ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ | ᠪᠣᠯᠣᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠮᠠᠨ ᠤ ᠲᠣᠭᠤᠷᠢᠭ ᠤᠨ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ ᠲᠤᠭ᠎ᠠ ᠪᠠᠷᠢᠮᠲᠠ ᠶᠢᠨ | ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠤᠰᠠᠳᠠ᠂ ᠣᠶᠢᠷ᠎ᠠ ᠳᠤ ᠰᠢᠭᠤᠶᠢᠲᠤ ᠲᠣᠭᠤᠷᠢᠭ ᠤᠨ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠬᠤ | ᠰᠠᠯᠠᠭ᠎ᠠ ᠮᠥᠴᠢᠷ ︽ᠭᠤᠷᠪᠠᠨ ᠵᠦᠢᠯ ᠤᠨ ᠠᠷᠭ᠎ᠠ ᠬᠡᠮᠵᠢᠶ᠎ᠡ︾ ᠠᠪᠴᠤ᠂ 17 ᠵᠠᠰᠠᠭ ᠵᠠᠬᠢᠷᠭᠠᠨ ᠤ ᠲᠣᠰᠬᠤᠨ᠂ | ᠭᠠᠴᠠᠭ᠎ᠠ ᠳᠤ ᠠᠵᠢᠯ ᠣᠯᠬᠤ ᠴᠢᠳᠠᠪᠤᠷᠢ ᠲᠠᠢ ᠪᠠ ᠠᠵᠢᠯ ᠣᠯᠬᠤ ᠬᠦᠰᠡᠯ ᠲᠠᠢ ᠮᠠᠯᠴᠢᠨ ᠲᠠᠷᠢᠶᠠᠴᠢᠳ ᠲᠤ ᠦᠨᠡᠨ | ᠨᠡᠷ᠎ᠡ ᠶᠢᠨ ᠳᠦᠷᠢᠮ ᠤᠨ ᠮᠡᠳᠡᠭᠡ ᠵᠠᠩᠭᠢ ᠶᠢ ᠰᠢᠨᠡᠳᠬᠡᠨ ᠣᠷᠣᠭᠤᠯᠬᠤ ᠠᠵᠢᠯ ᠢ ᠬᠢᠪᠡ᠃ | ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠮᠡᠳᠡᠭᠡ ᠵᠠᠩᠭᠢ ᠶᠢ ᠲᠣᠭᠲᠠᠭᠠᠨ᠎ᠠ᠃ ᠡᠯ᠎ᠡ ᠲᠠᠷᠢᠶᠠᠯᠠᠬᠤ | ᠣᠷᠣᠨ ᠤ ᠬᠠᠷᠢᠶ᠎ᠠ ᠣᠷᠣᠨ ᠤ ᠪᠠᠨ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷ᠎ᠠ | ᠬᠥᠳᠡᠯᠮᠦᠷᠢᠯᠡᠬᠦ ᠴᠢᠳᠠᠪᠤᠷᠢ ᠲᠠᠢ ᠪᠠ ᠰᠢᠯᠵᠢᠭᠦᠯᠦᠨ ᠠᠵᠢᠯ ᠣᠯᠭᠤᠬᠤ ᠬᠦᠰᠡᠯ ᠲᠠᠢ ᠪᠠᠶᠢᠬᠤ ᠶᠢ ᠲᠣᠭᠲᠠᠭᠠᠭᠰᠠᠨ | ᠮᠥᠷᠲᠡᠭᠡᠨ ᠬᠤᠶᠠᠳᠤᠭᠠᠷ ᠠᠵᠤ ᠦᠢᠯᠡᠰ᠂ ᠭᠤᠷᠪᠠᠳᠤᠭᠠᠷ ᠠᠵᠤ ᠦᠢᠯᠡᠰ ᠲᠤ ᠰᠢᠯᠵᠢᠭᠦᠯᠦᠨ ᠠᠵᠢᠯ ᠣᠯᠭᠤᠬᠤ | ᠪᠤᠶᠤ ᠲᠠᠷᠢᠶᠠᠯᠠᠬᠤ ᠮᠠᠯᠵᠢᠬᠤ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ ᠪᠣᠳᠠᠲᠤ ᠴᠣᠭᠴᠠ ᠳᠤ | ᠬᠥᠯᠥᠰᠦᠯᠡᠭᠳᠡᠵᠦ ᠨᠢᠭᠡᠳᠦᠭᠡᠷ ᠠᠵᠤ ᠦᠢᠯᠡᠰ ᠡᠷᠭᠢᠯᠡᠵᠦ ᠪᠠᠶᠢᠭ᠎ᠠ ᠬᠥᠳᠡᠯᠮᠦᠷᠢᠯᠡᠭᠴᠢᠳ ᠤᠨ ᠲᠤᠭ᠎ᠠ ᠵᠢᠴᠢ ᠪᠣᠳᠠᠲᠠᠢ | ᠬᠤᠪᠢ ᠬᠥᠮᠥᠨ ᠤ ᠮᠡᠳᠡᠭᠡ ᠵᠠᠩᠭᠢ ᠪᠠᠶᠢᠨ᠎ᠠ᠃ | ᠰᠢᠩᠭᠡᠭᠡᠬᠦ ᠶᠣᠰᠣᠲᠠᠶ ᠶᠢ ᠨᠢ ᠪᠦᠬᠦᠨ ᠢ ᠲᠡᠮᠳᠡᠭᠯᠡᠵᠦ᠂ ᠨᠠᠷᠢᠯᠢᠭ ᠣᠨᠣᠴᠠᠲᠠᠶ ᠲᠤᠭ᠎ᠠ ᠪᠠᠷᠢᠮᠲᠠ ᠶᠢ | ᠬᠡᠷᠡᠭᠯᠡᠨ᠎ᠡ᠃ ︽ᠪᠦᠷᠢᠨ ᠪᠦᠲᠦᠨ᠂ ᠣᠨᠣᠪᠴᠢᠲᠠᠶ᠂ ᠨᠢᠭᠡᠳᠦᠯᠲᠡᠶ᠂ ᠴᠠᠭ ᠲᠤᠬᠠᠶ ᠳᠤᠨᠢ᠂ ᠪᠦᠲᠦᠮᠵᠢᠲᠡᠶ ᠪᠠᠶᠢᠬᠤ︾ | ᠱᠠᠭᠠᠷᠳᠠᠯᠭ᠎ᠠ ᠶᠣᠰᠣᠭᠠᠷ᠂ ᠲᠣᠰ ᠬᠠᠷᠢᠶ᠎ᠠ ᠣᠷᠣᠨ ᠤ ᠪᠠᠨ ︽ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ | ᠬᠦᠴᠦᠨ︾ ᠤ ᠤᠬᠠᠭᠳᠠᠬᠤᠨ ᠤ ᠬᠡᠪᠴᠢᠶᠡᠨ ᠳᠣᠲᠣᠷᠠᠬᠢ ᠠᠵᠢᠯᠲᠠᠨ ᠢ ᠪᠦᠬᠦᠨ ᠢ ᠥᠪᠥᠷ ᠮᠣᠩᠭᠤᠯ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠲᠤᠬᠠᠶᠢᠯᠠᠭᠰᠠᠨ ᠠᠵᠢᠯ ᠤᠨ | ᠶᠡᠷᠦᠩᠬᠡᠶᠢᠯᠡᠨ ᠭᠦᠢᠴᠡᠳᠭᠡᠬᠦ ᠲᠠᠪᠴᠠᠩ ᠳᠤ ᠣᠷᠣᠭᠤᠯᠤᠨ᠎ᠠ᠃ ᠨᠢᠭᠡᠨᠲᠡ ᠰᠢᠩᠭᠡᠭᠡᠵᠦ ᠣᠷᠣᠭᠤᠯᠤᠭᠰᠠᠨ | ᠠᠵᠢᠯᠲᠠᠨ ᠤ ᠦᠨᠳᠦᠰᠦᠨ ᠮᠡᠳᠡᠭᠡ ᠵᠠᠩᠭᠢ ᠶᠢ ᠤᠯᠠᠮ ᠨᠢᠭᠡ ᠠᠯᠬᠤᠮ ᠬᠢᠨᠠᠨ ᠬᠠᠷᠭᠤᠭᠤᠯᠵᠤ᠂ ᠣᠷᠬᠢᠭᠳᠠᠭᠰᠠᠨ ᠢ | ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠦᠬᠦᠭᠰᠡᠨ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ᠂ ᠨᠡᠭᠦᠳᠡᠯ | ᠠᠷᠠᠳ ᠵᠡᠷᠭᠡ ᠡᠭᠦᠷᠢᠳᠡ ᠶᠢᠨ ᠴᠢᠨᠠᠷᠲᠠᠶ ᠤᠬᠤᠷᠢᠨ ᠭᠠᠷᠤᠭᠰᠠᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠠᠴᠠ | ᠤᠬᠤᠷᠢᠨ ᠭᠠᠷᠤᠭᠰᠠᠨ ᠪᠠᠶᠢᠳᠠᠯ ᠳᠤ ᠴᠢᠭᠯᠡᠭᠦᠯᠦᠨ᠂ ︽ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ | ᠡᠬᠢ ᠪᠠᠶᠠᠯᠢᠭ ᠢ ᠪᠠᠭᠠᠰᠬᠠᠬᠤ︾ ᠰᠢᠢᠳᠪᠦᠷᠢᠯᠡᠯᠲᠡ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ | ᠬᠦᠴᠦᠨ ᠤ ᠦᠨᠡᠨ ᠨᠡᠷ᠎ᠡ ᠶᠢᠨ ᠲᠦᠷᠢᠮ ᠤᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠣᠷᠣᠭᠤᠯᠬᠤ ᠶᠢ | ᠪᠥᠬᠦ ᠲᠠᠯ᠎ᠠ ᠪᠠᠷ᠂ ᠰᠢᠨᠡᠳᠬᠡᠵᠦ᠂ ᠮᠡᠳᠡᠭᠡ ᠵᠠᠩᠭᠢ ᠪᠦᠷᠢᠨ ᠪᠦᠲᠦᠨ ᠪᠠᠶᠢᠬᠤ ᠶᠢ ᠦᠨᠡᠨᠬᠦ ᠪᠡᠶᠡᠯᠡᠭᠦᠯᠦᠨ᠎ᠡ᠃ | ᠣᠳᠣᠬᠠᠨ ᠪᠣᠯᠲᠠᠯ᠎ᠠ᠂ ᠮᠠᠯᠵᠢᠬᠤ ᠲᠠᠷᠢᠶᠠᠯᠠᠬᠤ ᠣᠷᠣᠨ ᠤ 3575 ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ | ᠣᠯᠭᠤᠵᠤ᠂ ᠬᠤᠲᠠ ᠶᠢᠨ ᠬᠠᠷᠠᠯᠲᠠ 3500 ᠬᠥᠮᠦᠨ ᠤ 102.1% ᠶᠢ ᠪᠡᠶᠡᠯᠡᠭᠦᠯᠵᠦ᠂ 6 ᠰᠠᠷ᠎ᠠ ᠠᠴᠠ | ᠳᠡᠭᠡᠭᠰᠢ 3208 ᠬᠥᠮᠦᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠶᠢᠨ ᠬᠠᠷᠠᠯᠲᠠ 3000 ᠬᠥᠮᠦᠨ ᠤ | 107 % ᠶᠢ ᠪᠡᠶᠡᠯᠡᠭᠦᠯᠪᠡ᠃ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ ᠠᠵᠢᠯ ᠤᠨ | ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠣᠳᠠᠲᠠᠢ ᠬᠠᠷᠢᠭᠤᠴᠠᠯᠭ᠎ᠠ ᠶᠢ ᠬᠥᠮᠥᠨ ᠳᠤᠨᠢ ᠨᠠᠶᠢᠳᠠᠪᠤᠷᠢᠵᠢᠭᠤᠯᠤᠨ᠂ | ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ | ᠣᠯᠭᠤᠯᠲᠠ ᠶᠢᠨ ᠰᠠᠯᠠᠭ᠎ᠠ ᠮᠥᠴᠢᠷ ᠸᠢᠴᠠᠲ ᠤᠨ ᠬᠤᠯᠪᠣᠭ᠎ᠠ ᠬᠢᠭᠡᠳ ᠦᠨᠳᠦᠰᠦᠨ ᠱᠠᠲᠤᠨ ᠤ ᠠᠵᠢᠯ | ᠣᠯᠭᠤᠯᠲᠠ ᠶᠢᠨ ᠲᠠᠪᠴᠠᠩ ᠤᠨ ᠠᠵᠢᠯᠲᠠᠨ ᠴᠠᠭ ᠲᠤᠬᠠᠢ ᠳᠤᠨᠢ ᠨᠡᠪᠲᠡᠷᠡᠯᠴᠡᠨ ᠬᠠᠮᠠᠭᠠᠯᠠᠬᠤ ᠳᠤᠮᠳᠠ ᠲᠤᠯᠭᠠᠷᠠᠭᠰᠠᠨ | ᠠᠰᠠᠭᠤᠳᠠᠯ ᠢ ᠴᠠᠭ ᠲᠤᠬᠠᠢ ᠳᠤᠨᠢ ᠨᠡᠪᠲᠡᠷᠡᠯᠴᠡᠭᠦᠯᠵᠦ᠂ ᠡᠯ᠎ᠡ ᠭᠠᠴᠠᠭ᠎ᠠ ᠲᠣᠰᠬᠤᠨ ᠢ ᠴᠠᠭ ᠲᠤᠬᠠᠢ ᠳᠤᠨᠢ ᠲᠤᠭ᠎ᠠ | ᠪᠠᠷᠢᠮᠲᠠ ᠶᠢ ᠬᠠᠮᠠᠭᠠᠯᠠᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠵᠤ᠂ ᠮᠠᠯᠵᠢᠬᠤ | ᠲᠠᠷᠢᠶᠠᠯᠠᠬᠤ ᠣᠷᠣᠨ ᠤ ᠰᠢᠯᠵᠢᠭᠦᠯᠦᠨ ᠠᠵᠢᠯ ᠣᠯᠭᠤᠬᠤ ᠬᠥᠳᠡᠯᠮᠦᠷᠢ ᠬᠦᠴᠦᠨ ᠤ ᠲᠤᠭ᠎ᠠ ᠪᠠᠷᠢᠮᠲᠠ ᠶᠢᠨ | ᠵᠠᠰᠠᠯᠲᠠ ᠶᠢᠨ ᠲᠦᠷᠭᠡᠨ ᠪᠥᠭᠡᠳ ᠣᠨᠣᠪᠴᠢᠲᠠᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠶᠢᠰᠢᠳᠠ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠤᠳ ᠰᠢᠯᠵᠢᠭᠦᠯᠦᠨ ᠠᠵᠢᠯ ᠣᠯᠭᠤᠬᠤ | ᠠᠵᠢᠯ ᠤᠨ ᠡᠷᠴᠢᠮ ᠢᠶᠠᠨ ᠪᠦᠬᠦ ᠲᠠᠯ᠎ᠠ ᠪᠠᠷ ᠴᠢᠩᠭᠠᠷᠠᠭᠤᠯᠵᠤ᠂ ᠱᠠᠭᠠᠷᠳᠠᠯᠭ᠎ᠠ ᠶᠣᠰᠣᠭᠠᠷ ᠰᠢᠯᠵᠢᠭᠦᠯᠦᠨ ᠠᠵᠢᠯ | ᠣᠯᠭᠤᠬᠤ ᠦᠨᠡᠨ ᠨᠡᠷ᠎ᠡ ᠶᠢᠨ ᠳᠦᠷᠢᠮ ᠤᠨ ᠰᠢᠰᠲ᠋ᠧᠮ ᠤᠨ ᠲᠤᠭ᠎ᠠ ᠪᠠᠷᠢᠮᠲᠠ ᠶᠢ ᠰᠢᠨᠡᠳᠬᠡᠨ ᠬᠠᠮᠠᠭᠠᠯᠠᠵᠤ᠂ ᠲᠤᠭ᠎ᠠ | ᠪᠠᠷᠢᠮᠲᠠ ᠶᠢᠨ ᠣᠨᠣᠪᠴᠢᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ | ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠨᠠᠷᠢᠯᠢᠭ ᠣᠨᠣᠴᠠᠲᠠᠢ ᠪᠠᠶᠢᠳᠠᠯ ᠢ ᠮᠥᠷᠳᠡᠨ ᠬᠠᠮᠢᠶᠠᠷᠬᠤ ᠶᠢ | ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠬᠥᠳᠡᠯᠮᠦᠷᠢ ᠬᠦᠴᠦᠨ ᠤ ᠦᠨᠳᠦᠰᠦᠨ ᠮᠡᠳᠡᠭᠡ ᠵᠠᠩᠭᠢ ᠵᠢᠴᠢ ᠠᠵᠢᠯ | ᠣᠯᠬᠤ ᠬᠦᠰᠡᠯ ᠰᠠᠨᠠᠭ᠎ᠠ ᠶᠢ ᠣᠨᠣᠪᠴᠢᠲᠠᠢ ᠣᠶᠢᠯᠠᠭᠠᠵᠤ᠂ ᠬᠠᠷᠢᠶ᠎ᠠ ᠣᠷᠣᠨ ᠤ ᠣᠯᠠᠨ ᠲᠦᠮᠡᠨ ᠢ ᠬᠠᠪᠰᠤᠷᠤᠨ ᠠᠳᠠᠯ | ᠦᠢᠯᠡᠰ ᠴᠣᠭᠴᠠᠯᠠᠨ ᠠᠵᠢᠯ ᠣᠯᠭᠤᠵᠤ᠂ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠦᠨ᠎ᠡ᠃ |