ᠰᠢᠭᠤᠶᠢᠲᠤ ᠵᠡᠭᠡᠯᠢ ᠭᠤᠳᠤᠮᠵᠢ ᠠᠶᠤᠯᠭᠦᠢ ᠦᠢᠯᠡᠳᠪᠦᠷᠢᠯᠡᠯ  ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/26
        ︽ᠠᠶᠣᠯᠭᠦᠢ ᠦᠢᠯᠡᠳᠪᠦᠷᠢᠯᠡᠯ ᠤᠨ ᠶᠡᠭᠡ ᠤᠬᠠᠭᠤᠯᠭ᠎ᠠ︾ ᠶᠢᠨ ᠠᠵᠢᠯᠯᠠᠭ᠎ᠠ ᠶᠢᠨ ᠠᠵᠢᠯ ᠤᠨ ᠱᠠᠭᠠᠷᠳᠠᠯᠭ᠎ᠠ ᠶᠢ ᠯᠠᠪᠳᠠᠭᠤᠨ ᠪᠠᠲᠣᠲᠠᠢ ᠨᠠᠶᠢᠲᠠᠪᠣᠷᠢᠵᠢᠭᠤᠯᠵᠣ᠂ ᠣᠯᠠᠨ ᠲᠦᠮᠡᠨ ᠤ ᠠᠶᠣᠯᠭᠦᠢ ᠦᠢᠯᠡᠳᠪᠦᠷᠢᠯᠡᠯ ᠤᠨ ᠦᠵᠡᠯ ᠤᠬᠠᠮᠰᠠᠷ ᠢ ᠲᠠᠰᠣᠷᠠᠯᠲᠠ ᠦᠭᠡᠢ ᠳᠡᠭᠡᠭᠰᠢᠯᠡᠬᠦᠯᠦᠨ᠂ ᠠᠶᠣᠯᠭᠦᠢ ᠦᠢᠯᠡᠳᠪᠦᠷᠢᠯᠡᠯ ᠤᠨ ᠠᠳᠡᠯ ᠢ ᠰᠡᠷᠭᠡᠶᠢᠯᠡᠬᠦ ᠪᠠ ᠪᠠᠭᠠᠰᠬᠠᠵᠤ᠂ ᠣᠯᠠᠨ ᠲᠦᠮᠡᠨ ᠤ ᠪᠡᠶ᠎ᠡ ᠪᠣᠯᠣᠨ ᠡᠳ᠋ ᠬᠦᠷᠦᠩᠭᠡ ᠶᠢᠨ ᠠᠮᠣᠷ ᠲᠦᠪᠰᠢᠨ ᠢ ᠪᠠᠲᠣᠯᠠᠬᠤ ᠶᠢᠨ ᠲᠦᠯᠦᠭᠡ᠂ 7 ᠰᠠᠷ᠎ᠠ ᠶᠢᠨ 18 ᠤ ᠡᠳᠦᠷ᠂ ᠰᠢᠭᠤᠶᠢᠲᠦ ᠵᠡᠭᠡᠯᠢ ᠭᠤᠲᠣᠮᠵᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠣᠯᠲᠠ ᠶᠢᠨ ᠲᠣᠪᠴᠢᠶ᠎ᠠ ᠲᠠᠢ ᠬᠠᠮᠲᠣᠷᠠᠨ ᠠᠶᠣᠯᠭᠦᠢ ᠦᠢᠯᠡᠳᠪᠦᠷᠢᠯᠡᠯ ᠤᠨ ᠶᠡᠭᠡ ᠣᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠣᠨ ᠦᠷᠨᠢᠬᠦᠯᠪᠡ᠃
1721273901057052594.png
1721273956781035092.png
        ᠲᠤᠰ ᠤᠳᠠᠭ᠎ᠠ ᠶᠢᠨ ᠠᠵᠢᠯᠯᠠᠭ᠎ᠠ ᠨᠢ ᠵᠤᠷᠰᠢᠯ ᠤᠨ ᠲᠦᠯᠬᠢᠯᠲᠡ ᠲᠠᠯᠪᠢᠬᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠶᠢ ᠲᠠᠶᠢᠯᠪᠤᠷᠢᠯᠠᠬᠤ ᠵᠡᠷᠭᠡ ᠭᠡᠯᠪᠡᠷᠢ ᠪᠠᠷ ᠶᠠᠪᠤᠭᠳᠠᠵᠠᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠳᠦᠷᠢᠮ ᠵᠢᠴᠢ ᠬᠠᠤᠯᠢ ᠠᠴᠠ ᠵᠥᠷᠢᠴᠡᠭᠰᠡᠨ ᠦᠢᠯᠡᠳᠪᠦᠷᠢᠯᠡᠯ ᠤᠨ ᠲᠤᠬᠠᠢ ᠢᠯᠡᠴᠢᠯᠡᠨ ᠵᠠᠭᠠᠯᠳᠤᠬᠤ ᠠᠷᠭ᠎ᠠ ᠶᠢ ᠣᠯᠠᠨ ᠲᠦᠮᠡᠨ ᠳᠤ ᠲᠦᠭᠡᠮᠡᠯᠵᠢᠭᠦᠯᠵᠡᠢ᠃ ᠡᠷᠭᠢᠨ ᠲᠣᠭᠤᠷᠢᠨ ᠤ ᠬᠤᠳᠠᠯᠳᠤᠭᠠᠴᠢᠳ ᠲᠤ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠶᠢᠨ ᠭᠠᠷ ᠳᠡᠪᠲᠡᠷ ᠣᠯᠭᠤᠵᠤ᠂ ᠬᠤᠳᠠᠯᠳᠤᠭᠠᠨ ᠤ ᠡᠷᠦᠭᠡ ᠶᠢ ᠵᠡᠭᠡᠯᠢ ᠭᠤᠳᠤᠮᠵᠢ ᠶᠢᠨ ᠴᠢᠬᠤᠯᠠ ᠪᠦᠷᠢᠯᠳᠦᠭᠦᠨ ᠬᠡᠰᠡᠭ ᠪᠤᠯᠭᠠᠵᠤ᠂ ᠡᠳᠦᠷ ᠳᠣᠳᠣᠮ ᠤᠨ ᠣᠯᠠᠨ ᠲᠦᠮᠡᠨ ᠤ ᠶᠠᠪᠤᠯᠴᠠᠭ᠎ᠠ ᠣᠯᠠᠨ ᠲᠤᠯᠠ᠂ ᠤᠰᠤ᠂ ᠰᠢᠲᠠᠮᠠᠬᠠᠢ ᠬᠡᠢ᠂ ᠴᠠᠭᠢᠯᠭᠠᠨ ᠬᠡᠷᠡᠭᠰᠡᠯ ᠵᠡᠷᠭᠡ ᠠᠶᠤᠯ ᠦᠭᠡᠢ ᠶᠢᠨ ᠠᠳᠡᠯ ᠢ ᠰᠡᠷᠭᠡᠶᠢᠯᠡᠬᠦ ᠶᠢ ᠨᠡᠩ ᠴᠢᠬᠤᠯᠠᠴᠢᠯᠠᠨ᠂ ᠭᠠᠯ ᠤᠨᠲᠠᠷᠠᠭᠠᠬᠤ ᠮᠠᠰᠢᠨ ᠢ ᠬᠡᠷᠬᠢᠨ ᠬᠡᠷᠡᠭᠯᠡᠬᠦ ᠶᠢ ᠤᠬᠠᠭᠤᠯᠵᠤ᠂ ᠠᠶᠤᠯ ᠲᠦᠭᠰᠢᠭᠦᠷᠢ ᠲᠤᠯᠭᠠᠷᠠᠪᠠᠯ ᠳᠠᠷᠤᠢ ᠲᠦᠷᠭᠡᠨ ᠣᠨᠣᠪᠴᠢᠲᠠᠢ ᠮᠡᠳᠡᠭᠡᠯᠡᠬᠦ ᠵᠡᠷᠭᠡ ᠠᠶᠤᠯ ᠦᠭᠡᠢ ᠶᠢᠨ ᠮᠡᠳᠡᠯᠭᠡ ᠶᠢ ᠤᠬᠠᠭᠤᠯᠵᠤ᠂ ᠠᠶᠤᠯ ᠦᠭᠡᠢ ᠶᠢ ᠰᠡᠷᠭᠡᠶᠢᠯᠡᠬᠦ ᠬᠡᠷᠡᠭᠲᠡᠢ᠃          ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠠᠶᠤᠯ ᠦᠭᠡᠢ ᠦᠢᠯᠡᠳᠪᠦᠷᠢᠯᠡᠯ ᠤᠨ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠠᠮᠤᠷ ᠲᠦᠪᠰᠢᠨ ᠢ ᠰᠡᠷᠭᠡᠶᠢᠯᠡᠬᠦ ᠦᠵᠡᠯ ᠤᠬᠠᠮᠰᠠᠷ ᠢ ᠨᠡᠮᠡᠭᠳᠡᠭᠦᠯᠦᠨ᠂ ᠠᠶᠤᠯ ᠦᠭᠡᠢ ᠦᠢᠯᠡᠳᠪᠦᠷᠢᠯᠡᠯ ᠤᠨ ᠰᠠᠭᠤᠷᠢ ᠮᠡᠳᠡᠯᠭᠡ ᠵᠢᠴᠢ ᠲᠦᠭᠰᠢᠭᠦᠷᠢᠲᠦ ᠪᠠᠶᠢᠳᠠᠯ ᠢ ᠥᠪᠡᠷ ᠢᠶᠠᠨ ᠠᠪᠤᠷᠠᠬᠤ ᠦᠨᠳᠦᠰᠦᠨ ᠠᠵᠢᠯᠯᠠᠬᠤ ᠠᠷᠭ᠎ᠠ ᠶᠢ ᠲᠦᠭᠡᠮᠡᠯᠵᠢᠭᠦᠯᠦᠭᠰᠡᠨ ᠪᠣᠯᠬᠤᠷ ᠠᠶᠤᠯ ᠦᠭᠡᠢ ᠶᠢᠨ ᠬᠡᠪ ᠴᠢᠨᠠᠷ ᠢ ᠬᠥᠮᠥᠵᠢᠭᠦᠯᠬᠦ ᠶᠢᠨ ᠠᠰᠢᠭᠲᠠᠢ ᠦᠢᠯᠡᠳᠦᠯᠭᠡ ᠪᠠᠶᠢᠵᠤ᠂ ᠠᠶᠤᠯ ᠦᠭᠡᠢ ᠦᠢᠯᠡᠳᠪᠦᠷᠢᠯᠡᠯ ᠤᠨ ᠦᠵᠡᠯᠲᠡ ᠶᠢ ᠬᠥᠮᠥᠰ ᠤᠨ ᠰᠡᠳᠬᠢᠯ ᠳᠤ ᠭᠦᠨ ᠰᠠᠭᠤᠭᠳᠠᠭᠤᠯᠵᠤ᠂ ᠬᠠᠷᠢᠶ᠎ᠠ ᠣᠷᠣᠨ ᠤ ︽ᠬᠥᠮᠥᠨ ᠪᠠ ᠬᠡᠷᠡᠭ ᠶᠠᠪᠤᠳᠠᠯ ᠪᠦᠭᠦᠨ ᠳᠤ ᠠᠮᠤᠷ ᠲᠦᠪᠰᠢᠨ ᠢ ᠡᠷᠭᠢᠮᠯᠡᠭᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠮᠤᠷ ᠲᠦᠪᠰᠢᠨ ᠢ ᠠᠬᠢᠭᠤᠯᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠶᠢ ᠠᠬᠢᠭᠤᠯᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号