ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ︽ᠬᠠᠮᠠᠭᠠᠯᠠᠵᠤ︾ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/8/26
         ᠣᠶᠢᠷ᠎ᠠ ᠳᠤ᠂ ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠶᠡᠭᠡ ᠪᠠᠷ ᠠᠬᠢᠭᠤᠯᠬᠤ ᠶᠢᠨ ᠲᠥᠯᠥᠭᠡ᠂ ᠰᠢᠭᠤᠶᠢᠲᠤ ᠲᠣᠭᠤᠷᠢᠭ ᠤᠨ  ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ︽ᠭᠤᠶᠤᠴᠢᠯᠠᠬᠤ ᠦᠭᠡᠢ ᠪᠣᠯ ᠳᠠᠷᠤᠢ ᠭᠥᠷᠳᠡᠬᠦ︾ ᠦᠢᠯᠡᠴᠢᠯᠡᠭᠡᠨ ᠤ ᠵᠠᠭᠪᠤᠷ ᠢ ᠠᠪᠴᠤ᠂ ᠠᠵᠤ ᠠᠬᠤᠶᠢᠯᠠᠯ ᠤᠨ ︽ᠭᠤᠶᠤᠴᠢᠯᠠᠬᠤ ᠠᠴᠠ ᠬᠡᠯᠲᠦᠷᠢᠭᠦᠯᠬᠦ︾ ︽ᠮᠠᠲ᠋ᠧᠷᠢᠶᠠᠯ ᠢ ᠭᠡᠯᠳᠦᠷᠢᠭᠦᠯᠬᠦ︾ ︽ᠭᠦᠶᠦᠯᠭᠡᠬᠦ︾ ᠶᠢ ᠬᠡᠯᠲᠦᠷᠢᠭᠦᠯᠵᠦ᠂ ᠰᠢᠰᠲ᠋ᠧᠮ ᠤᠨ ᠳᠣᠲᠣᠭᠠᠳᠤ ᠶᠢᠨ ᠲᠤᠭ᠎ᠠ ᠪᠠᠷᠢᠮᠲᠠ ᠶᠢᠨ ᠬᠠᠷᠢᠴᠠᠭᠤᠯᠤᠯ ᠢᠶᠠᠷ ᠳᠠᠮᠵᠢᠭᠤᠯᠤᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠢ ᠣᠨᠣᠪᠴᠢᠲᠠᠢ ᠲᠣᠭᠲᠠᠭᠠᠵᠤ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠪᠡᠯᠡ ᠮᠥᠩᠭᠦ ᠶᠢ ᠨᠠᠷᠢᠯᠢᠭ ᠣᠨᠣᠴᠠᠲᠠᠢ ᠪᠠᠷ ᠲᠠᠷᠬᠠᠭᠠᠪᠠ᠃ 2024 ᠣᠨ ᠤ ᠳᠣᠣᠷ᠎ᠠ ᠬᠠᠭᠠᠰ ᠵᠢᠯ ᠳᠤ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠨᠥᠬᠦᠴᠡᠯ ᠳᠤ ᠨᠡᠶᠢᠴᠡᠬᠦ 115 ᠠᠵᠤ ᠠᠬᠤᠶᠢᠯᠠᠯ ᠢ ᠬᠢᠨᠠᠨ ᠬᠠᠷᠭᠤᠭᠤᠯᠬᠤ ᠬᠤᠷᠳᠤᠴᠠ ᠶᠢ ᠲᠦᠷᠭᠡᠳᠬᠡᠬᠦ ᠶᠢᠨ ᠬᠠᠮᠲᠤ ᠬᠤᠲᠠ ᠶᠢᠨ ᠱᠠᠲᠤᠨ ᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃
1721292104389092675.jpeg
        ᠬᠤᠶᠢᠰᠢᠳᠠ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ ᠠᠵᠤ ᠠᠬᠤᠶᠢᠯᠠᠯ ᠳᠤ ᠣᠷᠣᠭᠤᠯᠬᠤ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠨᠥᠬᠦᠴᠡᠯ ᠳᠤ ᠨᠡᠶᠢᠴᠡᠬᠦ ᠨᠠᠩ ᠣᠯᠠᠨ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠲᠡᠳᠬᠦᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号