ᠰᠢᠭᠤᠶᠢᠲᠤ ᠵᠡᠭᠡᠯᠢ ᠭᠤᠳᠤᠮᠵᠢ ︽ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ︾ ᠶᠢ ᠲᠤᠪᠤᠶᠢᠯᠭᠠᠨ ᠦᠨᠳᠦᠰᠦᠨ ᠱᠠᠲᠤᠨ ᠤ ᠵᠠᠰᠠᠯᠲᠠ ᠶᠢᠨ ᠣᠶᠤᠨᠴᠢᠯᠠᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2024/8/26
        ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠰᠢᠭᠤᠶᠢᠳᠤ ᠵᠡᠭᠡᠯᠢ ᠭᠤᠳᠤᠮᠵᠢ ᠰᠦᠯᠵᠢᠶᠡᠨ ᠳᠡᠭᠡᠷᠡᠬᠢ ᠤᠶᠤᠨᠴᠢᠯᠠᠯᠲᠠ᠂ ᠰᠦᠯᠵᠢᠶᠡᠨ ᠭᠠᠳᠠᠨᠠᠬᠢ ᠲᠤᠤᠷᠴᠢᠯᠠᠯ ᠢ ᠪᠠᠷᠢᠮᠲᠠᠯᠠᠵᠤ᠂ ᠲᠣᠮᠣ ᠳ᠋ᠠᠶᠢᠲ᠋ᠠ ᠶᠢᠨ ᠮᠡᠷᠭᠡᠵᠢᠯ ᠢ ᠬᠡᠷᠡᠭᠯᠡᠨ᠂ ᠲᠤᠤᠷᠴᠢᠯᠠᠭᠰᠠᠨ ᠬᠠᠮᠢᠶᠠᠷᠤᠯᠲᠠ ᠳᠤ ᠲᠦᠰᠢᠭᠯᠡᠨ᠂ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠦᠨᠳᠦᠰᠦᠨ ᠱᠠᠲᠤᠨ ᠤ ᠵᠠᠰᠠᠯᠲᠠ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ ᠠᠮᠤᠷ ᠠᠮᠤᠭᠤᠯᠠᠩ ᠤᠨ ᠪᠠᠶᠢᠭᠤᠯᠤᠯᠲᠠ᠂ ᠠᠶᠤᠯ ᠲᠦᠭᠰᠢᠭᠦᠷᠢ ᠶᠢᠨ ᠳᠠᠯᠳᠠ ᠬᠡᠮ ᠵᠡᠷᠭᠡ ᠡᠯ᠎ᠡ ᠬᠡᠮᠵᠢᠯᠳᠦ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠵᠠᠳᠠᠯᠤᠨ ᠡᠮᠬᠢᠯᠡᠵᠦ᠂ ᠭᠤᠯᠳᠤ ᠴᠢᠭᠯᠡᠯ ᠢᠶᠠᠷ ᠲᠣᠭᠤᠷᠢᠭ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠬᠥᠨᠳᠡᠯᠡᠨ ᠴᠢᠭᠯᠡᠯ ᠢᠶᠠᠷ ᠬᠠᠮᠢᠶ᠎ᠠ ᠪᠥᠬᠦᠶ ᠰᠠᠯᠠᠭ᠎ᠠ ᠮᠥᠴᠢᠷ ᠢ ᠬᠤᠯᠪᠣᠭᠰᠠᠨ ᠦᠨᠳᠦᠰᠦᠨ ᠱᠠᠲᠤᠨ ᠤ ᠵᠠᠰᠠᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠪᠠ᠃        ᠨᠢᠭᠡ ᠳᠤ ᠰᠦᠯᠵᠢᠶ᠎ᠡ ᠬᠤᠯᠪᠣᠨ ᠬᠢᠨᠠᠨ ᠡᠵᠡᠮᠳᠡᠵᠦ᠂ ᠬᠤᠲᠠ ᠶᠢᠨ ᠦᠵᠡᠮᠵᠢ ᠶᠢᠨ ᠡᠮᠬᠢ ᠵᠠᠮᠪᠠᠷᠠᠭ᠎ᠠ ᠥᠬᠡᠶ ᠪᠠᠶᠢᠳᠠᠯ ᠢ ᠡᠰᠡᠷᠭᠦᠴᠡᠨ ᠬᠤᠷᠢᠭᠯᠠᠵᠤ᠂ ᠬᠥᠮᠦᠨ ᠢᠶᠠᠷ ᠰᠡᠷᠭᠡᠶᠢᠯᠡᠬᠦ ᠪᠠ ᠮᠡᠷᠭᠡᠵᠢᠯ ᠢᠶᠠᠷ ᠰᠡᠷᠭᠡᠶᠢᠯᠡᠬᠦ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠨ᠂ ︽ᠢᠨᠲ᠋ᠧᠷ ᠰᠦᠯᠵᠢᠶ᠎ᠡ +︾ ᠰᠡᠳᠬᠢᠬᠦᠶ ᠪᠠᠷ ︽ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ + ᠲᠣᠣᠷᠵᠢᠭᠤᠯᠤᠭᠰᠠᠨ︾ ᠲᠣᠭᠤᠷᠢᠨ ᠪᠠᠶᠢᠴᠠᠭᠠᠬᠤ ᠵᠠᠭᠪᠤᠷ ᠢ ᠪᠣᠶ ᠪᠣᠯᠭᠠᠨ᠎ᠠ᠃ ᠭᠤᠣᠯᠳᠠᠯᠭ᠎ᠠ ᠲᠠᠢ ᠣᠷᠣᠨ ᠪᠠᠶᠢᠷᠢ ᠶᠢ ᠪᠦᠬᠦ ᠴᠠᠭ ᠢᠶᠠᠷ ᠬᠢᠨᠠᠨ ᠡᠵᠡᠮᠳᠡᠵᠦ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠢᠯᠡᠷᠡᠭᠦᠯᠵᠦ᠂ ᠦᠳᠲᠡᠷ ᠲᠦᠷᠭᠡᠨ ᠰᠢᠢᠳᠪᠦᠷᠢᠯᠡᠵᠦ᠂ ᠲᠡᠷᠡ ᠳᠠᠷᠤᠢ ᠳᠤᠨᠢ ᠪᠠᠶᠢᠴᠠᠭᠠᠵᠤ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ᠃ ᠣᠶᠤᠨᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠷᠢᠶ᠎ᠠ ᠣᠷᠣᠨ ᠤ ᠣᠯᠠᠨ ᠨᠡᠶᠢᠲᠡ ᠶᠢᠨ ᠠᠮᠤᠷ ᠲᠦᠪᠰᠢᠨ ᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠦᠨ᠂ ᠲᠣᠭᠤᠷᠢᠭ ᠪᠠᠷᠠᠭᠤᠨ ᠵᠠᠮ ᠪᠠ ᠭᠤᠣᠯᠳᠠᠯᠭ᠎ᠠ ᠲᠠᠢ ᠥᠷᠥᠭᠡᠨ ᠤ ᠭᠡᠷ ᠲᠤ ᠨᠡᠶᠢᠲᠡ 54 ᠬᠢᠨᠠᠨ ᠡᠵᠡᠮᠳᠡᠬᠦ ᠪᠠ ᠰᠠᠭᠤᠭᠠᠯᠢ ᠠᠷᠠᠳ ᠢ ᠬᠠᠪᠰᠤᠷᠤᠨ ᠡᠯ᠎ᠡ ᠲᠥᠷᠥᠯ ᠤᠨ ᠰᠦᠪᠡᠭᠴᠢ ᠶᠢ ᠡᠷᠢᠵᠦ᠂ ᠰᠦᠯᠵᠢᠶᠡᠨ ᠳᠡᠭᠡᠷ᠎ᠡ ᠡᠯ᠎ᠡ ᠲᠥᠷᠥᠯ ᠤᠨ ᠬᠡᠷᠡᠭ ᠢ ᠴᠠᠭ ᠲᠤᠬᠠᠢ ᠳᠤ ᠨᠢ ᠬᠢᠨᠠᠨ ᠬᠡᠮᠵᠢᠬᠦ᠂ ᠰᠦᠯᠵᠢᠶᠡᠨ ᠭᠠᠳᠠᠨ᠎ᠠ ᠨᠠᠷᠢᠯᠢᠭ ᠣᠨᠣᠴᠠᠲᠠᠢ ᠦᠢᠯᠡᠴᠢᠯᠡᠬᠦ ᠬᠠᠮᠢᠶᠠᠷᠤᠯᠲᠠ ᠶᠢ ᠪᠡᠶᠡᠯᠡᠭᠦᠯᠪᠡ᠃
1721095429204072838.png
         ᠬᠤᠶᠠᠷ ᠲᠤ᠂ ᠰᠢᠭᠤᠶᠢᠲᠤ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠲᠣᠣᠷᠵᠢᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠲᠥᠷᠥᠯ ᠵᠦᠢᠯ ᠢ ᠬᠡᠷᠡᠭᠵᠢᠭᠦᠯᠵᠦ᠂ ᠲᠣᠣᠷᠵᠢᠯ ᠤᠨ ᠠᠵᠢᠯᠯᠠᠭᠠᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠨᠠᠭᠰᠢᠳᠠ ᠲᠡᠭᠦᠯᠳᠡᠷᠵᠢᠭᠦᠯᠵᠦ᠂ ᠪᠣᠳᠠᠲᠠᠢ ᠭᠡᠷ ᠪᠠᠶᠢᠰᠢᠩ ᠪᠣᠯᠤᠨ ᠬᠥᠮᠦᠨ ᠠᠮᠠ ᠶᠢᠨ ᠪᠦᠬᠦ ᠬᠡᠮᠵᠢᠶᠡᠨ ᠤ ᠲᠤᠭ᠎ᠠ ᠪᠠᠷᠢᠮᠲᠠ ᠶᠢ ᠬᠤᠯᠪᠣᠯᠳᠤᠭᠤᠯᠵᠤ᠂ ᠪᠦᠬᠦᠨ ᠢ ᠬᠠᠮᠤᠷᠤᠨ ᠬᠠᠮᠢᠶᠠᠷᠬᠤ ᠶᠢ ᠪᠡᠶᠡᠯᠡᠭᠦᠯᠵᠦ᠂ ︽ᠭᠡᠷ ᠢᠶᠠᠷ ᠬᠥᠮᠦᠨ ᠢ ᠡᠷᠢᠬᠦ᠂ ᠬᠥᠮᠦᠨ ᠢᠶᠠᠷ ᠭᠡᠷ ᠡᠷᠢᠬᠦ᠂ ᠭᠡᠷ ᠢᠶᠠᠷ ᠬᠥᠮᠦᠨ ᠢ ᠣᠶᠢᠯᠠᠭᠠᠬᠤ᠂ ᠬᠥᠮᠦᠨ ᠢ ᠪᠠᠶᠢᠴᠠᠭᠠᠵᠤ ᠰᠠᠭᠤᠬᠤ ᠶᠢ ᠪᠡᠶᠡᠯᠡᠭᠦᠯᠬᠦ︾ ᠶᠢ ᠪᠡᠶᠡᠯᠡᠭᠦᠯᠪᠡ᠃
1721095451237051366.png
         ᠭᠤᠷᠪᠠ ᠳᠤ᠂ ᠣᠯᠠᠨ ᠳᠡᠰ ᠳᠠᠪᠬᠤᠷᠭ᠎ᠠ᠂ ᠪᠦᠬᠦᠨ ᠢ ᠬᠠᠮᠤᠷᠤᠭᠰᠠᠨ ︽ᠠᠵᠤ ᠠᠬᠤᠶᠢᠯᠠᠯ ᠤᠨ ᠸᠢᠴᠠᠲ︾ ᠤᠨ ᠬᠠᠮᠢᠶᠠᠷᠤᠯᠲᠠ ᠶᠢᠨ ᠪᠦᠲᠦᠴᠡ ᠶᠢ ᠪᠠᠶᠢᠭᠤᠯᠵᠤ᠂ ︽ᠲᠤᠭ᠎ᠠ ᠪᠠᠷᠢᠮᠲᠠ ᠪᠠᠷ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠣᠯᠭᠤᠵᠤ᠂ ᠠᠵᠤ ᠠᠬᠤᠶᠢᠯᠠᠯ ᠤᠨ ᠸᠢᠴᠠᠲ ᠤᠨ ᠠᠵᠢᠯ ᠤᠨ ᠲᠠᠪᠴᠠᠩ ᠳᠤ ᠲᠦᠰᠢᠭᠯᠡᠨ᠂ ᠴᠢᠯᠥᠭᠡ ᠭᠤᠶᠤᠬᠤ᠂ ᠠᠯᠪᠠᠨ ᠲᠠᠮᠠᠭ᠎ᠠ ᠬᠡᠷᠡᠭᠯᠡᠬᠦ ᠪᠠ ᠡᠳ᠋ ᠪᠣᠳᠠᠰ ᠢ ᠭᠠᠷᠭᠠᠨ ᠬᠡᠷᠡᠭᠯᠡᠬᠦ ᠵᠡᠷᠭᠡ ᠳᠣᠲᠣᠭᠠᠳᠤ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠰᠦᠯᠵᠢᠶᠡᠨ ᠤ ︽ᠬᠠᠭᠤᠳᠠᠰᠤ ᠲᠣᠮᠢᠯᠠᠬᠤ᠂ ᠬᠠᠭᠤᠳᠠᠰᠤ ᠬᠦᠯᠢᠶᠡᠨ ᠠᠪᠬᠤ᠂ ᠭᠦᠢᠴᠡᠳᠬᠡᠬᠦ᠂ ᠬᠠᠷᠢᠭᠤ ᠲᠤᠰᠬᠠᠬᠤ︾ ᠪᠢᠲᠡᠭᠦᠦ ᠴᠠᠭᠠᠷᠢᠭ ᠤᠨ ᠵᠠᠭᠪᠤᠷ ᠢ ᠪᠠᠶᠢᠭᠤᠯᠤᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠴᠠᠭ ᠲᠤᠬᠠᠢ ᠳᠤᠨᠢ ᠬᠠᠷᠢᠭᠤ ᠲᠤᠰᠬᠠᠵᠤ᠂ ᠲᠣᠭᠠᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
1721095467085023480.png
        
 
ᠢᠷᠡᠯᠲᠡ᠄ ᠰᠢᠭᠤᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号