᠨ ᠪᠠᠶᠢᠨ᠎ᠠ᠃         ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠪᠣᠯᠪᠠᠰᠤᠨ᠂ ᠡᠷᠡᠭᠦᠯ ᠴᠢᠭᠢᠷᠠᠭ᠂ ᠰᠢᠨᠵᠢᠯᠡᠬᠦ ᠤᠬᠠᠭᠠᠨᠴᠢ ᠠᠮᠢᠳᠤᠷᠠᠯ ᠤᠨ ᠠᠷᠭ᠎ᠠ ᠮᠠᠶ᠋ᠢᠭ ᠢ ᠪᠣᠢ ᠪᠣᠯᠭᠠᠵᠤ᠂ ᠬᠤᠪᠢ ᠬᠥᠮᠦᠨ ᠠᠴᠠ ᠡᠬᠢᠯᠡᠨ ᠬᠢᠵᠦ᠂ ᠣᠳᠣ ᠠᠴᠠ ᠡᠬᠢᠯᠡᠨ ᠬᠢᠵᠦ᠂ ᠬᠡᠪ ᠵᠠᠩᠰᠢᠯ ᠢ ᠥᠭᠡᠷᠡᠴᠢᠯᠡᠬᠦ ᠳᠠᠭᠠᠭᠤᠯᠤᠭᠴᠢ ᠪᠣᠯᠭᠠᠬᠤ ᠪᠠᠷ ᠴᠢᠷᠮᠠᠶᠢᠨ᠎ᠠ᠃ ᠳᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠬᠢᠨ ︽ᠪᠣᠯᠬᠢ ᠳᠠᠳᠬᠠᠯ ᠢ ᠠᠷᠢᠯᠭᠠᠵᠤ᠂ ᠰᠢᠨ᠎ᠡ ᠰᠤᠷᠲᠠᠯ ᠢ ᠪᠣᠢ ᠪᠣᠯᠭᠠᠬᠤ︾ ᠶᠢ ᠦᠷᠭᠦᠯᠵᠢᠯᠡᠨ ᠪᠦᠬᠦ ᠬᠦᠴᠦᠨ ᠢᠶᠠᠷ ᠢᠶᠠᠨ ᠠᠬᠢᠭᠤᠯᠵᠤ᠂ ᠵᠠᠩ ᠳᠠᠳᠬᠠᠯ ᠢ ᠥᠭᠡᠷᠡᠴᠢᠯᠡᠬᠦ ᠠᠵᠢᠯ ᠢ ᠪᠠᠬᠢᠵᠢᠭᠦᠯᠦᠨ᠎ᠡ᠃
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号