ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠶᠢᠷᠠᠯᠠᠨ ᠬᠠᠯᠠᠮᠵᠢᠯᠠᠵᠤ᠂ ᠬᠠᠶᠢᠷ᠎ᠠ ᠬᠠᠯᠠᠮᠵᠢ ᠶᠢ ᠳᠠᠮᠵᠢᠭᠤᠯᠪᠠ
ᠨᠡᠶᠢᠲᠡᠯᠡᠭᠰᠡᠨ ᠴᠠᠭ᠄
2024/8/26
        ᠵᠠᠯᠠᠭᠤᠴᠤᠳ ᠪᠠᠭᠠᠴᠤᠳ ᠪᠣᠯ ᠡᠬᠡ ᠤᠯᠤᠰ ᠤᠨ ᠢᠷᠡᠭᠡᠳᠦᠶ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠃ ᠨᠠᠮ ᠪᠠ ᠵᠠᠰᠠᠭ ᠤᠨ ᠤᠷᠳᠤᠨ ᠤ ᠬᠠᠶᠢᠷ᠎ᠠ ᠬᠠᠯᠠᠮᠵᠢ᠂ ᠨᠡᠶᠢᠬᠡᠮ ᠤᠨ ᠡᠯ᠎ᠡ ᠡᠳᠡᠬᠡᠳ ᠤᠨ ᠬᠢᠨ ᠤ ᠬᠠᠶᠢᠷ᠎ᠠ ᠬᠠᠯᠠᠮᠵᠢ ᠶᠢ ᠭᠦᠴᠢᠷᠳᠡᠯ ᠳᠤ ᠲᠤᠯᠭᠠᠷᠬᠠᠰᠠᠨ ᠬᠡᠤᠬᠡᠳ ᠲᠤ ᠭᠦᠷᠬᠡᠵᠦ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠤᠨ ᠡᠷᠡᠭᠦᠯ ᠡᠩᠬᠡ ᠪᠠᠷ ᠦᠰᠦᠨ ᠪᠤᠶᠢᠵᠢᠬᠤ ᠶᠢ ᠬᠠᠪᠰᠤᠷᠤᠨ᠂ ᠭᠦᠴᠢᠷᠳᠡᠯ ᠳᠤ ᠲᠤᠯᠭᠠᠷᠬᠠᠰᠠᠨ ᠬᠡᠤᠬᠡᠳ ᠲᠤ ᠦᠰᠦᠨ ᠪᠤᠶᠢᠵᠢᠬᠤ ᠰᠠᠶᠢᠨ ᠰᠠᠶᠢᠬᠠᠨ ᠤᠷᠴᠢᠨ ᠨᠦᠭᠦᠴᠡᠯ ᠢ ᠡᠭᠦᠳᠦᠨ ᠦᠭᠴᠤ᠂ ᠬᠡᠤᠬᠡᠳ ᠲᠤ ᠨᠡᠷᠡᠨ ᠤ ᠬᠡᠷᠡᠯ ᠪᠤᠷᠤᠭᠠᠨ᠂ ᠡᠷᠡᠭᠦᠯ ᠡᠩᠬᠡ ᠪᠠᠶᠠᠷ ᠭᠦᠷ ᠲᠠᠢ ᠪᠠᠷ ᠦᠰᠦᠨ ᠪᠤᠶᠢᠵᠢᠬᠤ ᠪᠤᠯᠭᠠᠬᠤ ᠬᠡᠷᠡᠭᠳᠡᠢ᠃ ᠣᠶᠢᠷ᠎ᠠ ᠳᠤ᠂ ᠵᠡᠭᠡᠯᠢ ᠭᠤᠳᠤᠮᠵᠢ ᠠᠷᠠᠳ ᠤᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠲᠡᠭᠦᠨ ᠳᠤ ᠨᠣᠮ ᠪᠢᠴᠢᠭ᠂ ᠪᠢᠴᠢᠭ ᠤᠨ ᠬᠡᠷᠡᠭᠰᠡᠯ᠂ ᠢᠳᠡᠭᠡᠨ ᠬᠦᠷᠭᠡᠭᠰᠡᠨ ᠪᠠᠶᠢᠨ᠎ᠠ᠃
1720776484280060771.png
        ᠵᠡᠭᠡᠯᠢ ᠭᠤᠳᠤᠮᠵᠢ ᠪᠠ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠤᠳᠤᠷᠢᠳᠤᠯᠭ᠎ᠠ ᠬᠡᠤᠬᠡᠳ ᠪᠠ ᠬᠡᠤᠬᠡᠳ ᠤᠨ ᠡᠵᠢ ᠲᠠᠢ ᠳᠣᠲᠣᠨᠣ ᠪᠠᠷ ᠶᠠᠷᠢᠯᠴᠠᠵᠤ᠂ ᠠᠮᠢᠳᠤᠷᠠᠯ ᠤᠨ ᠳᠤᠮᠳᠠ ᠲᠤᠯᠭᠠᠷᠠᠭᠰᠠᠨ ᠪᠣᠳᠠᠲᠠᠶ ᠬᠦᠴᠢᠷᠳᠡᠯ ᠪᠠ ᠠᠰᠠᠭᠤᠳᠠᠯ ᠢ ᠣᠶᠢᠯᠠᠭᠠᠪᠠ᠃ ᠲᠣᠬᠤᠨᠢᠭᠤᠯᠤᠭᠰᠠᠨ ᠤ ᠳᠠᠷᠠᠭ᠎ᠠ ᠣᠷᠣᠨ ᠰᠠᠭᠤᠴᠠ ᠵᠢᠴᠢ ᠬᠡᠤᠬᠡᠳ ᠤᠨ ᠰᠤᠷᠭᠠᠭᠤᠯᠢ ᠳᠤ ᠰᠠᠭᠤᠬᠤ ᠠᠰᠠᠭᠤᠳᠠᠯ ᠤᠨ ᠲᠤᠬᠠᠶ ᠰᠤᠳᠤᠯᠤᠨ ᠶᠠᠷᠢᠯᠴᠠᠭᠰᠠᠨ ᠪᠥᠭᠡᠳ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠴᠠᠭ ᠲᠤᠬᠠᠶ ᠳᠤᠨᠢ ᠬᠠᠷᠢᠯᠴᠠᠵᠤ ᠪᠠᠶᠢᠭᠠᠳ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠰᠤᠷᠭᠠᠭᠤᠯᠢ ᠳᠤ ᠰᠠᠭᠤᠬᠤ ᠪᠠ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠪᠡ᠃
1720776493308097208.png
         ᠳᠠᠷᠠᠭᠠᠴᠢ ᠶᠢᠨ ᠠᠯᠬᠤᠮ ᠳᠤ ᠵᠡᠭᠡᠯᠢ ᠭᠤᠳᠤᠮᠵᠢ ᠶᠢᠨ ᠬᠢᠨ ᠬᠠᠷᠢᠶᠠᠲᠤ ᠣᠷᠣᠨ ᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠮᠢᠳᠤᠷᠠᠯ᠂ ᠰᠤᠷᠭᠠᠭᠤᠯᠢ ᠳᠤ ᠣᠷᠣᠬᠤ ᠠᠰᠠᠭᠤᠳᠠᠯ ᠢ ᠦᠷᠭᠦᠯᠵᠢᠯᠡᠨ ᠠᠩᠬᠠᠷᠴᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠮᠢᠳᠤᠷᠠᠯ ᠤᠨ ᠣᠷᠴᠢᠨ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠬᠤ ᠪᠣᠯᠤᠨ᠎ᠠ᠃ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ᠂ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠬᠡᠦᠬᠡᠳ ᠨᠢᠭᠡᠪᠦᠷᠢ ᠳᠤ ᠴᠥᠮ ᠠᠯᠪᠠᠨ ᠵᠢᠷᠤᠮ ᠤᠨ ᠰᠤᠷᠭᠠᠨ ᠬᠥᠮᠦᠵᠢᠯ ᠢ ᠬᠦᠷᠲᠡᠭᠡᠨ᠎ᠡ᠃
 
ᠢᠷᠡᠯᠲᠡ᠄ ᠰᠢᠭᠤᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号