ᠰᠢᠭᠤᠶᠢᠲᠤ ᠵᠡᠭᠡᠯᠢ ᠭᠤᠳᠤᠮᠵᠢ ᠭᠤᠷᠪᠠᠨ ᠠᠷᠭ᠎ᠠ ᠬᠡᠮᠵᠢᠶ᠎ᠡ ᠪᠠᠷ ᠠᠮᠤᠷ ᠲᠦᠪᠰᠢᠨ ᠤ ᠪᠠᠶᠢᠭᠤᠯᠤᠯᠲᠠ ᠶᠢ ᠠᠬᠢᠭᠤᠯᠵᠤ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠨ᠎ᠠ
ᠨᠡᠶᠢᠲᠡᠯᠡᠭᠰᠡᠨ ᠴᠠᠭ᠄
2024/8/27
         ᠨᠢᠭᠡ ᠳᠤ᠂ ᠵᠥᠷᠢᠴᠡᠯ ᠢ ᠡᠶᠡᠳᠡᠭᠦᠯᠬᠦ ᠦᠢᠯᠡᠳᠦᠯ ᠢ ᠪᠠᠳᠠᠷᠠᠭᠤᠯᠵᠤ᠂ ᠭᠠᠵᠠᠷ ᠣᠷᠣᠨ ᠤ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠨ᠎ᠠ         ︽ᠠᠮᠤᠷ ᠠᠮᠤᠭᠤᠯᠠᠩ ᠰᠢᠭᠤᠶᠢᠲᠤ ᠲᠣᠭᠤᠷᠢᠭ︾  ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠵᠤ᠂ 7 ᠰᠦᠯᠵᠢᠶᠡᠨ ᠤ ᠠᠵᠢᠯᠲᠠᠨ ᠪᠠ 29 ᠠᠰᠠᠷ ᠤᠨ ᠳᠠᠷᠤᠭ᠎ᠠ ᠳᠤ ᠲᠦᠰᠢᠭᠯᠡᠨ ᠬᠠᠷᠢᠶ᠎ᠠ ᠣᠷᠣᠨ ᠳᠤ ᠭᠦᠨᠵᠡᠭᠡᠶᠢᠷᠡᠨ᠂ ᠵᠥᠷᠢᠴᠡᠯ ᠢ ᠦᠨᠡᠨᠬᠦ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠢ᠃ ᠣᠳᠣ ᠪᠣᠯᠲᠠᠯ᠎ᠠ᠂ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠢ 7 ᠤᠳᠠᠭ᠎ᠠ ᠬᠤᠷᠠᠯᠳᠤᠭᠤᠯᠵᠤ᠂ 30 ᠭᠠᠷᠤᠢ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠨ᠂ ᠤᠲᠠᠰᠤ ᠪᠠᠷ ᠬᠠᠷᠢᠯᠴᠠᠵᠤ᠂ ᠡᠷᠦᠬᠡ ᠳᠤ ᠣᠷᠣᠵᠤ 20 ᠭᠠᠷᠤᠢ ᠤᠳᠠᠭ᠎ᠠ ᠭᠤᠣᠯᠳᠠᠯᠭ᠎ᠠ ᠲᠠᠢ ᠬᠥᠮᠦᠰ ᠢ ᠰᠤᠷᠪᠤᠯᠵᠢᠯᠠᠵᠤ᠂ ᠬᠠᠷᠢᠶ᠎ᠠ ᠣᠷᠣᠨ ᠳᠠᠭᠠᠨ ᠶᠡᠷᠦᠩᠬᠡᠢ ᠳᠤᠨᠢ ᠲᠣᠭᠲᠠᠭᠤᠨ ᠡᠵᠡᠮᠳᠡᠵᠦ ᠪᠣᠯᠤᠨ᠎ᠠ᠃
1721633578768003356.png
         ᠬᠤᠶᠠᠷ ᠲᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠶᠢ ᠲᠠᠭᠠᠬᠤ ᠶᠢ ᠴᠢᠩᠭᠠᠳᠬᠠᠵᠤ ᠂ ᠭᠠᠵᠠᠷ ᠣᠷᠣᠨ ᠤ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠬᠠᠮᠠᠭᠠᠯᠠᠨ᠎ᠠ          ᠵᠡᠭᠡᠯᠢ ᠭᠤᠳᠤᠮᠵᠢ ᠶᠢᠨ ᠬᠢᠨ ᠦᠶᠡᠷ ᠢ ᠰᠡᠷᠭᠡᠶᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠵᠤ᠂ ᠦᠶᠡᠷ ᠢ ᠰᠡᠷᠭᠡᠶᠢᠯᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ︽ᠡᠭᠡᠯᠵᠢ ᠤᠳᠤᠷᠢᠳᠤᠯᠭ᠎ᠠ + ᠵᠢᠵᠢᠭᠦᠷᠯᠡᠭᠴᠢ︾ ᠶᠢᠨ 24 ᠴᠠᠭ ᠤᠨ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠭᠦᠯᠳᠡᠷᠵᠢᠭᠦᠯᠵᠦ᠂ ᠭᠤᠣᠯ ᠤᠨ ᠵᠠᠮ ᠤᠨ ᠬᠠᠵᠠᠭᠤ ᠳᠤ 480 ᠮᠧᠲᠷ ᠤᠨ ᠰᠡᠷᠭᠡᠶᠢᠯᠡᠯᠲᠡ ᠶᠢᠨ ᠱᠤᠭᠤᠮ ᠭᠠᠷᠭᠠᠵᠤ᠂ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠬᠦᠪᠥᠷᠢ ᠪᠠ ᠰᠢᠨᠡᠴᠢᠯᠡᠯᠲᠡ ᠶᠢ ᠴᠠᠭ ᠲᠤᠬᠠᠢ ᠳᠤᠨᠢ ᠪᠡᠶᠡᠯᠡᠭᠦᠯᠵᠦ᠂ ᠦᠶᠡᠷ ᠤᠨ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠬᠤ ᠲᠡᠷᠭᠡ ᠬᠥᠰᠬᠡ᠂ ᠦᠶᠡᠷ ᠢ ᠰᠡᠷᠭᠡᠶᠢᠯᠡᠬᠦ ᠡᠯᠡᠰᠦᠨ ᠤᠭᠤᠲᠠ᠂ ᠠᠪᠤᠷᠠᠯᠲᠠ ᠶᠢᠨ ᠬᠦᠷᠢᠶ᠎ᠡ᠂ ᠡᠯ᠎ᠡ ᠲᠥᠷᠥᠯ ᠤᠨ ᠪᠣᠷᠣᠭᠠᠨ ᠤ ᠬᠡᠷᠡᠭᠰᠡᠯ ᠵᠡᠷᠭᠡ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠬᠤ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠪᠠ᠃ ᠡᠭᠦᠨ ᠤ ᠬᠠᠮᠲᠤ᠂ ᠸᠢᠴᠠᠲ ᠤᠨ ᠰᠦᠯᠵᠢᠶᠡᠨ ᠤ ᠰᠦᠷᠦᠭ ᠢᠶᠠᠷ ᠳᠠᠮᠵᠢᠭᠤᠯᠤᠨ ᠮᠡᠳᠡᠭᠡ ᠵᠠᠩᠭᠢ ᠶᠢ ᠳᠠᠮᠵᠢᠭᠤᠯᠤᠨ ᠲᠠᠷᠬᠠᠭᠠᠵᠤ᠂ LED ᠳᠡᠯᠭᠡᠴᠡ ᠶᠢᠨ ᠤᠬᠠᠭᠤᠯᠭ᠎ᠠ ᠶᠢᠨ ᠦᠭᠡ ᠶᠢ ᠬᠥᠳᠡᠯᠦᠩᠭᠦᠢ ᠪᠠᠷ ᠨᠡᠪᠲᠡᠷᠡᠭᠦᠯᠬᠦ᠂ ᠰᠡᠷᠡᠮᠵᠢ ᠶᠢᠨ ᠲᠡᠮᠳᠡᠭ ᠪᠠᠶᠢᠷᠢᠯᠠᠭᠤᠯᠬᠤ᠂ ᠦᠶᠡᠷ ᠤᠨ ᠬᠤᠭᠤᠴᠠᠭᠠᠨ ᠤ ᠲᠣᠳᠣᠷᠬᠠᠢ ᠺᠠᠷᠲ ᠲᠠᠷᠬᠠᠭᠠᠬᠤ᠂ ᠬᠤᠲᠣᠭᠤᠷ ᠪᠠᠶᠢᠰᠢᠩ ᠪᠠ ᠭᠤᠣᠯ ᠤᠨ ᠵᠠᠮ ᠤᠨ ᠲᠣᠭᠤᠷᠢᠭ ᠢᠶᠠᠷ ᠰᠤᠷᠪᠤᠯᠵᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠪᠠ ᠰᠡᠷᠡᠮᠵᠢᠯᠡᠭᠦᠯᠬᠦ ᠬᠥᠮᠦᠵᠢᠯ ᠢ ᠣᠯᠠᠨ ᠠᠷᠭ᠎ᠠ ᠵᠠᠮ᠂ ᠪᠦᠬᠦ ᠲᠠᠯ᠎ᠠ ᠪᠠᠷ ᠥᠷᠨᠢᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ᠂ ᠦᠶᠡᠷ ᠢ ᠰᠡᠷᠭᠡᠶᠢᠯᠡᠵᠦ ᠠᠶᠤᠯ ᠠᠴᠠ ᠵᠠᠶᠢᠯᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠤᠯᠠᠮ ᠨᠢᠭᠡ ᠠᠯᠬᠤᠮ ᠪᠠᠬᠢᠵᠢᠬᠦᠯᠦᠨ᠎ᠡ᠃
1721633592543063539.png
         ᠭᠤᠷᠪᠠ ᠳᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠠᠵᠠᠷ ᠣᠷᠣᠨ ᠤ ᠣᠯᠠᠨ ᠲᠦᠮᠡᠨ ᠤ ᠠᠮᠤᠷ ᠲᠦᠪᠰᠢᠨ ᠢ ᠬᠠᠮᠠᠭᠠᠯᠠᠨ᠎ᠠ         ᠵᠡᠭᠡᠯᠢ ᠭᠤᠳᠤᠮᠵᠢ ᠶᠢᠨ ᠡᠮᠦᠨ᠎ᠡ ᠬᠤᠭᠤᠴᠠᠭᠠᠨ ᠳᠤ ᠣᠶᠤᠨᠴᠢ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠬᠠᠷᠢᠶ᠎ᠠ ᠣᠷᠣᠨ ᠤ ᠴᠠᠬᠢᠯᠭᠠᠨ ᠬᠥᠳᠡᠯᠭᠡᠭᠦᠷᠲᠦ ᠲᠡᠷᠭᠡᠨ ᠤ ᠲᠠᠷᠬᠠᠯᠲᠠ ᠶᠢᠨ ᠪᠠᠶᠢᠳᠠᠯ ᠢ ᠭᠦᠢᠴᠡᠳ ᠵᠠᠳᠠᠯᠬᠤ ᠪᠠ ᠰᠠᠭᠤᠭᠠᠯᠢ ᠠᠷᠠᠳ ᠤᠨ ᠰᠠᠨᠠᠯ ᠰᠠᠨᠠᠭᠤᠯᠭ᠎ᠠ ᠶᠢ ᠰᠣᠨᠣᠰᠤᠭᠰᠠᠨ ᠰᠠᠭᠤᠷᠢᠨ ᠳᠡᠭᠡᠷ᠎ᠡ᠂ ᠴᠠᠬᠢᠯᠭᠠᠨ ᠬᠠᠩᠭᠠᠬᠤ ᠰᠠᠯᠠᠭ᠎ᠠ ᠮᠥᠴᠢᠷ ᠪᠣᠯᠤᠨ ᠭᠤᠷᠪᠠᠳᠠᠬᠢ ᠡᠲᠡᠭᠡᠳ ᠤᠨ ᠡᠵᠡᠩᠨᠡᠯᠲᠡ ᠶᠢᠨ ᠺᠣᠮᠫᠠᠨᠢ ᠲᠠᠢ ᠬᠠᠷᠢᠯᠴᠠᠵᠤ ᠬᠠᠷᠢᠶ᠎ᠠ ᠣᠷᠣᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠬᠠᠶᠢᠨ ᠪᠠᠶᠢᠴᠠᠭᠠᠵᠤ᠂ ᠲᠥᠰᠦᠯ ᠲᠣᠭᠲᠠᠭᠠᠵᠤ᠂ ᠨᠠᠷᠢᠯᠢᠭ ᠣᠨᠣᠴᠠᠲᠠᠢ ᠪᠠᠷ ᠭᠠᠵᠠᠷ ᠰᠣᠩᠭᠤᠵᠤ᠂ 10 ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠬᠦ ᠲᠡᠷᠭᠡᠨ ᠤ ᠫᠧᠩ ᠤᠭᠰᠠᠷᠠᠭᠰᠠᠨ ᠪᠠᠶᠢᠨ᠎ᠠ᠃ ᠰᠠᠭᠤᠭᠠᠯᠢ ᠠᠷᠠᠳ ᠤᠨ ᠴᠠᠬᠢᠯᠭᠠᠨ ᠴᠡᠨᠡᠭᠯᠡᠬᠦ ᠠᠮᠤᠷ ᠲᠦᠪᠰᠢᠨ ᠢ ᠡᠬᠢ ᠡᠭᠦᠰᠦᠯ ᠠᠴᠠ ᠨᠢ ᠪᠠᠲᠤᠯᠠᠬᠤ ᠶᠢᠨ ᠲᠥᠯᠥᠭᠡ᠂ ᠮᠠᠨ ᠤ ᠵᠡᠭᠡᠯᠢ ᠭᠤᠳᠤᠮᠵᠢ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠮᠢᠯᠠᠭᠰᠠᠨ ᠰᠠᠯᠪᠤᠷᠢ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠬᠠᠷᠢᠶᠠᠲᠤ ᠣᠷᠣᠨ ᠤ ᠳᠣᠲᠣᠷᠠᠬᠢ ᠣᠷᠣᠨ ᠪᠦᠰᠡ ᠳᠤ ᠭᠦᠨᠵᠡᠭᠡᠶᠢᠷᠡᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠪᠥᠬᠦ ᠬᠡᠯᠬᠢᠶ᠎ᠡ ᠶᠢᠨ ᠲᠤᠰᠬᠠᠢ ᠴᠡᠭᠴᠡᠯᠡᠨ ᠵᠠᠰᠠᠵᠤ ᠴᠡᠪᠡᠷᠯᠡᠨ ᠠᠷᠢᠯᠭᠠᠬᠤ ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠳᠠᠯᠳᠠ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠨ᠎ᠠ᠃ 
1721633617665095601.png
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号