ᠥᠨᠥ ᠵᠣᠨ ᠥᠪᠥᠷ ᠮᠣᠩᠭᠤᠯ ᠬᠥᠭᠵᠢᠮ ᠢᠶᠠᠷ ᠪᠢᠯᠬᠠᠨᠠᠮ—ᠥᠨᠢᠷ ᠰᠠᠶᠢᠬᠠᠨ ᠬᠥᠳᠡᠭᠡ ᠲᠣᠰᠬᠤᠨ ᠤ ᠳᠠᠭᠤᠤ ᠬᠥᠭᠵᠢᠮ ᠤᠨ ᠨᠠᠶᠢᠷᠠᠯᠳᠤᠭᠠᠨ︕ ᠬᠤᠶᠠᠷ ᠡᠳᠦᠷ ᠳᠠᠷᠠᠭᠠᠯᠠᠨ᠂ ᠪᠢᠳᠡ ᠴᠢᠩ ᠱᠠᠨ ᠲᠣᠰᠬᠤᠨ ᠳᠤ ᠨᠠᠭᠠᠳᠤᠨ ᠴᠡᠩᠬᠡᠶ᠎ᠡ ~
ᠨᠡᠶᠢᠲᠡᠯᠡᠭᠰᠡᠨ ᠴᠠᠭ᠄
2024/8/26
        ᠳᠠᠭᠤᠤ ᠬᠥᠭᠵᠢᠮ ᠤᠨ ᠨᠠᠶᠢᠷ        ᠠᠵᠢᠯ ᠠᠮᠢᠳᠤᠷᠠᠯ ᠪᠦᠷ ᠪᠤᠬᠢᠨᠢᠳᠤᠯ ᠲᠠᠢ᠂ ᠬᠥᠬᠡᠮᠳᠦᠭ ᠠᠭᠤᠯᠠ ᠪᠣᠯᠣᠨ ᠳᠠᠭᠤᠤ ᠬᠥᠭᠵᠢᠮ ᠪᠠᠶᠢᠭᠰᠠᠨ ᠳᠠᠭᠠᠨ ᠪᠣᠯᠵᠠᠢ᠂ ᠡᠰᠡ ᠲᠡᠭᠡᠪᠡᠯ ᠬᠥᠮᠥᠨ ᠲᠥᠷᠥᠯᠬᠢᠲᠡᠨ ᠤ ᠣᠷᠭᠢᠯᠤᠮ᠎ᠠ ᠬᠠᠯᠠᠭᠤᠨ ᠬᠠᠶᠢᠷ᠎ᠠ ᠶᠢ ᠬᠠᠮᠢᠭᠠᠰᠢ ᠪᠠᠨ ᠲᠠᠯᠪᠢᠬᠤ ᠪᠤᠢ᠃        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠳᠡᠭᠡ ᠲᠤᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠤᠰᠬᠤᠨ ᠴᠢᠩ ᠱᠠᠨ ᠲᠣᠰᠬᠤᠨ ᠳᠤ ᠬᠦᠷᠴᠦ ᠨᠢᠭᠡ ᠲᠠᠯᠠᠪᠠᠢ ᠳᠠᠭᠤᠤ ᠬᠥᠭᠵᠢᠮ ᠤᠨ ᠦᠪᠡᠳᠡᠭᠰᠢ ᠳᠠᠶᠢᠯᠠᠯᠭ᠎ᠠ ᠪᠠᠷ 2024 ᠣᠨ ᠤ ᠵᠤᠨ ᠤ ᠤᠯᠠᠷᠢᠯ ᠠᠴᠠ ᠠᠶᠠᠷᠯᠠᠵᠤ᠂ ᠪᠠᠶᠠᠷ ᠬᠦᠷ  ᠲᠠᠢ ᠠᠮᠢᠳᠤᠷᠠᠵᠤ᠂ ᠡᠷᠬᠡ ᠴᠢᠯᠦᠭᠡ ᠲᠠᠢ ᠪᠠᠷ ᠴᠢᠮ᠎ᠠ ᠲᠠᠢ ᠪᠣᠯᠵᠤᠬᠤ ᠵᠠᠮ ᠳᠠᠭᠠᠨ ᠪᠤᠢ᠃        ᠳᠠᠭᠤᠤ ᠬᠦᠭᠵᠢᠮ ᠤᠨ ᠨᠠᠶᠢᠷ — ᠪᠠᠶᠠᠷ ᠪᠠᠭ᠋ᠠᠳᠤᠯ ᠢᠶᠠᠷ ᠠᠮᠢᠳᠤᠷᠠᠯ ᠢᠶᠠᠨ ᠡᠳ᠋ᠯᠡᠨ᠎ᠡ        ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠨᠠᠷᠠᠲᠤ ᠲᠡᠮᠳᠡᠭ ᠢ ᠦᠷᠭᠦᠯᠵᠢᠯᠡᠨ ᠪᠣᠶ ᠪᠣᠯᠭᠠᠵᠤ᠂ ᠴᠠᠭ ᠤᠨ ᠥᠩᠭᠡ ᠶᠢ ᠳᠠᠭᠠᠭᠰᠠᠨ ᠵᠠᠯᠠᠭᠤᠴᠤᠳ᠂ ᠢᠲᠡᠭᠡᠯ ᠳᠦᠭᠦᠷᠡᠩ ᠠᠮᠢᠵᠢᠷᠠᠯ ᠤᠨ ᠬᠦᠴᠦᠨ ᠲᠠᠢ ᠬᠥᠳᠡᠭᠡ ᠲᠣᠰᠬᠤᠨ ᠤ ᠳᠦᠷᠢ ᠲᠥᠷᠬᠦ ᠶᠢ ᠪᠣᠶ ᠪᠣᠯᠭᠠᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠤᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠪᠠᠳᠭᠡᠷ ᠪᠠᠯᠭᠠᠰᠤ ︽ᠰᠢᠭᠤᠶᠢᠲᠦ ᠳᠤ ᠨᠠᠭᠠᠳᠬᠤ︾ ᠭᠤᠷᠪᠠᠳᠤᠭᠠᠷ ᠬᠤᠭᠤᠴᠠᠭᠠᠨ ᠤ ᠦᠩᠭᠡ ᠠᠶᠠᠰ ᠬᠦᠬᠡᠮᠳᠦᠭ ᠬᠥᠳᠡᠭᠡ ᠲᠣᠰᠬᠤᠨ ᠤ ᠳᠠᠭᠤᠤ ᠬᠥᠭᠵᠢᠮ ᠤᠨ ᠨᠠᠶᠢᠷ ᠵᠢᠴᠢ ᠳᠥᠷᠪᠡᠳᠦᠭᠡᠷ ᠬᠤᠭᠤᠴᠠᠭᠠᠨ ᠤ ︽ᠪᠠᠶᠠᠷ ᠪᠠᠶᠠᠰᠬᠤᠯᠠᠩᠳᠤ ᠰᠢᠭᠤᠶᠢᠲᠦ︾ ᠡᠬᠢᠯᠡᠯᠲᠡ ᠶᠢᠨ ᠶᠣᠰᠣᠯᠠᠯ ᠢ ᠡᠷᠭᠢᠯᠡᠵᠦ᠂ ᠠᠳᠡ ᠲᠠᠨ ᠤ ᠬᠦᠷᠴᠦ ᠢᠷᠡᠬᠦ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠃        ᠭᠤᠣᠯᠯᠠᠨ ᠡᠷᠬᠢᠯᠡᠬᠦ ᠨᠢᠭᠡᠴᠢ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠲᠣᠭᠤᠷᠢᠭ ᠤᠨ ᠬᠤᠷᠢᠶ᠎ᠠ᠂ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ        ᠳᠠᠭᠠᠭᠠᠨ ᠠᠪᠴᠤ ᠭᠦᠢᠴᠡᠳᠭᠡᠬᠦ ᠨᠢᠭᠡᠴᠢ᠄ ᠰᠢᠭᠤᠶᠢᠲᠤ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ︵ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶᠂ ᠰᠢᠭᠤᠶᠢᠲᠤ ᠲᠣᠭᠤᠷᠢᠭ ᠤᠨ ᠪᠠᠳᠭᠡᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ        ᠬᠠᠪᠰᠤᠷᠤᠨ ᠡᠷᠬᠢᠯᠡᠬᠦ ᠨᠢᠭᠡᠴᠢ᠄ ᠥᠪᠥᠷ ᠮᠣᠩᠭᠤᠯ ᠤᠨ ᠴᠢᠩ ᠰᠦᠩ ᠱᠠᠨ ᠰᠢᠶᠠ ᠰᠣᠶᠣᠯ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ        ᠭᠤᠤᠯ ᠰᠡᠳᠦᠪ᠄ 2024 ᠤᠨ ᠤ ︽ᠰᠢᠭᠤᠶᠢᠲᠦ ᠳᠤ ᠨᠠᠭᠠᠳᠬᠤ︾ ᠭᠤᠷᠪᠠᠳᠤᠭᠠᠷ ᠬᠤᠭᠤᠴᠠᠭᠠᠨ ᠤ ᠦᠩᠭᠡ ᠠᠶᠠᠰ ᠬᠦᠬᠡᠮᠳᠦᠭ ᠬᠦᠳᠡᠭᠡ ᠲᠤᠰᠬᠤᠨ ᠤ ᠲᠠᠭᠤᠤ ᠬᠦᠭᠵᠢᠮ ᠤᠨ ᠨᠠᠶᠢᠷ ᠵᠢᠴᠢ ᠲᠦᠷᠪᠡᠳᠦᠭᠡᠷ ᠬᠤᠭᠤᠴᠠᠭᠠᠨ ᠤ ︽ᠪᠠᠶᠠᠷ ᠪᠠᠶᠠᠰᠬᠤᠯᠠᠩᠳᠤ ᠰᠢᠭᠤᠶᠢᠲᠦ︾ ᠡᠬᠢᠯᠡᠬᠦ ᠶᠤᠰᠤᠯᠠᠯ        ᠴᠠᠭ᠄ 2024 ᠣᠨ ᠤ 8 ᠳ᠋ᠤᠭᠠᠷ ᠰᠠᠷ᠎ᠠ ᠶᠢᠨ 25 ᠤ ᠡᠳᠦᠷ ︵ᠲᠣᠰ ᠭᠠᠷᠠᠭ ᠤᠨ ᠡᠳᠦᠷ︶ ᠠᠴᠠ 2024 ᠣᠨ ᠤ 8 ᠳ᠋ᠤᠭᠠᠷ ᠰᠠᠷ᠎ᠠ ᠶᠢᠨ 26 ᠤ ᠡᠳᠦᠷ ︵ᠳᠠᠷᠠᠭ᠎ᠠ ᠭᠠᠷᠠᠭ ᠤᠨ ᠨᠢᠭᠡᠨ︶ ︵ᠨᠡᠶᠢᠲᠡ ᠬᠤᠶᠠᠷ ᠡᠳᠦᠷ᠂ ᠣᠷᠣᠢ ᠪᠦᠷᠢ ᠶᠢᠨ 17 ᠴᠠᠭ ᠠᠴᠠ ᠡᠬᠢᠯᠡᠨ᠎ᠡ︶        ᠭᠠᠵᠠᠷ᠄ ᠰᠢᠭᠤᠶᠢᠲᠤ ᠲᠣᠭᠤᠷᠢᠭ ᠤᠨ ᠪᠠᠳᠭᠡᠷ ᠪᠠᠯᠭᠠᠰᠤᠨ ᠤ ᠴᠢᠩ ᠱᠠᠨ ᠲᠤᠰᠬᠤᠨ        ᠳᠠᠭᠤᠤ ᠬᠥᠭᠵᠢᠮ ᠤᠨ ᠨᠠᠶᠢᠷ — ᠬᠤᠶᠠᠷ ᠭᠤᠤᠯ ᠱᠤᠭᠤᠮ  ᠭᠤᠶᠢᠳᠠ ᠰᠠᠶᠢᠬᠠᠨ ᠢ ᠡᠳ᠋ᠯᠡᠬᠦ        ᠲᠤᠬᠠᠢ ᠶᠢᠨ ᠲᠠᠯᠠᠪᠤᠷ ᠲᠤ ᠲᠠ ᠶᠠᠭᠤ ᠣᠯᠵᠤ ᠦᠵᠡᠬᠦ ᠪᠣᠢ︖        ᠭᠤᠣᠯ ᠱᠤᠭᠤᠮ ᠨᠢᠭᠡ — ︵ᠰᠦᠨᠢ ᠶᠢᠨ ᠨᠡᠷᠭᠢᠯ︶        ᠠᠵᠢᠯᠯᠠᠭ᠎ᠠ ᠶᠢᠨ ᠠᠭᠤᠯᠭ᠎ᠠ᠄        2024 ᠣᠨ ᠤ 8 ᠳ᠋ᠤᠭᠠᠷ ᠰᠠᠷ᠎ᠠ ᠶᠢᠨ 25 ᠤ ᠡᠳᠦᠷ᠄ ᠪᠢᠴᠢᠯ ᠦᠵᠡᠭᠳᠡᠯᠲᠦ ᠵᠦᠴᠦᠭᠡ ᠶᠢᠨ ᠳᠠᠭᠤᠤ ᠬᠥᠭᠵᠢᠮ ᠤᠨ ᠳᠠᠭᠤᠤ ᠶᠢᠨ ᠴᠤᠭᠯᠠᠭᠠᠨ        2024 ᠣᠨ ᠤ 8 ᠳ᠋ᠤᠭᠠᠷ ᠰᠠᠷ᠎ᠠ ᠶᠢᠨ 26 ᠤ ᠡᠳᠦᠷ᠄ color ᠬᠠᠮᠲᠤᠯᠢᠭ᠂ ᠳᠡᠯᠭᠡᠷᠡᠮᠡᠯ ᠰᠦᠯᠵᠢᠶᠡᠨ ᠤ ᠬᠠᠯᠠᠮᠰᠢᠯ ᠳᠠᠭᠤᠤ ᠶᠢᠨ ᠲᠤᠰᠬᠠᠢ ᠲᠠᠯᠠᠪᠤᠷ         ᠲᠠᠶᠢᠰᠠᠨ ᠤ ᠳᠠᠭᠤ ᠭᠡᠷᠡᠯ ᠴᠠᠬᠢᠯᠭᠠᠨ ᠨᠢ ᠴᠠᠭ ᠤᠨ ᠦᠩᠭᠡ ᠶᠢ ᠭᠠᠶᠢᠬᠠᠭᠤᠯᠵᠤ᠂ ᠪᠢᠴᠢᠯ ᠦᠵᠡᠭᠳᠡᠯᠲᠦ ᠵᠦᠴᠦᠭᠡ ᠶᠢᠨ ᠳᠠᠭᠤᠤ ᠬᠥᠭᠵᠢᠮ ᠤᠨ ᠲᠣᠭᠯᠠᠯᠲᠠ ᠶᠢᠨ ᠬᠡᠯᠪᠡᠷᠢ ᠪᠠᠷ ᠣᠳᠣ ᠢᠷᠡᠭᠡᠳᠦᠢ ᠶᠢ ᠡᠷᠬᠢᠯᠡᠵᠦ᠂ ᠲᠠᠶᠢᠰᠠᠨ ᠳᠡᠭᠡᠷᠡᠬᠢ ᠪᠠ ᠲᠠᠶᠢᠰᠠᠨ ᠳᠣᠣᠷᠠᠬᠢ ᠲᠤᠬᠠᠢ ᠶᠢᠨ ᠲᠠᠯᠠᠪᠠᠢ ᠶᠢᠨ ᠬᠠᠷᠢᠯᠴᠠᠨ ᠬᠥᠳᠡᠯᠦᠯᠴᠡᠬᠦ ᠬᠡᠯᠪᠡᠷᠢ ᠶᠢᠨ ᠲᠣᠭᠯᠠᠯᠲᠠ ᠨᠢ ᠲᠠᠨ ᠢ ᠲᠤᠬᠠᠢ ᠶᠢᠨ ᠪᠠᠶᠢᠳᠠᠯ ᠳᠤᠨᠢ ᠤᠷᠤᠭᠤᠯᠵᠠᠢ᠃        ᠭᠤᠣᠯ ᠱᠤᠭᠤᠮ ᠬᠤᠶᠠᠷ — ︵ᠡᠳᠦᠷ ᠤᠨ ᠲᠤᠭᠯᠠᠯᠲᠠ︶        ᠲᠠ ᠴᠢᠩ ᠱᠠᠨ ᠲᠣᠰᠬᠤᠨ ᠤ ᠬᠡᠭᠡᠷ᠎ᠡ ᠪᠠᠭᠤᠳᠠᠯᠯᠠᠵᠤ ᠪᠣᠯᠣᠨ᠎ᠠ
1.jpg
        ᠰᠢᠷᠠᠯᠭ᠎ᠠ᠂ ᠵᠤᠭᠤᠭᠳᠠᠬᠤ᠂ ᠬᠠᠭᠤᠴᠢᠨ ᠨᠠᠶᠢᠵᠠ ᠨᠠᠷ ᠲᠠᠢ ᠪᠠᠨ ᠨᠠᠶᠢᠷᠯᠠᠵᠤ᠂ ᠵᠤᠤᠬ᠎ᠠ ᠪᠠᠨ ᠬᠦᠷᠢᠶᠡᠯᠡᠨ ᠴᠠᠢ ᠴᠢᠨᠠᠵᠤ᠂ ᠬᠥᠬᠡᠮᠳᠦᠭ ᠠᠭᠤᠯᠠ ᠶᠢ ᠰᠤᠨᠢᠷᠬᠠᠨ᠎ᠠ᠃        ᠲᠣᠰ ᠤᠳᠠᠭᠠᠨ ᠤ ᠲᠣᠭᠤᠷᠢᠨ ᠵᠤᠭᠠᠴᠠᠬᠤ ᠶᠣᠰᠣᠯᠠᠯ ᠢ ᠬᠢᠲᠠᠳ ᠬᠤᠪᠴᠠᠰᠦ ᠡᠮᠦᠰᠦᠭᠰᠡᠨ ᠬᠡᠥᠬᠡᠨ ᠲᠠᠨ ᠢ ᠳᠠᠭᠠᠭᠤᠯᠤᠨ ᠲᠤᠭᠤᠷᠢᠨ ᠦᠵᠡᠭᠦᠯᠦᠨ᠎ᠡ᠄ ᠬᠥᠪᠡᠭᠡ ᠬᠢᠵᠠᠭᠠᠷ ᠨᠢ ᠬᠠᠷᠠᠭᠳᠠᠬᠤ ᠦᠭᠡᠢ ᠴᠡᠴᠡᠭ ᠤᠨ ᠳᠠᠯᠠᠢ᠂ ᠪᠢᠴᠢᠬᠠᠨ ᠮᠣᠣᠷ ᠴᠦ ᠲᠠᠨ ᠤ ᠬᠦᠷᠴᠦ ᠢᠷᠡᠬᠦ ᠶᠢ ᠬᠦᠰᠡᠨ ᠬᠦᠯᠢᠶᠡᠵᠦ ᠪᠠᠶᠢᠨ᠎ᠠ ︵ᠪᠤᠳᠠᠳᠦ ᠵᠢᠷᠤᠭ ᠢᠶᠠᠷ ᠭᠡᠷᠡᠴᠢᠯᠡᠶ᠎ᠡ︶᠃
2.jpg
         ᠬᠠᠮᠤᠭ ᠤᠨ ᠰᠢᠯᠤᠭᠤᠨ ᠴᠠᠭᠠᠨ᠂ ᠬᠠᠮᠤᠭ ᠤᠨ ᠰᠤᠨᠤᠰᠪᠤᠷᠢᠲᠠᠢ ︽ᠪᠢ ᠴᠢᠮ᠎ᠠ ᠳᠤ ᠬᠠᠶᠢᠷᠠᠲᠠᠢ︾ ᠭᠡᠬᠦ ᠰᠦᠯᠵᠢᠶᠡᠨ ᠤᠯᠠᠭᠠᠨ ᠬᠡᠷᠡᠮ ᠢ ᠪᠡᠯᠭᠡᠳᠡᠨ᠎ᠡ
3.jpg
        ᠬᠡᠦᠬᠡᠳ ᠤᠳ ᠤᠨ ᠳᠤᠷᠠᠲᠠᠢ ᠺᠠᠷᠲ᠋ᠣᠨ ᠵᠢᠷᠤᠭ ᠤᠨ ᠬᠠᠨ᠎ᠠ
4.jpg
        ᠲᠤᠬᠠᠢ ᠶᠢᠨ ᠲᠠᠯᠠᠪᠠᠢ ᠳᠤ ᠳᠤᠯᠤᠭᠠᠨ ᠦᠩᠭᠡᠲᠤ ᠺᠠᠷᠲ᠋ᠤᠨ᠂ ᠮᠠᠯᠤᠷ ᠦᠲᠡᠭᠡ ᠶᠢᠨ ᠬᠡᠪ᠂ ᠮᠠᠰᠢᠨᠲᠦ ᠵᠠᠯᠠᠮᠠᠭᠠᠢ᠂ ᠼᠢᠷᠺ ᠲᠤᠭᠯᠠᠭᠴᠢᠳ ᠬᠠᠮᠲᠦ ᠲᠤ ᠪᠠᠨ ᠲᠠᠨ ᠢ ᠪᠠᠶᠠᠷᠯᠠᠨ ᠤᠭᠲᠤᠵᠤ ᠪᠠᠶᠢᠨ᠎ᠠ
5.jpg
6.jpg
        ᠪᠠᠮᠪᠠᠷᠳᠤᠤ ᠶᠢᠨ ᠲᠤᠭᠯᠠᠯᠲᠠ
7.jpg
        ᠳ᠋ᠦᠨᠬᠤᠸᠠᠩ ᠤᠨ ᠨᠢᠰᠦᠨ ᠡᠷᠭᠢᠯᠳᠦᠬᠦ ᠪᠦᠵᠢᠭ
8.jpg
        ᠰᠢ ᠲᠠᠭᠤᠷᠢᠯᠢᠭ ᠤᠨ ᠤᠯᠤᠰ ᠤᠨ ᠤᠷᠤᠰᠬᠠᠯ
9.jpg
        ᠬᠠᠯᠠᠭᠤᠨ ᠳᠣᠲᠣᠨᠣ ᠰᠠᠨᠠᠭᠤᠯᠤᠮᠵᠢ        ᠰᠠᠯᠬᠢᠨ ᠦᠯᠢᠶᠡᠵᠦ ᠳᠠᠪᠠᠯᠭᠠᠨ ᠴᠤᠬᠢᠵᠦ᠂ ᠬᠤᠪᠴᠠᠰᠤᠨ ᠤ ᠰᠠᠶᠢᠬᠠᠨ ᠦᠨᠦᠷ ᠬᠠᠩᠬᠤᠯᠵᠤ ᠪᠤᠢ        8.25 — 8.26 ︵ᠲᠤᠰ ᠭᠠᠷᠠᠭ ᠤᠨ ᠡᠳᠦᠷ ᠠᠴᠠ ᠳᠠᠷᠠᠭ᠎ᠠ ᠭᠠᠷᠠᠭ ᠤᠨ ᠨᠢᠭᠡᠨ︶ ᠬᠤᠶᠠᠷ ᠡᠳᠦᠷ ᠴᠦᠮ 17 ᠴᠠᠭ ᠠᠴᠠ ᠡᠬᠢᠯᠡᠨ᠂ ᠠᠳᠡ ᠭᠡᠷ ᠤᠨ ᠬᠥᠮᠦᠰ ᠢᠶᠠᠨ ᠳᠠᠭᠠᠭᠤᠯᠵᠤ᠂ ᠡᠩᠭᠦᠷᠡᠢ ᠠᠮᠢᠲᠠᠨ ᠢᠶᠠᠨ ᠳᠠᠭᠠᠭᠤᠯᠵᠤ ᠲᠣᠭᠯᠠᠯᠲᠠ ᠦᠵᠡᠬᠦ᠂ ᠬᠤᠸᠠᠷ ᠫᠤᠤᠵᠢᠩ ᠰᠤᠨᠢᠷᠬᠠᠵᠦ᠂ ᠨᠠᠭᠠᠳᠤᠮ ᠲᠣᠭᠯᠠᠭᠠᠮ ᠨᠠᠭᠠᠳᠴᠤ᠂ ᠵᠠᠬ᠎ᠠ ᠳᠡᠯᠭᠡᠭᠦᠷ ᠲᠣᠭᠤᠷᠢᠵᠤ᠂ ᠠᠮᠲᠠᠲᠤ ᠢᠳᠡᠭᠡᠨ ᠠᠮᠲᠠᠯᠠᠭᠤᠯᠵᠤ ᠪᠣᠯᠤᠨ᠎ᠠ ᠁ ᠬᠡᠳᠦᠢ ᠲᠠᠭᠠᠲᠠᠢ ᠪᠤᠢ︕ ᠰᠦᠨᠢ ᠶᠢᠨ ᠠᠭᠤᠯᠠᠨ ᠳᠤ ᠰᠡᠷᠢᠭᠦᠨ ᠰᠠᠯᠬᠢ ᠰᠡᠩᠭᠢᠨᠡᠵᠦ᠂ ᠬᠦᠮᠦᠨ ᠤ ᠰᠡᠳᠭᠢᠯ ᠢ ᠳᠤᠯᠠᠭᠠᠴᠠᠭᠤᠯᠤᠨ᠎ᠠ᠂ ᠪᠡᠶ᠎ᠡ ᠪᠠᠨ ᠳᠤᠯᠠᠭᠠᠯᠠᠬᠤ ᠶᠢ ᠪᠦᠦ ᠮᠠᠷᠲᠠ︕  
 
ᠢᠷᠡᠯᠲᠡ᠄ ᠰᠣᠶᠣᠯ ᠵᠢᠭᠤᠯᠴᠢᠯᠠᠯ ᠤᠨ ᠰᠢᠭᠤᠶᠢᠲᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号